ᠵᠤᠷᠢᠭᠳᠠᠢ ᠪᠡᠷ ᠰᠢᠨ᠎ᠡ ᠵᠠᠮ᠎ᠢ ᠨᠡᠬᠡᠬᠡᠬᠥ ᠥᠪᠥᠷ ᠮᠣᠩᠭᠣᠯ
2025-03-09 13:38:57
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠡᠨᠧᠷᠭᠢ᠎ᠶᠢᠨ ᠬᠦᠷᠢᠶᠡᠨ᠎ᠳ᠋ᠤ 15 ᠪᠥᠬᠥ ᠤᠯᠤᠰ᠎ᠤᠨ ᠲᠡᠷᠢᠭᠦᠨ᠎ᠢ ᠡᠬᠦᠳᠪᠡ


2024 ᠣᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ ᠡᠨᠧᠷᠭᠢ᠎ᠶᠢᠨ ᠬᠦᠷᠢᠶᠡᠨ᠎ᠳᠦ 15 ᠪᠥᠬᠥ ᠤᠯᠤᠰ᠎ᠤᠨ ᠲᠡᠷᠢᠭᠦᠨ᠎ᠢ ᠡᠭᠦᠳᠴᠦ᠂ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ᠎ᠶᠢ ᠢᠯᠡᠷᠡᠭᠦᠯᠪᠡ᠃ ᠢᠯᠠᠩᠭᠤᠶ᠎ᠠ ᠰᠢᠨ᠎ᠡ ᠡᠨᠧᠷᠭᠢ᠎ᠶᠢᠨ ᠬᠦᠷᠢᠶᠡᠨ᠎ᠳᠦ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠲᠠᠢ ᠪᠣᠯᠵᠤ᠂ ᠰᠢᠨ᠎ᠡ ᠡᠨᠧᠷᠭᠢ ᠵᠢᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠎ᠪᠡᠷ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠬᠤ ᠰᠢᠨ᠎ᠡ ᠵᠠᠮ᠎ᠢ ᠨᠡᠭᠡᠭᠡᠵᠦ᠂ ᠥᠪᠥᠷ ᠮᠣᠩᠭᠣᠯ᠎ᠤᠨ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠲᠡᠷᠢᠬᠦᠨ᠎ᠤ ᠪᠠᠢᠷᠢ ᠰᠠᠭᠤᠷᠢ᠎ᠶᠢ ᠤᠯᠠᠮ ᠴᠢᠨᠠᠭᠰᠢᠳᠠ ᠪᠡᠬᠢᠵᠢᠭᠦᠯᠪᠡ᠃

2025 ᠣᠨ᠎ᠢ ᠪᠠᠷᠠᠯᠠᠬᠤᠶ᠎ᠠ᠂ ᠥᠪᠥᠷ ᠮᠣᠩᠭᠣᠯ᠎ᠤᠨ ᠡᠨᠧᠷᠭᠢ᠎ᠶᠢᠨ ᠠᠵᠤ ᠠᠬᠤᠢ ᠬᠡᠷᠬᠢᠨ ᠦᠷᠭᠦᠯᠵᠢᠯᠡᠨ ᠰᠢᠨ᠎ᠡ ᠵᠠᠮ᠎ᠢ ᠨᠡᠭᠡᠭᠡᠵᠦ᠂ ᠰᠢᠨ᠎ᠡ ᠪᠠᠢᠳᠠᠯ᠎ᠢ ᠡᠭᠦᠳᠬᠦ ᠠᠰᠠᠭᠤᠳᠠᠯ ᠲᠤᠯᠭᠠᠮ ᠪᠤᠯᠤᠨ᠎ᠠ᠃ ᠶᠠᠭ ᠰᠠᠢᠬᠠᠨ ᠬᠤᠷᠠᠯᠳᠤᠵᠤ ᠪᠠᠢᠭ᠎ᠠ ᠪᠥᠬᠥ ᠤᠯᠤᠰ᠎ᠤᠨ ᠬᠣᠶᠠᠷ ᠬᠤᠷᠠᠯ ᠳᠡᠭᠡᠷ᠎ᠡ ᠲᠥᠯᠥᠭᠡᠯᠡᠭᠴᠢᠳ ᠭᠡᠰᠢᠭᠦᠳ ᠰᠠᠨᠠᠯ ᠰᠠᠨᠠᠭᠤᠯᠭ᠎ᠠ ᠪᠠᠨ ᠢᠳᠡᠪᠬᠢᠳᠡᠢ ᠳᠡᠪᠰᠢᠭᠦᠯᠵᠡᠭᠡᠨ᠎ᠡ᠃ 《ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ》 ᠭᠡᠳᠡᠭ ᠨᠢ ᠥᠨᠳᠥᠷ ᠳᠠᠪᠲᠠᠮᠵᠢᠲᠤ ᠦᠭᠡ ᠪᠣᠯᠵᠤ᠂ ᠥᠪᠥᠷ ᠮᠣᠩᠭᠣᠯ᠎ᠤᠨ ᠡᠨᠧᠷᠭᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠠᠷᠭ᠎ᠠ ᠵᠠᠮ ᠡᠳᠦᠷ ᠢᠷᠡᠬᠦᠶ᠎ᠡ ᠲᠣᠳᠣᠷᠬᠠᠢ ᠪᠣᠯᠪᠠ᠃

ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠤᠷᠤᠭᠰᠢᠯᠠᠯᠲᠠ᠎ᠶᠢᠨ ᠪᠦᠷᠢᠶ᠎ᠡ ᠵᠢ ᠬᠠᠩᠭᠢᠨᠠᠭᠤᠯᠤᠨ᠎ᠠ

3 ᠰᠠᠷ᠎ᠠ᠎ᠶᠢᠨ 6᠎ᠤ᠋ ᠡᠳᠦᠷ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠶᠤᠸᠠᠨ ᠵᠢᠩ ᠮᠧᠩ ᠰᠢᠨ ᠪᠦᠯᠦᠭᠯᠡᠯ᠎ᠦᠨ ᠪᠠᠶᠠᠡᠨᠠᠭᠤᠷ ᠲᠡᠬᠢ ᠲᠣᠮᠣ᠌ ᠬᠡᠯᠪᠡᠷᠢ᠎ᠶᠢᠨ ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠮᠠᠰᠢᠨ᠎ᠤ ᠳᠡᠯᠪᠢ ᠦᠢᠯᠡᠳᠬᠦ ᠰᠠᠭᠤᠷᠢᠨ᠎ᠤ ᠠᠩᠬᠠᠳᠠᠭ᠍ᠴᠢ ᠵᠠᠭᠤᠨ ᠮᠧᠲᠷ᠎ᠦᠨ ᠲᠠᠰ᠎ᠤᠨ ᠳᠡᠯᠪᠢ᠎ᠶᠢ ᠠᠮᠵᠢᠯᠲᠠ᠎ᠲᠠᠢ᠎ᠪᠠᠷ ᠦᠢᠯᠡᠳᠪᠦᠷᠢᠯᠡᠨ ᠭᠠᠷᠭᠠᠪᠠ᠂ ᠡᠨᠡ ᠨᠢ ᠲᠣᠰ ᠰᠠᠭᠤᠷᠢᠨ ᠵᠢᠩᠬᠢᠨᠢ ᠪᠡᠷ ᠰᠠᠯᠬᠢᠨ ᠬᠦᠴᠦᠨ᠎ᠦ ᠴᠠᠬᠢᠯᠭᠠᠨ᠎ᠤ ᠪᠦᠬᠦᠯᠢ ᠮᠠᠰᠢᠨ ᠦᠢᠯᠡᠳᠪᠦᠷᠢᠯᠡᠬᠦ ᠴᠢᠳᠠᠪᠤᠷᠢ᠎ᠲᠠᠢ ᠪᠤᠯᠵᠤ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

《ᠰᠠᠯᠬᠢᠨ ᠬᠦᠴᠦᠨ᠎ᠦ ᠴᠠᠬᠢᠯᠭᠠᠨ ᠭᠠᠷᠭᠠᠬᠤ ᠮᠠᠰᠢᠨ᠎ᠤ ᠳᠡᠯᠪᠢ ᠦᠢᠯᠡᠳᠬᠦ ᠰᠠᠭᠤᠷᠢᠨ ᠵᠢᠯ᠎ᠳᠦ 400 ᠢᠵᠢ ᠬᠡᠲᠦ ᠲᠣᠮᠣ᠌ ᠬᠡᠯᠪᠡᠷᠢ᠎ᠶᠢᠨ ᠨᠡᠢᠯᠡᠮᠡᠯ ᠮᠠᠲᠧᠷᠢᠶᠠᠯ᠎ᠤᠨ ᠣᠶᠤᠨᠴᠢ ᠳᠡᠯᠪᠢ ᠦᠢᠯᠡᠳᠬᠦ ᠵᠢᠴᠢ ᠠᠵᠤ ᠦᠢᠯᠡᠰ᠎ᠢ ᠢᠵᠢ ᠪᠦᠷᠢᠳᠦᠬᠦᠯᠬᠦ ᠴᠢᠳᠠᠪᠤᠷᠢ᠎ᠲᠠᠢ ᠪᠠᠢᠵᠤ᠂ ᠵᠢᠱ᠌ᠢᠯᠲᠡ᠎ᠪᠡᠷ ᠵᠢᠯ᠎ᠳᠦ 10 ᠳ᠋ᠦᠩᠰᠢᠭᠤᠷ ᠲᠥᠭᠥᠷᠢᠭ᠎ᠦᠨ ᠦᠢᠯᠡᠳᠬᠦᠨ᠎ᠦ ᠥᠷᠲᠡᠭ᠎ᠢ ᠪᠡᠶᠡᠯᠡᠭᠦᠯᠦᠨ᠎ᠡ᠃ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ 〈ᠭᠣᠣᠯ ᠮᠠᠰᠢᠨ + ᠳᠡᠯᠪᠢ〉 ᠬᠣᠣᠰ ᠬᠡᠯᠬᠢᠶᠡᠲᠦ ᠬᠥᠳᠡᠯᠭᠡᠭᠦᠷ ᠳᠣᠣᠷ᠎ᠠ ᠵᠢᠶᠠᠩᠰᠤ᠎ᠶᠢᠨ ᠴᠠᠩ ᠵᠦᠸᠸ ᠮᠠᠰᠢᠨ᠎ᠤ ᠥᠷᠥᠭᠡᠨ᠎ᠦ ᠪᠦᠷᠬᠦᠭᠦᠯ᠂ ᠵᠧᠵᠢᠶᠠᠩ᠎ᠤᠨ ᠵᠧᠨ ᠱᠢ ᠰᠢᠷᠬᠡᠭᠲᠦ ᠨᠡᠬᠡᠮᠡᠯ ᠵᠡᠷᠭᠡ ᠠᠵᠤ ᠠᠬᠤᠢᠯᠠᠯ᠎ᠢ ᠲᠡᠳᠡᠨ ᠠᠪᠴᠢᠷᠠᠵᠤ᠂ ᠰᠢᠨ᠎ᠡ ᠡᠨᠧᠷᠭᠢ᠎ᠶᠢᠨ ᠲᠣᠨᠣᠭᠯᠠᠯ᠎ᠤᠨ 〈ᠠᠵᠤ ᠦᠢᠯᠡᠰ᠎ᠦᠨ ᠬᠣᠯᠪᠣᠭ᠎ᠠ〉 ᠵᠢ ᠠᠩᠬ᠎ᠠ ᠠᠯᠬᠤᠮ ᠪᠦᠷᠢᠯᠳᠦᠭᠦᠯᠪᠡ》 ᠭᠡᠵᠦ ᠶᠤᠸᠠᠨ ᠵᠢᠩ ᠮᠧᠩ ᠰᠢᠨ ᠪᠦᠯᠦᠭᠯᠡᠯ᠎ᠦᠨ ᠨᠡᠭᠡᠭᠡᠨ ᠬᠥᠭᠵᠢᠭᠦᠯᠬᠦ ᠳᠡᠳ᠋ ᠶᠡᠷᠦᠩᠬᠡᠢ ᠳᠠᠭᠠᠭᠠᠮᠠᠯ᠂ ᠪᠠᠶᠠᠨᠨᠠᠭᠤᠷ᠎ᠤᠨ ᠰᠠᠭᠤᠷᠢᠨ᠎ᠤ ᠶᠡᠷᠦᠩᠬᠡᠢ ᠳᠠᠭᠠᠭᠠᠮᠠᠯ ᠾᠧᠦ ᠵᠣᠣ ᠶᠦᠨ ᠲᠠᠨᠢᠯᠴᠠᠭᠤᠯᠪᠠ᠃

《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠶᠢ ᠵᠤᠷᠢᠵᠤ᠂ ᠡᠨᠧᠷᠭᠢ᠎ᠶᠢᠨ ᠬᠦᠷᠢᠶᠡᠨ᠎ᠦ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭᠵᠢᠬᠦᠯᠬᠦ ᠲᠠᠯ᠎ᠠ ᠳ᠋ᠤ ᠰᠢᠪᠲᠤᠯᠤᠯᠲᠠ᠎ᠶᠢᠨ ᠴᠢᠨᠠᠷᠲᠠᠢ ᠠᠬᠢᠴᠠ᠎ᠲᠠᠢ ᠪᠣᠯᠪᠠ᠃ 2024 ᠣᠨ᠎ᠳᠤ᠂ ᠪᠥᠬᠥ ᠣᠷᠣᠨ᠎ᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 1.35 ᠳ᠋ᠦᠩᠰᠢᠭᠤᠷ ᠺᠢᠯᠦᠸᠠᠲ᠎ᠢ ᠳᠠᠪᠠᠵᠤ᠂ ᠢᠯᠴᠢ᠎ᠶᠢᠨ ᠴᠠᠬᠢᠯᠭᠠᠨ᠎ᠤ ᠮᠠᠰᠢᠨ ᠴᠣᠭᠴᠠᠯᠠᠪᠤᠷᠢ ᠵᠢ ᠳᠠᠪᠠᠬᠤ ᠬᠠᠷᠠᠯᠲᠠ ᠵᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ᠰᠢᠨ᠎ᠡ ᠡᠨᠧᠷᠭᠢ᠎ᠶᠢᠨ ᠶᠡᠷᠦᠩᠬᠡᠢ ᠮᠠᠰᠢᠨ ᠴᠣᠭᠴᠠᠯᠠᠪᠤᠷᠢ᠂ ᠰᠢᠨ᠎ᠡ᠎ᠪᠡᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠬᠡᠮᠵᠢᠶ᠎ᠡ᠂ ᠰᠢᠨ᠎ᠡ ᠬᠡᠯᠪᠡᠷᠢ᠎ᠶᠢᠨ ᠨᠦᠬᠡᠴᠡ ᠡᠨᠧᠷᠬᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠡᠷᠭᠡ ᠣᠯᠠᠨ ᠵᠦᠢᠯ᠎ᠦᠨ ᠭᠦᠢᠴᠡᠳᠬᠡᠯ ᠲᠣᠭ᠎ᠠ ᠪᠥᠬᠥ ᠤᠯᠤᠰ᠎ᠲᠤ ᠲᠡᠷᠢᠭᠦᠯᠡᠪᠡ᠃ ᠰᠢᠨ᠎ᠡ ᠡᠨᠧᠷᠭᠢ᠎ᠶᠢᠨ ᠠᠵᠤ ᠦᠢᠯᠡᠰ ᠨᠢ ᠪᠥᠬᠥ ᠣᠷᠣᠨ᠎ᠤ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠳᠠᠢᠴᠢᠯᠠᠬᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠪᠣᠯᠵᠠᠢ᠃

《〈ᠡᠯᠡᠰᠦᠨ ᠴᠦᠯ ᠭᠤᠪᠢ ᠭᠠᠵᠠᠷ ᠴᠦᠯᠯᠡᠷᠬᠡᠭ ᠤᠷᠤᠨ〉᠎ᠤ᠋ ᠰᠢᠨ᠎ᠡ ᠡᠨᠧᠷᠭᠢ᠎ᠶᠢᠨ ᠰᠠᠭᠤᠷᠢᠨ᠎ᠢ ᠲᠦᠷᠭᠡᠳᠬᠡᠨ ᠪᠠᠢᠭᠤᠯᠤᠨ᠎ᠠ》᠂《ᠲᠤᠬᠠᠢ᠎ᠶᠢᠨ ᠭᠠᠵᠠᠷ ᠲᠤᠨᠢ ᠰᠢᠩᠭᠡᠬᠡᠨ ᠠᠪᠬᠤ ᠪᠠ ᠭᠠᠳᠠᠭ᠍ᠰᠢ ᠬᠦᠷᠭᠡᠬᠦ ᠵᠠᠮ᠎ᠤᠨ ᠪᠦᠲᠦᠭᠡᠨ ᠪᠠᠢᠭᠤᠯᠤᠯᠲᠠ ᠵᠢ ᠨᠢᠭᠡᠳᠦᠯᠲᠡᠢ ᠲᠦᠯᠦᠪᠵᠢᠭᠦᠯᠦᠨ᠎ᠡ》᠁ ᠶᠠᠭ ᠶᠠᠪᠤᠭᠳᠠᠵᠤ ᠪᠠᠢᠭ᠎ᠠ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠰᠢᠨ᠎ᠡ ᠡᠨᠧᠷᠭᠢ᠎ᠶᠢᠨ ᠬᠥᠭᠵᠢᠯᠲᠡ᠎ᠶᠢᠨ ᠲᠤᠬᠠᠢ ᠰᠢᠨ᠎ᠡ ᠪᠠᠢᠷᠢᠯᠠᠭᠤᠯᠤᠯᠲᠠ ᠬᠢᠵᠡᠢ᠂ ᠡᠨᠡ ᠨᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢ᠂ ᠬᠢᠩᠭᠠᠨ ᠠᠢᠮᠠᠭ᠎ᠤᠨ ᠨᠠᠮ᠎ᠤᠨ ᠬᠤᠷᠢᠶ᠎ᠠ ᠵᠢᠨ ᠱᠦᠵᠢ ᠰᠦᠬᠡ᠎ᠶᠢ ᠲᠤᠢᠯ᠎ᠢᠶᠠᠷ ᠤᠷᠮᠠᠰᠢᠭᠤᠯᠪᠠ᠃

ᠰᠦᠬᠡ᠂ ᠬᠢᠩᠭᠠᠨ ᠠᠢᠮᠠᠭ᠎ᠤᠨ ᠰᠠᠯᠬᠢ ᠭᠡᠷᠡᠯ᠎ᠦᠨ ᠡᠬᠢ ᠪᠠᠶᠠᠯᠢᠭ᠋ ᠡᠯᠪᠡᠭ᠂ ᠰᠢᠨ᠎ᠡ ᠡᠨᠧᠷᠭᠢ᠎ᠶᠢ ᠶᠡᠷᠦᠩᠬᠡᠢᠯᠡᠨ ᠨᠡᠭᠡᠭᠡᠨ ᠠᠰᠢᠭ᠍ᠯᠠᠬᠤ ᠳᠠᠯᠳᠠ ᠬᠦᠴᠦᠨ 3000 ᠲᠦᠮᠡᠨ ᠺᠢᠯᠦᠸᠠᠲ ᠰᠢᠬᠠᠮ ᠪᠠᠢᠨ᠎ᠠ᠃ ᠣᠢᠷ᠎ᠠ᠎ᠶᠢᠨ ᠵᠢᠯ᠎ᠦᠨ ᠲᠤᠷᠰᠢ᠂ ᠬᠢᠩᠭᠠᠨ ᠠᠢᠮᠠᠭ ᠰᠢᠨ᠎ᠡ ᠡᠨᠧᠷᠭᠢ ᠪᠡᠷ ᠠᠵᠤ ᠦᠢᠯᠡᠳᠪᠦᠷᠢ᠎ᠶᠢᠨ ᠪᠠᠢᠷᠢᠰᠢᠯ᠎ᠢ ᠳᠠᠬᠢᠨ ᠴᠤᠭᠴᠠᠯᠠᠬᠤ ᠰᠢᠨ᠎ᠡ ᠬᠥᠳᠡᠯᠭᠡᠭᠦᠷ ᠪᠣᠯᠭᠠᠬᠤ᠎ᠶᠢ ᠪᠠᠷᠢᠮᠲᠠᠯᠠᠵᠤ᠂ 2024 ᠣᠨ᠎ᠤ ᠡᠴᠦᠰ ᠪᠣᠯᠬᠤ᠎ᠳᠤ ᠪᠥᠬᠥ ᠠᠢᠮᠠᠭ᠎ᠤᠨ ᠰᠢᠨ᠎ᠡ ᠡᠨᠧᠷᠭᠢ᠎ᠶᠢᠨ ᠴᠠᠬᠢᠯᠭᠠᠨ ᠭᠠᠷᠭᠠᠬᠤ ᠬᠡᠮᠵᠢᠶ᠎ᠡ 57.3% ᠪᠡᠷ ᠨᠡᠮᠡᠭᠳᠡᠵᠦ᠂ ᠮᠠᠰᠢᠨ ᠴᠣᠭᠴᠠᠯᠠᠪᠤᠷᠢ ᠵᠢᠨ ᠬᠡᠪᠴᠢᠶ᠎ᠡ 800 ᠲᠦᠮᠡᠨ ᠺᠢᠯᠦᠸᠠᠲ ᠪᠤᠯᠵᠠᠢ ᠭᠡᠪᠡ᠃

ᠡᠨᠡ ᠵᠢᠯ᠎ᠦᠨ ᠡᠬᠢ᠎ᠪᠡᠷ  ᠰᠦᠬᠡ ᠳᠤᠭᠤᠢᠯᠠᠩ ᠳᠠᠭᠠᠭᠤᠯᠤᠨ ᠤᠷᠢᠳ ᠬᠣᠵᠢᠳ ᠪᠡᠭᠡᠵᠢᠩ᠎ᠦᠨ ᠡᠨᠧᠷᠭᠢ᠎ᠶᠢᠨ ᠪᠦᠯᠦᠭᠯᠡᠯ᠂ ᠵᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠤᠪᠢᠴᠠᠭᠠᠲᠤ ᠬᠢᠵᠠᠭᠠᠷᠲᠤ ᠺᠤᠮᠫᠠᠨᠢ ᠵᠡᠷᠭᠡ ᠰᠢᠨ᠎ᠡ ᠡᠨᠧᠷᠭᠢ᠎ᠶᠢᠨ ᠳᠠᠭᠠᠭᠤᠯᠤᠭ᠍ᠴᠢ ᠠᠵᠤ ᠠᠬᠤᠢᠯᠠᠯ᠎ᠢᠶᠠᠷ ᠬᠦᠷᠴᠦ᠂ ᠰᠢᠨ᠎ᠡ ᠡᠨᠧᠷᠭᠢ᠎ᠶᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠦᠬᠦ ᠬᠦᠴᠦᠨ᠎ᠢᠶᠡᠷ ᠠᠬᠢᠭᠤᠯᠪᠠ᠃ 《ᠲᠠᠷᠠᠭᠠᠴᠢ᠎ᠪᠡᠷ᠂ ᠬᠢᠩᠭᠠᠨ ᠠᠢᠮᠠᠭ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠭᠤᠷᠪᠠᠨ ᠵᠢᠯ᠎ᠦᠨ ᠠᠵᠢᠯᠯᠠᠭᠠᠨ᠎ᠢ ᠭᠦᠨᠵᠡᠭᠡᠢ ᠥᠷᠨᠢᠭᠦᠯᠵᠦ᠂ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠤᠨ ᠬᠢᠵᠠᠭᠠᠷᠲᠤ ᠺᠤᠮᠫᠠᠨᠢ ᠵᠢᠨ ᠵᠠᠭᠤᠨ ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠬᠤᠶᠠᠷ ᠰᠠᠭᠤᠷᠢᠨ ᠵᠡᠷᠭᠡ ᠰᠢᠨ᠎ᠡ ᠡᠨᠧᠷᠭᠢ᠎ᠶᠢᠨ ᠲᠥᠷᠥᠯ ᠵᠦᠢᠯ᠎ᠢ ᠲᠦᠷᠭᠡᠳᠬᠡᠨ ᠪᠦᠲᠦᠭᠡᠨ ᠪᠠᠢᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠪᠤᠬᠢᠷᠲᠤᠯ ᠦᠭᠡᠢ ᠴᠠᠬᠢᠯᠭᠠᠨ ᠪᠤᠬᠢᠷᠲᠤᠯ ᠦᠭᠡᠢ ᠤᠰᠤᠲᠥ᠋ᠷᠥᠭᠴᠢ ᠪᠤᠬᠢᠷᠲᠤᠯ ᠦᠭᠡᠢ ᠮᠧᠲ᠋ᠢᠯ ᠠᠯᠺᠣᠣᠯ᠎ᠤᠨ ᠰᠠᠭᠤᠷᠢᠨ᠎ᠢ ᠬᠦᠴᠦᠯᠡᠨ ᠪᠠᠢᠭᠤᠯᠤᠨ᠎ᠠ》 ᠭᠡᠵᠦ ᠰᠦᠬᠡ ᠢᠯᠡᠳᠬᠡᠪᠡ᠃

ᠡᠨᠧᠷᠭᠢ᠎ᠶ᠋ᠢᠨ ᠠᠮᠤᠷ ᠲᠦᠪᠱᠢᠨ᠎ᠦ  ᠰᠠᠭᠤᠷᠢ ᠶ᠋ᠢ ᠪᠡᠬᠢᠵᠢᠭᠦᠯᠤᠨ᠎ᠠ

ᠨᠡᠭᠦᠷᠡᠰᠦ ᠪᠣᠯ ᠮᠠᠨ᠎ᠤ ᠤᠯᠤᠰ᠎ᠤᠨ ᠭᠣᠣᠯ ᠡᠨᠧᠷᠭᠢ᠎ᠶ᠋ᠢᠨ ᠰᠤᠷᠪᠤᠯᠵᠢ ᠮᠥᠨ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠳᠤ 《ᠰᠠᠭᠤᠷᠢ》 ᠪᠠ 《ᠲᠣᠭ᠍ᠲᠠᠪᠤᠷᠢᠵᠢᠭᠤᠯᠤᠭ᠍ᠴᠢ》᠎ᠶ᠋ᠢᠨ ᠦᠢᠯᠡᠳᠦᠯ᠎ᠢ ᠪᠠᠳᠠᠷᠠᠭᠤᠯᠵᠤ ᠪᠠᠢᠳᠠᠭ᠃ ᠤᠯᠤᠰ᠎ᠤᠨ ᠴᠢᠬᠤᠯᠠ ᠡᠨᠧᠷᠭᠢ᠎ᠶ᠋ᠢᠨ ᠰᠠᠭᠤᠷᠢᠨ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ ᠡᠯᠪᠡᠭ ᠪᠠᠶᠠᠯᠢᠭ ᠨᠡᠭᠦᠷᠡᠰᠦᠨ᠎ᠦ ᠡᠬᠢ ᠪᠠᠶᠠᠯᠢᠭ᠎ᠲᠠᠭᠠᠨ ᠲᠦᠱᠢᠭ᠌ᠯᠡᠨ ᠤᠯᠤᠰ᠎ᠤᠨ ᠶᠡᠬᠡ ᠲᠠᠯ᠎ᠠ᠎ᠳ᠋ᠤ ᠦᠢᠯᠡᠴᠢᠯᠡᠬᠦ ᠵᠢ ᠰᠢᠭᠤᠷᠬᠠᠢ ᠳᠠᠭᠠᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠪᠠᠨ ᠲᠤᠭᠳᠠᠭᠤᠨ ᠵᠢᠡᠷ ᠳᠡᠭᠡᠭ᠌ᠰᠢᠯᠡᠭᠦᠯᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠵᠢ ᠭᠦᠶ᠋ᠴᠡᠳ ᠡᠭᠦᠷᠭᠡᠯᠡᠵᠦ ᠪᠤᠢ᠃

2024 ᠣᠨ᠎ᠳᠤ ᠥᠪᠥᠷ ᠮᠣᠩᠭᠣᠯ᠎ᠤᠨ ᠲᠦᠭᠦᠬᠡᠶ ᠨᠡᠭᠦᠷᠡᠰᠦᠨ᠎ᠦ ᠭᠠᠷᠤᠯᠲᠠ 12.97 ᠳ᠋ᠦᠩᠱᠢᠭᠤᠷ ᠲᠣᠨ᠎ᠳᠤ ᠬᠦᠷᠴᠦ᠍᠂ ᠪᠥᠬᠥ᠌ ᠤᠯᠤᠰ᠎ᠤᠨ ᠨᠡᠮᠡᠭ᠌ᠳᠡᠯ᠎ᠦᠨ ᠬᠤᠷᠳᠤᠴᠠ᠎ᠠᠴᠠ ᠵᠠᠭᠤᠨ᠎ᠤ ᠬᠠᠷᠢᠴᠠᠯ ᠵᠢᠡᠷ 4.1 ᠬᠤᠪᠢ ᠥᠨᠳᠥᠷ ᠪᠣᠯᠵᠠᠶ; ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ 8.3 ᠳ᠋ᠦᠩᠱᠢᠭᠤᠷ ᠲᠣᠨ ᠪᠡᠶᠡᠯᠡᠭᠦᠯᠵᠦ᠍᠂ ᠪᠦᠬᠦ᠌ ᠤᠯᠤᠰ᠎ᠤᠨ 34.5% ᠵᠢ ᠡᠵᠡᠯᠡᠨ᠂ ᠨᠡᠭᠦᠷᠡᠰᠦᠨ᠎ᠦ ᠭᠠᠷᠤᠯᠲᠠ᠂ ᠨᠡᠭᠦᠷᠡᠰᠦ᠎ᠶ᠋ᠢ ᠭᠠᠳᠠᠭ᠍ᠰᠢ ᠲᠡᠭᠡᠭᠡᠪᠦᠷᠢᠯᠡᠬᠦ᠌ ᠬᠡᠮᠵᠢᠶ᠎ᠡ᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢᠨ ᠬᠡᠮᠵᠢᠶ᠎ᠡ ᠴᠥᠮ ᠪᠦᠬᠦ᠌ ᠤᠯᠤᠰ᠎ᠤᠨ ᠲᠡᠷᠢᠭᠦᠨ᠎ᠳᠦ ᠲᠤᠳᠤᠷᠠᠪᠠ᠃

ᠪᠥᠬᠥ᠌ ᠬᠦᠴᠦᠨ᠎ᠢᠶᠡᠷ᠎ᠢᠶᠡᠨ ᠦᠶ᠋ᠯᠡᠳᠪᠦᠷᠢᠯᠡᠯ᠎ᠢᠶᠡᠨ ᠨᠡᠮᠡᠭ᠌ᠳᠡᠭᠦᠯᠵᠦ᠍ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠬᠠᠮᠲᠤ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠪᠠᠷ ᠬᠦᠴᠦᠯᠡᠵᠦ᠍᠂ ᠨᠡᠭᠦᠷᠡᠰᠦ᠎ᠶ᠋ᠢ ᠲᠦᠯᠡᠰᠢ᠎ᠡᠴᠡ ᠲᠦᠭᠦᠬᠡᠶ ᠮᠠᠲ᠋ᠧᠷᠢᠶᠠᠯ ᠪᠣᠯᠭᠠᠨ ᠬᠤᠪᠢᠷᠠᠭᠤᠯᠬᠤ᠎ᠶ᠋ᠢ ᠪᠥᠬᠥ᠌ ᠬᠦᠴᠦᠨ᠎ᠢᠶᠡᠷ ᠵᠢᠡᠨ ᠠᠬᠢᠭᠤᠯᠵᠤ ᠪᠣᠶ᠃ ᠣᠷᠳᠣᠰ᠎ᠤᠨ ᠤᠯᠤᠰ᠎ᠤᠨ ᠲᠠᠰ᠎ᠤᠨ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠢ ᠲᠦᠷᠭᠡᠳᠭᠡᠨ ᠪᠦᠲᠦᠭᠡᠨ ᠪᠠᠢᠭᠤᠯᠵᠤ᠂ ᠨᠡᠭᠦᠷᠡᠰᠦ᠎ᠪᠡᠷ ᠲᠤᠰᠤ ᠬᠡᠢ ᠦᠢᠯᠡᠳᠬᠦ ᠵᠡᠷᠭᠡ ᠤᠳᠤ ᠦᠶ᠎ᠡ ᠵᠢᠨ ᠨᠡᠬᠦᠷᠡᠰᠦ ᠬᠢᠮᠢ ᠵᠢᠨ ᠠᠵᠤ ᠦᠢᠯᠡᠳᠪᠦᠷᠢ ᠵᠢᠨ 36 ᠲᠦᠷᠦᠯ ᠵᠦᠢᠯ᠎ᠢ ᠪᠠᠢᠭᠤᠯᠵᠤ᠂ ᠨᠡᠬᠦᠷᠡᠰᠦ ᠪᠡᠷ ᠬᠡᠢ ᠦᠢᠯᠡᠳᠬᠦ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ᠎ᠤᠨ ᠬᠡᠮᠵᠢᠶ᠎ᠡ ᠨᠢ ᠴᠥᠮ ᠪᠦᠬᠦ᠌ ᠤᠯᠤᠰ᠎ᠤᠨ ᠲᠡᠷᠢᠭᠦᠨ᠎ᠳᠦ ᠣᠷᠣᠵᠤ᠂ ᠪᠦᠬᠦ᠌ ᠤᠯᠤᠰ᠎ᠲᠸ᠋ ᠬᠡᠪᠴᠢᠶ᠎ᠡ ᠪᠡᠷ ᠨᠡᠯᠢᠶᠡᠳ ᠶᠡᠬᠡ᠂ ᠲᠥᠷᠥᠯ ᠵᠦᠢᠯ᠎ᠢᠶᠡᠷ ᠨᠡᠯᠢᠶᠡᠳ ᠪᠦᠷᠢᠨ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ᠎ᠢ  ᠪᠠᠢᠭᠤᠯᠪᠠ᠃ ᠣᠳᠣᠬᠠᠨ᠎ᠳᠤ 《ᠬᠤᠤᠰ ᠨᠡᠭᠦᠷᠡᠰᠦᠲᠥ᠋ᠷᠥᠭ᠌ᠴᠢ》᠎ᠶ᠋ᠢᠨ ᠬᠠᠷᠠᠯᠲᠠ᠎ᠶ᠋ᠢᠨ ᠳᠠᠭᠠᠭᠤᠯᠭ᠎ᠠ ᠳᠤᠤᠷ᠎ᠠ ᠥᠪᠥᠷ ᠮᠣᠩᠭᠣᠯ ᠶᠠᠭ ᠤᠯᠠᠮᠵᠢᠯᠠᠯᠲᠤ ᠡᠨᠧᠷᠭᠢ ᠬᠢᠭᠡᠳ ᠱᠢᠨ᠎ᠡ ᠡᠨᠧᠷᠭᠢ ᠬᠠᠷᠢᠯᠴᠠᠨ ᠨᠥᠬᠥᠪᠥᠷᠢᠯᠡᠬᠦ᠌᠂ ᠭᠦᠨᠵᠡᠭᠡᠶ ᠠᠭᠤᠰᠤᠯᠴᠠᠬᠤ᠎ᠶ᠋ᠢ ᠲᠠᠰᠤᠷᠠᠯᠲᠠ ᠥᠬᠡᠶ ᠰᠦᠪᠡᠭ᠌ᠴᠢᠯᠡᠵᠦ᠍ ᠪᠤᠢ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠦᠷᠱᠢᠭᠦᠯᠬᠦ᠌ ᠬᠢᠵᠠᠭᠠᠷᠲᠤ ᠺᠣᠮᠫᠠᠨᠢ᠎ᠶ᠋ᠢᠨ ᠰᠢ ᠯᠠᠢ ᠹᠸᠩ ᠬᠤᠪᠢᠶᠠᠷᠢ ᠺᠣᠮᠫᠠᠨᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠡᠯᠲᠡᠰ᠎ᠦᠨ ᠭᠣᠣᠯᠯᠠᠨ ᠬᠠᠮᠢᠶᠠᠷᠤᠭ᠍ᠴᠢ ᠦ᠋ ᠶᠢᠩ᠂ ᠦᠬᠠᠢ ᠬᠤᠳᠠ᠎ᠶ᠋ᠢᠨ ᠨᠡᠭᠦᠷᠡᠰᠦ ᠬᠡᠦᠷᠱᠢᠭᠦᠯᠬᠦ᠌ ᠳ᠋ᠤ ᠬᠡᠷᠡᠭᠯᠡᠬᠦ ᠨᠡᠭᠦᠷᠡᠰᠦ ᠨᠢ ᠥᠪᠥᠷ ᠮᠣᠩᠭᠣᠯ᠎ᠤᠨ ᠬᠡᠦᠷᠱᠢᠭᠦᠯᠬᠦ᠌ ᠨᠡᠭᠦᠷᠡᠰᠦᠨ᠎ᠦ ᠬᠠᠳᠠᠭᠠᠯᠠᠭ᠍ᠳᠠᠴᠠ᠎ᠶ᠋ᠢᠨ 60% ᠵᠢ ᠡᠵᠡᠯᠡᠵᠦ᠍᠂ ᠤᠯᠤᠰ᠎ᠤᠨ ᠴᠢᠬᠤᠯᠠ ᠨᠡᠭᠦᠷᠡᠰᠦ ᠬᠡᠦᠷᠱᠢᠭᠦᠯᠬᠦ᠌ ᠰᠠᠭᠤᠷᠢᠨ ᠪᠠ ᠠᠷᠠᠯᠵᠢᠶᠠᠨ᠎ᠤ ᠲᠥᠪ ᠪᠤᠯᠵᠠᠢ᠃ 《ᠨᠡᠭᠦᠷᠡᠰᠦ ᠬᠡᠦᠷᠱᠢᠭᠦᠯᠬᠦ᠌ ᠺᠣᠮᠫᠠᠨᠢ ᠪᠤᠯ ᠭᠣᠣᠯᠳᠠᠭᠤ ᠨᠡᠭᠦᠷᠡᠰᠦ ᠮᠠᠯᠲᠠᠬᠤ᠂ ᠬᠡᠦᠷᠱᠢᠭᠦᠯᠬᠦ᠌᠂ ᠮᠧᠲ᠋ᠢᠯ ᠠᠯᠺᠣᠣᠯ᠎ᠢ ᠨᠡᠢᠯᠡᠭᠦᠯᠬᠦ᠌ ᠵᠡᠷᠭᠡ ᠨᠡᠭᠦᠷᠡᠰᠦ ᠬᠡᠦᠷᠱᠢᠭᠦᠯᠬᠦ᠌ ᠦᠢᠯᠡᠳᠬᠦᠨ᠎ᠢ ᠦᠢᠯᠡᠳᠪᠦᠷᠢᠯᠡᠵᠦ᠍ ᠦᠢᠯᠡᠳᠬᠦ᠌ ᠠᠵᠢᠯ᠎ᠢ ᠡᠷᠬᠢᠯᠡᠵᠦ᠍᠂ ᠨᠡᠢᠲᠡᠯᠢᠭ ᠨᠡᠭᠦᠷᠡᠰᠦ ᠬᠡᠦᠷᠱᠢᠭᠦᠯᠬᠦ᠌ ᠡᠷᠬᠢᠯᠳᠡᠳᠦ ᠠᠵᠤ ᠠᠬᠤᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢᠨ ᠠᠵᠤ ᠠᠬᠤᠢᠯᠠᠯ᠎ᠳᠤ ᠬᠠᠷᠢᠶᠠᠯᠠᠭ᠍ᠳᠠᠨ᠎ᠠ᠃ ᠤᠢ᠍ᠢᠷ᠎ᠠ᠎ᠶ᠋ᠢᠨ ᠵᠢᠯ᠎ᠡᠴᠡ᠂ ᠪᠢᠳᠠ ᠣᠳᠣᠬᠢᠴᠢᠯᠠᠭ᠍ᠰᠠᠨ᠂ ᠤᠶᠤᠨᠴᠢᠯᠠᠬ᠍ᠰᠠᠨ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠨᠡᠭᠦᠷᠡᠰᠦ ᠬᠡᠦᠷᠱᠢᠭᠦᠯᠬᠦ᠌ ᠠᠵᠤ ᠠᠬᠤᠢᠯᠠᠯ᠎ᠢ ᠲᠦᠷᠭᠡᠳᠭᠡᠨ ᠪᠠᠢᠭᠤᠯᠵᠤ᠂ ᠨᠡᠭᠦᠷᠡᠰᠦ ᠬᠡᠦᠷᠱᠢᠭᠦᠯᠬᠦ᠌ ᠠᠵᠤ ᠦᠢᠯᠡᠰ᠎ᠦᠨ ᠳᠡᠭᠡᠳᠦ ᠲᠡᠰᠵᠢᠭ᠌ᠰᠡᠨ᠂ ᠤᠯᠠᠨ ᠡᠱᠢᠵᠢᠭ᠌ᠰᠡᠨ᠂ ᠪᠠᠭ᠎ᠠ  ᠨᠡᠭᠦᠷᠡᠰᠦᠲᠥ᠋ᠷᠥᠭ᠌ᠴᠢᠲᠤ ᠬᠥᠭ᠌ᠵᠢᠯᠲᠡ᠎ᠶ᠋ᠢ ᠬᠦᠴᠦᠯᠡᠨ ᠠᠬᠢᠭᠤᠯᠪᠠ》 ᠭᠡᠵᠦ᠍ ᠡᠦ ᠶᠢᠩ ᠬᠡᠯᠡᠪᠡ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠡᠷ ᠤᠳᠤᠷᠢᠳᠤᠮᠵᠢ ᠪᠤᠯᠭᠠᠨ᠎ᠠ

ᠰᠢᠨ᠎ᠡ᠎ᠶᠢ ᠡᠭᠦᠳᠬᠦ ᠪᠣᠯ ᠬᠥᠭᠵᠢᠯᠲᠡ᠎ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠂ ᠨᠡᠩ ᠴᠤ᠌ ᠡᠨᠧᠷᠭᠢ᠎ᠶᠢᠨ  ᠬᠡᠯᠪᠡᠷᠢ᠎ᠪᠠᠨ ᠬᠤᠪᠢᠷᠠᠭᠤᠯᠬᠤ᠎ᠶᠢ ᠠᠬᠢᠭᠤᠯᠬᠤ ᠴᠢᠬᠤᠯᠠ ᠰᠢᠪᠲᠤᠯᠤᠯᠲᠠ᠎ᠶᠢᠨ ᠴᠡᠭ ᠮᠥᠨ᠃

2024 ᠣᠨ᠎ᠳᠤ᠂ ᠥᠪᠥᠷ ᠮᠣᠩᠭᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠡᠨᠡ᠎ᠬᠦ ᠵᠠᠩᠭᠢᠯᠠᠭ᠎ᠠ᠎ᠶᠢᠨ ᠭᠤᠭᠴᠤᠭ᠎ᠠ ᠵᠢ ᠴᠢᠩᠭ᠎ᠠ ᠠᠳᠬᠤᠵᠤ᠂ ᠡᠨᠧᠷᠭᠢ᠎ᠶᠢᠨ ᠬᠦᠷᠢᠶᠡᠨ᠎ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ᠋ ᠤᠨᠳᠤᠤᠰᠢᠭᠤᠯᠬᠤ ᠰᠢᠨ᠎ᠡ ᠳᠠᠪᠠᠯᠲᠠ᠎ᠵᠢ ᠪᠡᠶᠡᠯᠡᠬᠦᠯᠪᠡ᠄ ᠪᠥᠬᠥ ᠤᠯᠤᠰ᠎ᠤᠨ ᠠᠩᠬᠠᠳᠠᠭ᠍ᠴᠢ ᠲᠦᠮᠡᠨ ᠲᠣᠨ᠎ᠤ ᠲᠠᠰ᠎ᠤᠨ ᠪᠤᠬᠢᠷᠳᠤᠯ ᠦᠬᠡᠢ ᠤᠰᠤᠲᠥ᠋ᠷᠥᠭᠴᠢ᠎ᠶᠢᠨ ᠲᠥᠷᠥᠯ ᠵᠦᠢᠯ᠎ᠦᠨ ᠨᠠᠷᠠᠰᠤᠨ᠎ᠤ ᠬᠡᠷᠡᠯᠴᠢ ᠴᠡᠨᠡᠭ᠎ᠢᠶᠡᠷ ᠤᠰᠤᠲᠥ᠋ᠷᠥᠭᠴᠢ ᠦᠢᠯᠡᠳᠬᠦ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠲᠥᠷᠥᠯ ᠵᠦᠢᠯ᠎ᠦᠨ ᠤᠰᠤᠲᠥ᠋ᠷᠥᠭᠴᠢ᠎ᠶᠢ ᠠᠮᠵᠢᠯᠲᠠ᠎ᠲᠠᠢ᠎ᠪᠠᠷ ᠦᠢᠯᠡᠳᠪᠦᠷᠢᠯᠡᠵᠦ᠂ ᠨᠡᠭᠦᠷᠡᠰᠦ᠎ᠪᠡᠷ ᠲᠣᠰᠣ᠌ ᠦᠢᠯᠡᠳᠬᠦ᠂ ᠨᠡᠭᠦᠷᠡᠰᠦ᠎ᠪᠡᠷ ᠬᠡᠢ ᠦᠢᠯᠡᠳᠬᠦ ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠲᠣᠭᠲᠠᠭᠤᠨ᠎ᠢᠶᠠᠷ ᠠᠵᠢᠯᠯᠠᠭᠤᠯᠵᠤ᠂ ᠬᠡᠷᠡᠯᠴᠢ ᠴᠡᠨᠡᠭ᠎ᠦᠨ ᠲᠠᠩ ᠲᠠᠯᠠᠰᠲᠤ ᠳ᠋ᠢᠶᠠᠨ ᡂᠢ᠎ᠶᠢᠨ ᠬᠡᠯᠬᠢᠶ᠎ᠠ ᠵᠡᠷᠭᠡ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠮᠡᠷᠭᠡᠵᠢᠯ᠎ᠦᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠳᠡᠯᠡᠬᠡᠢ᠎ᠶᠢᠨ ᠲᠡᠷᠢᠭᠦᠨ᠎ᠦ ᠲᠦᠪᠰᠢᠨ᠎ᠳᠦ ᠬᠥᠷᠪᠡ᠃

《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ 〈ᠰᠢᠨᠵᠢᠯᠡᠬᠦ ᠤᠬᠠᠭᠠᠨ ᠲᠧᠭᠨᠢᠭ ᠮᠡᠷᠭᠡᠵᠢᠯ〉 ᠤ᠋ᠨ ᠪᠦᠰᠡᠯᠡᠯᠲᠡ ᠰᠢᠪᠲᠤᠯᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠎ᠡ᠃》 《ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠤᠪᠢᠷᠠᠭᠤᠯᠬᠤ᠎ᠶᠢ ᠠᠬᠢᠭᠤᠯᠵᠤ᠂ ᠬᠤᠸᠠᠢ ᠷᠧᠦ ᠤᠯᠤᠰ᠎ᠤᠨ ᠲᠤᠷᠰᠢᠯᠲᠠ᠎ᠶᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠎ᠢ ᠭᠤᠶᠤᠴᠢᠯᠠᠨ ᠪᠠᠶ᠋ᠢᠭᠤᠯᠬᠤ᠎ᠳᠤ ᠪᠦᠬᠦ ᠬᠦᠴᠦᠨ᠎ᠢᠶᠡᠷ᠎ᠢᠶᠡᠨ ᠬᠠᠮᠵᠢᠯᠴᠠᠵᠤ᠂ ᠥᠪᠥᠷ ᠮᠣᠩᠭᠣᠯ᠎ᠤᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠂ ᠳᠠᠯᠠᠨ ᠬᠠᠷ᠎ᠠ ᠠᠭᠤᠯᠠ᠎ᠶᠢᠨ ᠲᠤᠷᠰᠢᠯᠲᠠ᠎ᠶᠢᠨ ᠲᠠᠰᠤᠭ᠎ᠤᠨ ᠰᠢᠨ᠎ᠡ᠎ᠶᠢ ᠡᠬᠦᠳᠦᠨ ᠬᠦᠭᠵᠢᠬᠦ ᠵᠢ ᠳᠡᠮᠵᠢᠨ᠎ᠡ᠃》 ᠡᠨᠧᠷᠭᠢ᠎ᠶᠢᠨ ᠬᠦᠷᠢᠶᠡᠨ᠎ᠳᠡᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠰᠠᠭᠤᠷᠢᠯᠠᠵᠤ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ ᠠ᠋ᠴᠠ ᠰᠢᠨ᠎ᠡ ᠪᠠᠢᠷᠢᠯᠠᠭᠤᠯᠤᠯᠲᠠ ᠬᠢᠪᠡ᠃

ᠥᠪᠥᠷ ᠮᠣᠩᠭᠣᠯ᠎ᠤᠨ ᠰᠢᠭᠤᠳ ᠬᠠᠷᠢᠶ᠎ᠠ ᠲᠣᠮᠣ᠌ ᠬᠡᠯᠪᠡᠷᠢ᠎ᠶᠢᠨ ᠡᠨᠧᠷᠭᠢ᠎ᠶᠢᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ ᠠᠵᠤ ᠦᠢᠯᠡᠰ᠎ᠦᠨ ᠪᠦᠬᠦ ᠬᠡᠯᠬᠢᠶ᠎ᠡ᠎ᠶᠢᠨ ᠠᠭᠤᠰᠤᠯᠴᠠᠨ ᠰᠢᠨ᠎ᠡ᠎ᠶᠢ ᠡᠭᠦᠳᠬᠦ᠎ᠶᠢ ᠪᠦᠬᠦ ᠬᠦᠴᠦᠨ ᠵᠢᠡᠷ ᠠᠬᠢᠭᠤᠯᠪᠠ᠃ ᠥᠨᠳᠥᠷ ᠦᠷ᠎ᠡ ᠠᠰᠢᠭ᠋ ᠲᠠᠢ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ᠂ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠳᠦᠮᠵᠢᠳᠡᠢ ᠪᠠᠷ ᠬᠤᠪᠢᠷᠠᠭᠤᠯᠬᠤ ᠵᠡᠷᠭᠡ ᠬᠦᠷᠢᠶᠡᠨ᠎ᠦ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠢᠳᠡᠪᠬᠢᠲᠡᠢ ᠥᠷᠨᠢᠭᠦᠯᠵᠦ᠂ ᠠᠵᠤ ᠠᠬᠤᠢᠯᠠᠯ᠎ᠤᠨ ᠲᠣᠭᠠᠴᠢᠯᠠᠭᠰᠠᠨ ᠳᠡᠢᠰᠢ ᠬᠡᠯᠪᠡᠷᠢ ᠪᠡᠨ ᠬᠤᠪᠢᠷᠠᠭᠤᠯᠬᠤ᠎ᠶᠢ ᠪᠦᠬᠦ ᠬᠦᠴᠦᠨ᠎ᠢᠶᠡᠷ  ᠵᠢᠡᠨ ᠠᠬᠢᠭᠤᠯᠵᠤ᠂ ᠣᠶᠤᠨᠲᠤ ᠠᠭᠤᠷᠬᠠᠢ᠂ ᠣᠶᠤᠨᠲᠤ ᠴᠠᠬᠢᠯᠭᠠᠨ᠎ᠤ ᠦᠢᠯᠡᠳᠪᠦᠷᠢ᠂ ᠣᠶᠤᠨᠲᠤ ᠢᠯᠴᠢ ᠬᠠᠩᠭᠠᠯᠭ᠎ᠠ᠂ ᠣᠶᠤᠨᠲᠤ ᠦᠨᠳᠦᠰᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠪᠠᠢᠭᠤᠯᠪᠠ᠃ ᠰᠢᠨ᠎ᠡ᠎ᠪᠡᠷ ᠪᠠᠢᠭᠤᠯᠵᠤ ᠪᠠᠢᠭ᠎ᠠ ᠰᠢᠨ᠎ᠡ ᠡᠨᠧᠷᠭᠢ᠎ᠶᠢᠨ ᠲᠦᠷᠦᠯ ᠵᠦᠢᠯ ᠳ᠋ᠤ ᠣᠳᠣᠬᠠᠨ᠎ᠤ ᠡᠭᠡ ᠬᠠᠭᠤᠷᠠᠢ ᠳᠡᠭᠡᠷᠡᠬᠢ ᠬᠠᠮᠤᠭ᠎ᠤᠨ ᠲᠣᠮᠣ᠌ 10 ᠰᠠᠶ᠎ᠠ ᠸᠠᠲ᠎ᠤᠨ ᠰᠠᠯᠬᠢᠨ ᠬᠦᠴᠦᠨ᠎ᠦ ᠮᠠᠰᠢᠨ ᠪᠠ 575 ᠸᠠᠲ ᠵᠢᠴᠢ ᠲᠡᠭᠦᠨ᠎ᠡᠴᠡ ᠳᠡᠭᠡᠭᠰᠢᠬᠢ N ᠬᠡᠯᠪᠡᠷᠢ᠎ᠶᠢᠨ ᠶᠡᠬᠡ ᠴᠢᠳᠠᠮᠵᠢ᠂ ᠥᠨᠳᠥᠷ ᠪᠦᠲᠦᠮᠵᠢᠲᠡᠶ ᠬᠡᠷᠡᠯᠴᠢ ᠴᠡᠨᠡᠭ᠎ᠦᠨ  ᠲᠤᠨᠤᠭᠯᠠᠯ ᠵᠡᠷᠭᠡ ᠲᠡᠷᠢᠭᠦᠨ᠎ᠦ ᠮᠡᠷᠭᠡᠵᠢᠯ᠎ᠦᠨ ᠲᠣᠨᠣᠭᠯᠠᠯ᠎ᠢ ᠪᠥᠭᠡᠮ᠎ᠢᠶᠡᠷ ᠬᠡᠷᠡᠭᠯᠡᠵᠦ᠂ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠲᠠᠰ ᠳᠡᠪᠰᠢᠬᠦ᠎ᠶᠢ ᠬᠦᠴᠦᠲᠡᠢ ᠳᠠᠢᠴᠢᠯᠠᠭᠰᠠᠨ ᠪᠠᠢᠨ᠎ᠠ᠃

《ᠳᠠᠷᠠᠭᠠᠴᠢ᠎ᠪᠡᠷ᠂ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠬᠢᠨ ᠲᠣᠮᠣ᠌ ᠬᠡᠯᠪᠡᠷᠢ᠎ᠶᠢᠨ ᠳᠠᠬᠢᠠ ᠡᠭᠦᠰᠴᠦ ᠪᠣᠯᠬᠤ ᠡᠨᠧᠷᠭᠢ᠎ᠶᠢᠨ ᠰᠠᠭᠤᠷᠢᠨ᠎ᠤ᠋ ᠰᠢᠩᠭᠡᠬᠡᠨ ᠠᠪᠴᠤ ᠬᠦᠷᠭᠡᠬᠦ᠂ ᠰᠠᠯᠬᠢ ᠬᠡᠷᠡᠯ ᠢᠯᠴᠢ ᠤᠰᠤᠲᠥ᠋ᠷᠥᠭᠴᠢ ᠵᠡᠷᠭᠡ ᠤᠯᠠᠨ ᠡᠨᠧᠷᠭᠢ ᠬᠠᠷᠢᠯᠴᠠᠨ ᠨᠥᠬᠥᠪᠦᠷᠢᠯᠡᠬᠦ᠂ ᠳᠠᠬᠢᠠ ᠡᠭᠦᠰᠴᠦ ᠪᠣᠯᠬᠤ ᠡᠨᠧᠷᠭᠢ ᠪᠡᠷ ᠤᠰᠤᠲᠥ᠋ᠷᠥᠭᠴᠢ  ᠦᠢᠯᠡᠳᠬᠦ ᠪᠠ ᠤᠰᠤᠲᠥ᠋ᠷᠥᠭᠴᠢᠳᠤ ᠡᠨᠧᠷᠭᠢ᠎ᠶᠢ ᠥᠨᠳᠥᠷ ᠪᠦᠲᠦᠮᠵᠢᠲᠡᠢ ᠠᠰᠢᠭ᠍ᠯᠠᠬᠤ ᠵᠡᠷᠭᠡ ᠲᠠᠯ᠎ᠠ᠎ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠦᠷᠦᠯ ᠵᠦᠢᠯ᠎ᠢ ᠲᠥᠯᠥᠪᠵᠢᠭᠦᠯᠦᠨ ᠬᠡᠷᠡᠭᠵᠢᠭᠦᠯᠵᠦ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠭᠦᠷ᠎ᠢ ᠡᠬᠦᠳᠪᠡᠯ ᠵᠤᠬᠢᠨ᠎ᠠ》 ᠭᠡᠵᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠶᠠᠨ ᠬᠤᠩ ᠭᠤᠸᠠᠩ ᠢᠯᠡᠳᠬᠡᠪᠡ᠃

ᠤᠷᠢᠬᠠᠨ ᠬᠠᠪᠤᠷ ᠰᠢᠨ᠎ᠡ ᠠᠶᠠᠯᠠᠯ᠎ᠢ ᠡᠬᠢᠯᠡᠭᠦᠯᠦᠯ᠎ᠡ᠃ ᠰᠢᠨ᠎ᠡ ᠠᠶᠠᠨ ᠵᠠᠮ᠎ᠳᠤ᠂ ᠥᠪᠥᠷ ᠮᠣᠩᠭᠣᠯ ᠨᠡᠩ ᠶᠡᠬᠡ ᠬᠦᠴᠦᠳᠡᠢ ᠪᠣᠳᠠᠲᠠᠢ ᠠᠷᠭ᠎ᠠ ᠬᠡᠮᠵᠢᠶ᠎ᠡ᠎ᠪᠡᠷ ᠡᠨᠧᠷᠭᠢ᠎ᠶᠢᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠬᠦᠨᠳᠦ ᠡᠭᠦᠷᠭᠡ᠎ᠶᠢ ᠵᠣᠷᠢᠭ᠍ᠲᠠᠢ᠎ᠪᠠᠷ ᠡᠭᠦᠷᠭᠡᠯᠡᠵᠦ᠂ ᠰᠢᠨ᠎ᠡ ᠵᠠᠮ᠎ᠢ ᠵᠣᠷᠢᠭ᠍ᠲᠠᠢ᠎ᠪᠠᠷ ᠰᠢᠪᠲᠤᠯᠵᠤ᠂ ᠡᠨᠧᠷᠭᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号