3 ᠰᠠᠷ᠎ᠠ ᠡᠴᠡ ᠨᠠᠰᠢ ᠤᠯᠠᠭᠠᠨᠴᠠᠪ᠎ᠤᠨ ᠮᠠᠯ ᠠᠵᠤ ᠠᠬᠤᠶ᠎ᠲᠠᠷᠢᠶᠠᠯᠠᠩ᠎ᠤᠨ ᠹᠷᠤᠨᠲ ᠡᠴᠡ ᠪᠠᠶᠠᠷ᠎ᠤᠨ ᠴᠢᠮᠡᠭᠡ ᠵᠠᠯᠭᠠᠭ᠎ᠠ ᠪᠡᠷ ᠲᠤᠭᠤᠯᠳᠠᠨ᠎ᠠ᠄《ᠢᠳᠡᠭᠡᠨ᠎ᠦ ᠡᠲᠡᠭᠡᠳ᠎ᠦᠨ ᠨᠣᠪᠧᠯ》 ᠬᠡᠮᠡᠭ᠌ᠳᠡᠭ᠌ᠰᠡᠨ 《2025 ᠣᠨ᠎ᠤ iSEE ᠪᠥᠬᠥ᠌ ᠪᠥᠮᠪᠥᠷᠴᠡᠭ᠎ᠦᠨ ᠱᠠᠩᠨᠠᠯ》 ᠤ᠋ᠨ ᠱᠢᠯᠭᠠᠷᠠᠭᠤᠯᠤᠯᠲᠠ᠎ᠳᠤ ᠯᠠᠨ ᠭᠡ ᠭᠡ ᠲᠠᠯ᠎ᠠ ᠨᠤᠲᠤᠭ᠎ᠤᠨ ᠡᠭᠡᠳᠡᠭ᠌ᠰᠡᠨ ᠰᠦ ᠶ᠋ᠢᠨ ᠲᠦᠷᠦᠯ ᠲᠡᠮᠳᠡᠭ᠎ᠤᠨ ᠳᠤᠤᠷᠠᠬᠢ 《ᠬᠡᠭᠡᠷ᠎ᠡ᠎ᠶ᠋ᠢᠨ ᠨᠠᠷᠰᠤ ᠲᠠᠢ ᠲᠠᠯ᠎ᠠ ᠨᠤᠲᠤᠭ᠎ᠤᠨ ᠡᠭᠡᠳᠡᠭ᠌ᠰᠡᠨ ᠰᠦ》 ᠪᠥᠬᠥ᠌ ᠪᠥᠮᠪᠥᠷᠴᠡᠭ᠎ᠦᠨ ᠠᠮᠲᠠᠲᠤ ᠢᠳᠡᠭᠡᠨ᠎ᠦ ᠱᠠᠩᠨᠠᠯ᠎ᠢ ᠭᠥᠷᠳᠡᠪᠡ; ᠴᠧᠩᠳᠦ᠋ ᠳ᠋ᠤ ᠪᠤᠯᠤᠭᠰᠠᠨ 112 ᠳ᠋ᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠱᠢᠬᠢᠷ ᠠᠷᠢᠬᠢ ᠵᠢᠨ ᠴᠤᠭ᠍ᠯᠠᠭᠠᠨ ᠳᠡᠭᠡᠷ᠎ᠡ ᠮᠤᠨᠢ ᠠᠭᠤᠯᠠ᠎ᠶ᠋ᠢᠨ ᠰᠢᠯᠢᠳᠡᠭ ᠨᠤᠬᠠᠢ ᠵᠢᠨ ᠬᠤᠰᠢᠭᠤ ᠨᠢ 《ᠳᠤᠤᠷ᠎ᠠ GI ᠢᠳᠡᠭᠡᠨ᠎ᠦ ᠭᠡᠷᠡᠴᠢᠯᠡᠯ》 ᠢ᠋ ᠣᠯᠤᠭ᠍ᠰᠠᠨ ᠪᠠᠢᠨ᠎ᠠ᠃
ᠡᠭᠦᠨ᠎ᠦ ᠬᠠᠮᠲᠤ᠂ ᠠᠩᠭᠸᠰ ᠦᠭᠡᠷ᠎ᠤᠨ ᠦᠭᠡᠬᠦ ᠠᠯᠠᠭᠯᠠᠭᠰᠠᠨ ᠬᠠᠷ᠎ᠠ ᠮᠢᠬ᠎ᠠ᠂ ᠯᠢᠦᠶ ᠺᠠᠩ ᠶᠤᠸᠠᠨ ᠣᠷᠭᠠᠨᠢᠭ ᠢᠳᠡᠱᠢᠨ ᠨᠣᠭᠣᠭ᠎ᠠ᠂ ᠱᠤ᠌ ᠳ᠋ᠦ᠋ ᠺᠠᠶ ᠳ᠋ᠠ ᠲᠥᠮᠥᠰᠥᠨ ᠬᠡᠷᠴᠢᠮᠡᠯ ᠵᠡᠷᠭᠡ᠎ᠪᠡᠷ ᠲᠥᠯᠥᠭᠡᠯᠡᠭᠦᠯᠦᠭ᠌ᠰᠡᠨ ᠤᠯᠠᠭᠠᠨᠴᠠᠪ᠎ᠤᠨ ᠦᠬᠡᠷ᠎ᠦᠨ ᠮᠢᠬ᠎ᠠ᠂ ᠤᠯᠠᠭᠠᠨᠴᠠᠪ᠎ᠤᠨ ᠬᠦᠶ᠋ᠲᠡᠨ ᠰᠡᠷᠢᠭᠦᠨ ᠢᠳᠡᠱᠢᠨ ᠨᠣᠭᠣᠭ᠎ᠠ᠂ ᠤᠯᠠᠭᠠᠨᠴᠠᠪ᠎ᠤᠨ ᠲᠥᠮᠥᠰᠥ᠍ ᠁ ᠡᠲᠡᠭᠡᠷ 《ᠤᠯᠠᠭᠠᠨᠴᠠᠪ᠎ᠤᠨ ᠦᠨᠦᠷ ᠠᠮᠳᠠ》 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭᠯᠡᠭᠡᠨ᠎ᠤ ᠲᠦᠷᠦᠯ ᠲᠡᠮᠳᠡᠭ᠎ᠦᠨ ᠳᠤᠤᠷᠠᠬᠢ ᠬᠤᠪᠢᠶᠠᠷᠢ ᠲᠦᠷᠦᠯ ᠲᠡᠮᠳᠡᠭᠳᠤ ᠪᠦᠳᠦᠭᠡᠭᠳᠡᠬᠦᠨ᠎ᠦ ᠵᠠᠬ᠎ᠠ ᠳᠡᠯᠭᠡᠭᠦᠷ᠎ᠤᠨ ᠢᠯᠡᠷᠡᠯ ᠨᠢ ᠴᠥᠮ ᠨᠡᠯᠢᠶᠡᠳ ᠰᠠᠢᠨ ᠪᠠᠢᠨ᠎ᠠ᠃
ᠤᠯᠠᠭᠠᠨᠴᠠᠪ ᠬᠣᠲᠠ ᠥᠪᠡᠷᠮᠢᠴᠡ ᠪᠠᠢᠭᠠᠯᠢ᠎ᠶ᠋ᠢᠨ ᠣᠷᠴᠢᠨ ᠲᠣᠭᠣᠷᠢᠨ᠂ ᠬᠥᠪᠡᠭᠡ ᠬᠢᠵᠠᠭᠠᠷ ᠥᠬᠡᠶ ᠥᠷᠭᠡᠨ ᠠᠭᠤᠳᠠᠮ ᠲᠠᠯ᠎ᠠ ᠨᠤᠲᠤᠭ᠂ ᠠᠷᠢᠭᠤᠨ ᠴᠡᠪᠡᠷ ᠤᠰᠤᠨ ᠰᠤᠷᠪᠤᠯᠵᠢ᠂ ᠭᠦᠢᠴᠡᠳ ᠨᠡᠷᠡᠨ᠎ᠦ ᠲᠤᠰᠤᠯᠲᠠ ᠵᠢᠴᠢ ᠥᠩ ᠱᠢᠮᠡᠯᠢᠭ ᠬᠥᠷᠥᠰᠥ᠍ ᠱᠢᠷᠣᠶ᠎ᠲᠠᠶ ᠪᠠᠢᠵᠤ᠂ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ᠎ᠳᠦ ᠲᠤᠢᠯ᠎ᠤᠨ ᠰᠠᠢᠨ ᠨᠥᠬᠥᠴᠡᠯ ᠬᠠᠩᠭᠠᠪᠠ᠃
ᠣᠢᠷ᠎ᠠ᠎ᠶ᠋ᠢᠨ ᠵᠢᠯ᠎ᠳᠦ᠂ ᠲᠣᠰ ᠬᠣᠲᠠ᠎ᠶ᠋ᠢᠨ ᠬᠢᠨ 《ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ》 ᠬᠠᠷᠠᠯᠲᠠ ᠪᠠᠢᠷᠢ ᠲᠣᠭ᠍ᠲᠠᠭᠠᠯᠲᠠ᠎ᠶ᠋ᠢ ᠲᠣᠭ᠍ᠲᠠᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠪᠠᠷ ᠤᠳᠤᠷᠢᠳᠤᠮᠵᠢ ᠪᠣᠯᠭᠠᠵᠤ᠂《ᠲᠥᠷᠥᠯ ᠵᠦᠶ᠋ᠯ᠎ᠢ ᠱᠢᠯᠢᠳᠡᠭ᠌ᠵᠢᠭᠦᠯᠬᠦ᠌᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠲᠦᠷᠦᠯ ᠲᠡᠮᠳᠡᠭ᠌᠎ᠢ ᠪᠣᠢᠵᠢᠭᠤᠯᠬᠤ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ 《ᠳᠠᠷᠢᠬᠤ ᠲᠡᠵᠢᠭᠡᠬᠦ᠌᠎ᠶ᠋ᠢ ᠤᠶᠠᠯᠳᠤᠭᠤᠯᠬᠤ᠂ ᠲᠡᠵᠢᠭᠡᠬᠦ᠌᠎ᠶ᠋ᠢᠨ ᠲᠥᠯᠥᠭᠡ ᠳᠠᠷᠢᠬᠤ᠂ ᠬᠠᠱᠢᠶᠠᠯᠠᠨ ᠲᠡᠵᠢᠭᠡᠵᠦ᠍ ᠨᠠᠷᠢᠯᠢᠭ ᠠᠷᠠᠴᠢᠯᠠᠬᠤ᠂ ᠶᠠᠰᠤ ᠴᠢᠨᠠᠷ᠎ᠢᠶᠠᠷ ᠦᠷ᠎ᠡ ᠪᠦᠲᠦᠮᠵᠢ ᠵᠢ ᠲᠡᠭᠡᠭᠰᠢᠯᠡᠭᠦᠯᠬᠦ》 ᠬᠥᠭ᠌ᠵᠢᠯᠲᠡ᠎ᠶ᠋ᠢᠨ ᠰᠡᠳᠭᠢᠴᠠ᠎ᠶ᠋ᠢ ᠪᠠᠷᠢᠮᠲᠠᠯᠠᠵᠤ᠂ 《ᠨᠤᠬᠠᠢ ᠵᠢᠨ ᠬᠤᠰᠢᠭᠤ ᠤᠷᠭᠠᠨᠢᠭ ᠢᠳᠡᠱᠢᠨ ᠨᠣᠭᠣᠭ᠎ᠠ ᠲᠥᠮᠥᠰᠥ᠍᠂ ᠦᠬᠡᠷ᠎ᠤᠨ ᠮᠢᠬ᠎ᠠ ᠬᠣᠨᠢᠨ ᠮᠢᠬ᠎ᠠ ᠰᠦ》 ᠶ᠋ᠢᠨ ᠠᠵᠤ ᠦᠶ᠋ᠯᠡᠰ᠎ᠢ ᠱᠢᠯᠢᠳᠡᠭ᠌ᠵᠢᠭᠦᠯᠦᠨ᠂ 《ᠨᠣᠬᠠᠶ᠎ᠶ᠋ᠢᠨ ᠬᠣᠱᠢᠭᠤ᠎ᠶ᠋ᠢᠨ ᠠᠵᠤ ᠦᠶ᠋ᠯᠡᠰ᠎ᠦᠨ ᠬᠡᠮᠵᠢᠶ᠎ᠡ᠎ᠶ᠋ᠢ ᠨᠡᠮᠡᠭ᠌ᠳᠡᠭᠦᠯᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠴᠡᠪᠡᠷ ᠤᠷᠭᠠᠨᠢᠭ ᠢᠳᠡᠰᠢᠨ ᠨᠣᠭᠣᠭ᠎ᠠ᠎ᠶ᠋ᠢ ᠪᠡᠭᠡᠵᠢᠩ᠎ᠳᠦ ᠣᠷᠣᠭᠤᠯᠬᠤ᠂ ᠲᠥᠮᠥᠰᠥ᠎ᠶ᠋ᠢᠨ ᠠᠵᠤ ᠦᠶ᠋ᠯᠡᠰ᠎ᠦᠨ ᠦᠷ᠎ᠡ ᠠᠱᠢᠭ᠎ᠢ ᠳᠡᠭᠡᠭ᠌ᠰᠢᠯᠡᠭᠦᠯᠦᠨ ᠨᠠᠮᠠᠯᠳᠠ ᠥᠷᠲᠡᠭ᠎ᠢ ᠨᠡᠮᠡᠭᠳᠡᠭᠦᠯᠬᠦ᠂ ᠮᠢᠬᠠᠨ ᠤ᠋ ᠦᠬᠡᠷ ᠤ᠋ᠨ ᠰᠦᠷᠦᠭ ᠢ᠋ ᠦᠷᠭᠡᠳᠭᠡᠨ ᠲᠠᠬᠢᠨ ᠵᠢᠡᠷ ᠨᠡᠮᠡᠭᠳᠡᠭᠦᠯᠬᠦ᠂ ᠮᠢᠬᠠᠨ ᠤ᠋ ᠬᠤᠨᠢᠨ᠎ᠤ ᠡᠭᠦᠯᠳᠡᠷ ᠢ᠋ ᠰᠠᠢᠵᠢᠷᠠᠭᠤᠯᠤᠨ ᠶᠠᠰᠤ ᠴᠢᠨᠠᠷ ᠢ᠋ ᠲᠡᠭᠡᠭᠰᠢᠯᠡᠭᠦᠯᠬᠦ᠂ ᠰᠦ ᠵᠢᠨ ᠦᠢᠯᠡᠰ ᠢ᠋ ᠬᠦᠭᠵᠢᠭᠦᠯᠦᠨ ᠮᠡᠨᠳᠤᠭᠤᠯᠬᠤ》 ᠵᠢᠷᠭᠤᠭᠠᠨ ᠶᠡᠬᠡ ᠠᠵᠢᠯᠯᠠᠭ᠎ᠠ ᠵᠢ ᠭᠦᠨᠵᠡᠭᠡᠢ ᠠᠬᠢᠭᠤᠯᠤᠭᠰᠠᠨ ᠵᠢᠡᠷ ᠮᠠᠯ ᠠᠵᠤ ᠠᠬᠤᠢ ᠲᠠᠷᠢᠶᠠᠯᠠᠩ ᠬᠦᠭᠵᠢᠯᠳᠡ ᠵᠢᠨ ᠦᠷᠨᠢᠬᠦᠨ ᠪᠠᠢᠳᠠᠯ ᠢᠯᠡᠷᠡᠪᠡ᠃
ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠯᠣᠣ ᠴᠢᠤᠸᠠᠨ ᠭᠸᠦ ᠱᠢᠶᠠᠩ᠎ᠳᠤ ᠪᠠᠢᠷᠢᠯᠠᠭ᠎ᠠ ᠥᠪᠥᠷ ᠮᠣᠩᠭᠣᠯ᠎ᠤᠨ ᠵᠢᠩ ᠰᠢ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠲᠡᠵᠢᠭᠡᠨ ᠦᠷᠡᠵᠢᠭᠦᠯᠬᠦ᠌ ᠲᠠᠯᠠᠪᠠᠢ ᠳ᠋ᠦ ᠶᠠᠭᠠᠷᠠᠯᠲᠠᠢ ᠪᠠᠢᠳᠠᠯ ᠢᠯᠡᠷᠡᠵᠦ᠂ ᠡᠪᠡᠰᠦ ᠪᠣᠷᠳᠣᠭ᠎ᠠ ᠵᠥᠭᠡᠭᠡᠪᠦᠷᠢᠯᠡᠬᠦ᠌ ᠲᠤᠮᠤ ᠠᠴᠢᠶᠠᠨ᠎ᠤ ᠲᠡᠷᠭᠡ᠂ ᠤᠳᠭᠤᠭᠤᠷ ᠲᠡᠷᠭᠡ ᠰᠦᠯᠵᠢᠯᠳᠦᠵᠦ᠍᠂ ᠦᠬᠡᠷ᠎ᠦᠨ ᠬᠤᠷᠤᠭ᠎ᠠ ᠳ᠋ᠦ ᠲᠠᠷᠭᠤ ᠰᠠᠢᠳᠠᠢ ᠬᠠᠷ᠎ᠠ ᠠᠩᠭᠧᠰ ᠦᠬᠡᠷ ᠤ᠋ᠳ ᠲᠠᠭᠠᠳᠠᠢ ᠰᠡᠯᠡᠭᠦᠦ ᠢᠳᠡᠰᠢᠯᠡᠨ᠎ᠡ᠃
《ᠣᠳᠣᠬᠠᠨ᠎ᠳᠤ ᠮᠠᠨ᠎ᠤ ᠲᠡᠵᠢᠭᠡᠨ ᠦᠷᠡᠵᠢᠭᠦᠯᠬᠦ᠌ ᠲᠠᠯᠠᠪᠠᠶ᠎ᠳᠤ ᠰᠠᠭᠤᠷᠢ ᠠᠩᠭᠧᠰ ᠮᠢᠬᠠᠨ ᠤ᠋ ᠦᠬᠡᠷ 11000 ᠪᠤᠢ᠂ ᠵᠢᠯ ᠪᠦᠷᠢ 20000 — 30000 ᠦᠭᠡᠷ ᠨᠢᠳᠤᠯᠵᠤ᠂ 100 ᠭᠠᠷᠤᠶ ᠵᠦᠶ᠋ᠯ᠎ᠦᠨ ᠪᠦᠲᠦᠭᠡᠭ᠌ᠳᠡᠬᠦᠨ ᠪᠤᠯᠭᠠᠨ ᠡᠳ᠋ᠰᠢᠭᠦᠯᠵᠦ ᠪᠥᠬᠥ᠌ ᠤᠯᠤᠰ᠎ᠤᠨ ᠡᠯ᠎ᠡ ᠭᠠᠵᠠᠷ᠎ᠲᠤ ᠪᠣᠷᠣᠯᠠᠭᠤᠯᠵᠤ ᠪᠠᠢᠨ᠎ᠠ》 ᠭᠡᠵᠦ ᠲᠤᠰ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠱᠢᠤᠸᠠᠢ ᠱᠢᠨ ᠼᠦᠢ ᠲᠠᠨᠢᠯᠴᠠᠭᠤᠯᠪᠠ᠃
ᠠᠳᠠᠯᠢᠬᠠᠨ᠎ᠢᠶᠠᠷ᠂ ᠹᠸᠩᠵᠸᠨ ᠬᠤᠳᠠ᠎ᠶ᠋ᠢᠨ ᠵᠢᠤᠢ ᠪᠦᠦ ᠵᠤᠸᠠᠩ ᠪᠠᠯᠭᠠᠰᠤ᠎ᠶ᠋ᠢᠨ ᠯᠢᠦᠢ ᠺᠠᠩ ᠶᠤᠸᠠᠨ ᠠᠮᠢ ᠠᠬᠤᠢ᠎ᠶ᠋ᠢᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠲᠦᠬᠦᠭᠡᠷᠤᠮᠵᠢᠳᠤ ᠲᠠᠷᠢᠶᠠᠯᠠᠩ᠎ᠤᠨ ᠲᠣᠭᠣᠷᠢᠭ᠎ᠲᠤ ᠮᠥᠷ ᠮᠥᠷ ᠬᠦᠯᠡᠮᠵᠢ ᠵᠢᠭ᠌ᠳᠡᠷᠡᠨ᠂ ᠢᠳᠡᠱᠢᠨ ᠨᠣᠭᠣᠭ᠎ᠠ᠎ᠶ᠋ᠢᠨ ᠤᠷᠭᠤᠴᠠ ᠬᠥᠮᠦᠰ᠎ᠢ ᠪᠠᠶᠠᠰᠭᠠᠨ᠎ᠠ᠃
ᠲᠤᠰ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠮᠧᠢ ᠯᠠᠨ᠄ 《ᠮᠠᠨ᠎ᠤ ᠺᠣᠮᠫᠠᠨᠢ ᠣᠳᠣᠬᠠᠨ᠎ᠳᠤ ᠡᠯ᠎ᠠ ᠲᠦᠷᠦᠯ᠎ᠤᠨ 201 ᠬᠦᠯᠡᠮᠵᠢ ᠲᠠᠢ᠂ ᠦᠢᠯᠡᠳᠪᠦᠷᠢᠯᠡᠭ᠌ᠰᠡᠨ ᠣᠷᠭᠠᠨᠢᠭ ᠢᠳᠡᠱᠢᠨ ᠨᠣᠭᠣᠭ᠎ᠠ᠎ᠶ᠋ᠢᠨ ᠲᠦᠷᠦᠯ ᠵᠦᠢᠯ 80 ᠭᠠᠷᠤᠢ ᠪᠠᠢᠵᠤ᠂ ᠭᠣᠣᠯ ᠪᠣᠯᠬᠤ ᠪᠦᠲᠦᠭᠡᠭ᠌ᠳᠡᠬᠦᠨ ᠨᠢ 8 ᠵᠢᠯ ᠳᠠᠷᠠᠭᠠᠯᠠᠨ ᠤᠯᠤᠰ᠎ᠤᠨ ᠣᠷᠭᠠᠨᠢᠭ ᠢᠳᠡᠭᠡᠨ᠎ᠤ ᠭᠡᠷᠡᠴᠢᠯᠡᠯ᠎ᠢ ᠣᠯᠵᠠᠢ᠃ ᠪᠢᠳᠡ 〈ᠪᠦᠳᠦᠭᠡᠭᠳᠡᠭᠦᠨ᠎ᠢᠶᠡᠨ ᠭᠡᠰᠢᠭᠦᠳ ᠲᠤ᠌ ᠱᠢᠭᠤᠳ ᠬᠠᠩᠭᠠᠬᠤ ᠳᠦᠷᠢᠮ〉ᠵᠢᠡᠷ ᠢᠳᠡᠱᠢᠨ ᠨᠣᠭᠣᠭ᠎ᠠ ᠪᠠᠨ ᠪᠣᠷᠣᠯᠠᠭᠤᠯᠵᠤ᠂ ᠠᠷᠪᠠᠨ ᠬᠡᠳᠦᠨ ᠵᠢᠯ᠎ᠦᠨ ᠬᠥᠭ᠌ᠵᠢᠯᠲᠡ᠎ᠪᠡᠷ ᠳᠠᠮᠵᠢᠨ᠂ ᠣᠳᠣᠬᠠᠨ᠎ᠳᠤ 4000 ᠭᠠᠷᠤᠶ ᠭᠡᠱᠢᠭᠦᠨ᠎ᠲᠡᠶ ᠪᠣᠯᠵᠤ᠂ ᠪᠦᠳᠦᠭᠡᠭᠳᠡᠭᠦᠨ᠎ᠢ ᠾᠸᠪᠸᠢ᠂ ᠱᠠᠨ ᠰᠢ᠂ ᠪᠡᠭᠡᠵᠢᠩ ᠵᠡᠷᠭᠡ ᠭᠠᠵᠠᠷ᠎ᠤᠨ 60 ᠭᠠᠷᠤᠶ ᠬᠣᠲᠠ᠎ᠳᠤ ᠪᠣᠷᠣᠯᠠᠭᠤᠯᠵᠤ᠂ ᠵᠢᠯ᠎ᠳᠦ 100 ᠭᠠᠷᠤᠶ ᠲᠦᠮᠡᠨ ᠵᠢᠩ ᠣᠷᠭᠠᠨᠢᠭ ᠢᠳᠡᠱᠢᠨ ᠨᠣᠭᠣᠭ᠎ᠠ ᠬᠠᠩᠭᠠᠵᠤ ᠪᠠᠢᠨ᠎ᠠ》 ᠭᠡᠵᠦ ᠬᠡᠯᠡᠪᠡ᠃
《ᠵᠢᠷᠭᠤᠭᠠᠨ ᠶᠡᠬᠡ ᠠᠵᠢᠯᠯᠠᠭ᠎ᠠ》 ᠨᠢ 《ᠵᠢᠷᠭᠤᠭᠠᠨ ᠶᠡᠬᠡ ᠠᠵᠤ ᠦᠢᠯᠡᠰ》 ᠤ᠋ᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠪᠡ᠃ ᠨᠣᠬᠠᠶ᠎ᠵᠢᠨ ᠬᠣᠱᠢᠭᠤ᠎ᠶ᠋ᠢᠨ ᠠᠵᠤ ᠦᠶ᠋ᠯᠡᠰ᠎ᠦᠨ ᠲᠠᠯ᠎ᠠ᠎ᠪᠠᠷ᠂ ᠲᠣᠰ ᠬᠣᠲᠠ 《ᠱᠢᠵᠢᠷ ᠠᠯᠲᠠᠨ ᠤᠷᠭᠤᠯᠲᠠ᠎ᠶ᠋ᠢᠨ ᠪᠦᠰᠡ》᠎ᠶ᠋ᠢᠨ ᠪᠠᠢᠭᠠᠯᠢ᠎ᠶ᠋ᠢᠨ ᠳᠠᠪᠠᠭᠤᠯᠢᠭ᠎ᠲᠤ ᠲᠦᠱᠢᠭ᠌ᠯᠡᠨ᠂ ᠵᠠᠭᠤᠨ ᠲᠦᠮᠡᠨ ᠮᠥ᠍ ᠵᠢᠨ ᠴᠢᠨᠠᠷ ᠰᠠᠢᠲᠠᠶ ᠨᠣᠬᠠᠶᠵᠢᠨᠬᠣᠱᠢᠭᠤᠶ᠋ᠢᠨ ᠦᠶ᠋ᠯᠡᠳᠪᠦᠷᠢᠯᠡᠯ᠎ᠦᠨ ᠰᠠᠭᠤᠷᠢᠨ᠎ᠢ ᠪᠠᠢᠭᠤᠯᠵᠤ᠂ 143 ᠲᠦᠮᠡᠨ ᠮᠥ᠍ ᠲᠠᠷᠢᠮᠠᠯ᠎ᠤᠨ ᠲᠠᠯᠠᠪᠠᠶ᠎ᠪᠡᠷ ᠵᠢᠡᠨ ᠪᠥᠬᠥ᠌ ᠤᠯᠤᠰ ᠲᠸ᠋ ᠲᠠᠳ᠋ᠯᠠᠵᠤ᠂ ᠪᠥᠬᠥ᠌ ᠣᠷᠣᠨ᠎ᠳᠤ ᠲᠦᠷᠦᠭᠦᠯᠡᠵᠦ᠂ 《ᠤᠯᠠᠭᠠᠨᠴᠠᠪ᠎ᠤᠨ ᠨᠣᠬᠠᠶ᠎ᠵᠢᠨ ᠬᠣᠱᠢᠭᠤ》᠎ᠨᠢ 2024 ᠣᠨ᠎ᠤ ᠲᠠᠷᠢᠶᠠᠯᠠᠩ᠎ᠤᠨ ᠲᠦᠷᠦᠯ ᠲᠡᠮᠳᠡᠭ᠎ᠦᠨ ᠰᠣᠳᠣᠨ ᠲᠠᠸᠠᠷ ᠪᠣᠢᠵᠢᠭᠤᠯᠬᠤ ᠲᠥᠯᠥᠪᠯᠡᠭᠡ᠎ᠳᠦ ᠰᠣᠩᠭᠣᠭ᠍ᠳᠠᠪᠠ; 11 ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠠᠵᠤ ᠠᠬᠤᠢᠯᠠᠯ᠂ 13 ᠲᠦᠮᠡᠨ ᠲᠣᠨ ᠪᠣᠯᠪᠠᠰᠤᠷᠠᠭᠤᠯᠬᠤ ᠴᠢᠳᠠᠪᠤᠷᠢ᠎ᠲᠠᠶ ᠪᠤᠯᠵᠤ᠂ ᠠᠯᠬᠤᠮ ᠠᠯᠬᠤᠮ᠎ᠢᠶᠠᠷ ᠤᠮᠠᠷᠠᠲᠤ ᠣᠷᠣᠨ᠎ᠤ ᠬᠠᠮᠤᠭ᠎ᠤᠨ ᠲᠣᠮᠣ ᠨᠣᠬᠠᠶ᠎ᠵᠢᠨ ᠬᠣᠱᠢᠭᠤ᠎ᠶ᠋ᠢᠨ ᠬᠠᠷ᠎ᠠ ᠪᠤᠳᠠᠭ᠎ᠠ᠎ᠶᠢ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠪᠠ᠃ ᠢᠳᠡᠱᠢᠨ ᠨᠣᠭᠣᠭ᠎ᠠ᠎ᠶ᠋ᠢᠨ ᠠᠵᠤ ᠦᠶ᠋ᠯᠡᠰ᠎ᠦᠨ ᠲᠠᠯ᠎ᠠ᠎ᠪᠠᠷ᠂ 《ᠠᠷᠪᠠᠨ ᠶᠡᠬᠡ ᠣᠨᠴᠠᠯᠢᠭ᠍ᠲᠤ ᠢᠳᠡᠱᠢᠨ ᠨᠣᠭᠣᠭ᠎ᠠ᠎ᠶ᠋ᠢᠨ ᠰᠠᠭᠤᠷᠢᠨ》᠎ᠢ᠋ ᠪᠡᠬᠢᠵᠢᠭᠦᠯᠦᠨ ᠪᠠᠢᠭᠤᠯᠵᠤ᠂ 61 ᠲᠦᠮᠡᠨ ᠮᠥ᠍ ᠲᠠᠷᠢᠮᠠᠯ᠎ᠤᠨ ᠲᠠᠯᠠᠪᠠᠶ᠎ᠠᠴᠠ 160 ᠲᠦᠮᠡᠨ ᠲᠣᠨ ᠢᠳᠡᠱᠢᠨ ᠨᠣᠭᠣᠭ᠎ᠠ ᠬᠤᠷᠢᠶᠠᠵᠤ᠂ 43 ᠪᠤᠯᠪᠠᠰᠤᠷᠠᠭᠤᠯᠬᠤ ᠠᠵᠤ ᠠᠬᠤᠢᠯᠠᠯ᠂ 71 ᠲᠦᠮᠡᠨ ᠲᠣᠨ ᠪᠤᠯᠪᠠᠰᠤᠷᠠᠭᠤᠯᠬᠤ ᠴᠢᠳᠠᠪᠤᠷᠢ ᠲᠠᠶ ᠪᠤᠯᠵᠤ᠂ ᠥᠪᠡᠷᠲᠡᠭᠡᠨ ᠵᠠᠰᠠᠬᠤ ᠣᠷᠣᠨ᠎ᠤ ᠪᠡᠭᠡᠵᠢᠩ᠎ᠢ ᠲᠣᠭᠣᠷᠢᠭ᠍ᠰᠠᠨ ᠢᠳᠡᠱᠢᠨ ᠨᠣᠭᠣᠭ᠎ᠠ ᠳᠠᠷᠢᠵᠤ ᠬᠠᠩᠭᠠᠬᠤ ᠵᠠᠩᠭᠢᠯᠠᠭ᠎ᠠ᠎ᠶ᠋ᠢᠨ ᠰᠠᠭᠤᠷᠢᠨ ᠪᠣᠯᠪᠠ᠃ ᠲᠥᠮᠥᠰᠥ᠎ᠶ᠋ᠢᠨ ᠠᠵᠤ ᠦᠢᠯᠡᠰ᠎ᠦᠨ ᠲᠠᠯ᠎ᠠ᠎ᠪᠠᠷ᠂ 《ᠱᠢᠵᠢᠷ ᠠᠯᠲᠠᠨ ᠭᠠᠷᠤᠯᠲᠠ᠎ᠶ᠋ᠢᠨ ᠣᠷᠣᠨ》 ᠤ᠋ ᠪᠠᠢᠭᠠᠯᠢ᠎ᠶ᠋ᠢᠨ ᠣᠨᠴᠠᠯᠢᠭ᠎ᠢ ᠪᠠᠳᠠᠷᠠᠭᠤᠯᠵᠤ᠂ 《ᠲᠥᠮᠥᠰᠥ᠎ᠶ᠋ᠢᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠣᠷᠣᠨ》 ᠤ᠋ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠵᠤ᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠪᠥᠯᠦᠭ᠌ᠵᠢᠯ᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠠᠭᠤᠷᠢᠨ᠂ ᠠᠵᠤ ᠦᠢᠯᠡᠰ᠎ᠦᠨ ᠬᠦᠴᠦᠷᠬᠡᠭ ᠪᠠᠯᠭᠠᠰᠤ ᠵᠡᠷᠭᠡ ᠤᠯᠤᠰ᠎ᠤᠨ ᠲᠡᠰ᠎ᠤᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠶᠡᠬᠡ ᠪᠡᠷ ᠬᠡᠷᠡᠭ᠌ᠵᠢᠭᠦᠯᠵᠦ᠍᠂ ᠲᠠᠷᠢᠬᠤ ᠲᠠᠯᠠᠪᠠᠢ ᠨᠢ ᠪᠦᠬᠦ᠌ ᠤᠯᠤᠰ᠎ᠤᠨ ᠲᠤᠰᠭᠠᠢ ᠣᠷᠣᠨ᠎ᠤ ᠲᠡᠰ᠎ᠤᠨ ᠬᠣᠲᠠ᠎ᠶ᠋ᠢᠨ ᠡᠮᠦᠨ᠎ᠡ ᠡᠩᠨᠡᠭᠡᠨ᠎ᠳᠦ ᠣᠷᠣᠵᠤ᠂ ᠲᠥᠮᠥᠰᠥᠨ ᠬᠡᠷᠴᠢᠮᠡᠯ ᠲᠥᠮᠥᠰᠥ᠎ᠶ᠋ᠢᠨ ᠪᠣᠭᠣᠷᠰᠣᠭ᠂ ᠴᠠᠷᠳᠠᠭᠤᠯ᠎ᠤᠨ ᠪᠦᠷᠢᠨ ᠨᠤᠨᠲᠠᠭᠢ ᠡᠳ᠋ᠱᠢᠭᠦᠯᠬᠦ᠌ ᠴᠢᠳᠠᠪᠤᠷᠢ ᠨᠢ ᠲᠣᠰ ᠲᠣᠰ 60 ᠲᠦᠮᠡᠨ ᠲᠣᠨ ᠪᠠ 40 ᠲᠦᠮᠡᠨ ᠲᠣᠨ ᠪᠠᠢᠵᠤ᠂ ᠪᠦᠬᠦ᠌ ᠣᠷᠣᠨ᠎ᠳᠤ ᠲᠦᠷᠦᠭᠦᠯᠡᠵᠦ᠂ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃ ᠮᠢᠬᠠᠨ᠎ᠤ ᠦᠬᠡᠷ᠎ᠦᠨ ᠠᠵᠤ ᠦᠶ᠋ᠯᠡᠰ᠎ᠦᠨ ᠲᠠᠯ᠎ᠠ᠎ᠪᠠᠷ᠂ ᠬᠠᠷ᠎ᠠ ᠠᠩᠭᠸᠰᠤᠨ ᠲᠤᠰᠭᠠᠢᠵᠢᠭ᠍ᠰᠠᠨ ᠲᠡᠵᠢᠭᠡᠨ ᠦᠷᠡᠵᠢᠭᠦᠯᠬᠦ᠌ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠍᠂ ᠵᠢᠯ᠎ᠳᠦ 29.7 ᠲᠦᠮᠡᠨ ᠮᠢᠬᠠᠨ᠎ᠤ ᠦᠬᠡᠷ ᠬᠤᠳᠠᠯᠳᠤᠵᠤ᠂ ᠠᠩᠭᠸᠰ ᠦᠭᠡᠷ ᠦᠭᠡᠬᠦ ᠠᠯᠠᠭᠯᠠᠭᠰᠠᠨ ᠦᠬᠡᠷ᠎ᠦᠨ ᠬᠠᠷ᠎ᠠ ᠮᠢᠬ᠎ᠠ ᠤᠯᠤᠰ᠎ᠤᠨ ᠳᠣᠲᠣᠭᠠᠳᠤ ᠭᠠᠳᠠᠭᠠᠳᠤ᠎ᠳᠤ ᠪᠣᠷᠣᠯᠠᠭᠤᠯᠭ᠎ᠠ ᠰᠠᠢᠲᠠᠶ ᠪᠠᠢᠨ᠎ᠠ᠃ ᠮᠢᠬᠠᠨ᠎ᠤ ᠬᠣᠨᠢᠨ᠎ᠤ ᠠᠵᠤ ᠦᠶ᠋ᠯᠡᠰ᠎ᠦᠨ ᠲᠠᠯ᠎ᠠ᠎ᠪᠠᠷ᠂ ᠵᠠᠭᠤᠨ ᠲᠦᠮᠡᠨ ᠳᠦ ᠮᠧᠩ ᠬᠣᠨᠢᠨ᠎ᠤ ᠦᠶ᠋ᠯᠡᠳᠪᠦᠷᠢᠯᠡᠯ᠎ᠦᠨ ᠰᠠᠭᠤᠷᠢᠨ᠎ᠢ ᠦᠷᠭᠦᠯᠵᠢᠯᠡᠨ ᠦᠷᠭᠡᠳᠭᠡᠵᠦ᠂ ᠮᠢᠬᠠᠨ᠎ᠤ ᠬᠣᠨᠢᠨ᠎ᠤ ᠲᠣᠭ᠎ᠠ 641 ᠲᠦᠮᠡ᠎ᠡᠴᠡ ᠳᠡᠭᠡᠭ᠌ᠰᠢ᠎ᠳᠦ ᠲᠣᠭ᠍ᠲᠠᠪᠤᠷᠢᠵᠢᠵᠤ᠂ ᠪᠥᠬᠥ᠌ ᠤᠯᠤᠰ᠎ᠤᠨ ᠮᠢᠬᠠᠨᠤᠬᠡᠷᠡᠭᠴᠡᠭᠡᠳᠦ ᠡᠭᠦᠯᠳᠡᠷ᠎ᠦᠨ ᠬᠣᠨᠢᠨ᠎ᠤ ᠦᠶ᠋ᠯᠡᠳᠪᠦᠷᠢᠯᠡᠯ ᠭᠠᠷᠭᠠᠯᠲᠠ᠎ᠶ᠋ᠢᠨ ᠴᠢᠬᠤᠯᠠ ᠰᠠᠭᠤᠷᠢᠨ ᠪᠣᠯᠵᠠᠶ᠃ ᠰᠦ᠎ᠶ᠋ᠢᠨ ᠦᠶ᠋ᠯᠡᠰ᠎ᠦᠨ ᠲᠠᠯ᠎ᠠ᠎ᠪᠠᠷ᠂ 12.4 ᠲᠦᠮᠡ ᠭᠠᠷᠤᠢ ᠰᠠᠭᠠᠯᠢ᠎ᠶ᠋ᠢᠨ ᠦᠨᠢᠶ᠎ᠡ ᠲᠡᠵᠢᠭᠡᠵᠦ᠂ ᠵᠦᠷᠢᠶᠡᠴᠢᠯᠡᠭ᠌ᠰᠡᠨ ᠴᠠᠭᠠᠨ ᠢᠳᠡᠭᠡ ᠪᠣᠯᠪᠠᠰᠤᠷᠠᠭᠤᠯᠬᠤ᠎ᠳᠤ ᠲᠦᠱᠢᠭ᠌ᠯᠡᠨ᠂ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠡᠭᠡᠳᠡᠭ᠌ᠰᠡᠨ ᠰᠦ᠎ᠵᠢᠨ ᠬᠣᠲᠠ》 ᠨᠢ ᠪᠥᠬᠥ᠌ ᠤᠯᠤᠰ᠎ᠲᠤ ᠠᠯᠳᠠᠷᠱᠢᠪᠠ᠃
ᠲᠥᠷᠥᠯ ᠲᠡᠮᠳᠡᠭ᠎ᠦᠨ ᠶᠠᠰᠤ ᠴᠢᠨᠠᠷ ᠪᠣᠯᠤᠨ ᠨᠡᠷ᠎ᠡ ᠠᠯᠳᠠᠷ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠤᠯᠠᠭᠠᠨᠴᠠᠪ ᠬᠣᠲᠠ᠎ᠶ᠋ᠢᠨ ᠵᠠᠰᠠᠭ᠎ᠤᠨ ᠣᠷᠳᠣᠨ ᠵᠢᠴᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠶᠠᠰᠤ ᠴᠢᠨᠠᠷ᠎ᠢ ᠴᠢᠩᠭ᠎ᠠ ᠬᠠᠮᠢᠶᠠᠷᠤᠨ ᠡᠵᠡᠮᠳᠡᠬᠦ᠌ ᠱᠢᠰᠲ᠋ᠧᠮ ᠪᠠᠢᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠡᠬᠢᠨ᠎ᠤ ᠭᠤᠭᠴᠤᠭ᠎ᠠ ᠡᠴᠡ ᠪᠣᠯᠪᠠᠰᠤᠷᠠᠭᠤᠯᠬᠤ᠂ ᠪᠣᠭᠣᠳᠠᠯᠯᠠᠬᠤ ᠵᠡᠷᠭᠡ ᠪᠦᠬᠦ ᠶᠠᠪᠤᠴᠠ᠎ᠳᠤ ᠬᠦᠷᠲᠡᠯ᠎ᠡ ᠴᠥᠮ ᠴᠢᠩᠭ᠎ᠠ ᠬᠢᠨᠠᠯᠲᠠ ᠲᠠᠯᠪᠢᠵᠤ ᠡᠵᠡᠮᠳᠡᠪᠡ᠃ ᠡᠭᠦᠨ᠎ᠦ ᠬᠠᠮᠲᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠶᠡᠭᠡ ᠳᠡᠭᠡᠳᠦ ᠰᠤᠷᠭᠠᠭᠤᠯᠢ ᠲᠠᠶ ᠢᠳᠡᠪᠬᠢᠲᠡᠶ ᠬᠣᠷᠱᠢᠯᠴᠠᠨ᠂ ᠮᠠᠯ ᠠᠵᠤ ᠠᠬᠤᠶ᠎ᠲᠠᠷᠢᠶᠠᠯᠠᠩ᠎ᠤᠨ ᠦᠢᠯᠡᠳᠪᠦᠷᠢᠯᠡᠬᠦ ᠡᠳ᠋ᠱᠢᠭᠦᠯᠬᠦ᠌ ᠲᠡᠷᠢᠭᠦᠨ᠎ᠦ ᠮᠡᠷᠭᠡᠵᠢᠯ᠎ᠢ ᠣᠷᠣᠭᠤᠯᠵᠤ᠂ ᠪᠦᠳᠦᠭᠡᠭᠳᠡᠭᠦᠨᠦ ᠶᠠᠰᠤ ᠴᠢᠨᠠᠷ ᠪᠣᠯᠤᠨ ᠭᠠᠷᠤᠯᠲᠠ᠎ᠶ᠋ᠢ ᠳᠡᠭᠡᠭ᠌ᠰᠢᠯᠡᠭᠦᠯᠪᠡ᠃
ᠣᠳᠣᠬᠠᠨ᠎ᠳᠤ᠂ 《ᠤᠯᠠᠭᠠᠨᠴᠠᠪ᠎ᠤᠨ ᠦᠨᠦᠷ ᠠᠮᠳᠠ》 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠥᠷᠥᠯ ᠲᠡᠮᠳᠡᠭ᠌᠎ᠤᠨ ᠡᠷᠬᠡ ᠣᠯᠭᠣᠭ᠍ᠰᠠᠨ ᠠᠵᠤ ᠠᠬᠤᠢᠯᠠᠯ ᠨᠢᠭᠡᠨᠲᠡ 115 ᠪᠣᠯᠵᠣ᠂ 500 ᠭᠠᠷᠤᠶ ᠵᠦᠶ᠋ᠯ᠎ᠦᠨ ᠪᠦᠳᠦᠭᠡᠭᠳᠡᠭᠦᠨ᠎ᠲᠡᠶ ᠪᠣᠯᠵᠠᠶ᠃ ᠤᠯᠤᠰ᠎ᠤᠨ ᠳᠣᠲᠣᠭᠠᠳᠤ᠎ᠳᠤ 《ᠤᠯᠠᠭᠠᠨᠴᠠᠪ᠎ᠤᠨ ᠦᠨᠦᠷ ᠠᠮᠳᠠ》 ᠲᠦᠷᠦᠯ ᠲᠡᠮᠳᠡᠭ᠎ᠢ ᠪᠡᠶᠡᠴᠢᠯᠡᠨ ᠣᠢᠯᠠᠭᠠᠬᠤ ᠳᠡᠯᠭᠡᠭᠦᠷ᠎ᠢ 9᠂ ᠨᠡᠷ᠎ᠡ ᠬᠠᠳᠠᠭ᠍ᠰᠠᠨ ᠳᠡᠯᠭᠡᠭᠦᠷ᠎ᠢ 14 ᠪᠠᠢᠭᠤᠯᠵᠤ᠂ ᠵᠢᠯ᠎ᠦᠨ ᠪᠣᠷᠣᠯᠠᠭᠤᠯᠭ᠎ᠠ᠎ᠶ᠋ᠢᠨ ᠵᠤᠭᠤᠰ᠎ᠤᠨ ᠲᠤᠭ᠎ᠠ᠎ᠨᠢ 2 ᠳ᠋ᠦᠩᠱᠢᠭᠤᠷ ᠲᠥᠭᠥᠷᠢᠭ᠎ᠢ ᠳᠠᠪᠠᠪᠠ; ᠴᠤᠤᠷᠢᠶ᠎ᠠ᠂ ᠲᠤᠤ ᠪᠦᠦ᠂ ᠲᠢᠶᠠᠨ ᠮᠤᠤ ᠵᠡᠷᠭᠡ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠳᠤ 《ᠤᠯᠠᠭᠠᠨᠴᠠᠪ᠎ᠤᠨ ᠦᠨᠦᠷ ᠠᠮᠳᠠ》 ᠲᠦᠷᠦᠯ ᠲᠡᠮᠳᠡᠭ᠌᠎ᠤᠨ ᠰᠦᠯᠵᠢᠶᠡᠨ ᠳᠡᠭᠡᠷ᠎ᠠ ᠡᠷᠬᠡ ᠣᠯᠭᠣᠭ᠍ᠰᠠᠨ ᠰᠦᠯᠵᠢᠶᠡᠨ ᠳᠡᠯᠭᠡᠭᠦᠷ᠎ᠢ 5 ᠪᠠᠢᠭᠤᠯᠵᠤ᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢᠶᠠᠨ ᠥᠷᠭᠡᠳᠭᠡᠪᠡ᠃ 《ᠤᠯᠠᠭᠠᠨᠴᠠᠪ᠎ᠤᠨ ᠦᠨᠦᠷ ᠠᠮᠳᠠ》᠎ᠨᠢ ᠥᠪᠡᠷᠲᠡᠭᠡᠨ ᠵᠠᠰᠠᠬᠤ ᠣᠷᠣᠨ᠎ᠤ 《ᠥᠪᠥᠷ ᠮᠣᠩᠭᠣᠯ᠎ᠤᠨ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠨᠠᠷᠠᠲᠤ ᠲᠦᠷᠦᠯ ᠲᠡᠮᠳᠡᠭ᠌》᠎ᠢᠶᠡᠷ ᠦᠨᠡᠯᠡᠭ᠌ᠳᠡᠵᠦ᠍᠂ ᠲᠦᠷᠦᠯ ᠲᠡᠮᠳᠡᠭ᠌᠎ᠤᠨ ᠥᠷᠲᠡᠭ᠎ᠨᠢ 201.92 ᠳ᠋ᠦᠨᠭᠰᠢᠭᠤᠷ᠎ᠲᠤ ᠬᠦᠷᠴᠡᠢ᠃