
《ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ᠎ᠶ᠋ᠢ ᠠᠬᠢᠭᠤᠯᠤᠨ᠎ᠠ》᠂ 《ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠵᠢ ᠪᠠᠭᠤᠷᠠᠭᠤᠯᠤᠨ ᠪᠣᠬᠢᠷᠲᠤᠯ᠎ᠢ ᠪᠠᠭᠠᠰᠭᠠᠵᠤ ᠨᠣᠭᠣᠭᠠᠷᠠᠭᠤᠯᠤᠯᠲᠠ᠎ᠶ᠋ᠢ ᠥᠷᠭᠡᠳᠭᠡᠵᠤ ᠦᠰᠦᠯᠳᠠ ᠵᠢ ᠨᠡᠮᠡᠭᠳᠡᠬᠦᠯᠬᠦ᠎ᠶ᠋ᠢ ᠵᠤᠬᠢᠴᠠᠭᠤᠯᠤᠨ ᠠᠬᠢᠭᠤᠯᠤᠨ᠎ᠠ》 ᠁ ᠲᠤᠬᠠᠢ᠎ᠶ᠋ᠢᠨ ᠲᠠᠯᠠᠪᠠᠢ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭ᠍ᠰᠠᠨ᠎ᠤ ᠳᠠᠷᠠᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠬᠤᠸᠠ ᠷᠦᠨ (ᠪᠦᠯᠦᠭ᠌ᠯᠡᠯ) ᠬᠢᠵᠠᠭᠠᠷᠲᠤ ᠺᠣᠮᠫᠠᠨᠢ᠎ᠶ᠋ᠢᠨ ᠣᠷᠴᠢᠨ ᠲᠣᠭᠣᠷᠢᠨ᠎ᠤ ᠡᠷᠡᠭᠦᠯ ᠮᠡᠨᠳᠦ ᠪᠠ ᠠᠮᠤᠷ ᠲᠦᠪᠱᠢᠨ᠎ᠦ ᠬᠡᠯᠲᠡᠰ᠎ᠤᠨ ᠲᠤᠰᠭᠠᠢ ᠮᠡᠷᠭᠡᠵᠢᠯᠲᠡᠨ ᠵᠠᠩ ᠯᠢ ᠸᠸᠨ ᠲᠡᠮᠳᠡᠭ᠌ᠯᠡᠯ᠎ᠦᠨ ᠳᠡᠪᠲᠡᠷᠵᠢᠡᠨ ᠳᠦᠭᠦᠷᠳᠠᠯᠠ ᠢᠯᠡᠳᠭᠡᠯ ᠡᠴᠡ ᠰᠣᠩᠭᠣᠨ ᠰᠠᠢᠷᠡᠬᠦᠯᠵᠤ ᠲᠦᠷᠦᠭ᠌ᠳᠡᠯᠵᠢᠡᠨ ᠪᠢᠴᠢᠵᠠᠢ᠃
ᠬᠡᠷᠡᠯᠴᠢ ᠴᠡᠨᠡᠭ᠎ᠦᠨ ᠠᠵᠤ ᠦᠶ᠋ᠯᠡᠰ᠎ᠦᠨ ᠲᠦᠷᠭᠡᠨ ᠬᠥᠭ᠌ᠵᠢᠯᠲᠡ᠎ᠶ᠋ᠢ ᠳᠠᠭᠠᠯᠳᠤᠨ᠂ ᠶᠡᠬᠡ ᠬᠡᠮᠵᠢᠶᠡᠨ᠎ᠦ ᠬᠡᠷᠡᠯᠴᠢ ᠴᠡᠨᠡᠭ᠎ᠦᠨ ᠲᠥᠬᠥᠭᠡᠷᠦᠮᠵᠢ ᠢᠷᠡᠭᠡᠳᠦᠶ᠎ᠶ᠋ᠢᠨ ᠬᠡᠳᠦᠨ ᠵᠢᠯ᠎ᠳᠦ ᠠᠱᠢᠭ᠍ᠯᠠᠯᠲᠠ᠎ᠡᠴᠡ ᠭᠠᠷᠬᠤ ᠣᠷᠭᠢᠯ᠎ᠤᠨ ᠬᠤᠭᠤᠴᠠᠭᠠᠨ᠎ᠳᠤ ᠣᠷᠣᠵᠤ᠂ ᠬᠠᠶᠠᠭ᠍ᠳᠠᠮᠠᠯ ᠬᠡᠷᠡᠯᠴᠢ ᠴᠡᠨᠡᠭ᠎ᠦᠨ ᠲᠣᠨᠣᠭ᠍ᠯᠠᠯ᠎ᠢ ᠬᠤᠤᠷ ᠥᠬᠡᠢᠳᠡᠭᠦᠯᠦᠨ ᠡᠭᠡᠭᠦᠯᠦᠨ ᠬᠤᠷᠢᠶᠠᠬᠤ ᠪᠠ ᠡᠬᠢ ᠪᠠᠶᠠᠯᠢᠭ᠍ᠵᠢᠭᠤᠯᠤᠨ ᠠᠱᠢᠭ᠍ᠯᠠᠬᠤ ᠠᠰᠠᠭᠤᠳᠠᠯ ᠡᠳᠦᠷ ᠢᠷᠡᠬᠦᠶ᠎ᠡ ᠲᠣᠪᠣᠢᠮ᠎ᠠ ᠪᠣᠯᠵᠠᠢ᠃ ᠥᠪᠥᠷ ᠮᠣᠩᠭᠣᠯ ᠪᠠᠷᠠᠭᠤᠨ ᠬᠡᠰᠡᠭ᠎ᠦᠨ ᠭᠠᠵᠠᠷ ᠣᠷᠣᠨ᠎ᠤ ᠬᠡᠷᠡᠯᠴᠢ ᠴᠡᠨᠡᠭ᠎ᠦᠨ ᠠᠵᠤ ᠦᠶ᠋ᠯᠡᠰ᠎ᠦᠨ ᠲᠣᠮᠣ ᠣᠷᠣᠨ ᠪᠣᠯᠤᠭ᠍ᠰᠠᠨ᠎ᠤ ᠬᠤᠪᠢ᠎ᠳᠤ᠂ ᠠᠵᠢᠯ ᠲᠥᠷᠥᠯ᠎ᠦᠨ ᠪᠠᠢᠯᠳᠤᠬᠤ ᠪᠣᠳᠣᠯᠭ᠎ᠠ᠎ᠶ᠋ᠢᠨ ᠠᠱᠢᠭ᠍ᠲᠠᠶ ᠪᠠᠢᠷᠢ᠎ᠶ᠋ᠢ ᠬᠡᠷᠬᠢᠨ ᠵᠠᠪᠳᠤᠨ ᠡᠵᠡᠯᠡᠵᠦ᠍᠂ ᠬᠡᠷᠡᠯᠴᠢ ᠴᠡᠨᠡᠭ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠣᠬᠢᠷᠲᠤᠯ ᠥᠬᠡᠶ ᠪᠢᠳᠡᠭᠦᠮᠵᠢᠯᠡᠭᠰᠡᠨ《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠬᠦ᠌ ᠪᠣᠯ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠬᠦᠷᠢᠶᠡᠨ᠎ᠳᠡᠬᠢ 《ᠠᠬᠠᠮᠠᠳ ᠨᠦᠬᠦᠷ》 ᠵᠠᠩ ᠯᠢ ᠸᠸᠨ᠎ᠤ ᠠᠩᠬᠠᠷᠤᠭ᠍ᠰᠠᠭᠠᠷ ᠢᠷᠡᠭ᠌ᠰᠡᠨ ᠠᠰᠠᠭᠤᠳᠠᠯ ᠪᠣᠯᠤᠨ᠎ᠠ᠃
《ᠥᠪᠥᠷ ᠮᠣᠩᠭᠣᠯ᠎ᠤᠨ ᠬᠡᠷᠡᠯᠴᠢ ᠴᠡᠨᠡᠭ᠎ᠦᠨ ᠠᠵᠤ ᠦᠶ᠋ᠯᠡᠰ᠎ᠦᠨ ᠱᠢᠰᠲ᠋ᠧᠮ ᠪᠦᠷᠢᠨᠱᠢᠵᠦ᠍᠂ ᠬᠥᠭ᠌ᠵᠢᠯᠲᠡ᠎ᠶ᠋ᠢᠨ ᠳᠠᠯᠳᠠ ᠬᠦᠴᠦᠨ ᠶᠡᠬᠡ ᠪᠠᠢᠨ᠎ᠠ᠃ ᠤᠯᠤᠰ᠎ᠤᠨ ᠳᠣᠲᠣᠭᠠᠳᠤ᠎ᠶ᠋ᠢᠨ ᠬᠡᠷᠡᠯᠴᠢ ᠴᠡᠨᠡᠭ᠎ᠦᠨ ᠠᠵᠤ ᠦᠶ᠋ᠯᠡᠰ ᠲᠸ᠋ ᠬᠡᠷᠡᠯᠴᠢ ᠴᠡᠨᠡᠭ᠎ᠦᠨ ᠲᠥᠬᠥᠭᠡᠷᠦᠮᠵᠢ ᠤᠳᠠᠯ ᠥᠬᠡᠶ ᠠᠱᠢᠭ᠍ᠯᠠᠯᠲᠠ᠎ᠡᠴᠡ ᠭᠠᠷᠬᠤ ᠣᠷᠭᠢᠯ᠎ᠤᠨ ᠬᠤᠭᠤᠴᠠᠭᠠᠨ᠎ᠳᠤ ᠣᠷᠣᠬᠤ ᠪᠤᠯᠤᠨ᠎ᠠ᠂ ᠥᠪᠥᠷ ᠮᠣᠩᠭᠣᠯ ᠠᠱᠢᠭ᠍ᠯᠠᠯᠲᠠ᠎ᠡᠴᠡ ᠭᠠᠷᠤᠭᠰᠠᠨ ᠬᠡᠷᠡᠯᠴᠢ ᠴᠡᠨᠡᠭ᠎ᠦᠨ ᠲᠥᠬᠥᠭᠡᠷᠦᠮᠵᠢ᠎ᠶ᠋ᠢ ᠡᠷᠭᠢᠯᠳᠦᠭᠦᠯᠦᠨ ᠠᠱᠢᠭ᠍ᠯᠠᠬᠤ ᠠᠵᠤ ᠦᠶ᠋ᠯᠡᠰ᠎ᠢ ᠬᠥᠭ᠌ᠵᠢᠭᠦᠯᠬᠦ᠌ ᠲᠠᠯ᠎ᠠ᠎ᠪᠠᠷ ᠮᠠᠰᠢ ᠶᠡᠬᠡ ᠳᠠᠪᠠᠭᠤᠯᠢᠭ᠎ᠲᠠᠶ ᠪᠠᠢᠨ᠎ᠠ᠃ ᠥᠪᠥᠷ ᠮᠣᠩᠭᠣᠯ᠎ᠢ ᠬᠡᠷᠡᠯᠴᠢ ᠴᠡᠨᠡᠭ᠎ᠦᠨ ᠠᠵᠤ ᠦᠶ᠋ᠯᠡᠰ᠎ᠦᠨ ᠡᠬᠢ ᠪᠠᠶᠠᠯᠢᠭ᠎ᠢ ᠡᠷᠭᠢᠯᠳᠦᠭᠦᠯᠦᠨ ᠠᠱᠢᠭ᠍ᠯᠠᠬᠤ ᠬᠣᠱᠢᠭᠤᠴᠢ ᠵᠢᠱ᠌ᠢᠶ᠎ᠡ ᠦᠵᠡᠭᠦᠯᠬᠦ᠌ ᠣᠷᠣᠨ ᠪᠣᠯᠭᠠᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠪᠥᠬᠥ᠌ ᠲᠠᠯ᠎ᠠ᠎ᠶ᠋ᠢᠨ ᠲᠤᠯᠭᠠᠭᠤᠷᠢᠯᠠᠯ ᠬᠠᠩᠭᠠᠬᠤ ᠬᠡᠷᠡᠭ᠌ᠲᠡᠶ》 ᠭᠡᠵᠦ ᠵᠠᠩ ᠯᠢ ᠸᠸᠨ ᠬᠡᠯᠡᠪᠡ᠃
ᠵᠠᠩ ᠯᠢ ᠸᠸᠨ᠂ ᠤᠯᠤᠰ᠎ᠤᠨ ᠲᠠᠯ᠎ᠠ᠎ᠡᠴᠡ ᠬᠠᠤᠯᠢ ᠴᠠᠭᠠᠵᠠ᠎ᠶ᠋ᠢᠨ ᠵᠢᠷᠤᠮᠵᠢᠯ᠎ᠤᠨ ᠱᠢᠰᠲ᠋ᠧᠮ᠎ᠢ ᠲᠦᠷᠭᠡᠬᠡᠨ ᠲᠡᠭᠦᠯᠳᠡᠷᠵᠢᠭᠦᠯᠵᠦ᠍᠂ ᠪᠦᠷᠢᠨ ᠲᠡᠭᠦᠯᠳᠡᠷ ᠬᠠᠤᠯᠢ ᠴᠠᠭᠠᠵᠠ᠎ᠶ᠋ᠢᠨ ᠲᠦᠷᠢᠮ᠎ᠦᠨ ᠱᠢᠰᠲ᠋ᠧᠮ᠎ᠢᠶᠡᠷ ᠠᠵᠤ ᠦᠶ᠋ᠯᠡᠰ᠎ᠦᠨ ᠴᠢᠭ᠌ᠯᠡᠯ᠎ᠢ ᠵᠢᠷᠤᠮᠵᠢᠭᠤᠯᠤᠨ ᠬᠥᠲᠥᠯᠥᠨ ᠵᠢᠯᠣᠭᠣᠳᠭᠤ ᠬᠡᠷᠡᠭ᠌ᠲᠡᠶ᠃ ᠥᠪᠥᠷ ᠮᠣᠩᠭᠣᠯ᠎ᠤᠨ ᠲᠥᠪᠯᠡᠷᠡᠩᠭᠦᠶ ᠮᠠᠶᠢᠭ᠎ᠤᠨ ᠬᠡᠷᠡᠯᠴᠢ ᠴᠡᠨᠡᠭ᠎ᠦᠨ ᠬᠡᠪᠴᠢᠶ᠎ᠡ᠎ᠪᠡᠷ ᠶᠡᠬᠡ ᠪᠠᠢᠬᠤ ᠣᠨᠴᠠᠯᠢᠭ᠎ᠲᠠᠶ ᠤᠶᠠᠯᠳᠤᠭᠤᠯᠤᠨ᠂ ᠲᠣᠮᠣ ᠬᠡᠯᠪᠡᠷᠢ᠎ᠶ᠋ᠢᠨ ᠰᠠᠯᠬᠢᠨ ᠬᠦᠴᠦᠨ ᠬᠡᠷᠡᠯᠴᠢ ᠴᠡᠨᠡᠭ᠎ᠦᠨ ᠰᠠᠭᠤᠷᠢᠨ᠎ᠤ᠋ ᠪᠥᠲᠥᠭᠡᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠲᠥᠰᠦᠯ ᠵᠢᠴᠢ ᠦᠶ᠋ᠯᠡᠳᠬᠦ᠌ ᠦᠵᠦᠭᠦᠷᠯᠢᠭ᠎ᠤᠨ ᠠᠵᠤ ᠦᠶ᠋ᠯᠡᠰ᠎ᠦᠨ ᠪᠥᠯᠦᠭᠵᠢᠯ᠎ᠦᠨ ᠲᠠᠷᠬᠠᠯᠲᠠ᠎ᠶ᠋ᠢᠨ ᠪᠠᠢᠳᠠᠯ᠎ᠢ ᠦᠨᠳᠦᠰᠦᠯᠡᠨ᠂ ᠡᠭᠡᠭᠦᠯᠦᠨ ᠬᠤᠷᠢᠶᠠᠵᠤ ᠱᠢᠶ᠋ᠳᠪᠦᠷᠢᠯᠡᠬᠦ᠌ ᠣᠷᠣᠨ ᠪᠠ ᠡᠷᠭᠢᠯᠳᠦᠭᠦᠯᠦᠨ ᠠᠱᠢᠭ᠍ᠯᠠᠵᠤ ᠡᠳ᠋ᠱᠢᠭᠦᠯᠬᠦ᠌ ᠣᠷᠣᠨ᠎ᠢ ᠣᠷᠣᠨ ᠪᠦᠰᠡ ᠬᠤᠪᠢᠶᠠᠨ ᠲᠥᠯᠥᠪᠵᠢᠭᠦᠯᠦᠨ ᠪᠠᠢᠷᠢᠱᠢᠭᠤᠯᠬᠤ ᠬᠡᠷᠡᠭ᠌ᠲᠡᠶ᠃ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠵᠤ᠂ ᠣᠷᠣᠨ ᠪᠦᠰᠡ᠎ᠶ᠋ᠢᠨ ᠴᠢᠨᠠᠷᠲᠠᠶ ᠡᠭᠡᠭᠦᠯᠦᠨ ᠬᠤᠷᠢᠶᠠᠬᠤ᠂ ᠵᠠᠳᠠᠯᠬᠤ᠂ ᠠᠱᠢᠭ᠍ᠯᠠᠬᠤ ᠰᠠᠭᠤᠷᠢᠨ᠎ᠢ ᠲᠥᠯᠥᠪᠵᠢᠭᠦᠯᠦᠨ ᠬᠥᠭ᠌ᠵᠢᠭᠦᠯᠵᠦ᠍᠂ ᠦᠶ᠋ᠯᠡᠳᠪᠦᠷᠢᠯᠡᠯ᠎ᠦᠨ ᠦᠵᠦᠭᠦᠷᠯᠢᠭ᠎ᠡᠴᠡ ᠡᠭᠡᠭᠦᠯᠦᠨ ᠬᠤᠷᠢᠶᠠᠬᠤ ᠦᠵᠦᠭᠦᠷᠯᠢᠭ ᠬᠦᠷᠲᠡᠯᠡᠬᠢ ᠪᠣᠬᠢᠷᠲᠤᠯ ᠥᠬᠡᠶ ᠪᠢᠳᠡᠭᠦᠮᠵᠢᠯᠡᠯ᠂ ᠡᠷᠭᠢᠯᠳᠦᠭᠦᠯᠦᠨ ᠠᠱᠢᠭ᠍ᠯᠠᠬᠤ ᠪᠠ ᠪᠥᠬᠥ᠌ ᠶᠠᠪᠤᠴᠠ᠎ᠶ᠋ᠢ ᠮᠥᠷᠳᠡᠵᠦ᠍ ᠪᠣᠯᠬᠤ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ ᠰᠠᠨᠠᠭᠤᠯᠪᠠ᠃
《ᠬᠡᠷᠡᠯᠴᠢ ᠴᠡᠨᠡᠭ᠎ᠦᠨ ᠲᠣᠨᠣᠭ᠍ᠯᠠᠯ᠎ᠢ ᠡᠭᠡᠭᠦᠯᠦᠨ ᠬᠤᠷᠢᠶᠠᠵᠤ ᠠᠱᠢᠭ᠍ᠯᠠᠬᠤ ᠤᠯᠤᠰ᠎ᠤᠨ ᠳᠣᠲᠣᠭᠠᠳᠤ᠎ᠶ᠋ᠢᠨ ᠳᠠᠭᠠᠭᠤᠯᠤᠭ᠍ᠴᠢ ᠠᠵᠤ ᠠᠬᠤᠢᠯᠠᠯ᠎ᠢ ᠶᠡᠬᠡᠪᠡᠷ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ᠎ᠤ ᠳᠠᠭᠠᠭᠤᠯᠤᠬᠴᠢ ᠠᠵᠤ ᠠᠬᠤᠢᠯᠠᠯ᠎ᠢ ᠲᠦᠷᠭᠡᠳᠭᠡᠨ ᠪᠣᠢᠵᠢᠭᠤᠯᠵᠤ᠂ ᠤᠯᠤᠰ᠎ᠤᠨ ᠲᠠᠰ᠎ᠤᠨ ᠭᠤᠤᠯᠳᠠᠯᠭ᠎ᠠ᠎ᠲᠠᠶ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠪᠠ ᠲᠤᠰᠭᠠᠶ ᠪᠠᠯᠠ ᠮᠥᠩᠭᠥ᠎ᠶ᠋ᠢ ᠢᠳᠡᠪᠬᠢᠲᠡᠶ ᠴᠢᠷᠮᠠᠢᠨ ᠣᠯᠵᠤ᠂ ᠣᠷᠣᠨ᠎ᠤ ᠳᠣᠲᠣᠷᠠᠬᠢ ᠬᠡᠪ ᠳᠠᠭᠤᠷᠢᠶᠠᠯ ᠠᠵᠤ ᠠᠬᠤᠢᠯᠠᠯ᠎ᠤᠨ ᠦᠶ᠋ᠯᠡᠳᠪᠦᠷᠢᠯᠡᠬᠦ᠌ ᠵᠢᠭᠠᠨ ᠵᠢᠭᠠᠬᠤ ᠰᠤᠳᠤᠯᠬᠤ ᠬᠡᠷᠡᠭ᠌ᠯᠡᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠎ᠢᠶᠡᠷ ᠳᠠᠮᠵᠢᠭᠤᠯᠤᠨ ᠬᠡᠷᠡᠯᠴᠢ ᠴᠡᠨᠡᠭ᠎ᠦᠨ ᠲᠣᠨᠣᠭ᠍ᠯᠠᠯ᠎ᠢ ᠡᠭᠡᠭᠦᠯᠦᠨ ᠬᠤᠷᠢᠶᠠᠵᠤ ᠠᠱᠢᠭ᠍ᠯᠠᠬᠤ ᠬᠦᠷᠢᠶᠡᠨ᠎ᠳᠦ 〈ᠴᠡᠷᠢᠭᠯᠡᠨ〉 ᠣᠷᠣᠬᠤ᠎ᠶ᠋ᠢ ᠲᠡᠳᠬᠦᠨ ᠳᠡᠮᠵᠢᠬᠦ ᠴᠢᠬᠤᠯᠠᠳᠠᠢ》 ᠭᠡᠵᠦ᠍ ᠵᠠᠩ ᠯᠢ ᠸᠸᠨ ᠬᠡᠯᠡᠪᠡ᠃