
《ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠯᠠᠪᠳᠠᠭᠤᠨ ᠪᠠᠲᠤᠲᠠᠢ ᠨᠠᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ ᠪᠣᠯᠣᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠤᠯᠢ ᠶᠣᠰᠣᠭᠠᠷ ᠬᠠᠮᠠᠭᠠᠯᠠᠵᠤ᠂ ᠨᠥᠬᠥᠴᠡᠯ᠎ᠲᠠᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠣᠲᠣ᠌ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠪᠠᠢᠭᠤᠯᠤᠨ ᠲᠡᠭᠦᠯᠳᠡᠷᠵᠢᠭᠦᠯᠬᠦ᠎ᠶᠢ ᠵᠣᠷᠢᠭ᠍ᠵᠢᠭᠤᠯᠤᠨ᠎ᠠ》᠃ 《ᠵᠠᠰᠠᠭ ᠠᠵᠤ ᠠᠬᠤᠢᠯᠠᠯ᠎ᠤᠨ ᠪᠠᠢᠩᠭᠤᠵᠢᠭ᠍ᠰᠠᠨ ᠣᠯᠣᠯᠴᠠᠭ᠎ᠠ ᠰᠣᠯᠢᠯᠴᠠᠭ᠎ᠠ᠎ᠶᠢ ᠭᠦᠨᠵᠡᠭᠡᠢᠷᠡᠭᠦᠯᠵᠦ᠂ ᠠᠵᠤ ᠠᠬᠤᠢᠯᠠᠯ᠎ᠢ ᠦᠨᠡᠨ ᠬᠦ᠌ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ᠎ᠢ ᠨᠢ ᠰᠢᠢᠳᠪᠦᠷᠢᠯᠡᠵᠦ ᠥᠭᠭᠦᠨ᠎ᠡ》᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠳᠤᠷᠠᠳᠤᠭᠰᠠᠨ ᠠᠯᠢ ᠣᠯᠠᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ ᠨᠢ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠣᠷᠳᠣᠰᠤᠨᠪᠡᠯᠡ ᠣᠷᠣᠭᠤᠯᠤᠯᠲᠠ᠎ᠵᠢᠨ ᠰᠲ᠋ᠤᠺ ᠡᠵᠡᠮᠳᠡᠬᠦ ᠪᠦᠯᠦᠭᠯᠡᠯ ᠺᠣᠮᠫᠠᠨᠢ᠎ᠶᠢᠨ ᠶᠡᠷᠦᠩᠬᠡᠢ ᠵᠠᠬᠢᠷᠤᠭ᠍ᠴᠢ᠂ ᠥᠪᠥᠷ ᠮᠣᠩᠭᠣᠯ᠎ᠤᠨ ᠣᠷᠳᠣᠰ᠎ᠤᠨ ᠡᠬᠢ ᠪᠠᠶᠠᠯᠢᠭ᠋᠎ᠤᠨ ᠬᠤᠪᠢᠴᠠᠭᠠᠲᠤ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠵᠧᠨ᠎ᠢ ᠮᠠᠰᠢ ᠤᠷᠮᠠᠰᠢᠭᠤᠯᠪᠠ᠃ ᠲᠡᠷᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠨᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠨᠡᠢᠳᠡᠮ᠎ᠦᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠦᠴᠦᠲᠡᠢ ᠬᠠᠷᠢᠭᠤ ᠥᠭᠭᠦᠭᠰᠡᠨ ᠪᠥᠭᠡᠳ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠬᠥᠭᠵᠢᠯᠲᠡ᠎ᠳᠦ ᠮᠠᠰᠢ ᠣᠯᠠᠨ ᠠᠰᠢᠭ᠋ ᠬᠦᠷᠲᠡᠭᠡᠬᠦ ᠪᠤᠯᠤᠨ᠎ᠠ ᠭᠡᠵᠡᠢ᠃
ᠸᠠᠩ ᠵᠧᠨ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ ᠨᠢᠭᠡᠨᠲᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ 《ᠰᠢᠨ᠎ᠡ ᠬᠦᠴᠦᠨ》᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠲᠤᠬᠠᠢᠯᠠᠭᠰᠠᠨ ᠠᠵᠢᠯ᠎ᠤᠨ 《ᠭᠣᠣᠯ ᠬᠦᠴᠦᠨ》 ᠪᠣᠯᠵᠠᠢ ᠭᠡᠪᠠ᠃ ᠭᠡᠬᠦ ᠳ᠋ᠡᠭᠡᠨ ᠲᠡᠷᠡ ᠪᠠᠢᠴᠠᠭᠠᠨ ᠰᠤᠳᠤᠯᠤᠯᠲᠠ ᠬᠢᠬᠦᠳᠤᠮᠳᠠ ᠪᠠᠨ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠬᠥᠭᠵᠢᠯᠲᠡ᠎ᠳᠦ ᠮᠥᠨ ᠬᠦ᠌ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠠᠭᠠᠯᠠᠬᠤ᠎ᠳᠤ ᠬᠦᠴᠢᠷ ᠵᠡᠷᠭᠡ ᠠᠰᠠᠭᠤᠳᠠᠯ ᠣᠷᠣᠰᠢᠵᠤ ᠪᠠᠢᠬᠤ᠎ᠶᠢ ᠣᠯᠵᠤ ᠮᠡᠳᠡᠪᠡ᠃ ᠲᠡᠷᠡ᠂ ᠤᠯᠤᠰ᠎ᠡᠴᠡ 《ᠬᠣᠶᠠᠷ ᠰᠢᠨ᠎ᠡ》 ᠲᠠᠢ ᠠᠳᠠᠯᠢᠪᠲᠤᠷ ᠨᠠᠩ ᠣᠯᠠᠨ ᠣᠨᠣᠴᠠᠲᠠᠢ᠎ᠪᠠᠷ ᠰᠢᠭᠤᠳ ᠬᠦᠷᠭᠡᠬᠦ ᠲᠥᠷᠥ᠎ᠶᠢᠨ ᠪᠣᠳᠣᠯᠭ᠎ᠠ ᠲᠣᠭᠲᠠᠭᠠᠵᠤ᠂ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠂ ᠲᠡᠷᠢᠭᠦᠨ᠎ᠦ ᠦᠢᠯᠡᠳᠬᠦ ᠦᠢᠯᠡᠰ᠂ ᠲᠤᠰᠭᠠᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠵᠢᠵᠢᠭ ᠠᠪᠤᠷᠭᠤ ᠠᠵᠤ ᠠᠬᠤᠢᠯᠠᠯ ᠵᠡᠷᠭᠡ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢᠨ ᠴᠢᠭᠯᠡᠯ᠎ᠢ ᠲᠥᠯᠥᠭᠡᠯᠡᠵᠦ ᠪᠠᠢᠭ᠎ᠠ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ ᠳ᠋ᠤ ᠨᠠᠩ ᠣᠯᠠᠨ ᠨᠠᠩ ᠶᠡᠬᠡ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠦᠵᠡᠭᠦᠯᠪᠡᠯ ᠵᠣᠬᠢᠨ᠎ᠠ ᠭᠡᠵᠦ ᠰᠠᠨᠠᠭᠤᠯᠪᠠ᠃
ᠸᠠᠩ ᠵᠧᠨ᠂ ᠣᠳᠣᠬᠠᠨ᠎ᠳᠤ ᠰᠢᠨ᠎ᠡ ᠡᠨᠧᠷᠭᠢ᠎ᠶᠢᠨ ᠠᠵᠤ ᠦᠢᠯᠡᠰ ᠪᠣᠯᠣᠨ ᠵᠣᠬᠢᠶᠠᠮᠠᠯ ᠤᠶᠤᠨ ᠴᠢᠳᠠᠪᠤᠷᠢ᠎ᠶᠢᠨ ᠠᠵᠤ ᠦᠢᠯᠡᠰ ᠨᠢ ᠨᠢᠭᠡ ᠡᠰᠢᠨ ᠡᠴᠡ ᠳᠡᠯᠭᠡᠷᠡᠭᠰᠡᠨ ᠴᠡᠴᠡᠭ ᠮᠡᠲᠦ ᠪᠠᠢᠵᠤ᠂ ᠳᠤᠮᠳᠠᠳᠤ ᠤᠯᠤᠰ᠎ᠤᠨ ᠠᠵᠤ ᠠᠬᠤᠢ᠎ᠶᠢᠨ ᠢᠷᠡᠭᠡᠳᠦᠢ᠎ᠶᠢ ᠭᠦᠨᠵᠡᠭᠡᠢ ᠨᠥᠯᠥᠭᠡᠯᠡᠵᠦ ᠪᠤᠢ᠂ ᠭᠡᠰᠡᠨ ᠴᠸ᠋ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ ᠬᠠᠤᠯᠢ ᠲᠣᠭᠲᠠᠭᠠᠯ ᠪᠠᠰᠠ ᠬᠠᠷᠠᠬᠠᠨ ᠲᠡᠭᠦᠯᠳᠡᠷᠵᠢᠭᠡ ᠦᠭᠡᠢ ᠪᠠᠢᠭᠰᠠᠭᠠᠷ᠃ ᠤᠯᠤᠰ᠎ᠤᠨ ᠲᠠᠯ᠎ᠠ᠎ᠡᠴᠡ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ ᠨᠡᠢᠲᠡᠯᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠳᠦ ᠥᠷᠭᠡᠨ ᠳᠡᠯᠭᠡᠷ ᠬᠡᠷᠡᠭᠯᠡᠭᠡᠨ᠎ᠦ ᠪᠠᠢᠳᠠᠯ᠎ᠢ ᠬᠠᠩᠭᠠᠵᠤ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠪᠡᠯ ᠵᠤᠬᠢᠨ᠎ᠠ; ᠤᠯᠤᠰ᠎ᠤᠨ ᠳᠡᠰ ᠳᠠᠪᠬᠤᠷᠭ᠎ᠠ᠎ᠡᠴᠡ ᠡᠯᠧᠺᠲᠷᠣᠨ ᠬᠤᠳᠠᠯᠳᠤᠭᠠᠨ᠎ᠤ ᠲᠤᠬᠠᠢᠯᠠᠭᠰᠠᠨ ᠠᠵᠢᠯ ᠪᠠ ᠲᠠᠪᠴᠠᠩ᠎ᠳᠠᠬᠢ ᠬᠢᠨᠠᠯᠲᠠ ᠬᠠᠮᠢᠶᠠᠷᠤᠯᠲᠠ ᠬᠢᠨᠠᠨ ᠪᠠᠢᠴᠠᠭᠠᠯᠲᠠ᠎ᠶᠢ ᠴᠢᠩᠭᠠᠳᠬᠠᠵᠤ᠂ ᠣᠯᠠᠨ ᠰᠠᠯᠠᠭ᠎ᠠ ᠮᠥᠴᠢᠷ᠎ᠦᠨ ᠬᠠᠮᠲᠤᠷᠠᠨ ᠬᠠᠮᠵᠢᠯᠴᠠᠬᠤ ᠠᠵᠢᠯᠯᠠᠭ᠎ᠠ᠎ᠶᠢ ᠥᠷᠨᠢᠭᠦᠯᠦᠨ᠂ ᠨᠡᠷᠡᠲᠦ ᠲᠦᠷᠦᠯ ᠲᠡᠮᠲᠡᠭ ᠪᠠ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢ ᠦᠨᠡᠨ ᠬᠦ᠌ ᠰᠠᠢᠲᠤᠷ ᠬᠠᠮᠠᠭᠠᠯᠠᠪᠡᠯ ᠳᠠᠭᠠᠷᠠᠨ᠎ᠠ ᠭᠡᠪᠠ᠃