ᠪᠥᠬᠥ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠳᠦ᠄
ᠬᠠᠪᠤᠷ᠎ᠤᠨ ᠤᠷᠢᠬᠠᠨ ᠰᠠᠯᠬᠢ ᠢᠯᠪᠢᠵᠦ᠍᠂ ᠬᠠᠩᠰᠢ᠎ᠶ᠋ᠢᠨ ᠡᠳᠦᠷ ᠬᠦᠷᠴᠦ᠍ ᠢᠷᠡᠬᠦ᠌ ᠪᠣᠯᠤᠯ᠎ᠠ᠃ ᠬᠠᠩᠰᠢ᠎ᠶ᠋ᠢᠨ ᠡᠳᠦᠷ ᠨᠢ ᠠᠮᠢ ᠨᠠᠰᠤ᠎ᠶ᠋ᠢ ᠬᠦᠨᠳᠦᠳᠭᠡᠬᠦ᠌ ᠪᠠ ᠰᠣᠶᠣᠯ᠎ᠤᠨ ᠤᠯᠠᠮᠵᠢᠯᠠᠯ ᠵᠠᠯᠭᠠᠮᠵᠢᠯᠠᠯ᠎ᠤᠨ ᠤᠳᠬ᠎ᠠ ᠰᠠᠨᠠᠭ᠎ᠠ ᠵᠢ ᠠᠬᠤᠭᠤᠯᠵᠤ ᠪᠤᠢ᠃ ᠱᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠪᠤᠯᠬᠢ ᠲᠠᠳᠬᠠᠯ ᠬᠠᠭᠤᠴᠢᠨ ᠵᠠᠩᠰᠢᠯ᠎ᠢ ᠲᠠᠪᠴᠢᠵᠤᠰᠢᠨᠠ ᠬᠡᠪ ᠰᠤᠷᠳᠠᠯ᠎ᠢ ᠰᠠᠨᠠᠭᠠᠴᠢᠯᠠᠨ᠂ ᠪᠣᠯᠪᠠᠰᠤᠨ᠂ ᠠᠮᠤᠷ ᠲᠦᠪᠱᠢᠨ᠂ ᠪᠣᠬᠢᠷᠲᠤᠯ ᠥᠬᠡᠶ᠂ ᠡᠮᠬᠢ ᠵᠢᠷᠤᠮ᠎ᠲᠠᠶ ᠲᠠᠬᠢᠯᠭ᠎ᠠ᠎ᠶ᠋ᠢᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢᠨ ᠲᠥᠯᠥᠭᠡ ᠣᠲᠣ ᠪᠥᠬᠥ᠌ ᠣᠷᠣᠨ᠎ᠤ ᠥᠷᠭᠡᠨ ᠣᠯᠠᠨ ᠺᠠᠳ᠋ᠷ ᠣᠯᠠᠨ ᠲᠦᠮᠡᠨ᠎ᠳᠦ ᠳᠤᠤᠷᠠᠬᠢ ᠮᠡᠲᠦ ᠰᠠᠨᠠᠭᠠᠴᠢᠯᠠᠶ᠎ᠠ᠄
ᠨᠢᠭᠡ᠂ ᠪᠣᠬᠢᠷᠲᠤᠯ ᠥᠬᠡᠶ ᠣᠷᠣᠱᠢᠭᠤᠯᠭ᠎ᠠ᠎ᠶ᠋ᠢ ᠬᠡᠷᠡᠭ᠌ᠵᠢᠭᠦᠯᠵᠦ᠍᠂ ᠪᠣᠯᠪᠠᠰᠤᠨ ᠲᠠᠬᠢᠯᠭ᠎ᠠ ᠵᠢ ᠡᠷᠬᠢᠮᠯᠡᠶ᠎ᠡ᠃ ᠰᠣᠷᠭᠣᠭ ᠴᠡᠴᠡᠭ ᠬᠦᠷᠬᠡᠵᠤ ᠳᠠᠬᠢᠯᠭ᠎ᠠ ᠬᠢᠬᠦ ᠂ ᠮᠣᠳᠣ ᠲᠠᠷᠢᠵᠤ ᠳᠠᠬᠢᠯᠭ᠎ᠠ ᠬᠢᠬᠦ᠂ ᠰᠦᠯᠵᠢᠶᠡᠨ ᠳᠡᠭᠡᠷ᠎ᠡ ᠳᠠᠬᠢᠯᠭ᠎ᠠ ᠬᠢᠬᠦ ᠵᠡᠷᠭᠡ ᠱᠢᠨ᠎ᠡ ᠬᠡᠯᠪᠡᠷᠢ ᠵᠢᠨ ᠪᠣᠯᠪᠠᠰᠤᠨ ᠲᠠᠬᠢᠯᠭ᠎ᠠ ᠵᠢᠨ ᠬᠡᠯᠪᠡᠷᠢ ᠪᠡᠷ ᠨᠦᠭᠴᠢᠬᠰᠡᠳᠢᠶᠡᠨ ᠮᠥᠷᠥᠭᠡᠳᠦᠨ ᠰᠠᠨᠠᠭᠠᠯᠵᠠᠬᠤ᠎ᠶ᠋ᠢ ᠰᠠᠨᠠᠭᠠᠴᠢᠯᠠᠵᠤ᠂ ᠲᠦᠯᠡᠰᠢ ᠲᠤᠶᠢᠩ ᠰᠢᠳᠠᠭᠠᠬᠤ ᠵᠡᠷᠭᠡ ᠪᠣᠯᠪᠠᠰᠤᠨ ᠪᠤᠰᠤ ᠳᠠᠬᠢᠯᠭ᠎ᠠ ᠵᠢᠨ ᠦᠢᠯᠡ ᠠᠵᠢᠯᠯᠠᠭ᠎ᠠ᠎ᠶ᠋ᠢ ᠡᠷᠡᠰ ᠬᠣᠷᠢᠭ᠍ᠯᠠᠵᠤ᠂ ᠰᠦᠯᠢᠶᠣᠣ ᠴᠡᠴᠡᠭ᠂ ᠲᠤᠷᠭ᠎ᠠ ᠪᠡᠷ ᠬᠢᠭᠰᠡᠨ ᠴᠡᠴᠡᠭ ᠵᠡᠷᠭᠡ ᠵᠠᠳᠠᠷᠠᠬᠤ ᠳ᠋ᠤ ᠪᠡᠷᠬᠡ ᠲᠠᠢ ᠳᠠᠬᠢᠯᠭ᠎ᠠ᠎ᠶ᠋ᠢᠨ ᠬᠡᠷᠡᠭ᠌ᠰᠡᠯ᠎ᠢ ᠬᠡᠷᠡᠭ᠌ᠯᠡᠬᠦ᠌᠎ᠶ᠋ᠢ ᠲᠡᠪᠴᠢᠵᠦ᠍᠂ ᠣᠷᠴᠢᠨ ᠲᠣᠭᠣᠷᠢᠨ᠎ᠤ ᠪᠣᠬᠢᠷᠲᠤᠯ᠎ᠢ ᠪᠠᠭᠠᠰᠭᠠᠵᠤ᠂ ᠬᠥᠬᠡ ᠲᠩᠷᠢ ᠬᠦᠬᠡᠮᠳᠥᠭ ᠤᠰᠤᠨ ᠪᠦᠬᠦᠢ ᠠᠮᠢ ᠠᠬᠤᠶ ᠣᠷᠴᠢᠨ ᠲᠣᠭᠣᠷᠢᠨ᠎ᠢ ᠬᠠᠮᠲᠤ ᠪᠠᠷ ᠬᠠᠮᠠᠭᠠᠯᠠᠶ᠎ᠠ᠃
ᠬᠣᠶᠠᠷ᠂ ᠤᠯᠠᠮᠵᠢᠯᠠᠯᠲᠤ ᠰᠠᠢᠬᠠᠨ ᠶᠤᠰᠤ ᠰᠤᠷᠲᠠᠯ᠎ᠢ ᠪᠠᠳᠠᠷᠠᠭᠤᠯᠵᠤ᠂ ᠪᠣᠯᠪᠠᠰᠤᠨ ᠱᠢᠨ᠎ᠡ ᠬᠡᠪ ᠰᠤᠷᠲᠠᠯ᠎ᠢ ᠦᠢᠯᠡᠳᠦᠯᠭᠡᠵᠢᠭᠦᠯᠦᠶ᠎ᠡ᠃ ᠲᠠᠬᠢᠯᠭ᠎ᠠ᠎ᠶ᠋ᠢᠨ ᠠᠵᠢᠯᠯᠠᠭ᠎ᠠ᠎ᠶ᠋ᠢ ᠳᠤᠮᠳᠠᠳᠤ᠎ᠶ᠋ᠢᠨ ᠦᠨᠳᠦᠰᠦᠲᠡᠨ᠎ᠦ《ᠨᠠᠰᠤᠲᠠᠨ᠎ᠢᠶᠠᠨ ᠬᠦᠨᠳᠦᠯᠡᠵᠦ᠍ ᠨᠠᠰᠤᠲᠠᠨ᠎ᠢᠶᠠᠨ ᠬᠠᠢᠷᠠᠯᠠᠬᠤ᠂ ᠲᠥᠷᠥᠯ ᠰᠠᠳᠤᠨ᠎ᠢᠶᠠᠨ ᠠᠴᠢᠯᠡᠨ ᠬᠦᠨᠳᠤᠯᠡᠬᠦ》 ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠬᠤ᠎ᠲᠠᠶ ᠤᠶᠠᠯᠳᠤᠭᠤᠯᠵᠤ᠂ ᠠᠮᠢᠳᠤ ᠰᠡᠷᠡᠭᠦᠨ ᠪᠠᠢᠬᠤ᠎ᠳᠦ᠎ᠨᠢ ᠠᠴᠢᠯᠠᠯ ᠭᠦᠶ᠋ᠴᠡᠳᠭᠡᠬᠦ᠌᠂ ᠨᠠᠰᠤ ᠪᠠᠷᠠᠭ᠍ᠰᠠᠨ᠎ᠤ ᠳᠠᠷᠠᠭ᠎ᠠ ᠠᠷᠪᠢᠴᠢ ᠭᠠᠮᠲᠠᠶ ᠪᠡᠯᠪᠡᠰᠦᠷᠡᠯ ᠡᠷᠭᠢᠯᠡᠬᠦ᠌᠂ ᠪᠣᠯᠪᠠᠰᠤᠨ ᠲᠠᠬᠢᠯᠭ᠎ᠠ ᠬᠢᠬᠦ᠌᠎ᠶ᠋ᠢ ᠰᠠᠨᠠᠭᠠᠴᠢᠯᠠᠵᠤ᠂ ᠬᠠᠩᠰᠢ᠎ᠶ᠋ᠢᠨ ᠡᠳᠦᠷ ᠤᠷᠢᠳᠤᠬᠢ ᠬᠦᠮᠦᠰ᠎ᠤᠨ ᠥᠯᠢᠭᠡᠷ᠎ᠢ ᠰᠠᠢᠲᠤᠷ ᠶᠠᠷᠢᠬᠤ᠎ᠶ᠋ᠢ ᠵᠣᠷᠢᠭ᠍ᠵᠢᠭᠤᠯᠵᠤ᠂ ᠰᠠᠢᠨ ᠰᠠᠢᠬᠠᠨ ᠬᠡᠷ᠎ᠦᠨ ᠰᠤᠷᠲᠠᠯ᠎ᠢ ᠪᠣᠶ ᠪᠣᠯᠭᠠᠵᠤ᠂ ᠪᠣᠯᠪᠠᠰᠤᠨ ᠨᠡᠢᠭᠡᠮ᠎ᠦᠨ ᠱᠢᠨ᠎ᠡ ᠬᠡᠪ ᠰᠤᠷᠲᠠᠯ᠎ᠢ ᠪᠣᠶ ᠪᠣᠯᠭᠠᠶ᠎ᠠ᠃ ᠬᠠᠷᠢᠯᠴᠠᠨ ᠠᠳᠠᠯᠢᠳᠭᠠᠬᠤ᠂ ᠯᠠᠷᠵᠢᠶ᠎ᠠ ᠶᠠᠩᠪᠠ ᠦᠵᠡᠬᠦᠯᠬᠦ ᠮᠠᠭᠤ ᠮᠠᠭᠤᠬᠠᠢ ᠳᠠᠳᠭᠠᠯ᠎ᠢ ᠡᠷᠡᠰ ᠡᠰᠡᠷᠭᠦᠴᠡᠶ᠎ᠡ᠃
ᠭᠤᠷᠪᠠ᠂ ᠤᠶᠤᠨ ᠰᠠᠨᠠᠭᠠᠨ᠎ᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠰᠣᠶᠣᠯ᠎ᠤᠨ ᠢᠲᠡᠭᠡᠯ᠎ᠢ ᠬᠠᠮᠲᠤ᠎ᠪᠠᠷ ᠴᠣᠭ᠍ᠴᠠᠯᠠᠶ᠎ᠠ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠢ ᠮᠥᠷᠥᠭᠡᠳᠦᠨ ᠰᠠᠨᠠᠭᠠᠯᠵᠠᠵᠤ᠂ ᠨᠦᠭᠴᠢᠭᠰᠡᠳ᠎ᠤᠨ ᠦᠯᠢᠭᠡᠷ ᠳᠠᠭᠤᠷᠢᠶᠠᠯ᠎ᠢ ᠳᠤᠷᠠᠰᠤᠨ ᠰᠠᠨᠠᠭᠠᠯᠵᠠᠵᠤ᠂ ᠳᠤᠮᠳᠠᠳᠤ᠎ᠶ᠋ᠢᠨ ᠪᠣᠯᠪᠠᠰᠤᠨ᠎ᠤ ᠤᠶᠤᠨ ᠰᠠᠨᠠᠭᠠᠨ᠎ᠤ ᠪᠡᠯᠭᠡ ᠲᠡᠮᠳᠡᠭ᠎ᠢ ᠤᠬᠠᠭᠠᠷᠠᠨ ᠤᠢᠯᠠᠭᠠᠵᠤ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠠ ᠦᠨᠳᠦᠰᠦᠲᠡᠨ᠎ᠦ ᠤᠮᠤᠬ᠍ᠰᠢᠯᠳᠤ ᠰᠡᠳᠭᠢᠯᠭᠡ᠎ᠶ᠋ᠢ ᠨᠡᠮᠡᠭ᠌ᠳᠡᠭᠦᠯᠦᠶᠡ᠃ ᠬᠤᠪᠢᠰᠭᠠᠯ᠎ᠤᠨ ᠲᠠᠬᠢᠯᠭ᠎ᠠ᠂ ᠭᠣᠣᠯ ᠰᠡᠳᠦᠪᠲᠦ ᠦᠵᠡᠭᠦᠯᠭᠡ ᠵᠡᠷᠭᠡ ᠠᠵᠢᠯᠯᠠᠭ᠎ᠠ ᠥᠷᠨᠢᠭᠦᠯᠬᠦ᠌᠎ᠶ᠋ᠢ ᠰᠠᠨᠠᠭᠠᠴᠢᠯᠠᠵᠤ᠂ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠨᠡᠢᠭᠡᠮ ᠵᠢᠷᠤᠮ ᠵᠢᠡᠨ ᠬᠠᠢᠷᠠᠯᠠᠬᠤ ᠴᠠᠭ ᠦᠶ᠎ᠡ᠎ᠶ᠋ᠢᠨ ᠭᠣᠣᠯ ᠬᠦᠭ ᠠᠶᠠᠰ᠎ᠢ ᠴᠢᠪᠬᠠᠳᠠᠶ᠎ᠠ᠃
ᠳᠥᠷᠪᠡ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠬᠠᠮᠲᠤ᠎ᠪᠠᠷ ᠬᠠᠩᠰᠢ᠎ᠶ᠋ᠢᠨ ᠡᠳᠦᠷ᠎ᠢ ᠠᠮᠤᠷ ᠲᠦᠪᠱᠢᠨ ᠥᠩᠭᠡᠷᠡᠭᠦᠯᠦᠶ᠎ᠡ᠃ ᠣᠢᠲᠤ ᠤᠷᠤᠨ᠂ ᠡᠪᠡᠰᠦ ᠲᠠᠢ ᠭᠠᠵᠠᠷ ᠵᠡᠷᠭᠡ ᠲᠤᠢᠮᠠᠷ ᠠᠮᠠᠷᠬᠠᠨ ᠡᠭᠦᠰᠬᠦ ᠣᠷᠣᠨ᠎ᠳᠤ ᠢᠯᠡ ᠭᠠᠯᠬᠡᠷᠡᠭ᠌ᠯᠡᠬᠦ᠌᠂ ᠲᠥᠯᠡᠰᠢ ᠥᠭᠭᠥ᠂ ᠬᠦᠵᠢ ᠵᠤᠯᠠ ᠠᠰᠠᠭᠠᠬᠤ᠂ ᠫᠤᠤᠵᠢᠩ ᠲᠠᠯᠪᠢᠬᠤ᠎ᠶ᠋ᠢ ᠴᠢᠩᠭ᠎ᠠ ᠴᠠᠭᠠᠵᠠᠯᠠᠵᠤ᠂ ᠣᠢᠲᠤ ᠣᠷᠣᠨ᠎ᠳᠤ ᠨᠤᠴᠤᠭᠠᠭᠤᠷ ᠠᠪᠴᠤ ᠣᠷᠣᠵᠤ ᠪᠣᠯᠬᠤ ᠥᠬᠡᠶ᠃ ᠭᠠᠳᠠᠭ᠍ᠰᠢ ᠭᠠᠷᠬᠤ ᠴᠠᠭ᠎ᠢᠶᠠᠨ ᠵᠣᠬᠢᠰᠲᠠᠶ ᠲᠣᠬᠢᠷᠠᠭᠤᠯᠵᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠲᠠᠬᠢᠯᠭ᠎ᠠ ᠬᠢᠵᠦ᠂ ᠭᠠᠳᠠᠬᠰᠢ ᠭᠠᠷᠬᠤ ᠳ᠋ᠠᠭᠠᠨ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢ ᠵᠢ ᠰᠤᠩᠭᠤᠵᠤ᠂ ᠤᠯᠠᠨ ᠬᠦᠮᠦᠨ ᠤᠪᠤᠭᠠᠷᠠᠯᠳᠤᠵᠤ ᠲᠠᠬᠢᠯᠭ᠎ᠠ ᠬᠢᠭᠦ ᠡᠴᠡ ᠵᠠᠢᠯᠠᠰᠭᠢᠵᠦ᠍᠂ ᠲᠠᠬᠢᠯᠭ᠎ᠠ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ᠂ ᠤᠷᠤᠭ᠍ᠰᠢᠲᠠᠶ᠂ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠪᠠᠲᠤᠯᠠᠶ᠎ᠠ᠃
ᠲᠠᠪᠤ᠂ ᠨᠠᠮ᠎ᠤᠨ ᠭᠡᠱᠢᠭᠦᠨ ᠺᠠᠳ᠋ᠷ ᠲᠦᠷᠦᠭᠦᠯᠡᠨ ᠪᠣᠯᠪᠠᠰᠤᠨ ᠬᠡᠪ ᠰᠤᠷᠲᠠᠯ᠎ᠢ ᠬᠥᠲᠥᠯᠥᠨ ᠳᠠᠭᠠᠭᠤᠯᠤᠶ᠎ᠠ᠃ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠬᠣᠱᠢᠭᠤᠴᠢ ᠵᠢᠱ᠌ᠢᠶᠡᠴᠢ ᠵᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠰᠠᠨᠠᠭᠠᠴᠢᠯᠠᠭ᠎ᠠ᠎ᠡᠴᠡ᠎ᠪᠠᠨ ᠪᠣᠯᠪᠠᠰᠤᠨ ᠲᠠᠬᠢᠯᠭ᠎ᠠ᠎ᠶ᠋ᠢᠨ ᠵᠢᠱ᠌ᠢᠶ᠎ᠡ ᠦᠵᠡᠭᠦᠯᠦᠭ᠌ᠴᠢ᠂ ᠪᠤᠯᠬᠢ ᠲᠠᠳᠬᠠᠯ ᠬᠠᠭᠤᠴᠢᠨ ᠵᠠᠩ ᠵᠠᠩᠰᠢᠯ᠎ᠢ ᠥᠭᠡᠷᠡᠴᠢᠯᠡᠬᠦ᠌ ᠠᠬᠢᠭᠤᠯᠤᠭ᠍ᠴᠢ ᠪᠣᠯᠵᠣ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠣᠢᠯᠠᠭᠠᠭ᠍ᠳᠠᠬᠤᠨ᠎ᠢ ᠲᠦᠷᠦᠭᠦᠯᠡᠨ ᠦᠶ᠋ᠯᠡᠳᠦᠯᠭᠡᠵᠢᠭᠦᠯᠵᠦ᠍᠂ ᠣᠯᠠᠨ ᠲᠦᠮᠡᠨ᠎ᠳᠦ ᠣᠷᠣᠱᠢᠭᠤᠯᠭ᠎ᠠ᠎ᠶ᠋ᠢᠨ ᠥᠭᠡᠷᠡᠴᠢᠯᠡᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠤᠬᠠᠭᠤᠯᠵᠤ᠂ ᠣᠯᠠᠨ ᠲᠦᠮᠡᠨ᠎ᠢ ᠳᠠᠢᠴᠢᠯᠠᠨ ᠤᠬᠠᠮᠰᠠᠷ᠎ᠡᠴᠡ᠎ᠪᠠᠨ ᠬᠠᠭᠤᠴᠢᠨ ᠶᠣᠰᠣ ᠪᠦᠳᠦᠭᠦᠯᠢᠭ ᠵᠠᠩ ᠳᠠᠳᠭᠠᠯ᠎ᠢ ᠲᠠᠶᠠᠭ᠍ᠳᠠᠵᠤ᠂ ᠪᠣᠯᠪᠠᠰᠤᠨ ᠡᠶ᠎ᠡ ᠵᠣᠬᠢᠴᠠᠩᠭᠤᠶ ᠨᠡᠢᠭᠡᠮ᠎ᠢ ᠬᠠᠮᠲᠤ᠎ᠪᠠᠷ ᠪᠠᠢᠭᠤᠯᠤᠶ᠎ᠠ᠃
ᠪᠢᠳᠡ ᠥᠪᠡᠷ᠎ᠦᠨ ᠪᠡᠶ᠎ᠡ᠎ᠡᠴᠡ᠎ᠪᠡᠨ ᠡᠬᠢᠯᠡᠨ ᠬᠢᠵᠦ᠍᠂ ᠪᠣᠯᠪᠠᠰᠤᠨ ᠠᠷᠭ᠎ᠠ ᠬᠡᠯᠪᠡᠷᠢ᠎ᠪᠡᠷ ᠤᠷᠢᠳᠤᠬᠢ ᠬᠥᠮᠦᠰ᠎ᠢᠶᠡᠨ ᠳᠤᠷᠠᠰᠤᠨ ᠰᠠᠨᠠᠭᠠᠯᠵᠠᠵᠤ᠂ ᠣᠷᠴᠢᠨ ᠲᠣᠭᠣᠷᠢᠨ᠎ᠢ ᠬᠠᠮᠠᠭᠠᠯᠠᠬᠤ ᠠᠵᠢᠯᠯᠠᠭ᠎ᠠ᠎ᠪᠠᠷ ᠭᠡᠷ ᠣᠷᠣᠨ᠎ᠢᠶᠠᠨ ᠰᠠᠬᠢᠨ ᠬᠠᠮᠠᠭᠠᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠂ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ᠎ᠢ ᠪᠠᠳᠠᠷᠠᠭᠤᠯᠬᠤ᠎ᠳᠤ ᠬᠦᠴᠦᠨ ᠴᠢᠳᠠᠯ᠎ᠢᠶᠠᠨ ᠡᠷᠭᠦᠵᠡᠭᠡᠶ᠎ᠡ!
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠬᠤᠷᠢᠶ᠎ᠠ ᠵᠢᠨ ᠠᠯᠪᠠᠨ ᠬᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ
2025 ᠣᠨ᠎ᠤ 4 ᠰᠠᠷ᠎ᠠ᠎ᠶ᠋ᠢᠨ 1᠎ᠤ᠋ ᠡᠳᠦᠷ