ᠨᠠᠶ᠋ᠮᠠᠨ ᠮᠢᠩᠭᠠᠨ ᠭᠠᠵᠠᠷ ᠤ᠋ᠨ ᠬᠢᠯᠢ ᠵᠢᠨ ᠱᠤᠭᠤᠮ ᠢ᠋ ᠨᠢᠬᠡ ᠰᠡᠳᠭᠢᠯ ᠵᠢᠡᠷ ᠰᠠᠬᠢᠨ ᠬᠠᠮᠠᠭᠠᠯᠠᠨ᠎ᠠ —ᠡᠨᠡ ᠪᠣᠯ ᠡᠶ᠎ᠡ ᠵᠣᠬᠢᠴᠠᠩᠭᠤᠶ ᠠᠮᠤᠷ ᠲᠣᠭ᠍ᠲᠠᠭᠤᠨ ᠥᠪᠥᠷ ᠮᠣᠩᠭᠣᠯ
2025-03-08 11:24:49
ᠵᠣᠬᠢᠶᠠᠭ᠍ᠴᠢ᠄
​ ᠸᠠᠩ ᠬᠤᠤ
ᠣᠩᠱᠢᠭ᠍ᠰᠠᠨ ᠣᠳᠠᠭ᠎ᠠ᠄
★★★☆☆

ᠲᠦᠷᠦ ᠵᠢ ᠵᠠᠰᠠᠬᠤ ᠳ᠋ᠤ ᠡᠷᠬᠡᠪᠰᠢ ᠬᠢᠯᠢ ᠬᠢᠵᠠᠭᠠᠷ ᠢ᠋ ᠵᠠᠰᠠᠵᠤ᠂ ᠬᠢᠯᠢ ᠬᠢᠵᠠᠭᠠᠷ ᠢ᠋ ᠰᠠᠬᠢᠬᠤ ᠨᠢ ᠭᠡᠷ ᠣᠷᠣᠨ ᠵᠢᠡᠨ ᠰᠠᠬᠢᠵᠤ ᠪᠠᠢᠭ᠎ᠠ ᠶᠠᠪᠤᠳᠠᠯ ᠮᠦᠨ᠃ ᠡᠬᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠪᠣᠯ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢᠨ ᠨᠢᠭᠡ ᠪᠤᠯᠤᠨ᠎ᠠ᠂ ᠨᠠᠩ ᠴᠤ᠌ ᠥᠪᠥᠷ ᠮᠣᠩᠭᠣᠯ ᠤ᠋ᠨ ᠡᠷᠬᠡᠪᠰᠢ ᠰᠠᠢᠲᠤᠷ ᠭᠦᠶ᠋ᠴᠡᠳᠭᠡᠬᠦ᠌ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠤᠮ᠃

2025 ᠣᠨ ᠤ᠋ ᠪᠥᠬᠥ᠌ ᠤᠯᠤᠰ ᠤ᠋ᠨ ᠬᠣᠶᠠᠷ ᠬᠤᠷᠠᠯ ᠶᠠᠭ ᠦᠪᠡᠳᠡᠭᠰᠢ ᠶᠡᠬᠡ ᠪᠡᠷ ᠬᠤᠷᠠᠯᠳᠤᠵᠤ ᠪᠠᠢᠨ᠎ᠠ᠃ ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠤᠯᠤᠰ ᠤ᠋ᠨ ᠠᠮᠤᠷ ᠲᠦᠪᠱᠢᠨ ᠪᠠ ᠨᠡᠢᠭᠡᠮ ᠤ᠋ᠨ ᠲᠣᠭ᠍ᠲᠠᠭᠤᠨ ᠢ᠋ ᠬᠠᠮᠠᠭᠠᠯᠠᠨ᠎ᠠ ᠬᠡᠵᠤ ᠲᠤᠷᠠᠳᠴᠠᠢ᠃

8000 ᠭᠠᠷᠤᠢ ᠭᠠᠵᠠᠷ ᠤ᠋ᠨ ᠬᠢᠯᠢ ᠵᠢᠨ ᠱᠤᠭᠤᠮ᠂ 36 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠤ᠋ᠨ ᠬᠢᠯᠢ ᠵᠢᠨ ᠬᠠᠮᠢᠶᠠᠷᠤᠯᠲᠠ ᠵᠢᠨ ᠣᠷᠣᠨ ᠲᠠᠢ ᠥᠪᠥᠷ ᠮᠣᠩᠭᠣᠯ ᠡᠭᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢᠨ ᠪᠠᠢᠭᠤᠯᠤᠯᠲᠠ ᠶ᠋ᠢ ᠱᠢᠰᠲᠸᠮ ᠲᠠᠢ ᠥᠨᠳᠥᠷ ᠪᠦᠲᠦᠮᠵᠢ ᠲᠡᠢ ᠪᠡᠷ ᠠᠬᠢᠭᠤᠯᠵᠤ᠂ ᠦᠨᠳᠦᠰᠦᠲᠡᠨ ᠤ᠋ ᠪᠦᠯᠬᠦᠮᠳᠡᠯ᠂ ᠨᠡᠢᠭᠡᠮ ᠤ᠋ᠨ ᠲᠣᠭ᠍ᠲᠠᠭᠤᠨ᠂ ᠬᠢᠯᠢ ᠬᠢᠵᠠᠭᠠᠷ ᠤ᠋ᠨ ᠠᠮᠤᠷ ᠠᠮᠤᠭᠤᠯᠠᠩ ᠰᠠᠢ᠌ᠨ ᠰᠠᠢᠬᠠᠨ ᠪᠠᠢᠳᠠᠯ ᠢ᠋ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠵᠦ᠍᠂ ᠡᠭᠡ ᠤᠯᠤᠰ ᠤ᠋ᠨ ᠵᠢᠡᠨ 《ᠤᠮᠠᠷᠠᠲᠤ᠎ᠬᠠᠭᠠᠯᠭ᠎ᠠ》 ᠵᠢ ᠦᠨᠡᠨ ᠬᠦ᠌ ᠰᠠᠢᠲᠤᠷ ᠰᠠᠬᠢᠨ᠂ ᠨᠡᠢᠰᠯᠡᠯ ᠤ᠋ᠨ 《ᠬᠠᠮᠠᠭᠠᠯᠠᠯᠳᠠ ᠵᠢᠨ ᠭᠣᠣᠯ》 ᠤ᠋ᠨ ᠦᠢᠯᠡᠳᠤᠯ ᠢ᠋ ᠰᠠᠢᠳᠤᠷ ᠬᠦᠢᠴᠡᠳᠭᠡᠵᠤ ᠪᠠᠢᠨ᠎ᠠ᠃

ᠰᠡᠳᠬᠢᠯ ᠳ᠋ᠡᠭᠡᠨ 《ᠤᠯᠤᠰ ᠤ᠋ᠨ ᠶᠡᠬᠡ ᠶᠠᠪᠤᠳᠠᠯ》 ᠢ᠋ ᠪᠠᠬᠳᠠᠭᠠᠵᠤ ᠠᠮᠤᠷ ᠲᠦᠪᠱᠢᠨ ᠤ᠋ ᠰᠠᠭᠤᠷᠢ ᠶ᠋ᠢ ᠪᠡᠬᠢᠵᠢᠭᠦᠯᠤᠨ᠎ᠠ

ᠤᠯᠤᠰ ᠤ᠋ᠨ ᠠᠮᠤᠷ ᠲᠦᠪᠱᠢᠨ ᠪᠣᠯ ᠤᠯᠤᠰ ᠢ᠋ ᠠᠮᠤᠷᠵᠢᠭᠤᠯᠤᠨ ᠲᠦᠷᠦ ᠵᠢ ᠲᠦᠪᠱᠢᠳᠭᠡᠬᠦ᠌ ᠵᠢᠨ ᠴᠢᠬᠤᠯᠠ ᠰᠠᠭᠤᠷᠢ ᠮᠥᠨ᠂ ᠤᠯᠤᠰ ᠤ᠋ᠨ ᠠᠮᠤᠷ ᠲᠦᠪᠱᠢᠨ ᠢ᠋ ᠬᠠᠮᠠᠭᠠᠯᠠᠬᠤ ᠪᠣᠯ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠦᠨᠳᠦᠰᠦᠨ ᠠᠱᠢᠭ ᠲᠤᠰᠠ ᠮᠥᠨ᠃

ᠥᠪᠥᠷ ᠮᠣᠩᠭᠣᠯ ᠢᠮᠠᠭᠳᠠ ᠤᠯᠤᠰ ᠤ᠋ᠨ ᠤᠯᠤᠰ ᠲᠥᠷᠥ ᠵᠢᠨ ᠠᠮᠤᠷ ᠲᠦᠪᠱᠢᠨ ᠢ᠋ ᠬᠠᠮᠠᠭᠠᠯᠠᠬᠤ ᠶ᠋ᠢ ᠲᠡᠷᠢᠭᠦᠨ ᠪᠠᠢᠷᠢᠨ ᠳ᠋ᠤ ᠲᠠᠯᠪᠢᠬᠤ ᠶ᠋ᠢ ᠪᠠᠷᠢᠮᠲᠠᠯᠠᠨ᠂ ᠤᠯᠤᠰ ᠤ᠋ᠨ ᠶᠡᠷᠦᠩᠬᠡᠶ ᠴᠤᠬᠴᠠ ᠵᠢᠨ ᠠᠮᠤᠷ ᠲᠦᠪᠱᠢᠨ ᠤ᠋ ᠦᠵᠡᠯᠲᠡ ᠶ᠋ᠢ ᠡᠯ᠎ᠡ ᠱᠠᠲᠤᠨ ᠤ᠋ ᠨᠠᠮ ᠤ᠋ᠨ ᠬᠣᠷᠢᠶ᠎ᠠ (ᠨᠠᠮ ᠤ᠋ᠨ ᠤᠳᠤᠷᠢᠳᠭᠤ ᠳᠤᠭᠤᠢᠯᠠᠩ) ᠵᠢᠨ ᠣᠨᠣᠯ ᠰᠤᠷᠤᠯᠴᠠᠬᠤ ᠭᠤᠤᠯ ᠳᠤᠭᠤᠢᠯᠠᠩ ᠪᠣᠯᠤᠨ ᠨᠠᠮ ᠤ᠋ᠨ ᠰᠤᠷᠭᠠᠭᠤᠯᠢ (ᠵᠠᠰᠠᠭ ᠵᠠᠬᠢᠷᠭᠠᠨ ᠤ᠋ ᠳᠡᠭᠡᠳᠦ ᠰᠤᠷᠭᠠᠭᠤᠯᠢ) ᠵᠢᠨ ᠭᠤᠤᠯ ᠴᠣᠭ᠍ᠴᠠ ᠵᠢᠨ ᠠᠩᠭᠢ ᠵᠢᠨ ᠭᠤᠤᠯᠳᠠᠯᠭ᠎ᠠ ᠲᠠᠶ ᠰᠤᠷᠤᠯᠴᠠᠬᠤ ᠠᠭᠤᠯᠭ᠎ᠠ ᠳ᠋ᠤ ᠣᠷᠣᠭᠤᠯᠪᠠ᠃ ᠤᠯᠤᠰ ᠤ᠋ᠨ ᠠᠮᠤᠷ ᠲᠦᠪᠱᠢᠨ ᠤ᠋ ᠤᠬᠠᠭᠤᠯᠭ᠎ᠠ ᠬᠥᠮᠦᠵᠢᠯ ᠤ᠋ᠨ 《ᠳᠣᠯᠣᠭ᠎ᠠ ᠳ᠋ᠤ ᠣᠷᠣᠭᠤᠯᠬᠤ》 ᠠᠵᠢᠯ ᠢ᠋ ᠭᠦᠨᠵᠡᠭᠡᠶ ᠠᠬᠢᠭᠤᠯᠵᠤ᠂ ᠨᠢᠳᠤᠨᠤᠨ ᠨᠡᠢᠲᠡ 9000 ᠭᠠᠷᠤᠶ ᠤᠳᠠᠭ᠎ᠠ ᠠᠵᠢᠯᠯᠠᠭ᠎ᠠ ᠥᠷᠨᠢᠭᠦᠯᠵᠦ᠍᠂ 150 ᠲᠦᠮᠡ ᠭᠠᠷᠤᠶ ᠬᠥᠮᠦᠨ ᠢ᠋ ᠬᠠᠮᠤᠷᠴᠠᠢ᠃

ᠥᠩᠭᠡᠷᠡᠭ᠌ᠰᠡᠨ ᠨᠢᠭᠡ ᠵᠢᠯ ᠳ᠋ᠤ᠂ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠣᠣᠯ ᠱᠢᠵᠢᠮ ᠢ᠋ ᠪᠦᠬᠦ᠌ ᠲᠠᠯ᠎ᠠ ᠪᠠᠷ ᠲᠤᠭᠤᠱᠢᠯᠠᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠤᠨᠤᠯ ᠤ᠋ᠨ ᠰᠤᠳᠤᠯᠭᠠᠨ ᠢ᠋ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠲᠡᠰ ᠤ᠋ᠨ ᠰᠤᠳᠤᠯᠭᠠᠨ ᠤ᠋ ᠰᠠᠭᠤᠷᠢᠨ ᠤ᠋ ᠬᠣᠯᠪᠣᠭ᠎ᠠ ᠶ᠋ᠢ ᠪᠠᠢᠭᠤᠯᠪᠠ;《ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍ ᠠᠴᠢ ᠡᠨᠡᠷᠢᠯ ᠳ᠋ᠤᠨᠢ ᠲᠠᠯᠠᠷᠬᠠᠨ ᠡᠷᠡᠮᠡᠬᠡᠢᠯᠡᠨ ᠤᠷᠤᠭ᠍ᠰᠢᠯᠠᠶ᠎ᠠ》ᠭᠤᠤᠯ ᠰᠡᠳᠦᠪᠲᠦ ᠦᠵᠡᠰᠭᠦᠯᠡᠩ ᠢ᠋ ᠡᠷᠭᠢᠯᠡᠵᠦ᠍᠂ ᠤᠯᠠᠭᠠᠨᠮᠥ᠋ᠴᠢᠷ ᠤ᠋ᠨ ᠲᠦᠮᠡᠨ ᠭᠠᠵᠠᠷ ᠤ᠋ᠨ ᠠᠶᠠᠯᠠᠯ ᠤ᠋ᠨ ᠠᠵᠢᠯᠯᠠᠭ᠎ᠠ ᠶ᠋ᠢ 5000 ᠭᠠᠷᠤᠶ ᠲᠠᠯᠠᠪᠠᠶ ᠥᠷᠨᠢᠭᠦᠯᠪᠡ; ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠬᠤ ᠠᠵᠢᠯ ᠢ᠋ ᠭᠦᠨᠵᠡᠭᠡᠶ ᠠᠬᠢᠭᠤᠯᠵᠤ ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠬᠤ 《ᠭᠤᠷᠪᠠᠨ ᠲᠥᠯᠥᠪᠯᠡᠭᠡ》 ᠶ᠋ᠢ ᠦᠷᠭᠦᠯᠵᠢᠯᠡᠨ ᠬᠡᠷᠡᠭ᠌ᠵᠢᠭᠦᠯᠪᠠ᠃

ᠠᠷᠠᠳ ᠲᠦᠮᠡᠨ ᠪᠣᠯ ᠤᠯᠤᠰ ᠤ᠋ᠨ ᠦᠨᠳᠦᠰᠦ᠂ ᠦᠨᠳᠦᠰᠦ ᠪᠠᠲᠤ ᠪᠣᠯ ᠤᠯᠤᠰ ᠠᠮᠤᠭᠤᠯᠠᠩ᠃ ᠥᠪᠥᠷ ᠮᠣᠩᠭᠣᠯ ᠦᠨᠳᠦᠰᠦᠨ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠶ᠋ᠢ《ᠬᠣᠷᠢᠭ᠎ᠠ ᠱᠤᠭᠤᠮ ᠢ᠋ ᠰᠠᠬᠢᠬᠤ》 ᠵᠢᠨ ᠵᠠᠩᠭᠢᠯᠠᠭ᠎ᠠ ᠵᠢᠨ ᠭᠣᠭ᠍ᠴᠣᠭ᠎ᠠ ᠪᠣᠯᠭᠠᠨ ᠴᠢᠩᠭ᠎ᠠ ᠠᠳᠬᠤᠪᠠ᠃ 2024 ᠣᠨ ᠳ᠋ᠤ᠂ 《ᠲᠤᠯᠠᠭᠠᠯᠠᠭ᠎ᠠ ᠵᠢᠨ ᠢᠨᠵᠧᠨᠧᠷᠢᠩ》ᠤ᠋ᠨ 528 ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠬᠠᠭᠤᠴᠢᠨ ᠰᠠᠭᠤᠭᠠᠯᠢ ᠲᠣᠭᠣᠷᠢᠭ ᠢ᠋ ᠥᠭᠡᠷᠡᠴᠢᠯᠡᠨ ᠱᠢᠨᠡᠳᠭᠡᠵᠦ᠍ 19.61 ᠲᠦᠮᠡᠨ ᠡᠷᠦᠬᠡ ᠳ᠋ᠤ ᠠᠱᠢᠭ ᠬᠦᠷᠲᠡᠭᠡᠪᠡ; ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤᠴᠤᠳ ᠤ᠋ᠨ ᠠᠵᠢᠯ ᠣᠯᠵᠤ ᠦᠢᠯᠡᠰ ᠪᠤᠰᠭᠠᠬᠤ ᠳ᠋ᠤ ᠵᠠᠭᠤᠨ ᠲᠦᠮᠡ ᠭᠠᠷᠤᠢ ᠠᠵᠢᠯ ᠤ᠋ᠨ ᠪᠠᠢᠷᠢ ᠬᠠᠡᠭᠭᠠᠪᠠ; ᠡᠮᠴᠢᠯᠡᠬᠡᠨ ᠤ᠋ ᠦᠢᠯᠡᠴᠢᠯᠡᠭᠡ ᠵᠢᠨ ᠱᠢᠰᠲ᠋ᠧᠮ ᠢ᠋ ᠦᠷᠭᠦᠯᠵᠢᠯᠡᠨ ᠲᠡᠭᠦᠯᠳᠡᠷᠵᠢᠭᠦᠯᠦᠨ ᠨᠡᠢᠳᠭᠡᠵᠦ᠍ ᠂ ᠴᠢᠨᠠᠷ ᠰᠠᠢᠲᠠᠢ ᠡᠮᠴᠢᠯᠡᠬᠡᠨ ᠤ᠋ ᠡᠬᠢ ᠪᠠᠶᠠᠯᠢᠭ ᠢ᠋ ᠦᠨᠳᠦᠰᠦᠨ ᠱᠠᠲᠤᠨ ᠳ᠋ᠤ ᠪᠠᠭᠤᠯᠭᠠᠬᠤ ᠶ᠋ᠢ ᠠᠬᠢᠭᠤᠯᠪᠠ ᠁ ᠠᠷᠠᠳ ᠤ᠋ᠨ ᠠᠮᠢᠳᠤᠷᠠᠯ ᠤ᠋ᠨ ᠤᠯᠠᠨ ᠪᠣᠳᠠᠲᠤ ᠶᠠᠪᠤᠳᠠᠯ ᠡᠢᠨ ᠬᠦ᠌ ᠡᠮᠬᠢ ᠳᠢᠭ᠌ᠯᠢᠮ ᠲᠡᠶ ᠠᠬᠢᠵᠥ᠍᠂ ᠨᠡᠩ ᠰᠠᠢᠨ ᠰᠠᠢᠬᠠᠨ ᠠᠷᠠᠳ ᠤ᠋ᠨ ᠠᠮᠢᠳᠤᠷᠠᠯ ᠤ᠋ᠨ ᠵᠢᠷᠤᠭ ᠦᠷᠬᠡᠨ ᠠᠭᠤᠳᠠᠮ ᠲᠠᠯ᠎ᠠ ᠨᠤᠳᠤᠭ ᠲᠦ᠍ ᠲᠠᠯᠬᠡᠭᠳᠡᠪᠡ ᠃

ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠡᠷᠴᠢᠮ ᠢ᠋ ᠴᠢᠩᠭᠠᠷᠠᠭᠤᠯᠬᠤ ᠲᠤᠬᠠᠢ ᠪᠠᠢᠷᠢᠯᠠᠭᠤᠯᠤᠯᠲᠠ ᠬᠢᠵᠡᠢ᠃《ᠪᠢᠳᠡ ᠭᠡᠱᠢᠭᠦᠳ ᠤ᠋ᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ〈ᠠᠷᠠᠳ ᠤ᠋ᠨ ᠲᠥᠯᠥᠭᠡ ᠦᠶ᠋ᠯᠡᠴᠢᠯᠡᠬᠦ᠌〉 ᠠᠵᠢᠯᠯᠠᠭ᠎ᠠ ᠶ᠋ᠢ ᠭᠦᠨᠵᠡᠭᠡᠶ ᠥᠷᠨᠢᠭᠦᠯᠵᠦ᠍᠂ ᠣᠯᠠᠨ ᠲᠦᠮᠡᠨ ᠲᠡᠶ ᠨᠢᠭ᠍ᠲᠠ ᠬᠠᠷᠢᠯᠴᠠᠨ᠂ ᠣᠯᠠᠨ ᠲᠦᠮᠡᠨ ᠤ᠋ ᠬᠦᠰᠡᠯ ᠱᠠᠭᠠᠷᠳᠠᠯᠭ᠎ᠠ ᠶ᠋ᠢ ᠰᠣᠨᠣᠰᠴᠤ᠌᠂ ᠣᠯᠠᠨ ᠲᠦᠮᠡᠨ ᠤ᠋ ᠬᠦᠰᠡᠯ ᠡᠷᠡᠮᠡᠯᠵᠡᠯ ᠢ᠋ ᠲᠤᠰᠭᠠᠨ᠂ ᠢᠳᠡᠪᠬᠢᠲᠡᠶ ᠪᠡᠷ ᠠᠷᠭ᠎ᠠ ᠪᠤᠳᠤᠯᠭ᠎ᠠ ᠲᠡᠪᠰᠢᠬᠦᠯᠵᠤ᠂ ᠪᠣᠳᠠᠲᠤ ᠠᠵᠢᠯᠯᠠᠭ᠎ᠠ ᠪᠠᠷ ᠵᠢᠡᠨ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠬᠦ᠌ ᠳ᠋ᠤ ᠬᠦᠴᠦᠨ ᠨᠡᠮᠡᠷᠢᠯᠡᠨ᠎ᠠ》 ᠬᠡᠵᠤ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠮᠠᠨᠵᠤᠤᠷ ᠬᠣᠲᠠ ᠵᠢᠨ ᠤᠯᠤᠰ ᠲᠥᠷᠥ ᠵᠢᠨ ᠵᠥᠪᠯᠡᠯᠭᠡᠨ ᠤ᠋ ᠳᠡᠳ᠋ ᠲᠡᠷᠢᠭᠦᠯᠡᠭ᠌ᠴᠢ ᠳ᠋ᠦ᠋ ᠮᠢᠩ ᠶᠠᠨ ᠬᠡᠯᠡᠨ᠎ᠠ ᠃

ᠵᠠᠰᠠᠯᠲᠠ ᠵᠢᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠵᠦ ᠠᠷᠠᠳ ᠲᠦᠮᠡᠨ ᠤ᠋ ᠵᠤᠯ ᠵᠢᠷᠭᠠᠯᠳᠤ ᠠᠮᠢᠳᠤᠷᠠᠯ ᠢ᠋ ᠰᠠᠬᠢᠨ ᠬᠠᠮᠠᠭᠠᠯᠠᠨ᠎ᠠ

ᠬᠡᠷ ᠪᠦᠯᠢ ᠵᠢᠨ 《ᠡᠶ᠎ᠡ ᠵᠣᠬᠢᠴᠠᠩᠭᠤᠢ》 ᠂ 《ᠵᠣᠯ ᠵᠢᠷᠭᠠᠯ》 ᠨᠢ ᠪᠦᠬᠦ᠌ ᠨᠡᠢᠭᠡᠮ ᠤ᠋ᠨ《ᠠᠮᠤᠷ ᠲᠦᠪᠱᠢᠨ》᠂ 《ᠲᠣᠭ᠍ᠲᠠᠭᠤᠨ》 ᠲᠠᠢ ᠰᠢᠭᠤᠳ ᠬᠤᠯᠪᠤᠭ᠎ᠠ ᠲᠠᠢ ᠶᠤᠮ᠃

ᠣᠢᠷ᠎ᠠ ᠵᠢᠨ ᠵᠢᠯ ᠤ᠋ᠨ ᠲᠤᠷᠰᠢ᠂ ᠥᠪᠥᠷ ᠮᠣᠩᠭᠣᠯ ᠱᠢᠨ᠎ᠡ ᠴᠠᠭ ᠦᠶ᠎ᠡ ᠵᠢᠨ《ᠹᠧᠩ ᠴᠢᠶᠣᠤ ᠵᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠠᠮᠤᠭᠤᠯᠠᠩᠳᠤ ᠥᠪᠥᠷ ᠮᠣᠩᠭᠣᠯ᠂ ᠬᠠᠤᠯᠢᠵᠢᠯ ᠤ᠋ᠨ ᠥᠪᠥᠷ ᠮᠣᠩᠭᠣᠯ ᠤ᠋ᠨ ᠪᠥᠲᠥᠭᠡᠨ ᠪᠠᠢᠭᠤᠯᠤᠯᠲᠠ ᠶ᠋ᠢ ᠭᠦᠨᠵᠡᠭᠡᠶ ᠠᠬᠢᠭᠤᠯᠤᠨ᠂ ᠬᠢᠯᠢ ᠬᠢᠵᠠᠭᠠᠷ ᠤ᠋ᠨ ᠦᠨᠳᠦᠰᠦᠲᠡᠨ ᠤ᠋ ᠭᠠᠵᠠᠷ ᠣᠷᠣᠨ ᠤ᠋ ᠵᠠᠰᠠᠯᠲᠠ ᠵᠢᠨ ᠦᠷ᠎ᠡ ᠪᠦᠲᠦᠮᠵᠢ ᠶ᠋ᠢ ᠬᠦᠴᠦᠯᠡᠨ ᠳᠡᠭᠡᠭ᠌ᠰᠢᠯᠡᠭᠦᠯᠵᠦ᠍ ᠂ 2024 ᠣᠨ ᠤ᠋ ᠠᠷᠠᠳ ᠣᠯᠠᠨ ᠤ᠋ ᠠᠮᠤᠷ ᠲᠦᠪᠱᠢᠨ ᠤ᠋ ᠲᠥᠷᠥᠭ᠌ᠳᠡᠯ ᠤ᠋ᠨ ᠬᠠᠨᠤᠮᠵᠢ ᠵᠢᠨ ᠬᠡᠮᠵᠢᠶ᠎ᠡ 98.3% ᠳ᠋ᠤ ᠬᠦᠷᠴᠡᠶ᠃

《ᠮᠠᠨ ᠤ᠋ ᠵᠡᠭᠡᠯᠢ ᠭᠤᠳᠤᠮᠵᠢ ᠵᠢᠨ ᠬᠢᠨ ᠰᠠᠭᠤᠭᠠᠯᠢ ᠠᠷᠠᠳ ᠥᠪᠡᠷ ᠤ᠋ᠨ ᠶᠠᠪᠤᠳᠠᠯ ᠵᠢᠡᠨ ᠦᠪᠡᠰᠤᠪᠠᠨ ᠬᠠᠮᠢᠶᠠᠷᠬᠤ᠂ ᠰᠠᠭᠤᠭᠠᠯᠢ ᠠᠷᠠᠳ ᠤ᠋ᠨ ᠲᠣᠭᠣᠷᠢᠭ ᠤ᠋ᠨ ᠶᠠᠪᠤᠳᠠᠯ ᠢ᠋ ᠤᠯᠠᠨ ᠵᠢᠡᠷ ᠵᠢᠡᠨ ᠬᠠᠮᠢᠶᠠᠷᠬᠤ ᠠᠷᠭ᠎ᠠ ᠬᠡᠯᠪᠡᠷᠢ ᠪᠡᠷ ᠲᠠᠮᠵᠢᠨ ᠥᠪᠡᠷᠳᠡᠬᠡᠨ ᠵᠠᠰᠠᠬᠤ ᠵᠢᠨ ᠬᠥᠳᠡᠯᠭᠡᠬᠦ᠌ ᠡᠨᠧᠷᠭᠢ ᠶ᠋ᠢ ᠬᠥᠭ᠌ᠵᠢᠭᠡᠵᠦ᠍᠂ ᠬᠠᠷᠢᠶ᠎ᠠ ᠣᠷᠣᠨ ᠤ᠋ ᠤᠯᠠᠨ ᠲᠦᠮᠡᠨ ᠳ᠋ᠤ ᠳᠥᠭᠥᠮ ᠳᠥᠲᠡ ᠲᠦᠷᠭᠡᠨ ᠡᠶᠡᠳᠡᠭᠦᠯᠬᠦ᠌ ᠦᠢᠯᠡᠴᠢᠯᠡᠭᠡ ᠬᠠᠩᠭᠠᠨ᠂ ᠵᠥᠷᠢᠴᠡᠯ ᠵᠠᠭᠤᠷᠠᠯᠳᠤᠭᠠᠨ ᠢ᠋ ᠤᠢ᠍ᠢᠷ᠎ᠠ ᠬᠠᠪᠢ ᠳ᠋ᠤᠨᠢ᠂ ᠴᠠᠭ ᠲᠤᠬᠠᠢ ᠳ᠋ᠤᠨᠢ ᠪᠦᠲᠦᠮᠵᠢᠲᠡᠢ ᠱᠢᠢᠳᠪᠦᠷᠢᠯᠡᠵᠤ ᠪᠠᠢᠨ᠎ᠠ》 ᠭᠡᠵᠦ᠍ ᠲᠦᠩᠯᠢᠶᠣᠤ ᠬᠣᠲᠠ ᠵᠢᠨ ᠬᠣᠷᠴᠢᠨ ᠲᠣᠭᠣᠷᠢᠭ ᠤ᠋ᠨ ᠱ᠌ᠢ ᠵᠢᠶᠧ ᠵᠡᠭᠡᠯᠢ ᠭᠤᠳᠤᠮᠵᠢ ᠵᠢᠨ ᠨᠠᠮ ᠤ᠋ᠨ ᠠᠵᠢᠯᠯᠠᠬᠤ ᠬᠣᠷᠢᠶᠠᠨ ᠤ᠋ ᠳᠡᠳ᠋ ᠱᠦᠵᠢ ᠵᠣᠣ ᠪᠥᠸᠧ ᠬᠡᠯᠡᠨ᠎ᠠ᠃ ᠡᠨᠡ ᠪᠣᠯ ᠥᠪᠥᠷ ᠮᠣᠩᠭᠣᠯ ᠤ᠋ᠨ ᠨᠡᠢᠭᠡᠮ ᠤ᠋ᠨ ᠵᠥᠷᠢᠴᠡᠯ ᠵᠠᠭᠤᠷᠠᠯᠳᠤᠭᠠᠨ ᠢ᠋ ᠤᠷᠢᠳᠴᠢᠯᠠᠨ ᠰᠡᠷᠭᠡᠢᠯᠡᠵᠤ ᠤᠷᠢᠳᠴᠢᠯᠠᠨ ᠱᠢᠶ᠋ᠳᠪᠦᠷᠢᠯᠡᠬᠦ᠌ ᠴᠢᠳᠠᠪᠤᠷᠢ ᠪᠠᠨ ᠪᠥᠬᠥ᠌ ᠬᠦᠴᠦᠨ ᠵᠢᠡᠷ ᠵᠢᠡᠨ ᠳᠡᠭᠡᠭ᠌ᠰᠢᠯᠡᠭᠦᠯᠦᠭ᠌ᠰᠡᠨ ᠤ᠋ ᠨᠢᠬᠡᠨ ᠬᠤᠷᠢᠶᠠᠩᠭᠤᠶ ᠳᠦᠷᠰᠦ ᠪᠣᠯᠤᠨ᠎ᠠ᠃ 2024 ᠣᠨ ᠳ᠋ᠤ ᠪᠥᠬᠥ᠌ ᠣᠷᠣᠨ ᠤ᠋ ᠡᠯ᠎ᠡ ᠱᠠᠲᠤᠨ ᠤ᠋ ᠠᠷᠠᠳ ᠤ᠋ᠨ ᠡᠶᠡᠳᠡᠭᠦᠯᠬᠦ᠌ ᠵᠣᠬᠢᠶᠠᠨ ᠪᠠᠢᠭᠤᠯᠤᠯᠲᠠ ᠡᠴᠡ ᠵᠥᠷᠢᠴᠡᠯ ᠵᠠᠭᠤᠷᠠᠯᠳᠤᠭᠠᠨ ᠢ᠋ 18 ᠲᠦᠮᠡᠨ ᠬᠤᠪᠢ ᠡᠶᠡᠳᠡᠭᠦᠯᠵᠦ᠍᠂ ᠠᠮᠵᠢᠯᠲᠠ ᠣᠯᠤᠭ᠍ᠰᠠᠨ ᠨᠣᠷᠮ᠎ᠠ ᠨᠢ 99% ᠳ᠋ᠤ ᠬᠦᠷᠴᠡᠶ ᠃

ᠨᠡᠢᠭᠡᠮ ᠤ᠋ᠨ ᠲᠣᠭ᠍ᠲᠠᠭᠤᠨ ᠪᠠ ᠠᠮᠤᠷ ᠲᠦᠪᠱᠢᠨ ᠪᠣᠯ ᠠᠷᠠᠳ ᠣᠯᠠᠨ ᠤ᠋ ᠬᠠᠮᠤᠭ ᠤ᠋ᠨ ᠦᠨᠳᠦᠰᠦᠨ᠂ ᠬᠠᠮᠤᠭ ᠤ᠋ᠨ ᠲᠦᠭᠡᠮᠡᠯ ᠬᠦᠰᠡᠯ ᠡᠷᠡᠮᠡᠯᠵᠡᠯ ᠮᠥᠨ᠂ ᠪᠠᠰᠠ ᠴᠤ᠌ ᠡᠬᠡ ᠤᠯᠤᠰ ᠤ᠋ᠨ ᠤᠮᠠᠷᠠᠲᠤ ᠬᠢᠯᠢ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠵᠢᠨ 《ᠵᠠᠪᠠᠯ ᠰᠣᠩᠭᠣᠬᠤ ᠵᠦᠶ᠋ᠯ》 ᠮᠥᠨ᠃ 2024 ᠣᠨ ᠳ᠋ᠤ᠂ ᠥᠪᠥᠷ ᠮᠣᠩᠭᠣᠯ ᠨᠡᠢᠭᠡᠮ ᠤ᠋ᠨ ᠠᠮᠤᠷ ᠲᠦᠪᠱᠢᠨ ᠢ᠋ ᠶᠡᠷᠦᠩᠬᠡᠢᠯᠡᠨ ᠵᠠᠰᠠᠬᠤ ᠠᠵᠢᠯ ᠢ᠋ ᠴᠢᠩᠭᠠᠳᠭᠠᠵᠤ᠂ ᠠᠮᠢᠨ ᠬᠡᠷᠡᠭ ᠲᠦ᠍ ᠬᠣᠯᠪᠣᠭ᠍ᠳᠠᠭ᠍ᠰᠠᠨ ᠬᠡᠷᠡᠭ ᠢ᠋ ᠢᠯᠡᠷᠡᠭᠦᠯᠦᠭ᠌ᠰᠡᠨ ᠨᠣᠷᠮ᠎ᠠ᠂ ᠳᠠᠷᠤᠭ᠍ᠳᠠᠮᠠᠯ ᠬᠡᠷᠡᠭ ᠤ᠋ᠨ ᠬᠥᠮᠥᠷᠭᠡ ᠵᠢᠨ ᠬᠠᠳᠠᠭᠠᠯᠠᠯᠲᠠ ᠵᠢᠨ ᠪᠠᠭᠤᠷᠠᠯᠲᠠ ᠵᠢᠨ ᠨᠣᠷᠮ᠎ᠠ ᠪᠡᠷ ᠴᠦᠮ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ ᠣᠷᠣᠵᠤ᠂ ᠴᠠᠬᠢᠯᠭᠠᠨ ᠬᠤᠯᠪᠤᠭ᠎ᠠ ᠪᠡᠷ ᠮᠡᠬᠡᠯᠡᠭ᠌ᠰᠡᠨ ᠬᠡᠷᠡᠭ ᠢ᠋ ᠬᠡᠷᠡᠭ ᠪᠣᠯᠭᠠᠨ ᠳᠡᠩᠰᠡᠯᠡᠵᠦ᠍᠂ ᠬᠣᠬᠢᠷᠠᠯ ᠤ᠋ᠨ 《ᠬᠤᠤᠰ ᠪᠠᠭᠤᠷᠠᠯᠲᠠ》 ᠶ᠋ᠢ ᠪᠡᠶᠡᠯᠡᠭᠦᠯᠪᠡ; ᠲᠠᠪᠤᠨ ᠱᠠᠲᠤᠨ ᠤ᠋ ᠬᠣᠣᠰ ᠴᠢᠭ᠌ᠯᠡᠯ ᠵᠢᠡᠷ ᠨᠡᠪᠲᠡᠷᠡᠯᠴᠡᠭ᠌ᠰᠡᠨ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠢᠴᠡᠳᠭᠡᠬᠦ᠌ ᠱᠢᠰᠲ᠋ᠧᠮ ᠢ᠋ ᠪᠠᠢᠭᠤᠯᠤᠨ ᠪᠦᠷᠢᠯᠳᠦᠭᠦᠯᠵᠦ᠍᠂ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠢᠴᠡᠳᠭᠡᠬᠦ᠌ ᠡᠯ᠎ᠡ ᠲᠦᠷᠦᠯ ᠤ᠋ᠨ ᠬᠡᠷᠡᠭ ᠶᠠᠪᠤᠳᠠᠯ ᠢ᠋ ᠱᠢᠢᠳᠪᠦᠷᠢᠯᠡᠵᠦ᠍ ᠳᠠᠭᠤᠰᠭᠠᠭ᠍ᠰᠠᠨ ᠨᠤᠷᠮ᠎ᠠ 90% ᠡᠴᠡ ᠳᠡᠭᠡᠭ᠌ᠰᠢ ᠳ᠋ᠤ ᠬᠦᠷᠴᠦ᠍᠂ ᠤᠯᠠᠨ ᠲᠦᠮᠡᠨ ᠤ᠋ ᠪᠠᠴᠢᠮ ᠬᠦᠴᠢᠷᠲᠡᠢ ᠪᠥᠭᠡᠳ ᠵᠣᠪᠠᠨᠢᠵᠤ ᠬᠦᠰᠡᠵᠦ᠍ ᠪᠠᠢᠭ᠍ᠰᠠᠨ ᠦᠯᠡᠮᠵᠢ ᠤᠯᠠᠨ ᠬᠡᠷᠡᠭ ᠶᠠᠪᠤᠳᠠᠯ ᠢ᠋ ᠴᠠᠭ ᠲᠤᠬᠠᠢ ᠳ᠋ᠤᠨᠢ ᠲᠤᠬᠠᠢ ᠵᠢᠨ ᠭᠠᠵᠠᠷ ᠲᠤᠨᠢ ᠱᠢᠢᠳᠪᠦᠷᠢᠯᠡᠪᠡ᠃

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠱᠢᠨ᠎ᠡ ᠴᠠᠭ ᠦᠶ᠎ᠡ ᠵᠢᠨ 《ᠹᠸᠩ ᠴᠢᠶᠣᠤ ᠵᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠦᠨᠳᠦᠰᠦᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭ᠍ᠰᠠᠨ ᠪᠠᠢᠭᠤᠯᠤᠯᠲᠠ ᠶ᠋ᠢ ᠠᠬᠢᠭᠤᠯᠤᠨ᠂ ᠵᠠᠬᠢᠳᠠᠯ ᠰᠤᠷᠪᠤᠯᠵᠢᠯᠠᠯ ᠤ᠋ᠨ ᠠᠵᠢᠯ ᠢ᠋ ᠬᠠᠤᠯᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ᠋ ᠦᠨᠳᠦᠰᠦᠨ ᠱᠠᠲᠤᠨ ᠳ᠋ᠤᠨᠢ ᠱᠢᠢᠳᠪᠦᠷᠢᠯᠡᠨ᠂ ᠵᠦᠷᠢᠴᠡᠯ ᠢ᠋ ᠴᠤᠬᠤᠢᠬᠤ ᠳ᠋ᠤᠨᠢ ᠲᠠᠷᠤᠢ ᠱᠢᠢᠳᠪᠦᠷᠢᠯᠡᠨ᠎ᠡ ᠭᠡᠵᠦ᠍ ᠳᠤᠷᠠᠳᠴᠠᠢ᠃ ᠪᠥᠬᠥ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ ᠶᠦᠨ ᡁᠢ ᠾᠧᠦ᠍ ᠵᠢᠨ ᠦᠵᠡᠬᠦ᠌᠎ᠪᠡᠷ᠂ 《ᠤᠯᠤᠰ ᠲᠥᠷᠥ ᠵᠢᠨ ᠵᠥᠪᠯᠡᠯᠭᠡᠨ + ᠱᠢᠭᠦᠬᠦ᠌ ᠬᠣᠷᠢᠶ᠎ᠠ》 ᠵᠢᠨ ᠢᠷᠭᠡᠨ ᠤ᠋ ᠪᠠ ᠬᠤᠳᠠᠯᠳᠤᠭᠠᠨ ᠤ᠋ ᠶᠠᠪᠤᠳᠠᠯ ᠤ᠋ᠨ ᠵᠠᠭᠤᠷᠠᠯᠳᠤᠭᠠᠨ ᠢ᠋ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠠᠴᠠ ᠪᠤᠯᠤᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠳ ᠤ᠋ᠨ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠶ᠋ᠴᠡᠳᠭᠡᠬᠦ᠌ ᠠᠵᠢᠯ ᠢ᠋ ᠢᠳᠡᠪᠬᠢᠲᠡᠶ ᠬᠡᠷᠡᠭ᠌ᠵᠢᠭᠦᠯᠤᠨ᠂ ᠦᠨᠳᠦᠰᠦᠨ ᠱᠠᠲᠤᠨ ᠤ᠋ ᠨᠡᠢᠭᠡᠮ ᠤ᠋ᠨ ᠵᠠᠰᠠᠯᠲᠠ ᠳ᠋ᠤ ᠨᠠᠩ ᠰᠠᠢᠲᠤᠷ ᠦᠶ᠋ᠯᠡᠴᠢᠯᠡᠵᠦ᠍᠂ ᠤᠯᠤᠰ ᠲᠥᠷᠥ ᠵᠢᠨ ᠵᠥᠪᠯᠡᠯᠭᠡᠨ ᠤ᠋ ᠲᠦᠷᠢᠮ ᠤ᠋ᠨ ᠳᠠᠪᠠᠭᠤᠯᠢᠭ᠂ ᠭᠡᠱᠢᠭᠦᠳ ᠤ᠋ᠨ ᠡᠬᠢ ᠪᠠᠶᠠᠯᠢᠭ ᠤ᠋ᠨ ᠳᠠᠪᠠᠭᠤᠯᠢᠭ ᠪᠠ ᠲᠤᠰᠭᠠᠶ ᠮᠡᠷᠭᠡᠵᠢᠯ ᠤ᠋ᠨ ᠳᠠᠪᠠᠭᠤᠯᠢᠭ ᠢ᠋ ᠦᠨᠡᠨ ᠬᠦ᠌ ᠠᠷᠠᠳ ᠤ᠋ᠨ ᠲᠥᠯᠥᠭᠡ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠭ᠌ᠰᠡᠨ᠂ ᠠᠷᠠᠳ ᠤ᠋ᠨ ᠲᠥᠯᠥᠭᠡ ᠦᠶ᠋ᠯᠡᠴᠢᠯᠡᠭ᠌ᠰᠡᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭ᠌ᠲᠡᠶ᠃

ᠬᠦᠴᠦᠷᠬᠡᠭ ᠶᠡᠬᠡ ᠬᠠᠮᠲᠤᠷᠠᠯ ᠬᠦᠴᠦᠨ ᠢ᠋ ᠨᠢᠭ᠍ᠲᠠᠷᠠᠭᠤᠯᠵᠤ ᠬᠢᠯᠢ ᠶ᠋ᠢᠨ ᠪᠣᠭᠣᠮᠲᠠ ᠵᠢ ᠬᠠᠮᠲᠤ ᠪᠡᠷ ᠪᠡᠬᠢᠵᠢᠭᠦᠯᠤᠨ᠎ᠠ

ᠪᠠᠶᠠᠨᠨᠠᠭᠤᠷ ᠬᠤᠲᠠ ᠶ᠋ᠢᠨ ᠤᠷᠠᠳ ᠤ᠋ᠨ ᠲᠠᠯ᠎ᠠ ᠨᠤᠲᠤᠭ ᠲᠦ᠍ ᠦᠨᠳᠦᠰᠦᠨ ᠱᠠᠲᠤᠨ ᠤ᠋ ᠨᠠᠮ ᠤ᠋ᠨ ᠭᠡᠱᠢᠭᠦᠨ᠂ ᠠᠷᠠᠳ ᠤ᠋ᠨ ᠴᠠᠭ᠍ᠳᠠᠭ᠎ᠠ ᠪᠤᠶᠠᠨᠳᠡᠯᠭᠡᠷ ᠵᠢᠯ ᠲᠤᠷᠰᠢ ᠨᠠᠭᠠᠰᠢ ᠴᠠᠭᠠᠰᠢ ᠶᠠᠪᠤᠵᠤ᠂ ᠬᠢᠯᠢ ᠶ᠋ᠢᠨ ᠮᠠᠯᠵᠢᠬᠤ ᠣᠷᠣᠨ ᠤ᠋ 1672 ᠲᠡᠭ᠌ᠰᠢ ᠳᠥᠷᠪᠡᠯᠵᠢᠨ ᠺᠢᠯᠤᠮᠸᠲᠷ ᠤ᠋ᠨ ᠭᠠᠵᠠᠷ ᠤᠷᠤᠨ ᠤ᠋ ᠠᠮᠤᠷ ᠠᠮᠤᠭᠤᠯᠠᠩ ᠢ᠋ ᠰᠠᠬᠢᠨ ᠬᠠᠮᠠᠭᠠᠯᠠᠵᠤ ᠪᠠᠢᠳᠠᠭ ᠢ᠋ᠶ᠋ᠡᠷ ᠮᠠᠯᠴᠢᠳ ᠲᠡᠭᠦᠨ ᠢ᠋ 《ᠰᠠᠢᠨ ᠴᠠᠬᠳᠠᠭ᠎ᠠ》 ᠬᠡᠮᠡᠨ ᠳᠣᠲᠣᠨᠣᠴᠢᠯᠠᠨ ᠳᠠᠭᠤᠳᠠᠳᠠᠭ ᠃

ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ 《ᠨᠠᠮ ᠤ᠋ᠨ ᠬᠣᠷᠢᠶ᠎ᠠ ᠴᠢᠭ᠌ᠯᠡᠯ ᠢ᠋ ᠡᠵᠡᠮᠳᠡᠵᠦ᠍᠂ ᠵᠠᠰᠠᠭ ᠤ᠋ᠨ ᠣᠷᠳᠣᠨ ᠶᠡᠷᠦᠩᠬᠡᠶ ᠵᠣᠬᠢᠴᠠᠭᠤᠯᠭ᠎ᠠ ᠬᠢᠵᠦ᠍᠂ ᠴᠡᠷᠢᠭ ᠠᠩᠭᠢ ᠭᠤᠤᠯᠯᠠᠭ᠍ᠴᠢ ᠬᠦᠴᠦᠨ ᠪᠣᠯᠵᠣ᠂ ᠴᠠᠭ᠍ᠳᠠᠭᠠᠨ ᠤ᠋ ᠬᠢᠨ ᠵᠠᠰᠠᠯᠲᠠ ᠵᠢ ᠠᠳᠭᠤᠵᠤ᠂ ᠠᠷᠠᠳ ᠣᠯᠠᠨ ᠢ᠋ᠶ᠋ᠡᠷ ᠰᠠᠭᠤᠷᠢ ᠪᠣᠯᠭᠠᠬᠤ》 ᠬᠢᠯᠢ ᠶ᠋ᠢᠨ ᠬᠠᠮᠠᠭᠠᠯᠠᠯᠲᠠ ᠶ᠋ᠢᠨ ᠬᠠᠮᠢᠶᠠᠷᠤᠨ ᠡᠵᠡᠮᠳᠡᠬᠦ᠌ ᠱᠢᠰᠲ᠋ᠧᠮ ᠢ᠋ ᠦᠷᠭᠦᠯᠵᠢᠯᠡᠨ ᠪᠠᠢᠭᠤᠯᠤᠨ ᠬᠦᠴᠦᠷᠬᠡᠭ᠌ᠵᠢᠭᠦᠯᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠤ᠋ᠨ《ᠲᠠᠪᠤ ᠵᠢ ᠨᠢᠭᠡ ᠴᠤᠭ᠍ᠴᠠᠵᠢᠭᠤᠯᠬᠤ》 ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ ᠵᠢ ᠪᠡᠬᠢᠵᠢᠭᠦᠯᠬᠦ᠌ ᠪᠠᠢᠷᠢᠱᠢᠯ ᠢ᠋ ᠲᠠᠰᠤᠷᠠᠯᠲᠠ ᠥᠬᠡᠶ ᠴᠢᠩᠭᠠᠳᠭᠠᠨ᠂ ᠬᠢᠯᠢ ᠬᠢᠵᠠᠭᠠᠷ ᠣᠷᠣᠨ ᠤ᠋ ᠪᠥᠲᠥᠭᠡᠨ ᠪᠠᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠢᠯᠢ ᠬᠢᠵᠠᠭᠠᠷ ᠢ᠋ ᠬᠠᠮᠢᠶᠠᠷᠴᠤ᠌ ᠬᠢᠯᠢ ᠬᠢᠵᠠᠭᠠᠷ ᠢ᠋ ᠡᠵᠡᠮᠳᠡᠬᠦ᠌ ᠦᠷ᠎ᠡ ᠪᠦᠲᠦᠮᠵᠢ ᠲᠣᠭ᠍ᠲᠠᠭᠤᠨ ᠢ᠋ᠶ᠋ᠡᠷ ᠳᠡᠭᠡᠭ᠌ᠰᠢᠯᠡᠪᠡ ᠃

ᠬᠢᠯᠢ ᠬᠢᠵᠠᠭᠠᠷ ᠤ᠋ᠨ ᠠᠮᠤᠷ ᠲᠦᠪᠱᠢᠨ ᠢ᠋ᠶ᠋ᠡᠷ ᠬᠢᠯᠢ ᠬᠢᠵᠠᠭᠠᠷ ᠤ᠋ᠨ ᠲᠣᠭ᠍ᠲᠠᠭᠤᠨ ᠢ᠋ ᠪᠠᠲᠤᠯᠠᠵᠤ᠂ ᠬᠢᠯᠢ ᠬᠢᠵᠠᠭᠠᠷ ᠢ᠋ ᠮᠠᠨᠳᠤᠭᠤᠯᠤᠨ ᠠᠷᠠᠳ ᠢ᠋ ᠪᠠᠶᠠᠵᠢᠭᠤᠯᠤᠭ᠍ᠰᠠᠨ ᠦᠷ᠎ᠡ ᠪᠦᠲᠦᠭᠡᠯ ᠢ᠋ᠶ᠋ᠡᠷ ᠡᠬᠡ ᠤᠯᠤᠰ ᠤ᠋ᠨ ᠤᠮᠠᠷᠠᠲᠤ ᠶ᠋ᠢᠨ ᠦᠵᠡᠮᠵᠢ ᠶ᠋ᠢᠨ ᠣᠷᠣᠨ ᠢ᠋ ᠨᠠᠩ ᠦᠵᠡᠰᠭᠦᠯᠡᠩᠲᠦ ᠰᠠᠢᠬᠠᠨ ᠪᠣᠯᠭᠠᠨ᠎ᠠ᠃ ᠥᠩᠭᠡᠷᠡᠭ᠌ᠰᠡᠨ ᠨᠢᠭᠡ ᠵᠢᠯ ᠳ᠋ᠤ᠂ ᠥᠪᠥᠷ ᠮᠣᠩᠭᠣᠯ 《ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ》 ᠶ᠋ᠢᠨ ᠰᠠᠭᠤᠷᠢ ᠲᠥᠬᠥᠭᠡᠷᠦᠮᠵᠢ ᠵᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ 60 ᠭᠠᠷᠤᠶ ᠬᠢᠯᠢ ᠶ᠋ᠢᠨ ᠬᠠᠮᠠᠭᠠᠯᠠᠯᠲᠠ ᠶ᠋ᠢᠨ ᠬᠠᠷᠠᠭᠤᠯ ᠤ᠋ᠨ ᠭᠠᠵᠠᠷ ᠪᠣᠯᠤᠨ 3 ᠲᠦᠮᠡ ᠭᠠᠷᠤᠢ ᠬᠢᠯᠢ ᠬᠢᠵᠠᠭᠠᠷ ᠤ᠋ᠨ ᠠᠷᠠᠳ ᠤ᠋ᠨ ᠤᠰᠤ ᠴᠠᠬᠢᠯᠭᠠᠨ ᠤ᠋ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ; 《ᠲᠠᠯ᠎ᠠ ᠨᠤᠲᠤᠭ ᠤ᠋ᠨ 110》᠂ 《ᠮᠣᠩᠭᠣᠯ ᠭᠡᠷᠲᠦ ᠬᠠᠷᠠᠭᠤᠯ ᠤ᠋ᠨ ᠭᠠᠵᠠᠷ》 ᠵᠡᠷᠭᠡ ᠪᠦᠲᠦᠮᠵᠢᠲᠡᠶ ᠠᠷᠭ᠎ᠠ ᠪᠠᠷᠢᠯ ᠢ᠋ ᠪᠥᠬᠥ᠌ ᠲᠠᠯ᠎ᠠ ᠪᠡᠷ ᠬᠡᠷᠡᠭ᠌ᠵᠢᠭᠦᠯᠵᠦ᠍᠂ ᠬᠢᠯᠢ ᠶ᠋ᠢᠨ ᠱᠤᠭᠤᠮ ᠤ᠋ᠨ ᠴᠠᠭ᠍ᠳᠠᠭᠠᠨ ᠤ᠋ ᠶᠠᠪᠤᠳᠠᠯ ᠤ᠋ᠨ ᠲᠠᠰᠤᠭ᠂ ᠬᠢᠯᠢ ᠶ᠋ᠢᠨ ᠪᠠᠢᠴᠠᠭᠠᠬᠤ ᠥᠷᠲᠡᠭᠡ ᠵᠢ ᠵᠦᠶ ᠵᠣᠬᠢᠰᠲᠠᠶ ᠲᠣᠬᠢᠷᠠᠭᠤᠯᠤᠨ ᠪᠠᠢᠷᠢᠱᠢᠭᠤᠯᠵᠤ᠂ ᠬᠢᠯᠢ ᠬᠠᠮᠠᠭᠠᠯᠠᠭ᠍ᠴᠢ ᠵᠢ ᠵᠣᠬᠢᠶᠠᠨ ᠪᠠᠢᠭᠤᠯᠤᠨ ᠬᠠᠷᠢᠶᠠᠲᠤ ᠣᠷᠣᠨ ᠳ᠋ᠤ ᠲᠣᠭᠣᠷᠢᠨ ᠪᠠᠢᠴᠠᠭᠠᠬᠤ ᠪᠠ ᠬᠠᠮᠵᠢᠯᠴᠠᠨ ᠵᠢᠵᠢᠭᠦᠷᠯᠡᠬᠦ᠌ ᠳ᠋ᠤ ᠣᠷᠣᠯᠴᠠᠭᠤᠯᠵᠤ᠂ ᠲᠣᠭᠠᠴᠢᠯᠠᠭ᠍ᠰᠠᠨ᠂ ᠤᠶᠤᠨᠴᠢᠯᠠᠭ᠍ᠰᠠᠨ᠂ ᠪᠣᠰᠣᠭ᠎ᠠ ᠴᠣᠭ᠍ᠴᠠᠲᠤ ᠬᠢᠯᠢ ᠶ᠋ᠢᠨ ᠬᠠᠮᠠᠭᠠᠯᠠᠯᠲᠠ ᠶ᠋ᠢᠨ ᠬᠠᠮᠢᠶᠠᠷᠤᠨ ᠡᠵᠡᠮᠳᠡᠬᠦ᠌ ᠲᠤᠷᠱᠢᠯᠲᠠ ᠶ᠋ᠢᠨ ᠴᠡᠭ ᠤ᠋ᠨ ᠪᠠᠢᠭᠤᠯᠤᠯᠲᠠ ᠵᠢ ᠥᠷᠨᠢᠭᠦᠯᠪᠡ᠃

ᠬᠢᠯᠢ ᠬᠢᠵᠠᠭᠠᠷ ᠬᠥᠭ᠌ᠵᠢᠪᠡᠯ ᠬᠢᠯᠢ ᠬᠢᠵᠠᠭᠠᠷ ᠲᠣᠭ᠍ᠲᠠᠭᠤᠨ ᠪᠤᠯᠵᠤ᠂ ᠬᠢᠯᠢ ᠶ᠋ᠢᠨ ᠠᠷᠠᠳ ᠪᠠᠶᠠᠵᠢᠪᠠᠯ ᠬᠢᠯᠢ ᠶ᠋ᠢᠨ ᠬᠠᠮᠠᠭᠠᠯᠠᠯᠲᠠ ᠪᠡᠬᠢᠵᠢᠨ᠎ᠡ᠃ ᠡᠨᠡ ᠵᠢᠯ ᠮᠠᠨ ᠤ᠋ ᠤᠷᠤᠨ ᠱᠢᠨ᠎ᠡ ᠴᠠᠭ ᠦᠶ᠎ᠡ ᠳ᠋ᠤ ᠬᠢᠯᠢ ᠬᠢᠵᠠᠭᠠᠷ ᠢ᠋ ᠮᠠᠨᠳᠤᠭᠤᠯᠵᠤ ᠠᠷᠠᠳ ᠢ᠋ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠤᠨ᠂ ᠬᠢᠯᠢ ᠬᠢᠵᠠᠭᠠᠷ ᠤᠷᠤᠨ ᠤ᠋ ᠲᠥᠪ ᠪᠠᠯᠭᠠᠰᠤ ᠶ᠋ᠢᠨ ᠪᠥᠲᠥᠭᠡᠨ ᠪᠠᠢᠭᠤᠯᠤᠯᠲᠠ ᠶ᠋ᠢᠨ ᠲᠤᠷᠱᠢᠯᠲᠠ ᠶ᠋ᠢᠨ ᠴᠡᠭ ᠤ᠋ᠨ ᠠᠵᠢᠯ ᠥᠷᠨᠢᠭᠦᠯᠵᠦ᠍᠂ ᠤᠰᠤ ᠴᠠᠬᠢᠯᠭᠠᠨ ᠬᠡᠷᠡᠭ᠌ᠯᠡᠬᠦ᠌᠂ ᠴᠡᠪᠡᠷ ᠡᠨᠧᠷᠭᠢ ᠵᠢ ᠠᠱᠢᠭ᠍ᠯᠠᠬᠤ᠂ ᠲᠣᠰᠭᠣᠨ ᠤ᠋ ᠳᠦᠷᠰᠦ ᠪᠠᠢᠳᠠᠯ ᠢ᠋ ᠰᠠᠢᠵᠢᠷᠠᠭᠤᠯᠬᠤ ᠵᠡᠷᠭᠡ ᠬᠦᠷᠢᠶᠡᠨ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠳᠤᠲᠠᠭᠤᠳᠠᠯ ᠢ᠋ ᠲᠦᠷᠭᠡᠨ ᠨᠥᠬᠥᠪᠥᠷᠢᠯᠡᠵᠦ᠍᠂ ᠬᠢᠯᠢ ᠶ᠋ᠢᠨ ᠠᠷᠠᠳ ᠤ᠋ᠨ ᠦᠶ᠋ᠯᠡᠳᠪᠦᠷᠢᠯᠡᠯ ᠠᠮᠢᠳᠤᠷᠠᠯ ᠤ᠋ᠨ ᠨᠥᠬᠥᠴᠡᠯ ᠢ᠋ ᠴᠢᠨᠠᠭ᠍ᠰᠢᠳᠠ ᠰᠠᠢᠵᠢᠷᠠᠭᠤᠯᠤᠨ᠂ ᠬᠢᠯᠢ ᠬᠢᠵᠠᠭᠠᠷ ᠤ᠋ᠨ ᠣᠯᠠᠨ ᠲᠦᠮᠡᠨ ᠢ᠋ ᠠᠮᠤᠷ ᠲᠠᠢᠪᠤᠩ ᠠᠵᠤ ᠲᠥᠷᠥᠭᠦᠯᠵᠦ᠍᠂ ᠰᠠᠨᠠᠭ᠎ᠠ ᠠᠮᠤᠷ ᠢ᠋ᠶ᠋ᠡᠷ ᠬᠢᠯᠢ ᠬᠢᠵᠠᠭᠠᠷ ᠢ᠋ ᠪᠠᠲᠤ ᠰᠠᠬᠢᠬᠤ ᠪᠤᠯᠭᠠᠨ᠎ᠠ᠃

《ᠲᠣᠭ᠍ᠲᠠᠭᠤᠨ ᠪᠣᠯ ᠶᠡᠬᠡ ᠲᠠᠯ᠎ᠠ ᠪᠠ ᠰᠠᠭᠤᠷᠢ ᠮᠥᠨ᠃ ᠮᠠᠨ ᠤ᠋ ᠥᠪᠥᠷ ᠮᠣᠩᠭᠣᠯ ᠨᠡᠢᠭᠡᠮ ᠤ᠋ᠨ ᠵᠠᠰᠠᠯᠲᠠ ᠶ᠋ᠢᠨ ᠱᠢᠰᠲ᠋ᠧᠮ ᠪᠣᠯᠤᠨ ᠣᠯᠠᠨ ᠨᠡᠢᠲᠡ ᠶ᠋ᠢᠨ ᠠᠮᠤᠷ ᠲᠦᠪᠱᠢᠨ ᠤ᠋ ᠵᠠᠰᠠᠯᠲᠠ ᠶ᠋ᠢᠨ ᠲᠣᠭ᠍ᠲᠠᠴᠠ ᠵᠡᠷᠭᠡ ᠲᠠᠯ᠎ᠠ ᠶ᠋ᠢᠨ ᠰᠥᠪᠡᠭ᠌ᠴᠢᠯᠡᠯᠲᠡ ᠪᠠ ᠦᠶ᠋ᠯᠡᠳᠦᠯᠭᠡ ᠪᠠᠨ ᠭᠦᠨᠵᠡᠭᠡᠢᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ ᠪᠣᠯᠤᠨ ᠥᠨᠳᠥᠷ ᠲᠦᠪᠱᠢᠨ ᠪᠥᠬᠥᠶ ᠠᠮᠤᠷ ᠲᠦᠪᠱᠢᠨ ᠤ᠋ ᠰᠠᠢᠨ ᠰᠠᠢᠬᠠᠨ ᠬᠤᠷᠱᠢᠯ ᠢ᠋ ᠴᠢᠷᠮᠠᠢᠨ ᠪᠡᠶᠡᠯᠡᠭᠦᠯᠬᠦ᠌ ᠬᠡᠷᠡᠭ᠌ᠲᠡᠶ》 ᠭᠡᠵᠦ᠍ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠥᠪᠥᠷ ᠮᠣᠩᠭᠣᠯ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠶ᠋ᠢᠨ ᠠᠵᠤ ᠠᠬᠤᠢ ᠶ᠋ᠢᠨ ᠳᠡᠭᠡᠳᠦ ᠰᠤᠷᠭᠠᠭᠤᠯᠢ ᠶ᠋ᠢᠨ ᠵᠠᠬᠢᠷᠤᠯ ᠴᠧᠨ ᠠᠢ ᠱᠢᠤᠸᠠᠢ ᠬᠡᠯᠡᠵᠤ ᠪᠠᠢᠯ᠎ᠠ ᠃

ᠥᠩᠭᠡᠷᠡᠭ᠌ᠰᠡᠨ ᠢ᠋ ᠡᠷᠭᠢᠴᠡᠭᠦᠯᠬᠦᠶ᠎ᠡ ᠠᠮᠵᠢᠯᠲᠠ ᠪᠦᠲᠦᠮᠵᠢ ᠵᠢ ᠬᠢᠯᠪᠠᠷ ᠵᠢᠡᠷ ᠣᠯᠤᠭ᠍ᠰᠠᠨ ᠪᠢᠰᠢ᠂ ᠢᠷᠡᠭᠡᠳᠦᠢ ᠵᠢ ᠪᠠᠷᠠᠯᠠᠬᠤᠶ᠎ᠠ ᠠᠯᠬᠤᠮ ᠪᠦᠷᠢ ᠳ᠋ᠤ ᠨᠡᠩ ᠯᠠᠪᠳᠠᠭᠤᠨ ᠪᠠᠲᠤ ᠪᠠᠢᠬᠤ ᠴᠢᠬᠤᠯᠠᠳᠠᠢ᠃ ᠥᠪᠥᠷ ᠮᠣᠩᠭᠣᠯ ᠨᠠᠩ ᠯᠠᠪᠳᠠᠭᠤᠨ ᠪᠠᠲᠤᠲᠠᠶ ᠰᠤᠷᠲᠠᠯ᠂ ᠨᠠᠩ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠡᠷ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠨᠠᠩ ᠪᠠᠲᠤ ᠪᠠᠬᠢ ᠴᠤᠭᠴᠠᠯᠠᠵᠤ᠂ ᠨᠠᠮ ᠤ᠋ᠨ ᠲᠥᠪ ᠬᠣᠷᠢᠶ᠎ᠠ ᠵᠢ ᠰᠠᠨᠠᠭ᠎ᠠ ᠠᠮᠤᠷ ᠪᠠᠢᠯᠭᠠᠨ ᠂ ᠠᠷᠠᠳ ᠣᠯᠠᠨ ᠢ᠋ ᠰᠡᠳᠬᠢᠯ ᠠᠮᠤᠷ ᠪᠣᠯᠭᠠᠬᠤ ᠪᠡᠷ ᠬᠦᠴᠦᠯᠡᠨ ᠴᠢᠷᠮᠠᠢᠭᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号