
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 〈ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠬᠤ〉 ᠲᠤᠬᠠᠶ ᠪᠠᠢᠷᠢᠯᠠᠭᠤᠯᠤᠯᠲᠠ ᠬᠢᠪᠠ᠂ ᠦᠨᠳᠦᠰᠦᠨ ᠱᠠᠲᠤᠨ᠎ᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠮᠠᠰᠢ ᠶᠡᠬᠡ ᠪᠡᠷ ᠤᠷᠮᠠᠰᠢᠨ ᠵᠤᠷᠢᠬᠵᠢᠬᠰᠡᠨ ᠪᠥᠭᠡᠳ ᠬᠠᠷᠢᠭᠤᠴᠠᠯᠭ᠎ᠠ ᠬᠦᠨᠳᠦ ᠪᠠᠢᠬᠤ᠎ᠶ᠋ᠢ ᠭᠦᠨ ᠣᠢᠯᠠᠭᠠᠵᠤ ᠪᠠᠢᠨ᠎ᠠ》 ᠭᠡᠵᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠰᠦ ᠵᠢᠨ ᠦᠢᠯᠡᠰ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠪᠣᠯᠤᠨ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠶᠠᠮᠤᠨ᠎ᠤ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ ᠬᠡᠯᠡᠪᠡ᠃
ᠮᠠᠨ᠎ᠤ ᠤᠯᠤᠰ᠎ᠤᠨ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠡᠷᠬᠢᠨ ᠠᠬᠢᠭᠤᠯᠬᠤ ᠨᠢ ᠰᠦᠨ ᡁᠢ ᠬᠣᠩ᠎ᠤᠨ ᠢᠮᠠᠭ᠍ᠲᠠ ᠪᠣᠳᠣᠯᠬᠢᠯᠠᠵᠤ ᠠᠩᠬᠠᠷᠤᠭ᠍ᠰᠠᠭᠠᠷ ᠢᠷᠡᠭ᠌ᠰᠡᠨ ᠠᠰᠠᠭᠤᠳᠠᠯ ᠪᠣᠯᠤᠨ᠎ᠠ᠃ 《ᠮᠠᠨ᠎ᠤ ᠤᠯᠤᠰ ᠪᠥᠬᠥ᠌ ᠳᠡᠯᠡᠬᠡᠶ᠎ᠶ᠋ᠢᠨ ᠬᠠᠮᠤᠭ᠎ᠤᠨ ᠲᠣᠮᠣ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠤᠨ ᠬᠥᠮᠥᠷᠭᠡ ᠪᠠ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠭᠧᠨ᠎ᠦ ᠪᠦᠯᠦᠭ᠎ᠦᠨ ᠳ᠋ᠠᠢᠲ᠋ᠠ ᠬᠥᠮᠥᠷᠭᠡ᠎ᠶ᠋ᠢ ᠪᠠᠢᠭᠤᠯᠵᠤ᠂ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠰᠤᠳᠤᠯᠭᠠᠨ᠎ᠤ ᠬᠦᠷᠢᠶᠡᠨ᠎ᠳᠦ ᠠᠯᠢ ᠣᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠶ ᠰᠤᠳᠤᠯᠭᠠᠨ᠎ᠤ ᠦᠷ᠎ᠡ ᠪᠦᠲᠦᠭᠡᠯ ᠤᠯᠪᠠ》᠃ ᠰᠦᠨ ᡁᠢ ᠬᠣᠩ᠂ ᠮᠠᠨ᠎ᠤ ᠤᠯᠤᠰ᠎ᠤᠨ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠲᠦ ᠮᠥᠨ ᠬᠦ᠌ ᠮᠠᠰᠢ ᠣᠯᠠᠨ ᠥᠷᠢᠰᠥᠯᠳᠦᠭᠡᠨ ᠲᠤᠯᠭᠠᠷᠠᠵᠤ ᠪᠤᠢ᠂ ᠵᠢᠱ᠌ᠢᠶᠡᠯᠡᠪᠡᠯ ᠱᠢᠯᠢᠳᠡᠭ ᠪᠠᠺᠲ᠋ᠸᠷᠢ ᠵᠢᠨ ᠰᠠᠭᠤᠷᠢ ᠳᠤᠲᠠᠭ᠍ᠳᠠᠬᠤ᠂ ᠡᠳ᠋ᠱᠢᠭᠦᠯᠬᠦ᠌ ᠭᠤᠤᠯᠯᠠᠬᠤ ᠮᠡᠷᠭᠡᠵᠢᠯ ᠬᠣᠴᠣᠷᠤᠩᠭᠤᠶ᠂ ᠳᠡᠭᠡᠳᠦ ᠲᠠᠰ᠎ᠤᠨ ᠴᠢᠳᠠᠪᠤᠷᠢᠲᠠᠨ ᠬᠦᠷᠦᠯᠴᠡᠬᠦ᠌ ᠥᠬᠡᠶ ᠪᠠᠢᠬᠤ ᠵᠡᠷᠭᠡ᠎ᠨᠢ ᠠᠵᠤ ᠦᠶ᠋ᠯᠡᠰ᠎ᠦᠨ ᠤᠯᠠᠮ ᠨᠢᠭᠡ ᠠᠯᠬᠤᠮ ᠬᠥᠭ᠌ᠵᠢᠬᠦ᠌᠎ᠶ᠋ᠢ ᠬᠢᠵᠠᠭᠠᠷᠯᠠᠵᠤ ᠪᠠᠢᠨ᠎ᠠ ᠭᠡᠵᠤ ᠲᠠᠨᠢᠯᠴᠠᠭᠤᠯᠪᠠ᠃
ᠡᠭᠦᠨᠳ᠋ᠤ᠂ ᠰᠦᠨ ᡁᠢ ᠬᠣᠩ᠂ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠦᠷ᠎ᠡ ᠡᠳ᠋᠎ᠦᠨ ᠡᠬᠢ ᠪᠠᠶᠠᠯᠢᠭ᠎ᠢ ᠴᠤᠭ᠍ᠯᠠᠭᠤᠯᠤᠨ ᠬᠠᠮᠠᠭᠠᠯᠠᠬᠤ ᠠᠵᠢᠯ᠎ᠢ ᠴᠢᠩᠭᠠᠳᠭᠠᠵᠤ᠂ ᠣᠯᠠᠨ ᠲᠠᠰ ᠳᠠᠪᠬᠤᠷᠭ᠎ᠠ᠎ᠶ᠋ᠢᠨ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠡᠬᠢ ᠪᠠᠶᠠᠯᠢᠭ᠎ᠢ ᠴᠤᠭ᠍ᠯᠠᠭᠤᠯᠬᠤ ᠲᠤᠤᠷ ᠢ᠋ ᠪᠠᠢᠭᠤᠯᠤᠨ᠂ ᠪᠠᠺᠲ᠋ᠧᠷᠢ᠎ᠶ᠋ᠢᠨ ᠦᠷ᠎ᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠤᠯᠠᠮ ᠨᠢᠭᠡ ᠠᠯᠬᠤᠮ ᠪᠡᠬᠢᠵᠢᠭᠦᠯᠵᠦ᠍᠂ ᠠᠵᠤ ᠦᠶ᠋ᠯᠡᠰ᠎ᠦᠨ ᠭᠤᠤᠯᠯᠠᠬᠤ ᠦᠷ᠎ᠡ ᠡᠳ᠋᠎ᠦᠨ ᠡᠬᠢ ᠪᠠᠶᠠᠯᠢᠭ᠎ᠢ ᠦᠷᠭᠦᠯᠵᠢᠯᠡᠨ ᠬᠠᠩᠭᠠᠬᠤ ᠬᠡᠷᠡᠭ᠌ᠲᠡᠶ᠃ ᠰᠠᠭᠤᠷᠢ ᠰᠤᠳᠤᠯᠤᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠰᠦ ᠵᠢᠨ ᠬᠦᠴᠢᠯ᠎ᠦᠨ ᠪᠠᠺᠲ᠋ᠧᠷᠢ᠎ᠶ᠋ᠢ ᠱᠢᠭ᠌ᠰᠢᠨ ᠰᠣᠩᠭᠣᠬᠤ ᠪᠠ ᠦᠨᠡᠯᠡᠬᠦ᠌ ᠣᠯᠠᠨ ᠴᠢᠳᠠᠮᠵᠢ᠎ᠲᠠᠶ᠂ ᠳᠡᠭᠡᠳᠦ ᠬᠡᠮᠵᠢᠶ᠎ᠡ᠎ᠪᠡᠷ ᠨᠡᠪᠲᠡᠷᠡᠬᠦ᠌ ᠲᠠᠪᠴᠠᠩ᠎ᠢ ᠪᠠᠢᠭᠤᠯᠵᠤ᠂ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠱᠢᠨ᠎ᠡ ᠬᠡᠷᠡᠭ᠌ᠯᠡᠭᠡᠨ᠎ᠦ ᠪᠠᠢᠳᠠᠯ᠎ᠢ ᠰᠦᠪᠡᠭ᠌ᠴᠢᠯᠡᠬᠦ᠌ ᠪᠠ ᠨᠡᠭᠡᠭᠡᠬᠦ᠌᠎ᠶ᠋ᠢ ᠦᠷᠭᠦᠯᠵᠢᠯᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠬᠥᠲᠥᠯᠥᠨ ᠳᠠᠭᠠᠭᠤᠯᠬᠤ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠬᠦ ᠭᠡᠷᠡᠭᠳᠠᠢ᠃ ᠵᠠᠩᠭᠢᠯᠠᠭ᠎ᠠ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠰᠦ ᠵᠢᠨ ᠬᠦᠴᠢᠯ᠎ᠦᠨ ᠪᠠᠺᠲ᠋ᠧᠷᠢ ᠨᠠᠢᠷᠠᠬᠤ ᠡᠮ᠎ᠦᠨ ᠢᠳᠡᠪᠬᠢ ᠴᠢᠨᠠᠷ ᠳᠤᠤᠷ᠎ᠠ᠂ ᠲᠣᠭ᠍ᠲᠠᠪᠤᠷᠢᠲᠤ ᠴᠢᠨᠠᠷ ᠠᠨᠠᠶ᠂ ᠥᠪᠡᠷ᠎ᠦᠨ ᠥᠷᠲᠡᠭ ᠥᠨᠳᠥᠷ ᠵᠡᠷᠭᠡ ᠡᠳ᠋ᠱᠢᠭᠦᠯᠬᠦ᠌ ᠮᠡᠷᠭᠡᠵᠢᠯ᠎ᠦᠨ ᠪᠣᠭᠣᠮᠢ᠎ᠶ᠋ᠢ ᠱᠢᠪᠲᠤᠯᠤᠨ᠂ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠳᠠᠪᠠᠭᠤᠯᠢᠭ᠎ᠢ ᠪᠣᠶ ᠪᠣᠯᠭᠠᠵᠤ᠂ ᠠᠵᠤ ᠦᠶ᠋ᠯᠡᠰ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠳᠠᠢᠴᠢᠯᠠᠬᠤ ᠭᠡᠷᠡᠭᠳᠠᠢ᠃ ᠤᠯᠤᠰ᠎ᠤᠨ 《ᠬᠤᠤᠰ ᠲᠡᠷᠢᠭᠦᠨ ᠲᠠᠰ》 ᠤ᠋ᠨ ᠱᠢᠨᠵᠢᠯᠡᠭᠡᠨ᠎ᠦ ᠰᠠᠯᠠᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠤᠨ᠂ 《ᠦᠶ᠋ᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠯᠲᠡ》 ᠵᠢᠨ ᠴᠢᠳᠠᠪᠤᠷᠢᠲᠠᠨ᠎ᠢ ᠬᠥᠮᠦᠵᠢᠭᠦᠯᠬᠦ᠌ ᠲᠣᠭ᠍ᠲᠠᠴᠠ᠎ᠵᠢᠨ ᠱᠢᠨ᠎ᠡ᠎ᠶ᠋ᠢ ᠡᠭᠦᠳᠴᠦ᠍᠂ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠥᠨᠳᠥᠷᠯᠢᠭ ᠢ᠋ ᠪᠣᠶ ᠪᠣᠯᠭᠠᠨ᠂ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠳᠦ ᠬᠦᠴᠦᠲᠡᠶ ᠣᠶᠤᠨ᠎ᠤ ᠲᠤᠯᠭᠠᠭᠤᠷᠢᠯᠠᠯ ᠬᠠᠩᠭᠠᠪᠡᠯ ᠵᠤᠬᠢᠨ᠎ᠠ ᠭᠡᠪᠠ᠃
《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳᠠᠭᠠᠭᠤᠯᠭ᠎ᠠ ᠳᠤᠤᠷ᠎ᠠ᠂ ᠮᠠᠨ᠎ᠤ ᠤᠯᠤᠰ᠎ᠤᠨ ᠰᠦ ᠵᠢᠨ ᠬᠦᠴᠢᠯ᠎ᠦᠨ ᠪᠠᠺᠲ᠋ᠧᠷᠢ᠎ᠶ᠋ᠢᠨ ᠠᠵᠤ ᠦᠶ᠋ᠯᠡᠰ ᠯᠠᠪᠲᠠᠶ ᠱᠢᠨ᠎ᠡ ᠳᠡᠭ᠌ᠲᠡᠷ᠎ᠲᠦ ᠭᠠᠷᠴᠤ᠌᠂ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠠ ᠠᠷᠠᠳ ᠲᠦᠮᠡᠨ᠎ᠦ ᠡᠷᠡᠭᠦᠯ ᠮᠡᠨᠳᠦ ᠶᠢ ᠬᠠᠮᠠᠭᠠᠯᠠᠬᠤ ᠠᠵᠠ ᠵᠢᠷᠭᠠᠯ᠎ᠢ ᠨᠡᠮᠡᠭ᠌ᠳᠡᠭᠦᠯᠬᠦ᠌᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌᠎ᠶ᠋ᠢ ᠪᠢ ᠪᠠᠲᠤ ᠢᠲᠡᠭᠡᠵᠦ᠍ ᠪᠠᠢᠨ᠎ᠠ》 ᠭᠡᠵᠤ ᠰᠦᠨ ᡁᠢ ᠬᠣᠩ ᠢᠲᠡᠭᠡᠯ ᠲᠦᠬᠦᠷᠡᠩ ᠬᠡᠯᠡᠵᠦ ᠪᠠᠢᠯ᠎ᠠ᠃