
《ᠲᠤᠬᠠᠶ᠎ᠶ᠋ᠢᠨ ᠲᠠᠯᠠᠪᠠᠶ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭ᠍ᠰᠠᠨ᠎ᠤ ᠳᠠᠷᠠᠭ᠎ᠠ᠂ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠮᠥᠷᠥᠨ᠎ᠳᠦ ᠲᠠᠯᠪᠢᠭ᠍ᠳᠠᠵᠤ ᠪᠠᠢᠬᠤ ᠡᠭᠦᠷᠭᠡ ᠬᠠᠷᠢᠭᠤᠴᠠᠯᠭ᠎ᠠ᠎ᠪᠠᠨ ᠴᠸ᠋ ᠭᠦᠨ ᠤᠬᠠᠭᠠᠷᠠᠪᠠ᠃ ᠢᠯᠡᠳᠭᠡᠯ᠎ᠳᠦ 〈ᠪᠦᠬᠦ᠌ ᠤᠯᠤᠰ᠎ᠤᠨ ᠪᠤᠳᠤᠯᠳᠠ᠎ᠶᠢᠨ ᠬᠦᠴᠦᠨ᠎ᠦ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌〉 ᠭᠡᠵᠦ ᠳᠤᠷᠠᠳᠤᠭ᠍ᠰᠠᠨ᠎ᠨᠢ ᠬᠥᠬᠡᠬᠣᠲᠠ᠎ᠳᠤ ᠠᠪᠴᠤ᠌ ᠬᠡᠯᠡᠪᠡᠯ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ ᠮᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠳᠤ ᠪᠣᠬᠢᠷᠲᠤᠯ ᠦᠭᠡᠢ ᠪᠤᠳᠤᠯᠳᠠ᠎ᠶᠢᠨ ᠬᠦᠴᠦᠨ ᠵᠢᠴᠢ ᠵᠣᠬᠢᠶᠠᠮᠠᠯ ᠤᠶᠤᠨ ᠴᠢᠳᠠᠪᠤᠷᠢ᠎ᠶ᠋ᠢ ᠬᠥᠭ᠌ᠵᠢᠭᠦᠯᠬᠦ᠌ ᠨᠥᠬᠥᠴᠡᠯ᠎ᠲᠡᠶ᠂ ᠰᠠᠭᠤᠷᠢ᠎ᠲᠠᠶ᠂ ᠳᠠᠪᠠᠭᠤᠯᠢᠭ᠎ᠲᠠᠶ ᠶᠤᠮ᠂ ᠪᠢᠳᠡ ᠠᠵᠠ ᠲᠣᠬᠢᠶᠠᠯ᠎ᠢ ᠠᠮᠵᠢᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠪᠣᠬᠢᠷᠲᠤᠯ ᠦᠭᠡᠢ ᠪᠤᠳᠤᠯᠳᠠ᠎ᠶᠢᠨ ᠬᠦᠴᠦᠨ᠂ ᠵᠣᠬᠢᠶᠠᠮᠠᠯ ᠤᠶᠤᠨ ᠴᠢᠳᠠᠪᠤᠷᠢ᠎ᠪᠠᠷ ᠲᠤᠯᠭᠠᠭᠤᠷᠢᠯᠠᠯ ᠪᠣᠯᠭᠠᠭ᠍ᠰᠠᠨ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠠᠵᠤ ᠦᠢᠯᠡᠰ᠎ᠦᠨ ᠪᠦᠯᠦᠭ᠌ᠵᠢᠯ ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠪᠣᠬᠢᠷᠲᠤᠯ ᠦᠭᠡᠢ ᠪᠤᠳᠤᠯᠳᠠ᠎ᠶᠢᠨ ᠬᠦᠴᠦᠨ ᠪᠣᠯᠤᠨ ᠵᠣᠬᠢᠶᠠᠮᠠᠯ ᠤᠶᠤᠨ ᠴᠢᠳᠠᠪᠤᠷᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠬᠡᠬᠣᠲᠠ᠎ᠶ᠋ᠢᠨ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠬᠤᠳᠠ᠎ᠶ᠋ᠢᠨ ᠳᠠᠷᠤᠭ᠎ᠠ ᠾᠧ ᠬᠠᠢ ᠳ᠋ᠦᠩ ᠬᠡᠯᠡᠪᠡ᠃
2024 ᠣᠨ᠎ᠳᠤ᠂ ᠬᠥᠬᠡᠬᠣᠲᠠ᠎ᠶ᠋ᠢᠨ ᠪᠤᠳᠤᠯᠳᠠ᠎ᠶᠢᠨ ᠬᠦᠴᠦᠨ᠎ᠦ ᠬᠡᠪᠴᠢᠶ᠎ᠡ 4.4 ᠲᠦᠮᠡᠨ P ᠳ᠋ᠤ ᠬᠦᠷᠪᠠ᠂ ᠡᠭᠦᠨ᠎ᠳᠦ ᠤᠶᠤᠨᠲᠤ ᠪᠣᠳᠣᠯᠳᠠ 4.2 ᠲᠦᠮᠡᠨ P ᠪᠠᠢᠵᠤ᠂ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ; ᠳᠤᠮᠳᠠᠳᠤ ᠤᠯᠤᠰ᠎ᠤᠨ 《ᠪᠤᠳᠤᠯᠳᠠ᠎ᠶ᠋ᠢᠨ ᠠᠵᠤ ᠦᠢᠯᠡᠰ》 ᠤ᠋ᠨ ᠪᠦᠯᠦᠭᠵᠢᠯ᠎ᠤᠨ ᠬᠣᠱᠢᠭᠤᠴᠢ᠂ 《ᠪᠣᠬᠢᠷᠲᠤᠯ ᠦᠭᠡᠢ ᠪᠤᠳᠤᠯᠳᠠ᠎ᠶᠢᠨ ᠬᠦᠴᠦᠨ》 ᠤ᠋ ᠬᠥᠭ᠌ᠵᠢᠯᠲᠡ᠎ᠶ᠋ᠢᠨ ᠬᠣᠱᠢᠭᠤᠴᠢ ᠵᠡᠷᠭᠡ 2 ᠵᠦᠢᠯ᠎ᠦᠨ ᠢᠷᠠᠭᠤ ᠠᠯᠳᠠᠷ᠎ᠢ ᠬᠦᠷᠳᠡᠵᠤ᠂ 2024 ᠤᠨ᠎ᠤ ᠳᠤᠮᠳᠠᠳᠤ ᠤᠯᠤᠰ᠎ᠤᠨ ᠪᠣᠬᠢᠷᠲᠤᠯ ᠦᠭᠡᠢ ᠪᠤᠳᠤᠯᠳᠠ᠎ᠶ᠋ᠢᠨ ᠬᠦᠴᠦᠨ ᠤ᠋ ᠶᠡᠬᠡ ᠬᠤᠷᠠᠯ᠎ᠢ ᠠᠮᠵᠢᠯᠲᠠ᠎ᠲᠠᠶ ᠡᠷᠬᠢᠯᠡᠵᠦ᠍᠂ 《ᠳᠤᠮᠳᠠᠳᠤ ᠤᠯᠤᠰ᠎ᠤᠨ ᠡᠭᠦᠯᠡᠨ ᠬᠥᠨᠳᠡᠢ》 ᠴᠣᠯᠠ ᠬᠦᠷᠳᠡᠵᠦ᠍᠂ ᠲᠣᠭᠠᠴᠢᠯᠠᠭ᠍ᠰᠠᠨ ᠠᠵᠤ ᠠᠬᠤᠢ᠎ᠶ᠋ᠢᠨ ᠦᠳᠲᠡᠷ ᠲᠦᠷᠭᠡᠨ ᠬᠥᠭ᠌ᠵᠢᠯᠲᠡ᠎ᠶ᠋ᠢᠨ ᠤᠷᠤᠰᠭᠠᠯ ᠳᠤᠮᠳᠠ᠂ ᠪᠤᠳᠤᠯᠳᠠ᠎ᠶ᠋ᠢᠨ ᠬᠦᠴᠦᠨ᠎ᠦ ᠠᠵᠤ ᠦᠢᠯᠡᠰ ᠨᠢ ᠨᠢᠭᠡᠨᠲᠡ ᠠᠵᠤ ᠠᠬᠤᠢ᠎ᠶ᠋ᠢᠨ ᠨᠡᠮᠡᠭ᠌ᠳᠡᠯ ᠪᠣᠯᠤᠨ ᠱᠢᠨ᠎ᠡ᠎ᠶ᠋ᠢ ᠡᠭᠦᠳᠬᠦ᠌ ᠵᠠᠩᠭᠢᠯᠠᠭ᠎ᠠ᠎ᠶ᠋ᠢᠨ ᠬᠥᠳᠡᠯᠭᠡᠭᠦᠷ ᠪᠣᠯᠵᠠᠢ᠃
ᠾᠧ ᠬᠠᠢ ᠳ᠋ᠦᠩ ᠪᠠᠢᠴᠠᠭᠠᠨ ᠰᠤᠳᠤᠯᠤᠯᠲᠠ ᠬᠢᠬᠦ᠌ᠳᠤᠮᠳᠠ ᠪᠠᠨ᠂ ᠪᠤᠳᠤᠯᠳᠠ᠎ᠶᠢᠨ ᠬᠦᠴᠦᠨ᠎ᠦ ᠠᠵᠤ ᠦᠢᠯᠡᠰ᠎ᠦᠨ ᠬᠡᠪᠴᠢᠶ᠎ᠡ᠎ᠶ᠋ᠢᠨ ᠲᠠᠰᠤᠷᠠᠯᠳᠠ ᠦᠭᠡᠢ ᠥᠷᠭᠡᠳᠬᠦ᠌᠎ᠶ᠋ᠢ ᠲᠠᠭᠠᠯᠳᠤᠨ᠂ ᠠᠵᠢᠯ ᠲᠦᠷᠦᠯ᠎ᠦᠨ ᠡᠵᠡᠩᠨᠡᠯᠲᠡ ᠡᠳᠦᠷ ᠢᠷᠡᠬᠦᠶ᠎ᠡ ᠨᠠᠷᠢᠨ ᠬᠤᠪᠢᠶᠠᠭᠳᠠᠵᠤ᠂ ᠤᠯᠠᠮᠵᠢᠯᠠᠯᠲᠤ ᠲᠣᠭ᠎ᠠ ᠪᠦᠷᠢᠳᠭᠡᠯ᠎ᠦᠨ ᠪᠠᠢᠴᠠᠭᠠᠯᠲᠠ᠎ᠶ᠋ᠢᠨ ᠲᠦᠷᠢᠮ᠂ ᠲᠦᠷᠦᠯ ᠬᠤᠪᠢᠶᠠᠬᠤ ᠪᠠᠷᠢᠮᠵᠢᠶ᠎ᠠ ᠨᠢ ᠨᠢᠭᠡᠨᠲᠡ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠬᠠᠩᠭᠠᠵᠤ ᠳᠡᠢᠯᠬᠦ᠌ ᠦᠭᠡᠢ ᠪᠤᠯᠵᠤ᠂ ᠪᠦᠷᠢᠳᠭᠡᠯ᠎ᠦᠨ ᠡᠯᠧᠮᠧᠨ᠋ᠲ ᠪᠦᠷᠢᠨ ᠪᠤᠰᠤ᠂ ᠪᠤᠳᠤᠯᠳᠠ᠎ᠶᠢᠨ ᠬᠦᠴᠦᠨ᠎ᠦ ᠠᠵᠢᠯ ᠲᠦᠷᠦᠯ᠎ᠦᠨ ᠦᠷ᠎ᠡ ᠪᠦᠲᠦᠭᠡᠯ᠎ᠢ ᠣᠷᠣᠨ ᠨᠤᠲᠤᠭ᠎ᠤᠨ ᠲᠣᠭ᠎ᠠ ᠪᠦᠷᠢᠳᠭᠡᠯ᠎ᠳᠦ ᠣᠷᠣᠭᠤᠯᠵᠤ ᠳᠡᠢᠯᠬᠦ᠌ ᠦᠭᠡᠢ ᠵᠡᠷᠭᠡ ᠠᠰᠠᠭᠤᠳᠠᠯ ᠣᠷᠣᠱᠢᠵᠤ᠂ ᠪᠤᠳᠤᠯᠳᠠ᠎ᠶᠢᠨ ᠬᠦᠴᠦᠨ᠎ᠦ ᠠᠵᠢᠯ ᠲᠦᠷᠦᠯ᠎ᠦᠨ ᠬᠥᠭ᠌ᠵᠢᠯᠲᠡ᠎ᠶ᠋ᠢᠨ ᠪᠠᠢᠳᠠᠯ᠎ᠢ ᠪᠦᠬᠦ᠌ ᠲᠠᠯ᠎ᠠ᠎ᠪᠠᠷ ᠲᠤᠰᠭᠠᠬᠤ᠎ᠶ᠋ᠢᠨ ᠠᠷᠭ᠎ᠠ ᠦᠭᠡᠢ ᠮᠥᠷᠲᠡᠭᠡᠨ ᠭᠠᠵᠠᠷ ᠣᠷᠣᠨ᠎ᠤ ᠪᠤᠳᠤᠯᠳᠠ᠎ᠶᠢᠨ ᠬᠦᠴᠦᠨ᠎ᠦ ᠬᠥᠭ᠌ᠵᠢᠯᠲᠡ᠎ᠶ᠋ᠢᠨ ᠪᠠᠢᠳᠠᠯ᠎ᠢ ᠴᠤ᠌ ᠪᠦᠬᠦ᠌ ᠲᠠᠯ᠎ᠠ᠎ᠪᠠᠷ ᠲᠤᠰᠭᠠᠬᠤ᠎ᠶ᠋ᠢᠨ ᠠᠷᠭ᠎ᠠ ᠦᠭᠡᠢ ᠪᠠᠢᠭ᠎ᠠ ᠵᠢ ᠤᠯᠵᠤ ᠮᠡᠳᠡᠵᠡᠢ᠃
ᠲᠣᠮᠣ ᠳ᠋ᠠᠢᠲ᠋ᠠ᠎ᠶ᠋ᠢᠨ ᠪᠤᠳᠤᠯᠳᠠ᠎ᠶᠢᠨ ᠬᠦᠴᠦᠨ ᠤ᠋ ᠠᠵᠤ ᠦᠢᠯᠡᠰ᠎ᠤᠨ ᠳᠤᠭᠠᠴᠠᠭ᠎ᠠ ᠵᠢ ᠲᠣᠭ᠎ᠠ ᠪᠦᠷᠢᠳᠭᠡᠯ᠎ᠳᠦ ᠤᠷᠤᠭᠤᠯᠬᠤ ᠵᠢ ᠬᠡᠷᠬᠢᠨ ᠲᠡᠭᠦᠯᠳᠡᠷᠵᠢᠭᠦᠯᠬᠦ᠌ ᠲᠤᠬᠠᠶ ᠾᠧ ᠬᠠᠶ ᠳ᠋ᠦᠩ ᠥᠪᠡᠷ᠎ᠦᠨ ᠰᠠᠨᠠᠭᠤᠯᠭ᠎ᠠ᠎ᠪᠠᠨ ᠳᠤᠷᠠᠳᠪᠠ᠃ ᠨᠢᠭᠡ ᠲᠠᠯ᠎ᠠ᠎ᠪᠠᠷ᠂ ᠤᠯᠤᠰ᠎ᠤᠨ ᠲᠣᠭ᠎ᠠ ᠪᠦᠷᠢᠳᠭᠡᠯ᠎ᠦᠨ ᠲᠣᠪᠴᠢᠶ᠎ᠠ ᠲᠦᠷᠦᠭᠦᠯᠡᠨ᠂ ᠠᠵᠢᠯ ᠲᠥᠷᠥᠯ᠎ᠦᠨ ᠬᠤᠪᠢᠶᠠᠷᠢᠯᠠᠯ᠎ᠳᠤ ᠪᠤᠳᠤᠯᠳᠠ᠎ᠶᠢᠨ ᠬᠦᠴᠦᠨ ᠤ᠋ ᠦᠶ᠋ᠯᠡᠳᠪᠦᠷᠢᠯᠡᠯ ᠪᠠ ᠬᠠᠩᠭᠠᠯᠭ᠎ᠠ᠎ᠶ᠋ᠢᠨ ᠦᠶ᠋ᠯᠡᠰ᠎ᠢ ᠨᠠᠮᠠᠨ ᠲᠣᠬᠢᠷᠠᠭᠤᠯᠵᠤ᠂ ᠪᠤᠳᠤᠯᠳᠠ᠎ᠶᠢᠨ ᠬᠦᠴᠦᠨ ᠤ᠋ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠳᠠᠯ᠎ᠢ ᠪᠥᠬᠥ᠌ ᠲᠠᠯ᠎ᠠ᠎ᠪᠠᠷ ᠣᠨᠣᠴᠠᠲᠠᠶ ᠦᠨᠡᠯᠡᠨ ᠵᠢᠱ᠌ᠢᠵᠦ᠍᠂ ᠲᠡᠭᠦᠨ᠎ᠦ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠭᠦᠶ᠋ᠴᠡᠳ ᠢᠯᠡᠷᠡᠭᠦᠯᠬᠦ᠌᠎ᠳᠦ ᠲᠥᠬᠥᠮ ᠪᠣᠯᠭᠠᠬᠤ᠎ᠶ᠋ᠢ ᠰᠠᠨᠠᠭᠤᠯᠪᠠ᠃ ᠨᠥᠭᠥᠭᠡ ᠲᠠᠯ᠎ᠠ᠎ᠪᠠᠷ᠂ 《ᠬᠠᠷᠢᠴᠠᠯ ᠶᠣᠰᠣᠭᠠᠷ ᠬᠤᠪᠢᠶᠠᠷᠢᠯᠠᠬᠤ》 ᠲᠣᠭ᠍ᠲᠠᠴᠠ ᠪᠤᠶᠤ 《ᠣᠷᠣᠯᠭ᠎ᠠ ᠪᠡᠷ ᠵᠠᠷᠤᠳᠠᠯ ᠢ ᠪᠦᠷᠬᠦᠭᠦᠯᠬᠦ᠌》 ᠲᠣᠭ᠍ᠲᠠᠴᠠ᠎ᠶ᠋ᠢ ᠪᠠᠢᠭᠤᠯᠵᠤ᠂ ᠪᠤᠳᠤᠯᠳᠠ᠎ᠶᠢᠨ ᠬᠦᠴᠦᠨ᠎ᠦ ᠳ᠋ᠠᠢᠲ᠋ᠠ᠎ᠶ᠋ᠢ ᠲᠣᠰ ᠭᠠᠵᠠᠷ᠎ᠲᠤᠨᠢ ᠲᠣᠭ᠎ᠠ ᠪᠦᠷᠢᠳᠭᠡᠯ᠎ᠳᠦ ᠤᠷᠤᠭᠤᠯᠬᠤ ᠵᠢ ᠠᠬᠢᠭᠤᠯᠵᠤ᠂ ᠪᠤᠳᠤᠯᠳᠠ᠎ᠶᠢᠨ ᠬᠦᠴᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠦᠷ᠎ᠡ ᠪᠦᠲᠦᠮᠵᠢ᠎ᠶ᠋ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠳᠤ ᠨᠠᠩ ᠱᠢᠭᠤᠳ ᠣᠯᠵᠤ ᠦᠵᠡᠭᠦᠯᠬᠦ᠌᠎ᠶ᠋ᠢᠨ ᠤᠯᠠᠮ ᠡᠴᠡ ᠠᠵᠤ ᠦᠶ᠋ᠯᠡᠰ᠎ᠢ ᠲᠡᠳᠬᠦᠬᠦ᠌ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢᠯᠠᠯ᠎ᠤᠨ ᠲᠤᠬᠠᠢᠯᠠᠭ᠍ᠰᠠᠨ ᠠᠵᠢᠯ᠎ᠢᠶᠠᠨ ᠢᠳᠡᠪᠬᠢᠲᠡᠶ ᠥᠷᠭᠡᠳᠭᠡᠬᠦ᠌᠎ᠶ᠋ᠢ ᠵᠣᠷᠢᠭ᠍ᠵᠢᠭᠤᠯᠵᠤ᠂ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠠᠵᠤ ᠦᠶ᠋ᠯᠡᠰ᠎ᠦᠨ ᠴᠢᠨᠠᠷ ᠰᠠᠢᠲᠠᠶ᠂ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌᠎ᠶ᠋ᠢ ᠰᠠᠨᠠᠭᠤᠯᠪᠠ᠃