《ᠰᠢᠨ᠎ᠡ》 ᠵᠢ ᠡᠷᠬᠢᠮᠯᠡᠵᠦ 《ᠴᠢᠨᠠᠷ》 ᠢ᠋ ᠴᠢᠩᠭᠠᠳᠬᠠᠶ᠎ᠠ
2025-03-09 13:52:05
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠶᠠᠭ ᠰᠠᠢᠬᠠᠨ ᠬᠤᠷᠠᠯᠳᠤᠵᠤ ᠪᠠᠢᠭ᠎ᠠ ᠪᠥᠬᠥ ᠤᠯᠤᠰ᠎ᠤᠨ ᠬᠣᠶᠠᠷ ᠬᠤᠷᠠᠯ ᠳᠡᠭᠡᠷ᠎ᠡ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ ᠨᠢ ᠬᠥᠮᠥᠰ᠎ᠦᠨ ᠠᠩᠬᠠᠷᠤᠯ᠎ᠢ ᠶᠡᠬᠡᠳᠡ ᠲᠠᠲᠠᠵᠤ ᠪᠠᠢᠭ᠎ᠠ ᠬᠠᠯᠠᠮᠰᠢᠯ ᠠᠰᠠᠭᠤᠳᠠᠯ᠎ᠦᠨ ᠨᠢᠭᠡ ᠪᠤᠯᠵᠠᠢ᠃ 《ᠣᠷᠣᠨ ᠪᠦᠰᠡ᠎ᠶᠢᠨ ᠴᠢᠨᠠᠷᠲᠠᠢ ᠣᠶᠤᠨᠲᠤ ᠪᠣᠳᠣᠯᠭ᠎ᠠ᠎ᠶᠢᠨ ᠲᠥᠪ᠎ᠢ ᠲᠦᠷᠭᠡᠳᠭᠡᠨ ᠪᠠᠢᠷᠢᠰᠢᠭᠤᠯᠵᠤ᠂ ᠳᠤᠮᠳᠠ ᠪᠠᠭ᠎ᠠ ᠠᠵᠤ ᠠᠬᠤᠢᠯᠠᠯ᠎ᠳᠤ ᠪᠣᠳᠣᠯᠭ᠎ᠠ᠎ᠶᠢᠨ ᠬᠦᠴᠦᠨ᠎ᠦ ᠡᠬᠢ ᠪᠠᠶᠠᠯᠢᠭ᠋᠎ᠤᠨ ᠬᠠᠷᠠᠭᠠᠯᠵᠠᠯ ᠦᠵᠡᠬᠦᠯᠪᠡᠯ ᠵᠤᠬᠢᠨ᠎ᠠ》᠂ 《ᠬᠣᠪᠣᠷ ᠰᠢᠷᠣᠢ᠎ᠶᠢᠨ ᠠᠵᠤ ᠦᠢᠯᠡᠰ᠎ᠢ ᠣᠢᠷ᠎ᠠ᠎ᠶᠢᠨ ᠵᠢᠯ ᠲᠦᠷᠭᠡᠨ ᠬᠦᠭᠵᠢᠵᠦ ᠪᠠᠢᠭ᠎ᠠ ᠵᠣᠬᠢᠶᠠᠮᠠᠯ ᠣᠶᠤᠨᠲᠤ ᠮᠡᠷᠭᠡᠵᠢᠯ᠎ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ ᠰᠢᠨ᠎ᠡ ᠵᠠᠮ ᠎ᠢ ᠲᠤᠷᠰᠢᠨ ᠨᠡᠭᠡᠭᠡᠪᠡᠯ ᠵᠣᠬᠢᠨ᠎ᠠ》᠁ ᠥᠪᠥᠷ ᠮᠣᠩᠭᠣᠯ᠎ᠠᠴᠠ ᠢᠷᠡᠭᠰᠡᠨ ᠲᠥᠯᠥᠭᠡᠯᠡᠭᠴᠢ ᠭᠡᠰᠢᠭᠦᠳ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ ᠲᠣᠭᠣᠷᠢᠨ᠎ᠳᠤ ᠠᠷᠭ᠎ᠠ ᠤᠬᠠᠭᠠᠨ ᠭᠠᠷᠭᠠᠵᠤ ᠰᠠᠨᠠᠯ ᠰᠠᠨᠠᠭᠤᠯᠭ᠎ᠠ ᠳᠡᠪᠰᠢᠬᠦᠯᠵᠦ᠂ ᠤᠶᠤᠨ ᠤᠬᠠᠭᠠᠨ᠎ᠢᠶᠠᠨ ᠡᠷᠭᠦᠨ᠎ᠡ᠃

2024 ᠣᠨ᠎ᠳᠤ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠪᠦᠲᠦᠭᠡᠨ ᠪᠠᠢᠭᠤᠯᠤᠯᠲᠠ ᠪᠦᠬᠦ ᠤᠯᠤᠰ᠎ᠲᠤ ᠲᠦᠷᠦᠬᠦᠯᠡᠵᠦ᠂ ᠨᠡᠭᠦᠷᠡᠰᠦᠨ᠎ᠦ ᠬᠠᠩᠭᠠᠯᠭ᠎ᠠ᠎ᠶᠢ ᠪᠠᠲᠤᠯᠠᠬᠤ ᠬᠡᠮᠵᠢᠶ᠎ᠡ ᠵᠢᠴᠢ ᠭᠠᠳᠠᠭ᠍ᠰᠢ ᠬᠦᠷᠭᠡᠬᠦ ᠬᠡᠮᠵᠢᠶ᠎ᠡ᠂ ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠂ ᠴᠠᠬᠢᠯᠭᠠᠨ ᠭᠠᠷᠭᠠᠬᠤ ᠬᠡᠮᠵᠢᠶ᠎ᠡ᠂ ᠭᠠᠳᠠᠭ᠍ᠰᠢ ᠬᠦᠷᠭᠡᠬᠦ ᠴᠠᠬᠢᠯᠭᠠᠨ᠎ᠤ ᠬᠡᠮᠵᠢᠶ᠎ᠡ ᠴᠥᠮ ᠪᠦᠬᠦ ᠤᠯᠤᠰ ᠲᠤ᠌ ᠲᠦᠷᠦᠬᠦᠯᠡᠪᠡ᠃ ᠬᠣᠪᠣᠷ ᠰᠢᠷᠣᠢ᠎ᠶᠢᠨ ᠠᠵᠤ ᠦᠢᠯᠡᠰ᠎ᠦᠨ ᠦᠢᠯᠡᠳᠬᠦᠨ᠎ᠦ ᠦᠷᠳᠡᠭ ᠮᠢᠩᠭᠠᠨ ᠳ᠋ᠦᠩᠰᠢᠭᠤᠷ ᠲᠥᠭᠥᠷᠢᠭ᠎ᠢ ᠳᠠᠪᠠᠵᠤ᠂ ᠦᠢᠯᠡᠳᠬᠦ ᠦᠢᠯᠡᠰ᠎ᠦᠨ ᠳᠡᠭᠡᠳᠦ ᠳᠡᠰᠵᠢᠬᠦ᠂ ᠣᠶᠤᠨᠴᠢᠯᠠᠬᠤ᠂ ᠪᠣᠬᠢᠷᠲᠤᠯ ᠦᠭᠡᠢᠵᠢᠬᠦ ᠬᠥᠭᠵᠢᠯᠲᠡ ᠲᠤᠭᠳᠠᠭᠤᠨ ᠵᠢᠡᠷ ᠠᠬᠢᠵᠤ᠂ ᠬᠡᠪᠴᠢᠶᠡᠵᠢᠯ᠎ᠡᠴᠡ ᠳᠡᠭᠡᠭᠰᠢᠬᠢ ᠲᠤᠨᠤᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠎ᠦᠨ ᠨᠡᠮᠡᠭᠳᠡᠯ ᠦᠷᠳᠡᠭ ᠢᠮᠠᠭᠲᠠ ᠬᠣᠶᠠᠷ ᠣᠷᠣᠨᠲᠤ ᠲᠣᠭ᠎ᠠ᠎ᠪᠠᠷ ᠨᠡᠮᠡᠭᠳᠡᠬᠦ᠎ᠶᠢ ᠪᠠᠲᠤᠯᠠᠪᠠ ᠁ ᠪᠠᠶᠠᠷᠯᠠᠭᠤᠰᠢᠲᠠᠢ ᠠᠮᠵᠢᠯᠲᠠ ᠪᠦᠲᠦᠮᠵᠢ᠎ᠪᠦᠬᠦᠨ ᠨᠢ ᠥᠪᠥᠷ ᠮᠣᠩᠭᠣᠯ᠎ᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ ᠲᠤᠷᠪᠢᠳᠠᠢ ᠠᠯᠬᠤᠭ᠎ᠠ᠎ᠶᠢ ᠭᠡᠷᠡᠴᠢᠯᠡᠵᠦ ᠪᠤᠢ᠃

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠰᠢᠨ᠎ᠡ ᠴᠢᠨᠠᠷ᠎ᠤᠨ᠎ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠲᠦᠷᠭᠡᠳᠬᠡᠨ ᠪᠠᠢᠭᠤᠯᠬᠤ ᠬᠡᠷᠡᠭᠳᠡᠢ ᠭᠡᠵᠦ ᠳᠤᠷᠠᠳᠤᠨ ᠭᠠᠷᠭᠠᠪᠠ᠃ 《ᠰᠢᠨ᠎ᠡ》᠎ᠢ᠋ ᠡᠷᠬᠢᠮᠯᠡᠵᠦ 《ᠴᠢᠨᠠᠷ》 ᠢ᠋ ᠲᠡᠭᠡᠳᠦᠯᠡᠭᠰᠡᠨ ᠥᠪᠥᠷ ᠮᠣᠩᠭᠣᠯ ᠶᠠᠭ ᠰᠠᠢᠬᠠᠨ ᠬᠥᠭᠵᠢᠯᠲᠡ᠎ᠶᠢᠨ ᠠᠷᠭ᠎ᠠ ᠬᠡᠯᠪᠡᠷᠢ᠎ᠪᠡᠨ ᠲᠦᠷᠭᠡᠳᠭᠡᠨ ᠬᠤᠪᠢᠷᠠᠭᠤᠯᠵᠤ᠂ ᠠᠵᠤ ᠦᠢᠯᠡᠰ᠎ᠦᠨ ᠪᠦᠲᠦᠴᠡ᠎ᠶᠢᠨ ᠲᠣᠬᠢᠷᠠᠭᠤᠯᠤᠯᠲᠠ᠎ᠶᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠯᠳᠠ ᠪᠠᠷ ᠣᠨᠴᠠᠯᠢᠭ᠋ ᠪᠣᠯᠭᠠᠭᠰᠠᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠎ᠢ ᠶᠡᠬᠡ ᠪᠡᠷ ᠪᠣᠢᠵᠢᠭᠤᠯᠵᠤ ᠪᠤᠢ᠃ ᠰᠢᠨ᠎ᠡ ᠪᠠᠢᠳᠠᠯ ᠰᠢᠨ᠎ᠡ ᠡᠭᠦᠷᠭᠡ ᠰᠢᠨ᠎ᠡ ᠥᠷᠢᠰᠦᠯᠳᠦᠭᠡᠨ᠎ᠦ ᠡᠮᠦᠨ᠎ᠡ ᠪᠠᠰᠠ ᠰᠢᠨ᠎ᠡ ᠡᠨᠧᠷᠭᠢ᠂ ᠤᠳᠤ ᠦᠶ᠎ᠡ᠎ᠶᠢᠨ ᠲᠤᠨᠤᠭᠯᠠᠯ ᠦᠢᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠲᠣᠮᠣ᠌ ᠳ᠋ᠠᠢᠲ᠋ᠠ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠴᠢᠨᠠᠭᠰᠢᠳᠠ ᠲᠦᠷᠭᠡᠳᠬᠡᠨ ᠪᠤᠵᠠᠭᠠᠢᠷᠠᠭᠤᠯᠵᠤ᠂ ᠲᠡᠷᠢᠭᠦᠨ᠎ᠦ ᠦᠢᠯᠡᠳᠬᠦ ᠦᠢᠯᠡᠰ᠎ᠦᠨ ᠪᠦᠯᠦᠭᠵᠢᠯ᠎ᠦᠨ ᠳᠦᠷᠢᠮ᠎ᠢ ᠥᠷᠭᠡᠳᠬᠡᠨ ᠲᠡᠰ ᠳᠡᠪᠰᠢᠭᠦᠯᠬᠦ᠎ᠶᠢ ᠠᠬᠢᠭᠤᠯᠬᠤ ᠴᠢᠬᠤᠯᠠᠲᠠᠢ ᠪᠠᠢᠨ᠎ᠠ᠃ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠤᠰᠤᠲᠥ᠋ᠷᠥᠭᠴᠢ ᠡᠨᠧᠷᠭᠢ᠂ ᠰᠢᠨ᠎ᠡ ᠬᠡᠯᠪᠡᠷᠢ᠎ᠶᠢᠨ ᠡᠨᠧᠷᠭᠢ ᠵᠢ ᠨᠦᠭᠡᠴᠡᠯᠡᠬᠦ ᠵᠡᠷᠭᠡ ᠢᠷᠡᠭᠡᠳᠦᠢ᠎ᠶᠢᠨ ᠠᠵᠤ ᠦᠢᠯᠡᠰ᠎ᠢ ᠭᠣᠣᠯᠳᠠᠯᠭ᠎ᠠ᠎ᠲᠠᠢ ᠬᠥᠭᠵᠢᠭᠦᠯᠵᠦ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠢᠯ᠎ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠬᠤ ᠬᠡᠷᠡᠭᠳᠡᠢ᠃

ᠪᠣᠬᠢᠷᠲᠤᠯ ᠦᠭᠡᠢ ᠵᠢᠨ ᠴᠢᠨᠠᠷ ᠴᠢᠨᠰᠠᠭ᠎ᠠ ᠵᠢ ᠴᠢᠩᠭᠠᠳᠬᠠᠵᠤ᠂ ᠰᠢᠨ᠎ᠡ᠎ᠶᠢ ᠡᠭᠦᠳᠬᠦ ᠬᠦᠴᠦᠨ᠎ᠢ ᠪᠠᠳᠠᠷᠠᠭᠤᠯᠬᠤ ᠬᠡᠷᠡᠭᠳᠡᠢ᠃ 《ᠡᠨᠧᠷᠭᠢ ᠵᠢᠨ ᠪᠤᠳᠠᠭᠠᠨ ᠠᠶᠠᠭ᠎ᠠ》 ᠶ᠋ᠢ ᠲᠣᠭᠲᠠᠪᠤᠷᠢᠵᠢᠭᠤᠯᠬᠤ᠂ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠶᠢ ᠪᠡᠶᠡᠯᠡᠭᠦᠯᠬᠦ᠎ᠳᠦ ᠨᠡᠩ ᠤᠯᠠᠨ ᠪᠣᠬᠢᠷᠲᠤᠯ ᠦᠭᠡᠢ ᠬᠥᠳᠡᠯᠭᠡᠬᠦ ᠡᠨᠧᠷᠭᠢ ᠨᠡᠮᠡᠷᠢᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠭᠳᠠᠴᠠ᠎ᠪᠠᠷ ᠥᠨᠳᠥᠷ᠂ ᠡᠬᠢ ᠪᠠᠶᠠᠯᠢᠭ᠋᠎ᠤᠨ ᠬᠣᠷᠣᠭᠳᠠᠯ᠎ᠢᠶᠠᠷ ᠪᠠᠭ᠎ᠠ᠂ ᠣᠷᠴᠢᠨ ᠲᠣᠭᠣᠷᠢᠨ᠎ᠤ ᠪᠣᠬᠢᠷᠲᠤᠯ᠎ᠢᠶᠠᠷ ᠪᠠᠭ᠎ᠠ ᠪᠣᠬᠢᠷᠲᠤᠯ ᠦᠭᠡᠢ ᠠᠵᠤ ᠦᠢᠯᠡᠰ᠎ᠦᠨ ᠪᠦᠲᠦᠴᠡ ᠪᠣᠯᠣᠨ ᠦᠢᠯᠡᠳᠪᠦᠷᠢᠯᠡᠯ᠎ᠦᠨ ᠠᠷᠭ᠎ᠠ᠎ᠬᠡᠯᠪᠡᠷᠢ ᠵᠢ ᠴᠤᠭᠴᠠᠯᠠᠨ ᠪᠠᠶ᠋ᠢᠭᠤᠯᠬᠤ ᠳ᠋ᠤ ᠨᠡᠩ ᠬᠦᠴᠦᠷᠬᠡᠭ ᠶᠡᠬᠡ ᠬᠦᠴᠦᠨ ᠴᠢᠳᠠᠯ᠎ᠢ ᠡᠷᠭᠦᠬᠦ᠎ᠪᠡᠷ ᠥᠪᠥᠷ ᠮᠣᠩᠭᠣᠯ ᠪᠦᠬᠦ ᠬᠦᠴᠦᠨ᠎ᠢᠶᠡᠷ᠎ᠢᠶᠡᠨ ᠬᠦᠴᠦᠯᠡᠨ ᠴᠢᠷᠮᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号