ᠡᠯᠡᠰᠦᠷᠭᠡᠭᠵᠢᠯ ᠎ᠢ ᠰᠡᠷᠭᠡᠢᠯᠡᠨ ᠡᠯᠡᠰᠦ ᠵᠢ ᠵᠠᠰᠠᠭᠰᠠᠠ ᠲᠠᠯᠠᠪᠠᠶ ᠪᠥᠬᠥ᠌ ᠤᠯᠤᠰ ᠎ᠲᠤ ᠲᠦᠷᠦᠭᠦᠯᠡᠪᠠ
2025-03-07 11:45:33
ᠵᠣᠬᠢᠶᠠᠭ᠍ᠴᠢ᠄
ᠾᠦᠸᠸ ᠱᠢᠶᠤᠤ ᠴᠢᠩ
ᠣᠩᠱᠢᠭ᠍ᠰᠠᠨ ᠣᠳᠠᠭ᠎ᠠ᠄
★★★☆☆

ᠨᠣᠮᠢᠨ ᠲᠤᠯᠬᠢᠶᠠᠨ ᠲᠠᠪᠠᠯᠭᠠᠯᠠᠭᠰᠠᠨ ᠥᠪᠥᠷ ᠮᠣᠩᠭᠣᠯ


《2024 ᠣᠨ᠎ᠳᠤ ᠮᠠᠨ᠎ᠤ ᠤᠯᠤᠰ᠎ᠤᠨ ᠲᠠᠷᠢᠮᠠᠯ ᠤᠢ᠎ᠶ᠋ᠢᠨ ᠲᠠᠯᠠᠪᠠᠢ ᠳᠡᠯᠡᠬᠡᠢ᠎ᠶ᠋ᠢᠨ ᠲᠡᠷᠢᠭᠦᠨ᠎ᠳᠦ ᠣᠷᠣᠵᠤ᠂ ᠪᠦᠬᠦ᠌ ᠪᠥᠮᠪᠥᠷᠴᠡᠭ᠎ᠦᠨ ᠨᠣᠭᠣᠭᠠᠷᠠᠭᠤᠯᠤᠯᠲᠠ ᠵᠢᠨ ᠨᠡᠮᠡᠭᠳᠡᠯ ᠬᠠᠮᠤᠭ᠎ᠤᠨ ᠤᠯᠠᠨ ᠤᠯᠤᠰ ᠪᠣᠯᠪᠠ᠃ 》 3 ᠰᠠᠷ᠎ᠠ᠎ᠶ᠋ᠢᠨ 3  ᠤ᠋ ᠦᠳᠡ᠎ᠶ᠋ᠢᠨ ᠬᠣᠢᠨ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠨᠡᠢᠲᠡᠯᠡᠭ᠌ᠰᠡᠨ ᠡᠨᠡ ᠬᠦ᠌ ᠮᠡᠳᠡᠭᠡ ᠨᠢ ᠬᠥᠮᠦᠰ᠎ᠦᠨ ᠠᠩᠬᠠᠷᠤᠯ᠎ᠢ ᠶᠠᠬᠡᠲᠠ ᠲᠠᠲᠠᠵᠠᠢ᠃

ᠡᠨᠡᠬᠦ ᠠᠮᠵᠢᠯᠳᠠ ᠪᠦᠲᠦᠮᠵᠢ ᠵᠢᠨ ᠬᠠᠭᠤᠳᠠᠰᠤ ᠨᠢ ᠲᠣᠮᠣ ᠤᠯᠤᠰ᠎ᠤᠨ ᠡᠭᠦᠷᠭᠡᠯᠡᠯ᠎ᠢ  ᠢᠯᠡᠷᠡᠬᠦᠯᠦᠯ᠎ᠡ᠃

ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠭ᠍ᠰᠠᠨ᠎ᠤ ᠬᠤᠪᠢ᠎ᠳᠤ ᠡᠨᠡ ᠬᠦ᠌ ᠠᠮᠵᠢᠯᠳᠠ ᠪᠦᠲᠦᠮᠵᠢ᠎ᠶ᠋ᠢᠨ ᠬᠠᠭᠤᠳᠠᠰᠤ ᠨᠢ ᠥᠪᠥᠷ ᠮᠣᠩᠭᠣᠯ᠎ᠳᠤ ᠨᠠᠩ ᠪᠤᠳᠠᠳᠠᠢ ᠢᠯᠠᠷᠠᠯ᠎ᠵᠢᠡᠨ ᠤᠯᠤᠯ᠎ᠠ —

ᠪᠦᠬᠦ᠌ ᠵᠢᠯ᠎ᠳᠦ1954 ᠲᠦᠮᠡᠨ ᠮᠦ᠍  ᠵᠢᠨ ᠡᠯᠡᠰᠦᠷᠭᠡᠭᠵᠢᠯ᠎ᠢ ᠰᠡᠷᠭᠡᠢᠯᠡᠨ ᠡᠯᠡᠰᠦ ᠵᠢ ᠵᠠᠰᠠᠵᠤ᠂ ᠪᠦᠬᠦ᠌ ᠤᠯᠤᠰ᠎ᠤᠨ ᠲᠡᠷᠢᠭᠦᠨ᠎ᠳᠦ ᠣᠷᠣᠪᠠ ; ᠡᠯᠡᠰᠦ᠎ᠶ᠋ᠢ ᠵᠠᠰᠠᠬᠤ᠂ ᠣᠢᠵᠢᠭᠤᠯᠬᠤ᠂ ᠡᠪᠡᠰᠦ ᠳᠠᠷᠢᠬᠤ ᠵᠢᠯ᠎ᠦᠨ ᠬᠠᠷᠠᠯᠲᠠ ᠡᠭᠦᠷᠭᠡ᠎ᠪᠡᠨ ᠲᠤᠰ ᠲᠤᠰ 113%᠂ 220%᠂ 148% ᠪᠡᠷ ᠪᠡᠶᠡᠯᠡᠭᠦᠯᠪᠡ; ᠨᠤᠲᠤᠭ ᠪᠡᠯᠴᠢᠭᠡᠷ᠎ᠦᠨ ᠶᠡᠷᠦᠩᠬᠡᠢ ᠤᠷᠭᠤᠮᠠᠯ᠎ᠤᠨ  ᠪᠦᠷᠬᠦᠴᠡ 45.5% ᠪᠣᠯᠲᠠᠯ᠎ᠠ ᠳᠡᠭᠡᠭ᠌ᠰᠢᠯᠡᠵᠠᠢ᠃

ᠡᠨᠡ ᠪᠣᠯ ᠳᠠᠷᠤᠢ ᠥᠪᠥᠷ ᠮᠣᠩᠭᠣᠯ ᠤ᠋ᠨ 《ᠨᠤᠮᠢᠨ ᠨᠤᠭᠤᠭᠠᠨ ᠦᠡᠭᠬᠡ》 ᠪᠠᠷ ᠪᠢᠴᠢᠭᠯᠡᠭᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠢᠷᠤᠭᠯᠠᠯ ᠪᠤᠯᠤᠨ᠎ᠠ᠃

ᠡᠯᠡᠰᠦᠷᠭᠡᠭᠵᠢᠯ ᠎ᠢ ᠰᠡᠷᠭᠡᠢᠯᠡᠵᠦ ᠡᠯᠡᠰᠦ ᠵᠢ ᠵᠠᠰᠠᠵᠤ ᠨᠤᠮᠢᠨ ᠨᠤᠭᠤᠭᠠᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ

2 ᠰᠠᠷ᠎ᠠ᠎ᠶ᠋ᠢᠨ ᠳᠤᠮᠳᠠᠴᠢ ᠎ᠪᠠᠷ᠂ ᠤᠷᠳᠤᠰ ᠬᠤᠳᠠ᠎ᠶ᠋ᠢᠨ ᠬᠥᠪᠴᠢ᠎ᠶ᠋ᠢᠨ ᠡᠯᠡᠰᠦᠨ᠎ᠦ ᠬᠣᠢᠲᠤ ᠵᠠᠬ᠎ᠠ᠎ᠵᠢᠨ ᠬᠠᠳᠤᠨ ᠭᠣᠣᠯ᠎ᠤᠨ ᠬᠦᠪᠡᠭᠡ ᠳᠠᠭᠠᠤ  420 ᠺᠢᠯᠤᠮᠸᠲᠷ᠎ᠤᠨ ᠤᠢᠵᠢᠭᠤᠯᠤᠯᠳᠠ ᠨᠤᠭᠤᠭᠠᠷᠠᠭᠤᠯᠤᠯᠳᠠ  ᠱᠢᠢᠳᠪᠦᠷᠢᠲᠦ ᠳᠠᠢᠯᠠᠯᠳᠤᠭᠠᠨ᠎ᠤ ᠬᠤᠭᠤᠴᠠᠭᠠᠨ᠎ᠳ᠋ᠠᠭᠠᠨ ᠣᠷᠣᠪᠠ᠃ 20 ᠳ᠋ᠤᠭᠠᠷ ᠵᠠᠭᠤᠨ᠎ᠤ ᠨᠠᠶᠠᠭᠠᠳ ᠣᠨ᠎ᠠᠴᠠ ᠡᠬᠢᠯᠡᠭ᠌ᠰᠡᠨ ᠡᠨᠡ ᠬᠦ᠌ ᠡᠷᠢᠨ ᠵᠠᠭᠤᠨ᠎ᠤ ᠢᠨᠵᠧᠨᠧᠷᠢᠩ  2025 ᠣᠨ᠎ᠳᠤ ᠲᠡᠦᠬᠡᠲᠦ ᠴᠢᠨᠠᠷᠲᠠᠢ᠎ᠢᠯᠠᠯᠳᠠ ᠵᠢ ᠤᠯᠬᠤ ᠪᠣᠯᠤᠨ᠎ᠠ᠃ ᠣᠳᠣᠬᠠᠨ᠎ᠳᠤ ᠢᠨᠵᠸᠨ᠋ᠸᠷᠢᠩ᠎ᠤᠨ ᠡᠯᠡᠰᠦ᠎ᠶ᠋ᠢ ᠲᠣᠭ᠍ᠲᠠᠪᠤᠷᠢᠵᠢᠭᠤᠯᠬᠤ ᠲᠦᠭᠦᠬᠡᠢ ᠮᠠᠲ᠋ᠧᠷᠢᠶᠠᠯ ᠪᠣᠯᠤᠨ ᠮᠠᠱᠢᠨ ᠮᠧᠬᠠᠨᠢᠭ᠂ ᠠᠵᠢᠯᠲᠠᠳ ᠨᠢᠭᠡᠨᠲᠡ ᠣᠷᠣᠨ ᠪᠠᠢᠷᠢ ᠳ᠋ᠠᠭᠠᠨ ᠬᠦᠷᠴᠦ᠍᠂ ᠭᠠᠵᠠᠷ ᠱᠢᠷᠣᠢ᠎ᠶ᠋ᠢ ᠭᠡᠰᠭᠡᠨ ᠠᠵᠢᠯ ᠡᠬᠢᠯᠡᠭᠦᠯᠬᠦ᠌ ᠵᠠᠷᠯᠢᠭ᠎ᠢ ᠬᠦᠯᠢᠶᠡᠨ᠎ᠡ᠃

2 ᠰᠠᠷ᠎ᠠ᠎ᠶ᠋ᠢᠨ 28᠎ᠤ᠋ ᠡᠳᠦᠷ᠂ ᠠᠯᠠᠱᠠ ᠠᠢᠮᠠᠭ᠎ᠤᠨ ᠪᠠᠳᠠᠢ᠎ᠶ᠋ᠢᠨ ᠵᠢᠷᠠᠨ᠎ᠤ ᠡᠯᠡᠰᠦᠨ ᠴᠦᠯ᠂ ᠲᠩᠷᠢ ᠡᠯᠠᠰᠤᠨ ᠴᠦᠯ᠂ ᠤᠯᠠᠭᠠᠨᠪᠤᠬ᠎ᠠ ᠵᠢᠨ ᠡᠯᠡᠰᠦᠨ ᠴᠦᠯ  ᠵᠡᠷᠭᠡ ᠭᠤᠷᠪᠠᠨ ᠶᠡᠬᠡ ᠡᠯᠡᠰᠦᠨ ᠴᠦᠯ᠎ᠦᠨ ᠵᠠᠬ᠎ᠠ ᠬᠦᠪᠡᠭᠡ ᠵᠢ ᠨᠤᠭᠳᠤᠯᠬᠤ᠌ ᠲᠠᠢᠯᠠᠯᠲᠤᠭᠠᠨ ᠵᠢᠩᠬᠢᠨᠢ᠎ᠪᠡᠷ ᠡᠬᠢᠯᠡᠵᠤ᠂ 1856 ᠺᠢᠯᠤᠮᠸᠲᠷ᠎ᠤᠨ ᠡᠯᠡᠰᠦᠷᠭᠡᠭᠵᠢᠯ᠎ᠢ ᠰᠡᠷᠭᠡᠢᠯᠡᠵᠦ᠍ ᠡᠯᠡᠰᠤ ᠵᠢ ᠬᠤᠷᠢᠭᠯᠠᠬᠤ ᠪᠦᠰᠡ᠎ᠪᠡᠷ ᠭᠤᠷᠪᠠᠨ ᠶᠡᠬᠡ ᠡᠯᠡᠰᠦ᠎ᠶᠢ ᠪᠠᠲᠤ ᠨᠤᠭᠳᠤᠯᠤᠨ᠎ᠠ᠃

 ᠁ ᠁

ᠥᠪᠥᠷ ᠮᠣᠩᠭᠣᠯ᠎ᠤᠨ ᠤᠷᠢᠬᠠᠨ ᠬᠠᠪᠤᠷ  ᠨᠤᠮᠢᠨ ᠨᠣᠭᠣᠭᠠᠨ ᠵᠢᠡᠷ ᠣᠢᠯᠤᠨ ᠲᠠᠪᠠᠯᠭᠠᠯᠠᠨ᠎ᠠ᠃

ᠮᠠᠨ᠎ᠤ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠭᠣᠣᠯ ᠲᠠᠢ᠌ᠯᠠᠯᠳᠤᠭᠠᠨ᠎ᠦ ᠲᠠᠯᠠᠪᠤᠷ ᠪᠣᠯᠤᠭ᠍ᠰᠠᠨ᠎ᠤ ᠬᠤᠪᠢ᠎ᠳᠤ ᠤᠯᠤᠰ᠎ᠤᠨ 《ᠤᠮᠠᠷᠠᠲᠤ᠎ᠶ᠋ᠢᠨ ᠭᠤᠷᠪᠠᠨ ᠣᠷᠣᠨ》 ᠎ᠤ᠋ ᠢᠨᠵᠸᠨ᠋ᠸᠷᠢᠡᠭ᠎ᠦᠨ ᠡᠯᠡᠰᠦᠷᠬᠡᠭ᠌ᠵᠢᠭ᠌ᠰᠡᠨ ᠭᠠᠵᠠᠷ ᠱᠢᠷᠣᠢ᠎ᠶ᠋ᠢᠨ ᠵᠠᠰᠠᠯᠲᠠ᠎ᠶ᠋ᠢᠨ ᠬᠠᠮᠤᠭ᠎ᠤᠨ ᠶᠡᠬᠡ ᠡᠭᠦᠷᠭᠡ ᠥᠪᠥᠷ ᠮᠣᠩᠭᠣᠯ᠎ᠳᠤ ᠪᠤᠢ ; ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ ᠬᠣᠶᠠᠷ ᠬᠠᠭᠠᠰ ᠨᠢ ᠥᠪᠥᠷ ᠮᠣᠩᠭᠣᠯ᠎ᠳᠤ ᠪᠠᠢᠨ᠎ᠠ᠃ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ  ᠵᠠᠰᠠᠬᠤ ᠪᠣᠯ ᠥᠪᠥᠷ ᠮᠣᠩᠭᠣᠯ᠎ᠤᠨ 《ᠤᠯᠤᠰ ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠬᠦ᠌ ᠬᠠᠷᠢᠭᠤᠴᠠᠯᠭ᠎ᠠ ᠪᠠ ᠡᠭᠦᠷᠭᠡᠯᠡᠯ ᠮᠥᠨ᠃

2024 ᠣᠨ᠎ᠳᠤ᠂ ᠥᠪᠥᠷ ᠮᠣᠩᠭᠣᠯ ᠡᠳᠦᠷ ᠳᠤᠮᠳᠠᠴᠢ ᠪᠠᠷ 6 ᠲᠦᠮᠡᠨ ᠮᠦ᠍ ᠡᠯᠡᠰᠤ᠎ᠶᠢ ᠵᠠᠰᠠᠬᠤ ᠬᠤᠷᠳᠤᠴᠠ᠎ᠪᠠᠷ ᠡᠯᠡᠰᠦᠷᠬᠡᠭ᠌ᠵᠢᠯ᠎ᠢ ᠰᠡᠷᠭᠡᠢᠯᠡᠵᠦ ᠡᠯᠡᠰᠦ᠎ᠶᠢ  ᠵᠠᠰᠠᠭᠰᠠᠨ ᠲᠡᠮᠳᠡᠭ᠌ᠯᠡᠯ᠎ᠢ ᠱᠢᠨᠡᠳᠭᠡᠪᠡ᠃  2025 ᠣᠨ ᠎ᠳᠤ᠂ ᠥᠪᠥᠷ ᠮᠣᠩᠭᠣᠯ  ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠎ᠶᠢ  ᠵᠠᠰᠠᠬᠤ ᠬᠡᠮᠵᠢᠶ᠎ᠠ 2000 ᠲᠦᠮᠡᠨ ᠮᠸ᠋᠎ᠡᠴᠡ ᠳᠡᠭᠡᠭ᠌ᠰᠢᠬᠢ᠎ᠶ᠋ᠢ ᠪᠡᠶᠡᠯᠡᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ  ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ 1500 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ ᠱᠢᠨ᠎ᠡ᠎ᠪᠡᠷ ᠪᠠᠢᠭᠤᠯᠵᠤ᠂ 140 ᠲᠦᠮᠡᠨ ᠮᠸ᠋᠎ᠡᠴᠡ ᠳᠡᠭᠡᠭ᠌ᠰᠢᠬᠢ ᠡᠯᠡᠰᠦ᠎ᠶ᠋ᠢ ᠢᠵᠢ ᠪᠥᠷᠢᠳᠦᠭᠦᠯᠦᠨ ᠵᠠᠰᠠᠵᠤ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠱᠢᠨ᠎ᠡ ᠢᠯᠠᠯᠲᠠ᠎ᠶ᠋ᠢ ᠲᠡᠮᠡᠴᠡᠨ ᠣᠯᠤᠨ᠎ᠠ᠃

ᠤᠮᠠᠷᠠᠲᠤ ᠵᠢᠨ ᠭᠤᠷᠪᠠᠨ ᠣᠷᠣᠨ ᠎ᠤ  ᠬᠤᠷ᠎ᠠ ᠲᠤᠨᠳᠠᠰᠤ ᠴᠥᠭᠡᠨ᠂ ᠪᠠᠢᠭᠠᠯᠢ᠎ᠶ᠋ᠢᠨ ᠨᠥᠬᠥᠴᠡᠯ ᠮᠠᠭᠤ᠂ ᠠᠮᠢ ᠠᠬᠤᠶ ᠬᠡᠪᠡᠷᠡᠭ᠃ ᠠᠮᠢ ᠠᠬᠤᠶ᠎ᠶ᠋ᠢᠨ ᠬᠡᠷᠡᠭᠯᠡᠭᠡᠨ᠎ᠤ ᠤᠰᠤ ᠳᠤᠲᠠᠭ᠍ᠳᠠᠬᠤ ᠪᠣᠯ ᠨᠡᠢᠲᠡ ᠳ᠋ᠤ ᠮᠡᠳᠡᠷᠡᠭ᠌ᠳᠡᠭᠰᠡᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠨᠥᠯᠥᠭᠡᠯᠡᠬᠦ᠌ ᠬᠦᠴᠢᠷ ᠠᠰᠠᠭᠤᠳᠠᠯ ᠪᠣᠯᠤᠨ᠎ᠠ᠃ ᠡᠨᠡ ᠬᠦ᠌ ᠬᠦᠴᠢᠷ ᠠᠰᠠᠭᠤᠳᠠᠯ᠎ᠢ ᠬᠡᠷᠬᠢᠨ ᠱᠢᠶ᠋ᠳᠪᠦᠷᠢᠯᠡᠬᠦ᠌ ᠪᠤᠢ?

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ ᠤ᠋ ᠦᠵᠡᠬᠦ ᠪᠠᠷ᠂ ᠪᠠᠢᠭᠠᠯᠢ᠎ᠶ᠋ᠢᠨ ᠵᠢᠮ᠎ᠡ ᠶᠣᠰᠣ᠎ᠶ᠋ᠢ ᠬᠦᠨᠳᠦᠳᠭᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠬᠡᠷᠡᠭ᠌ᠲᠡᠢ᠃ ᠡᠯᠡᠰᠦᠷᠭᠡᠭᠵᠢᠭ᠌ᠰᠡᠨ ᠪᠠ ᠴᠦᠯᠯᠡᠷᠭᠡᠭ᠌ᠵᠢᠭ᠌ᠰᠡᠨ ᠭᠠᠵᠠᠷ ᠱᠢᠷᠣᠢ᠎ᠶ᠋ᠢ ᠬᠥᠮᠦᠨ᠎ᠦ ᠬᠦᠴᠦ᠍᠎ᠪᠡᠷ ᠵᠠᠰᠠᠨ ᠰᠡᠷᠭᠦᠭᠡᠬᠦ᠌᠎ᠳᠡᠭᠡᠨ ᠪᠠᠢᠭᠠᠯᠢ᠎ᠶ᠋ᠢᠨ ᠵᠢᠮ᠎ᠡ ᠶᠣᠰᠣ᠎ᠶ᠋ᠢ ᠬᠦᠨᠳᠦᠳᠭᠡᠵᠦ᠍᠂ ᠣᠢᠵᠢᠭᠤᠯᠬᠤ᠎ᠳᠤ ᠲᠣᠬᠢᠷᠠᠮᠵᠢᠲᠠᠢ ᠪᠣᠯ ᠣᠢᠵᠢᠭᠤᠯᠵᠤ᠂ ᠡᠪᠡᠰᠦ ᠲᠠᠷᠢᠬᠤ ᠎ᠳᠤ ᠲᠣᠬᠢᠷᠠᠮᠵᠢᠲᠠᠢ ᠪᠣᠯ ᠡᠪᠡᠰᠦ ᠲᠠᠷᠢᠬᠤ ᠬᠡᠷᠡᠭᠳᠡᠢ᠃ ᠤᠰᠤ᠎ᠪᠠᠷ ᠨᠤᠭᠤᠭᠠᠷᠠᠭᠤᠯᠤᠯᠲᠠ᠎ᠶᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠱᠢᠨᠵᠢᠯᠡᠬᠦ᠌ ᠤᠬᠠᠭᠠᠨᠴᠢ ᠵᠦᠪ ᠣᠨᠣᠴᠠᠲᠠᠢ᠎ᠪᠠᠷ ᠬᠡᠷᠡᠭ᠌ᠵᠢᠭᠦᠯᠬᠦ᠌ ᠬᠡᠷᠡᠭ᠌ᠲᠡᠢ᠃ ᠨᠢᠭᠡ ᠲᠠᠯ᠎ᠠ᠎ᠪᠠᠷ ᠲᠤᠷᠤᠭ ᠡᠪᠡᠰᠦ᠎ᠶ᠋ᠢᠨ ᠬᠠᠷᠢᠴᠠᠯ ᠪᠠ ᠵᠠᠰᠠᠬᠤ ᠠᠷᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠲᠤᠭᠳᠠᠭᠠᠨ᠎ᠠ; ᠨᠥᠭᠥᠭᠡ ᠲᠠᠯ᠎ᠠ᠎ᠪᠠᠷ᠂  ᠪᠣᠷᠣᠭᠠᠨ ᠦᠶᠡᠷ᠎ᠦᠨ ᠤᠰᠤᠨ᠎ᠤ ᠡᠬᠢ ᠪᠠᠶᠠᠯᠢᠭ᠎ᠢ ᠰᠠᠢᠲᠤᠷ ᠬᠡᠷᠡᠭ᠌ᠯᠡᠵᠦ᠍᠂ ᠬᠢᠵᠠᠭᠠᠷ᠎ᠲᠠᠶ ᠡᠬᠢ ᠪᠠᠶᠠᠯᠢᠭ᠎ᠢ ᠵᠠᠩᠭᠢᠯᠠᠭ᠎ᠠ᠎ᠶ᠋ᠢᠨ ᠭᠠᠵᠠᠷ᠎ᠲᠤᠨᠢ ᠬᠡᠷᠡᠭ᠌ᠯᠡᠨ᠎ᠡ᠃

ᠱᠢᠰᠲ᠋ᠧᠮ᠎ᠲᠡᠶ ᠪᠡᠷ ᠵᠠᠰᠠᠵᠤ  ᠨᠤᠮᠢᠨ ᠨᠤᠭᠤᠭᠠᠨ᠎ᠤ ᠳᠠᠪᠠᠭᠤᠯᠢᠭ ᠎ᠢ  ᠴᠢᠩᠭᠠᠳᠬᠠᠪᠠ

ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ ᠪᠣᠯ ᠠᠮᠢ ᠨᠠᠰᠤᠨ᠎ᠤ ᠬᠠᠮᠲᠤ᠎ᠶ᠋ᠢᠨ ᠴᠣᠭ᠍ᠴᠠ ᠮᠥᠨ᠃ ᠶᠠᠮᠠᠷ ᠨᠢᠭᠡ ᠭᠣᠭ᠍ᠴᠣᠭ᠎ᠠ᠎ᠶ᠋ᠢᠨ ᠬᠥᠳᠡᠯᠭᠡᠭᠡᠨ ᠨᠢ ᠪᠦᠷ ᠪᠤᠰᠤᠳ ᠭᠣᠭ᠍ᠴᠣᠭ᠎ᠠ᠎ᠶ᠋ᠢ ᠨᠥᠯᠥᠭᠡᠯᠡᠵᠦ᠍᠂ ᠴᠢᠨᠠᠭ᠍ᠰᠢᠯᠠᠪᠠᠯ ᠠᠮᠢ ᠠᠬᠤᠢ᠎ᠶ᠋ᠢᠨ ᠱᠢᠰᠲ᠋ᠧᠮ᠎ᠦᠨ ᠪᠦᠬᠦ᠌ ᠲᠠᠯ᠎ᠠ᠎ᠶ᠋ᠢ ᠨᠥᠯᠥᠭᠡᠯᠡᠨ᠎ᠡ᠃

ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠠᠢᠵᠤ᠂ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠭᠤᠤᠯ ᠮᠥᠷᠡᠨ᠂ ᠨᠠᠭᠤᠷ ᠴᠥᠭᠥᠷᠥᠮ᠂ ᠡᠯᠡᠰᠦ ᠮᠠᠩᠬ᠎ᠠ ᠵᠡᠷᠭᠡ ᠡᠯᠪᠡᠭ ᠪᠠᠶᠠᠯᠢᠭ ᠣᠯᠠᠨ ᠶᠠᠩᠵᠤ᠎ᠶ᠋ᠢᠨ ᠪᠠᠢᠭᠠᠯᠢ᠎ᠶ᠋ᠢᠨ ᠬᠡᠯᠪᠡᠷᠢ ᠪᠠᠢᠳᠠᠯ᠎ᠲᠠᠶ ᠶᠤᠮ᠃ ᠥᠪᠥᠷ ᠮᠣᠩᠭᠣᠯ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ ᠎ᠢ ᠴᠢᠨᠠᠷ ᠰᠠᠢᠲᠠᠶ ᠬᠡᠷᠡᠭ᠌ᠵᠢᠭᠦᠯᠵᠦ᠍᠂ ᠨᠤᠭᠤᠭᠠᠷᠠᠭᠤᠯᠤᠯᠳᠠ ᠵᠢᠨ ᠳᠠᠪᠠᠭᠤᠯᠢᠭ᠎ᠢ ᠲᠠᠰᠤᠷᠠᠯᠲᠠ ᠥᠬᠡᠶ ᠴᠢᠩᠭᠠᠳᠬᠠᠭᠰᠠᠭᠠᠷ ᠢᠷᠡᠵᠡᠶ᠃

ᠣᠶ ᠱᠢᠭᠤᠶ᠎ᠶ᠋ᠢ ᠬᠠᠮᠠᠭᠠᠯᠠᠵᠤ᠂ ᠪᠠᠢᠭᠠᠯᠢ᠎ᠶ᠋ᠢᠨ ᠣᠶ᠎ᠶ᠋ᠢ ᠬᠠᠮᠠᠭᠠᠯᠠᠬᠤ ᠢᠨᠵᠧᠨᠧᠷᠢᠩ ᠎ᠢ ᠶᠡᠬᠡᠪᠡᠷ ᠬᠡᠷᠡᠭ᠌ᠵᠢᠭᠦᠯᠵᠦ᠍ ᠂ ᠮᠤᠳᠤ ᠤᠭᠳᠤᠯᠬᠤ ᠵᠢ ᠵᠤᠭᠰᠤᠭᠠᠵᠤ᠂ ᠤᠯᠤᠰ᠎ᠤᠨ ᠭᠠᠵᠠᠷ ᠱᠢᠷᠣᠶ ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠤᠭᠤᠭᠠᠷᠠᠭᠤᠯᠵᠤ᠂ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠶ᠋ᠢ ᠶᠡᠬᠡ ᠬᠡᠪᠴᠢᠶ᠎ᠡ᠎ᠪᠡᠷ ᠥᠷᠨᠢᠭᠦᠯᠵᠦ᠍᠂ 《ᠣᠭ᠍ᠲᠣ ᠠᠭᠤᠴᠢᠯᠠᠬᠤ ᠥᠬᠡᠶ》 ᠣᠪᠣᠷ᠎ᠢᠶᠠᠷ ᠣᠶ ᠱᠢᠭᠤᠶ ᠨᠤᠲᠤᠭ ᠪᠡᠯᠴᠢᠭᠡᠷ᠎ᠢ ᠡᠪᠳᠡᠭ᠌ᠰᠡᠨ ᠬᠠᠤᠯᠢ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠪᠠ᠃

ᠨᠤᠲᠤᠭ ᠪᠡᠯᠴᠢᠭᠡᠷ ᠎ᠢ ᠬᠠᠮᠠᠭᠠᠯᠠᠨ ᠰᠡᠷᠭᠦᠭᠡᠬᠦ᠌ ᠡᠷᠴᠢᠮ᠎ᠢ ᠴᠢᠩᠭᠠᠷᠠᠭᠤᠯᠤᠨ᠂ ᠲᠠᠴᠢᠷᠳᠠᠭ᠍ᠰᠠᠨ ᠨᠤᠲᠤᠭ ᠪᠡᠯᠴᠢᠭᠡᠷ᠎ᠦᠨ ᠠᠮᠢ ᠠᠬᠤᠶ ᠎ᠶ᠋ᠢ ᠵᠠᠰᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠥᠷᠭᠡᠨ ᠠᠭᠤᠳᠠᠮ ᠨᠤᠲᠤᠭ ᠪᠡᠯᠴᠢᠭᠡᠷ ᠎ᠢ 《ᠴᠠᠯᠢᠩ᠎ᠲᠠᠶ ᠠᠮᠠᠷᠠᠭᠤᠯᠬᠤ》 ᠶ᠋ᠢ ᠬᠡᠷᠡᠭ᠌ᠵᠢᠭᠦᠯᠦᠨ᠂ 17 ᠬᠣᠱᠢᠭᠤ ᠱᠢᠶᠠᠨ᠎ᠳᠤ ᠨᠤᠲᠤᠭ ᠪᠡᠯᠴᠢᠭᠡᠷ᠎ᠤᠨ ᠲᠠᠭᠠᠭᠠᠴᠠ ᠡᠴᠡ ᠨᠢ ᠬᠡᠳᠦᠷᠡᠳᠡᠯ᠎ᠡ ᠮᠠᠯᠵᠢᠬᠤ ᠠᠰᠠᠭᠤᠳᠠᠯ᠎ᠢ ᠱᠢᠶ᠋ᠳᠪᠦᠷᠢᠯᠡᠬᠦ᠌ ᠲᠤᠷᠱᠢᠯᠲᠠ᠎ᠶ᠋ᠢᠨ ᠠᠵᠢᠯ᠎ᠢ ᠡᠬᠢᠯᠡᠭᠦᠯᠵᠦ᠍᠂ ᠲᠤᠷᠱᠢᠯᠲᠠ᠎ᠶ᠋ᠢᠨ ᠬᠣᠱᠢᠭᠤ ᠱᠢᠶᠠᠨ᠎ᠤ ᠮᠠᠯ ᠪᠡᠯᠴᠢᠭᠡᠷ᠎ᠦᠨ ᠲᠡᠩᠴᠡᠭᠦᠷᠢ᠎ᠶ᠋ᠢᠨ ᠢᠯᠡᠳᠭᠡᠭ᠌ᠴᠢ ᠲᠣᠭ᠎ᠠ᠎ᠶ᠋ᠢ ᠪᠦᠬᠦᠨ᠎ᠢ 10 % ᠎ᠡᠴᠠ ᠳᠣᠷᠣᠭ᠍ᠰᠢ ᠪᠣᠯᠲᠠᠯ᠎ᠠ ᠪᠠᠭᠤᠷᠠᠭᠤᠯᠪᠠ᠃

ᠤᠰᠤ᠎ᠶ᠋ᠢ ᠵᠠᠰᠠᠬᠤ᠂ ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ ᠎ᠢ ᠴᠢᠩᠭᠠᠷᠠᠭᠤᠯᠤᠨ᠂ ᠤᠰᠤ᠎ᠪᠠᠷ ᠬᠣᠲᠠ᠎ᠶ᠋ᠢ ᠲᠣᠭ᠍ᠲᠠᠭᠠᠬᠤ᠂ ᠤᠰᠤ᠎ᠪᠠᠷ ᠭᠠᠵᠠᠷ᠎ᠢ ᠲᠣᠭ᠍ᠲᠠᠭᠠᠬᠤ᠂ ᠤᠰᠤ᠎ᠪᠠᠷ ᠬᠥᠮᠦᠨ᠎ᠢ ᠲᠣᠭ᠍ᠲᠠᠭᠠᠬᠤ᠂ ᠤᠰᠤ᠎ᠪᠠᠷ ᠭᠠᠷᠤᠯᠲᠠ᠎ᠶ᠋ᠢ ᠲᠣᠭ᠍ᠲᠠᠭᠠᠬᠤ ᠵᠠᠷᠴᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠪᠠ᠃ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌᠎ᠶ᠋ᠢ ᠴᠢᠩᠭᠠᠳᠭᠠᠵᠤ᠂ ᠴᠠᠭᠠᠨᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ ᠲᠣᠭ᠍ᠲᠠᠭᠤᠨ᠎ᠢᠶᠠᠷ ᠰᠠᠢᠵᠢᠷᠠᠵᠤ᠂ 《ᠬᠦᠯᠦᠨ ᠨᠠᠭᠤᠷ ᠤᠯᠠᠭᠠᠨᠰᠤᠬᠠᠢ ᠲᠠᠭ᠎ᠠ ᠵᠢᠨ ᠨᠠᠭᠤᠷ》 ᠨᠠᠩ ᠠᠮᠢᠵᠢᠷᠠᠯ᠎ᠦᠨ ᠬᠦᠴᠦᠨ ᠲᠠᠢ ᠪᠤᠯᠪᠠ᠃

ᠡᠯᠡᠰᠦᠷᠬᠡᠭ᠌ᠵᠢᠯ᠎ᠢ ᠵᠠᠰᠠᠬᠤ᠂ 《ᠤᠮᠠᠷᠠᠲᠤ ᠵᠢᠨ ᠭᠤᠷᠪᠠᠨ ᠤᠷᠤᠨ》 ᠎ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭ᠎ᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠡᠯᠡᠰᠦᠷᠭᠡᠭᠵᠢᠯ᠎ᠢ  ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠬᠤ ᠢᠨᠵᠧᠨᠧᠷᠢᠩ ᠎ᠢ ᠤᠷᠤᠭ᠍ᠰᠢᠲᠠᠶ ᠲᠦᠯᠬᠢᠨ ᠠᠬᠢᠭᠤᠯᠪᠠ᠃

   ᠁᠁

ᠶᠡᠭᠡ ᠢᠨᠵᠸᠨ᠋ᠸᠷᠢᠩ ᠨᠢ ᠶᠡᠭᠡ ᠵᠠᠰᠠᠯᠳᠠ ᠵᠢ ᠲᠠᠢᠴᠢᠯᠠᠨ᠎ᠠ᠃ ᠤᠯᠠᠭᠠᠨᠰᠤᠬᠠᠢ᠎ᠶ᠋ᠢᠨ ᠰᠠᠪᠠ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠂ ᠬᠥᠯᠥᠨ ᠨᠠᠭᠤᠷ᠎ᠤᠨ ᠠᠮᠢ ᠠᠬᠤᠶ᠎ᠶ᠋ᠢ ᠶᠡᠷᠦᠩᠬᠡᠢᠯᠡᠨ ᠵᠠᠰᠠᠬᠤ ᠢᠨᠵᠧᠨᠧᠷᠢᠩ᠂ ᠳᠠᠯᠠᠨ ᠬᠠᠷ᠎ᠠ ᠠᠭᠤᠯᠠ᠎ᠶ᠋ᠢᠨ ᠡᠮᠦᠨ᠎ᠡ ᠪᠠᠯ᠎ᠤᠨ ᠠᠮᠢ ᠠᠬᠤᠶ᠎ᠶ᠋ᠢ ᠬᠠᠮᠠᠭᠠᠯᠠᠨ ᠶᠡᠷᠦᠩᠬᠡᠢᠯᠡᠨ ᠵᠠᠰᠠᠬᠤ ᠢᠨᠵᠧᠨᠧᠷᠢᠩ ᠵᠡᠷᠭᠡ ᠣᠯᠠᠨ ᠤᠯᠤᠰ᠎ᠤᠨ ᠲᠠᠰ᠎ᠤᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠰᠲ᠋ᠧᠮ᠎ᠲᠡᠶ ᠵᠠᠰᠠᠬᠤ ᠢᠨᠵᠧᠨᠧᠷᠢᠩ᠎ᠦᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢ ᠬᠡᠷᠡᠭᠵᠢᠬᠦᠯᠵᠦ᠂ ᠣᠲᠣᠬᠠᠨ ᠳ᠋ᠤ᠂ ᠡᠲᠡᠭᠡᠷ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠨᠢ ᠶᠠᠭ ᠪᠥᠬᠥ᠌ ᠣᠷᠣᠨ ᠪᠦᠰᠡ᠎ᠶ᠋ᠢᠨ ᠱᠢᠰᠲ᠋ᠧᠮ᠎ᠲᠡᠶ ᠵᠠᠰᠠᠯᠲᠠ᠎ᠶ᠋ᠢ ᠨᠥᠯᠥᠭᠡᠯᠡᠨ ᠳᠠᠢᠴᠢᠯᠠᠵᠤ ᠪᠠᠢᠨ᠎ᠠ᠃

ᠠᠮᠢ ᠠᠬᠤᠢ ᠬᠦᠭᠵᠢᠪᠡᠯ ᠰᠤᠶᠤᠯ ᠪᠤᠯᠪᠠᠰᠤᠨ ᠬᠦᠭᠵᠢᠨ᠎ᠡ᠃ ᠥᠪᠥᠷ ᠮᠣᠩᠭᠣᠯ ᠴᠢᠨᠠᠷ ᠰᠠᠢᠲᠠᠶ ᠠᠮᠢ ᠠᠬᠤᠶ ᠣᠷᠴᠢᠨ ᠲᠣᠭᠣᠷᠢᠨ᠎ᠢᠶᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠲᠤᠯᠭᠠᠭᠤᠷᠢᠯᠠᠵᠤ ᠪᠤᠢ᠃ 《ᠥᠪᠥᠷ ᠮᠣᠩᠭᠣᠯ ᠦᠨᠡᠨ ᠪᠣᠳᠠᠲᠠᠢ᠎ᠶ᠋ᠢ ᠡᠷᠬᠢᠮᠯᠡᠭ᠌ᠰᠡᠨ ᠪᠦᠲᠦᠮᠵᠢᠲᠡᠢ ᠠᠷᠭ᠎ᠠ ᠬᠡᠮᠵᠢᠢ᠎ᠡ᠎ᠪᠡᠷ 〈ᠤᠮᠠᠷᠠᠲᠤ᠎ᠶ᠋ᠢᠨ ᠭᠤᠷᠪᠠᠨ ᠣᠷᠣᠨ〉ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠠ ᠭᠤᠷᠪᠠᠨ ᠶᠡᠬᠡ ᠪᠡᠯᠭᠡ ᠳᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠤᠷᠳᠤ ᠴᠠᠭᠠᠨ ᠬᠡᠷᠡᠮ ᠎ᠢ ᠨᠡᠩ ᠪᠠᠲᠤ ᠴᠣᠭ᠍ᠴᠠᠯᠠᠵᠤ ᠪᠠᠢᠬᠤ᠎ᠶ᠋ᠢ ᠪᠢ ᠭᠦᠨᠵᠡᠭᠡᠢ ᠮᠡᠳᠡᠷᠡᠪᠡ 》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ᠎ᠶ᠋ᠢᠨ ᠬᠣᠪᠣᠷ ᠱᠢᠷᠣᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠡᠷᠬᠢᠯᠡᠭ᠌ᠴᠢ ᠰᠤᠳᠤᠯᠤᠭ᠍ᠴᠢ ᠶᠠᠨ ᠬᠣᠩ ᠸᠧᠢ ᠬᠡᠯᠡᠪᠡ᠃

ᠠᠵᠤ ᠦᠢᠯᠡᠰ᠎ᠢ ᠬᠤᠪᠢᠷᠠᠭᠤᠯᠵᠤ ᠨᠤᠮᠢᠨ ᠨᠤᠭᠤᠭᠠᠨ᠎ᠤ ᠦᠨ᠎ᠡ ᠥᠷᠲᠡᠭ᠎ᠢ ᠪᠡᠶᠡᠯᠡᠭᠦᠯᠪᠡ

2025 ᠣᠨ᠎ᠤ ᠡᠬᠢ᠎ᠪᠡᠷ  ᠨᠡᠢᠳᠡᠯᠡᠭᠰᠡᠨ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠮᠡᠳᠡᠬᠡ  ᠵᠢ ᠦᠨᠳᠦᠰᠦᠯᠡᠪᠡᠯ᠂  2024 ᠣᠨ᠎ᠳᠤ ᠥᠪᠥᠷ ᠮᠣᠩᠭᠣᠯ᠎ᠤᠨ ᠣᠶ ᠰᠢᠭᠤᠢ ᠪᠠ ᠨᠤᠳᠤᠬ ᠪᠡᠯᠴᠢᠬᠡᠷ ᠤ᠋ᠨ ᠠᠵᠤ ᠦᠢᠯᠡᠰ ᠤ᠋ᠨ ᠦᠢᠯᠡᠳᠬᠦᠨ᠎ᠦ ᠶᠡᠷᠦᠩᠬᠡᠢ ᠥᠷᠲᠡᠭ ᠳᠠᠬᠢᠨᠲᠠ ᠰᠢᠨ᠎ᠡ ᠲᠡᠮᠳᠡᠭᠯᠡᠯ ᠎ᠢ ᠡᠭᠦᠳᠴᠦ᠂ 1000 ᠳ᠋ᠦᠩᠰᠢᠭᠤᠷ ᠲᠥᠭᠥᠷᠢᠭ᠎ᠢ ᠳᠠᠪᠠᠪᠠ᠃ ᠪᠥᠬᠥ ᠣᠷᠣᠨ᠎ᠤ ᠣᠶ ᠰᠢᠭᠤᠢ ᠪᠠ ᠨᠤᠳᠤᠬ ᠪᠡᠯᠴᠢᠬᠡᠷ ᠤ᠋ᠨ ᠠᠵᠤ ᠦᠢᠯᠡᠰ᠎ᠲᠦ 《 ᠨᠢᠭᠡᠳᠦᠭᠡᠷ ᠠᠵᠤ ᠦᠢᠯᠡᠰ ᠲᠤᠬᠳᠠᠭᠤᠨ ᠤ᠋ ᠲᠤᠮᠳᠠ ᠤᠷᠤᠭᠰᠢᠯᠠᠵᠤ᠂ ᠬᠣᠶᠠᠳᠤᠭᠠᠷ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠲᠦᠷᠭᠡᠳᠴᠦ᠂ ᠭᠤᠷᠪᠠᠳᠤᠭᠠᠷ ᠠᠵᠤ ᠦᠢᠯᠡᠰ᠎ᠦᠨ ᠬᠤᠪᠢ ᠨᠡᠮᠡᠷᠢ᠎ᠶᠢᠨ ᠨᠣᠷᠮ᠎ᠠ ᠢᠯᠡᠳᠲᠡ ᠳᠡᠭᠡᠭᠰᠢᠯᠡᠭᠦ 》 ᠬᠥᠭᠵᠢᠯᠲᠡ᠎ᠶᠢᠨ ᠪᠠᠢᠳᠠᠯ ᠢᠯᠡᠷᠡᠪᠡ᠃

ᠨᠤᠭᠤᠭᠠᠷᠠᠭᠤᠯᠤᠯᠳᠠ ᠪᠠ ᠪᠠᠶᠠᠵᠢᠯ ᠴᠢᠨᠡᠬᠡᠯᠢᠭᠵᠢᠯ ᠬᠠᠮᠳᠤ ᠪᠡᠷ ᠤᠷᠤᠬᠰᠢᠯᠠᠵᠤ᠂ ᠬᠠᠮᠳᠤ ᠪᠡᠷ ᠮᠠᠨᠳᠤᠬᠰᠠᠨ ᠡᠨᠡᠬᠦ ᠰᠢᠨ᠎ᠡ  ᠦᠵᠡᠮᠵᠢ ᠪᠠᠢᠳᠠᠯ ᠨᠢ  ᠨᠤᠮᠢᠨ ᠤᠰᠤ ᠬᠦᠬᠡᠮᠳᠦᠭ ᠠᠭᠤᠯᠠ ᠪᠤᠯ ᠠᠯᠳᠠᠨ ᠠᠭᠤᠯᠠ ᠮᠦᠨᠭ᠌ᠬᠦᠨ ᠬᠠᠢᠷᠬᠠᠨ  ᠮᠦᠨ ᠬᠡᠬᠦ ᠠᠮᠢ ᠠᠬᠤᠢ ᠵᠢᠨ ᠪᠤᠯᠪᠠᠰᠤᠨ ᠤ᠋ ᠤᠢᠯᠠᠭᠠᠬᠳᠠᠬᠤᠨ ᠎ᠢ ᠬᠦᠨᠵᠡᠬᠡᠢ ᠲᠠᠢᠯᠪᠤᠷᠢᠯᠠᠵᠠᠢ᠃ ᠬᠡᠷᠬᠢᠨ ᠨᠤᠮᠢᠨ ᠤᠰᠤ ᠬᠦᠬᠡᠮᠳᠦᠭ ᠠᠭᠤᠯᠠ ᠵᠢ  ᠠᠯᠳᠠᠠ ᠠᠭᠤᠯᠠ ᠮᠦᠨᠭ᠌ᠬᠦᠨ ᠬᠠᠢᠷᠬᠠᠨ ᠪᠤᠯᠭᠠᠬᠤ ᠪᠢᠯᠡ?ᠡᠨᠡ ᠲᠠᠯ᠎ᠠ ᠪᠡᠷ ᠦᠪᠦᠷ ᠮᠤᠩᠭᠤᠯ ᠦᠷᠬᠦᠯᠵᠢᠯᠡᠨ ᠬᠦᠴᠦᠯᠡᠨ ᠴᠢᠷᠮᠠᠢᠬᠰᠠᠨ ᠪᠠᠢᠨ᠎ᠠ᠃

2024 ᠣᠨ᠎ᠳᠤ᠂ ᠥᠪᠥᠷ ᠮᠣᠩᠭᠣᠯ᠎ᠤᠨ ᠡᠯ᠎ᠡ ᠱᠠᠲᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ᠎ᠦᠳ 《 ᠰᠠᠭᠤᠷᠢᠨ ᠭᠠᠵᠠᠷ᠎ᠢ ᠪᠠᠢᠭᠤᠯᠤᠨ ᠬᠦᠴᠦᠷᠬᠡᠭᠵᠢᠭᠦᠯᠬᠦ᠂ ᠬᠡᠯᠬᠢᠶ᠎ᠡ᠎ᠶᠢ ᠤᠷᠲᠤᠳᠬᠠᠬᠤ᠂ ᠭᠣᠣᠯ ᠴᠣᠭᠴᠠ᠎ᠶᠢ ᠰᠢᠯᠢᠳᠡᠭᠵᠢᠭᠦᠯᠦᠨ ᠪᠣᠢᠵᠢᠭᠤᠯᠬᠤ᠂  ᠦᠯᠢᠭᠡᠷ ᠵᠢᠱ᠌ᠢᠶ᠎ᠡ  ᠵᠢ ᠱᠤᠭᠤᠬᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ᠂ ᠲᠦᠷᠦᠯ ᠲᠡᠮᠳᠡᠭ ᠎ᠢ ᠴᠢᠩᠭᠠᠷᠠᠭᠤᠯᠬᠤ 》 ᠵᠢᠷᠭᠤᠭᠠᠨ ᠶᠡᠬᠡ ᠡᠭᠦᠷᠭᠡ᠎ᠶᠢ ᠬᠦᠴᠦᠲᠡᠢ ᠬᠡᠷᠡᠭᠵᠢᠭᠦᠯᠵᠦ ᠂ ᠣᠶ ᠰᠢᠭᠤᠢ  ᠪᠠ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠤᠨ 《 ᠵᠣᠭᠣᠰᠤᠨ ᠬᠥᠮᠥᠷᠭᠡ 》᠂ 《ᠠᠮᠤ ᠪᠤᠳᠠᠭᠠᠨ᠎ᠤ ᠬᠥᠮᠥᠷᠭᠡ 》 ᠵᠢᠨ  ᠴᠢᠳᠠᠮᠵᠢ᠎ᠶᠢ ᠦᠷᠭᠦᠯᠵᠢᠯᠡᠨ ᠴᠢᠩᠭᠠᠷᠠᠭᠤᠯᠪᠠ᠃ ᠪᠥᠬᠥ ᠣᠷᠣᠨ᠎ᠤ ᠣᠨᠴᠠᠯᠢᠭ᠍ᠲᠤ ᠣᠢ  ᠵᠢᠨ ᠵᠢᠮᠢᠰ᠂ ᠣᠢ ᠰᠢᠭᠤᠢ᠎ᠶᠢᠨ ᠢᠳᠡᠭᠡᠨ᠂  ᠣᠢ ᠰᠢᠭᠤᠢ᠎ᠶᠢᠨ ᠡᠮ᠎ᠦᠨ ᠮᠠᠲᠧᠷᠢᠶᠠᠯ᠂ ᠣᠢ ᠰᠢᠭᠤᠢ᠎ᠶᠢᠨ ᠤᠮᠳᠠᠭᠠᠨ ᠵᠡᠷᠭᠡ ᠡᠯ᠎ᠡ ᠲᠥᠷᠥᠯ᠎ᠦᠨ  ᠠᠵᠤ ᠠᠬᠤᠢ᠎ᠶᠢᠨ ᠤᠢ ᠵᠢᠨ  ᠭᠠᠷᠤᠯᠲᠠ 134 ᠲᠦᠮᠡᠨ ᠲᠣᠨ᠎ᠳᠤ ᠬᠦᠷᠴᠦ᠂ ᠡᠯ᠎ᠡ ᠲᠥᠷᠥᠯ᠎ᠦᠨ ᠲᠡᠵᠢᠭᠡᠯ ᠡᠪᠡᠰᠦ᠎ᠶᠢᠨ ᠭᠠᠷᠤᠯᠲᠠ 7800 ᠲᠦᠮᠡᠨ ᠲᠣᠨ᠎ᠳᠤ ᠬᠦᠷᠴᠦ᠂ ᠡᠪᠡᠰᠦᠨ ᠦᠷ᠎ᠡ᠎ᠶᠢᠨ ᠬᠠᠩᠭᠠᠯᠭ᠎ᠠ᠎ᠶᠢᠨ ᠴᠢᠳᠠᠪᠤᠷᠢ 800 ᠲᠦᠮᠡᠨ ᠺᠢᠯᠣᠭ᠌ᠷᠠᠮ᠎ᠳᠤ ᠬᠦᠷᠪᠡ᠃

ᠬᠡᠳᠦᠢᠪᠡᠷ ᠥᠪᠥᠷ ᠮᠣᠩᠭᠣᠯ᠎ᠤᠨ ᠣᠶ ᠰᠢᠭᠤᠢ ᠪᠠ ᠨᠤᠳᠤᠬ ᠪᠡᠯᠴᠢᠭᠡᠷ᠎ᠦᠨ ᠠᠵᠤ ᠦᠢᠯᠡᠰ᠎ᠦᠨ ᠬᠥᠭᠵᠢᠯᠲᠡ ᠬᠢᠯᠠᠯᠵᠠᠮ᠎ᠠ ᠠᠮᠵᠢᠯᠳᠠ ᠵᠢ ᠪᠢᠴᠢᠭᠯᠡᠭᠰᠡᠨ ᠪᠣᠯᠪᠠᠴᠤ 《ᠲᠣᠮᠣ᠌ ᠡᠬᠢ ᠪᠠᠶᠠᠯᠢᠭ᠋᠂ ᠵᠢᠵᠢᠭ ᠠᠵᠤ ᠦᠢᠯᠡᠰ ᠂ ᠳᠣᠣᠷ᠎ᠠ ᠦᠷ᠎ᠡ ᠠᠰᠢᠭ᠋ 》 ᠎ᠤ᠋ᠨ  ᠪᠠᠢᠳᠠᠯ ᠮᠥᠨ ᠬᠦ᠌ ᠰᠢᠢᠳᠪᠦᠷᠢᠯᠡᠭᠳᠡᠬᠡᠳᠦᠢ ᠪᠠᠢᠬᠰᠠᠭᠠᠷ ᠪᠠᠢᠨ᠎ᠠ᠃

ᠡᠬᠦᠨ᠎ᠤ ᠲᠤᠬᠠᠢ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠪᠠᠢᠩᠭᠤ᠎ᠶᠢᠨ ᠭᠡᠰᠢᠭᠦᠨ᠂ ᠲᠤᠮᠳᠠᠳᠤ ᠤᠯᠤᠰ ᠤ᠋ᠨ ᠠᠷᠠᠳᠴᠢᠯᠠᠭᠰᠠᠨ ᠬᠣᠯᠪᠣᠭ᠎ᠠ᠎ᠶᠢᠨ ᠥᠪᠥᠷ ᠮᠣᠩᠭᠣᠯ᠎ᠤᠨ ᠬᠣᠷᠢᠶ᠎ᠠ᠎ᠶᠢᠨ ᠡᠷᠬᠢᠯᠡᠭᠴᠢ ᠭᠡᠰᠢᠭᠦᠨ ᠵᠤᠤ ᠵᠢᠢ᠄ 《ᠶᠡᠷᠦᠩᠬᠡᠢ ᠱᠦᠵᠢ ᠰᠢ ᠵᠢᠨ ᠫᠢᠩ ᠵᠢᠶᠠᠩᠰᠤ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ  ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠬᠡᠷᠡᠭᠲᠡᠢ ᠬᠡᠵᠦ ᠴᠢᠬᠤᠯᠠᠴᠢᠯᠠᠵᠠᠢ᠂ ᠮᠠᠨ᠎ᠤ ᠥᠪᠥᠷ ᠮᠣᠩᠭᠣᠯ ᠪᠠᠰᠠ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠮᠢ ᠠᠬᠤᠢ᠎ᠶᠢᠨ ᠬᠦᠷᠢᠶᠡᠨ᠎ᠦ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠵᠤ᠂ ᠠᠮᠢ ᠠᠬᠤᠢ᠎ᠶᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠎ᠶᠢ ᠠᠬᠢᠭᠤᠯᠵᠤ᠂ ᠠᠮᠢ ᠠᠬᠤᠢ᠎ᠶᠢᠨ ᠲᠣᠮᠣ᠌ ᠡᠬᠢ ᠪᠠᠶᠠᠯᠢᠭ᠋᠎ᠢ ᠰᠢᠨ᠎ᠡ ᠬᠡᠯᠪᠡᠷᠢ᠎ᠶᠢᠨ ᠲᠣᠮᠣ᠌ ᠠᠵᠤ ᠦᠢᠯᠡᠰ ᠪᠣᠯᠭᠠᠨ ᠬᠤᠪᠢᠷᠠᠭᠤᠯᠬᠤ ᠬᠡᠷᠡᠭᠲᠡᠢ》 ᠬᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠠᠷᠠᠭᠠᠴᠢ᠎ᠪᠡᠷ ᠥᠪᠥᠷ ᠮᠣᠩᠭᠣᠯ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠢᠯᠠᠯ᠎ᠢ ᠢᠳᠡᠪᠬᠢᠲᠡᠢ᠎ᠪᠡᠷ ᠣᠷᠣᠭᠤᠯᠤᠨ ᠠᠪᠴᠢᠷᠠᠬᠤ ᠪᠠ ᠪᠣᠢᠵᠢᠭᠤᠯᠵᠤ᠂ ᠭᠣᠣᠯᠳᠠᠯᠭ᠎ᠠ᠎ᠲᠠᠢ ᠲᠠᠭᠠᠭᠤᠯᠬᠤ ᠠᠵᠤ ᠠᠬᠤᠢᠯᠠᠯ᠎ᠢ ᠲᠡᠳᠬᠦᠨ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠂ ᠨᠢᠭᠡ ᠪᠦᠯᠦᠭ ᠲᠣᠭᠲᠠᠵᠤ ᠳᠡᠶ᠋ᠢᠯᠬᠦ᠂ ᠠᠯᠳᠠᠷᠰᠢᠵᠤ ᠳᠡᠶ᠋ᠢᠯᠬᠦ ᠲᠦᠷᠦᠯ ᠲᠡᠮᠳᠡᠭ᠎ᠢ ᠬᠦᠴᠦᠯᠡᠨ ᠪᠣᠶ ᠪᠣᠯᠭᠠᠵᠤ᠂ ᠣᠶ ᠰᠢᠭᠤᠢ ᠪᠠ ᠨᠤᠳᠤᠬ ᠪᠡᠯᠴᠢᠬᠡᠷ ᠤ᠋ᠨ ᠠᠵᠤ ᠦᠢᠯᠡᠰ᠎ᠦᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠶᠢ  ᠠᠬᠢᠭᠤᠯᠤᠨ᠎ᠠ ᠬᠡᠵᠦ ᠢᠯᠡᠷᠭᠡᠢᠯᠡᠪᠡ᠃

《ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢᠨ ᠲᠦᠪᠰᠢᠨ᠎ᠢ ᠳᠡᠭᠡᠭᠰᠢᠯᠡᠭᠦᠯᠦᠨ᠎ᠡ ᠃ 》 2025 ᠣᠨ᠎ᠤ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠳᠠᠬᠢᠨ ᠨᠢᠭᠡ ᠤᠳᠠᠭ᠎ᠠ ᠬᠠᠷᠠᠯᠲᠠ ᠪᠠ ᠠᠷᠭ᠎ᠠ ᠵᠠᠮ᠎ᠢ ᠲᠣᠳᠣᠷᠬᠠᠢᠯᠠᠪᠠ᠃ ᠪᠢᠳᠡ ᠥᠷᠯᠥᠭᠡ ᠦᠳᠡᠰᠢ᠎ᠶᠢ ᠲᠡᠮᠡᠴᠡᠨ  ᠨᠠᠢᠳᠠᠪᠤᠷᠢᠵᠢᠭᠤᠯᠤᠯᠳᠠ᠎ᠶᠢ ᠠᠳᠬᠤᠵᠤ᠂ ᠡᠬᠡ ᠤᠯᠤᠰ᠎ᠤᠨ ᠤᠮᠠᠷᠠᠲᠤ᠎ᠶᠢᠨ ᠡᠨᠡ ᠬᠦ᠌ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ᠌ ᠴᠠᠭᠠᠨ ᠬᠡᠷᠡᠮ ᠎ᠢ ᠨᠠᠩ ᠪᠠᠲᠤ  ᠴᠣᠭᠴᠠᠯᠠᠬᠤ ᠬᠡᠷᠡᠭᠳᠡᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号