ᠵᠢᠯ ᠤ᠋ᠨ 200 ᠲᠦᠮᠡᠨ ᠲᠦᠭᠦᠷᠢᠭ ᠡᠴᠡ ᠦᠯᠦ ᠳᠠᠪᠠᠬᠤ ᠬᠦᠦ ᠮᠦᠩᠬᠦ ᠶ᠋ᠢᠨ ᠨᠦᠬᠦᠪᠤᠷᠢ ᠤᠯᠭᠤᠨ᠎ᠠ
2025-04-11 10:56:14
ᠵᠣᠬᠢᠶᠠᠭ᠍ᠴᠢ᠄
​ᠡᠷᠳᠡᠨᠢᠬᠤᠸᠠᠷ ᠼᠠᠢ ᠬᠤᠡᠭ
ᠣᠩᠱᠢᠭ᠍ᠰᠠᠨ ᠣᠳᠠᠭ᠎ᠠ᠄
★★★☆☆

— ᠮᠠᠨ ᠤ᠋ ᠤᠷᠤᠨ ᠰᠦ ᠶ᠋ᠢᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠳᠡᠮᠵᠢᠬᠦ ᠲᠤᠬᠠᠢ ᠮᠡᠳᠡᠭᠳᠡᠯ ᠨᠡᠢᠳᠡᠯᠡᠪᠡ

2023 ᠤᠨ ᠳ᠋ᠤ ᠦᠪᠡᠷᠳᠡᠭᠡᠨ ᠵᠠᠰᠠᠬᠤ ᠤᠷᠤᠨ ᠡᠴᠡ 《ᠰᠦ ᠶ᠋ᠢᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠠ ᠨᠤᠭᠦᠳ》 ᠢ᠋ ᠨᠡᠢᠳᠡᠯᠡᠵᠦ᠂ ᠲᠡᠵᠢᠭᠡᠪᠤᠷᠢ ᠶ᠋ᠢᠨ ᠲᠠᠯᠠᠪᠠᠢ ᠲᠡᠵᠢᠭᠡᠪᠤᠷᠢ ᠶ᠋ᠢᠨ ᠡᠷᠦᠬᠡ ᠪᠤᠯᠤᠨ ᠠᠵᠤ ᠠᠬᠤᠢᠯᠠᠯ ᠢ᠋ ᠬᠠᠪᠰᠤᠷᠤᠨ ᠬᠦᠴᠢᠷᠳᠡᠯ ᠢ᠋ ᠨᠢ ᠴᠠᠭ ᠲᠤᠬᠠᠢ ᠳ᠋ᠤᠨᠢ ᠰᠢᠢᠳᠪᠤᠷᠢᠯᠡᠵᠤ ᠦᠭᠭᠦᠨ᠂ ᠰᠦ ᠶ᠋ᠢᠨ ᠦᠢᠯᠡᠰ ᠲᠤ᠌ ᠲᠤᠯᠭᠠᠷᠠᠵᠤ ᠪᠠᠢᠭᠰᠠᠨ ᠬᠦᠨᠳᠤ ᠬᠡᠴᠡᠭᠦᠦ ᠪᠠᠢᠳᠠᠯ ᠢ᠋ ᠪᠦᠲᠦᠮᠵᠢᠳᠠᠢ ᠠᠷᠭᠠᠴᠠᠭᠠᠪᠠ᠃ ᠠᠵᠤ ᠠᠬᠤᠢᠯᠠᠯ ᠢ᠋ ᠳᠡᠳᠬᠦᠨ ᠳᠡᠮᠵᠢᠬᠦ ᠠᠵᠢᠯᠯᠠᠭ᠎ᠠ ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠤᠳᠤᠬᠠᠨ ᠤ᠋ ᠰᠦ ᠶ᠋ᠢᠨ ᠦᠢᠯᠡᠰ ᠤ᠋ᠨ ᠬᠦᠭᠵᠢᠯᠳᠡ ᠶ᠋ᠢᠨ ᠬᠠᠨᠳᠤᠰᠢ ᠪᠠ ᠬᠤᠪᠢᠷᠠᠯᠳᠠ ᠶ᠋ᠢ ᠦᠨᠳᠦᠰᠦᠯᠡᠨ᠂ ᠰᠦ ᠶ᠋ᠢᠨ ᠦᠢᠯᠡᠰ ᠤ᠋ᠨ ᠭᠤᠤᠯ ᠴᠤᠭᠴᠠ ᠶ᠋ᠢ ᠦᠷᠭᠦᠯᠵᠢᠯᠡᠨ ᠬᠠᠪᠰᠤᠷᠴᠤ ᠬᠡᠴᠡᠭᠦᠦ ᠪᠤᠭᠤᠮᠳᠠ ᠶ᠋ᠢ ᠳᠠᠪᠠᠭᠤᠯᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠵᠦᠪᠰᠢᠶᠡᠷᠡᠯ ᠶ᠋ᠢᠡᠷ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ 4 ᠰᠠᠷ᠎ᠠ ᠶ᠋ᠢᠨ 2 ᠤ᠋ᠨ ᠡᠳᠦᠷ ᠲᠦ᠍ 《ᠰᠦ ᠶ᠋ᠢᠨ ᠠᠵᠤ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠤᠯᠠᠮ ᠨᠢᠭᠡ ᠠᠯᠬᠤᠮ ᠳᠡᠮᠵᠢᠬᠦ ᠲᠤᠬᠠᠢ ᠮᠡᠳᠡᠭᠳᠡᠯ 》 ᠨᠡᠢᠳᠡᠯᠡᠪᠡ᠃ ᠮᠡᠳᠡᠭᠳᠡᠯ ᠳ᠋ᠤ ᠲᠤᠤᠷᠠᠬᠢ ᠮᠡᠳᠤ ᠵᠢᠨ 9 ᠲᠠᠯ᠎ᠠ ᠵᠢᠨ ᠪᠤᠳᠠᠳᠤ ᠠᠭᠤᠯᠭ᠎ᠠ ᠵᠢ ᠪᠠᠭᠳᠠᠭᠠᠵᠠᠢ᠃

ᠨᠢᠬᠡ᠂ ᠲᠡᠵᠢᠭᠡᠪᠤᠷᠢ ᠶ᠋ᠢᠨ ᠲᠠᠯᠠᠪᠠᠢ ᠶ᠋ᠢᠨ ᠲᠡᠵᠢᠭᠡᠯ ᠡᠪᠡᠰᠦ ᠪᠤᠷᠳᠤᠭ᠎ᠠ ᠠᠪᠬᠤ ᠳ᠋ᠤ ᠬᠡᠷᠡᠭᠯᠡᠭᠰᠡᠨ ᠵᠢᠭᠡᠯᠡᠯᠭᠡ ᠳ᠋ᠤ ᠬᠦᠦ ᠮᠦᠩᠬᠦ ᠶ᠋ᠢ ᠨᠢ ᠳ᠋ᠦᠩᠨᠡᠨ ᠪᠤᠳᠤᠭᠰᠠᠨ ᠳᠤᠬᠠᠢ ᠶ᠋ᠢᠨ ᠡᠳᠦᠷ ᠤ᠋ᠨ ᠵᠠᠬ᠎ᠠ ᠳᠡᠯᠭᠡᠭᠦᠷ ᠤ᠋ᠨ ᠬᠦᠦ ᠮᠦᠩᠬᠦ ᠶ᠋ᠢᠨ ᠨᠤᠷᠮ᠎ᠠ (LPR ) ᠶ᠋ᠢᠨ 70% ᠪᠡᠷ (ᠪᠤᠳᠠᠳᠤ ᠬᠦᠦ ᠮᠦᠩᠬᠦ ᠶ᠋ᠢᠨ ᠨᠤᠷᠮ᠎ᠠ ᠨᠢ LPR ᠡᠴᠡ ᠳᠤᠤᠷ᠎ᠠ ᠪᠤᠯ ᠪᠤᠳᠠᠳᠤ ᠬᠦᠦ ᠮᠦᠩᠬᠦ ᠶ᠋ᠢᠨ ᠨᠤᠷᠮ᠎ᠠ ᠶ᠋ᠢᠨ 70% ᠪᠡᠷ)᠂ ᠳᠠᠩ ᠭᠠᠭᠴᠠ ᠭᠤᠤᠯ ᠴᠤᠭᠴᠠ ᠪᠦᠷᠢ ᠳ᠋ᠤ ᠵᠢᠯ ᠤ᠋ᠨ 200 ᠲᠦᠮᠡᠨ ᠲᠦᠭᠦᠷᠢᠭ ᠡᠴᠡ ᠦᠯᠦ ᠳᠠᠪᠠᠬᠤ ᠬᠦᠦ ᠮᠦᠩᠬᠦ ᠶ᠋ᠢᠨ ᠨᠦᠬᠦᠪᠤᠷᠢ ᠶ᠋ᠢᠨ ᠳᠡᠮᠵᠢᠯᠭᠡ ᠤᠯᠭᠤᠨ᠎ᠠ᠃

ᠬᠤᠶᠠᠷ᠂ ᠳᠤᠮᠳᠠ ᠪᠠᠭ᠎ᠠ ᠲᠡᠵᠢᠭᠡᠪᠤᠷᠢ ᠶ᠋ᠢᠨ ᠲᠠᠯᠠᠪᠠᠢ ᠶ᠋ᠢᠨ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠶ᠋ᠢ ᠨᠢᠭᠡ ᠴᠤᠭᠴᠠᠵᠢᠭᠤᠯᠤᠨ ᠬᠦᠭᠵᠢᠭᠦᠯᠬᠦ ᠶ᠋ᠢ ᠳᠡᠮᠵᠢᠵᠦ᠂ ᠳᠤᠮᠳᠠ ᠪᠠᠭ᠎ᠠ ᠲᠡᠵᠢᠭᠡᠪᠤᠷᠢ ᠶ᠋ᠢᠨ ᠲᠠᠯᠠᠪᠠᠢ ᠶ᠋ᠢᠨ ᠦᠪᠡᠰᠦᠪᠡᠨ ᠪᠠᠢᠭᠤᠯᠤᠭᠰᠠᠨ ᠫᠠᠰᠲ᠋ᠧᠷ ᠤ᠋ᠨ ᠪᠠᠺᠲᠧᠷᠢ ᠤᠰᠠᠳᠬᠠᠬᠤ ᠠᠷᠭ᠎ᠠ ᠪᠡᠷ ᠦᠢᠯᠡᠳᠪᠤᠷᠢᠯᠡᠭᠰᠡᠨ ᠰᠦ᠂ ᠳᠤᠤᠷ᠎ᠠ ᠳᠤᠯᠠᠭᠠᠨ ᠳ᠋ᠤ ᠢᠰᠭᠡᠭᠰᠡᠨ ᠰᠦ᠂ ᠪᠢᠰᠢᠯᠠᠭ ᠪᠠ ᠪᠤᠰᠤᠳ ᠲᠦᠷᠦᠯ ᠤ᠋ᠨ ᠤᠷᠤᠨ ᠨᠤᠳᠤᠭ ᠤ᠋ᠨ ᠤᠨᠴᠠᠯᠢᠭ ᠪᠦᠬᠦᠢ ᠴᠠᠭᠠᠨ ᠢᠳᠡᠭᠡᠨ ᠵᠡᠷᠭᠡ ᠶ᠋ᠢ ᠦᠢᠯᠡᠳᠪᠤᠷᠢᠯᠡᠨ ᠪᠤᠯᠪᠠᠰᠤᠷᠠᠭᠤᠯᠬᠤ ᠠᠵᠤ ᠠᠬᠤᠢᠯᠠᠯ (ᠢᠳᠡᠭᠡᠨ ᠤ᠋ ᠵᠦᠢᠯᠡᠰ ᠦᠢᠯᠡᠳᠪᠤᠷᠢᠯᠡᠬᠦ ᠵᠦᠪᠰᠢᠶᠡᠷᠡᠯ ᠤ᠋ᠨ ᠦᠨᠡᠮᠯᠡᠯ ᠲᠠᠢ ᠪᠠᠢᠬᠤ ᠬᠡᠷᠡᠭᠳᠠᠢ ) ᠳ᠋ᠤ ᠶᠡᠷᠦᠩᠬᠡᠢ ᠪᠡᠯᠡ ᠤᠷᠤᠭᠤᠯᠤᠯᠳᠠ ᠶ᠋ᠢᠨ ᠬᠢᠨᠢ 30% ᠪᠡᠷ ᠨᠦᠬᠦᠪᠤᠷᠢ ᠤᠯᠭᠤᠵᠤ᠂ ᠳᠠᠩ ᠭᠠᠭᠴᠠ ᠭᠤᠤᠯ ᠴᠤᠭᠴᠠ ᠳ᠋ᠤ ᠤᠯᠭᠤᠬᠤ ᠨᠦᠬᠦᠪᠤᠷᠢ ᠶ᠋ᠢ 100 ᠲᠦᠮᠡᠨ ᠲᠦᠭᠦᠷᠢᠭ ᠡᠴᠡ ᠳᠠᠪᠠᠭᠤᠯᠬᠤ ᠦᠬᠡᠢ᠃

ᠭᠤᠷᠪᠠ᠂ ᠨᠦᠬᠦᠴᠡᠯ ᠲᠠᠢ ᠭᠠᠵᠠᠷ ᠤᠷᠤᠨ ᠤ᠋ ᠲᠦᠬᠦᠭᠡᠢ ᠰᠦ ᠶ᠋ᠢᠨ ᠦᠨ᠎ᠠ ᠬᠠᠩᠰᠢ ᠶ᠋ᠢᠨ ᠵᠢᠭᠠᠯᠳᠠ ᠲᠤᠭ᠎ᠠ ᠶ᠋ᠢᠨ ᠳᠠᠭᠠᠳᠬᠠᠯ ᠦᠷᠨᠢᠭᠦᠯᠬᠦ ᠶ᠋ᠢ ᠵᠤᠷᠢᠭᠵᠢᠭᠤᠯᠵᠤ᠂ ᠠᠵᠤ ᠦᠢᠯᠡᠰ ᠤ᠋ᠨ ᠲᠤᠯᠭᠠᠭᠤᠷᠢᠯᠠᠯ ᠤ᠋ᠨ ᠦᠷ᠎ᠠ ᠪᠦᠲᠦᠮᠵᠢ ᠪᠡᠷ ᠬᠠᠷᠢᠴᠠᠩᠭᠤᠢ ᠰᠠᠢᠨ ᠭᠠᠵᠠᠷ ᠤᠷᠤᠨ ᠢ᠋ ᠴᠠᠭ ᠲᠤᠨᠢ ᠳᠤᠬᠢᠷᠠᠭᠤᠯᠵᠤ ᠪᠠᠢᠭᠠᠳ ᠦᠪᠡᠷᠳᠡᠭᠡᠨ ᠵᠠᠰᠠᠬᠤ ᠤᠷᠤᠨ ᠤ᠋ ᠡᠳ᠋ ᠤ᠋ᠨ ᠵᠠᠰᠠᠭ ᠤ᠋ᠨ ᠨᠦᠬᠦᠪᠤᠷᠢ ᠤᠯᠭᠤᠬᠤ ᠬᠡᠪᠴᠢᠶᠠᠨ ᠳ᠋ᠤ ᠤᠷᠤᠭᠤᠯᠤᠨ᠎ᠠ᠃

ᠲᠦᠷᠪᠡ᠂ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠢᠯᠠᠯ ᠤ᠋ᠨ 2025 ᠤᠨ ᠤ᠋ 3 ᠰᠠᠷ᠎ᠠ ᠡᠴᠡ 8 ᠰᠠᠷ᠎ᠠ ᠶ᠋ᠢᠨ ᠬᠤᠭᠤᠷᠤᠨᠳᠤ ᠭᠦᠢᠴᠡᠳ ᠬᠡᠮᠵᠢᠶᠡᠨ ᠤ᠋ ᠲᠦᠬᠦᠭᠡᠢ ᠰᠦ ᠬᠤᠳᠠᠯᠳᠤᠨ ᠠᠪᠬᠤ ᠶ᠋ᠢ ᠳᠡᠮᠵᠢᠵᠦ᠂ ᠲᠦᠬᠦᠭᠡᠢ ᠰᠦ ᠶ᠋ᠢ ᠳᠠᠯᠬᠠᠳᠠᠬᠤ ᠳ᠋ᠤ ᠬᠡᠷᠡᠭᠯᠡᠭᠰᠡᠨ ᠠᠵᠤ ᠠᠬᠤᠢᠯᠠᠯ ᠳ᠋ᠤ ᠬᠤᠳᠠᠯᠳᠤᠨ ᠠᠪᠤᠭᠰᠠᠨ ᠲᠦᠬᠦᠭᠡᠢ ᠰᠦ ᠶ᠋ᠢᠨ ᠬᠡᠮᠵᠢᠶᠡᠨ ᠤ᠋ 10% ᠪᠡᠷ᠂ ᠳᠤᠨ ᠪᠦᠷᠢ ᠳ᠋ᠤ 1000 ᠲᠦᠭᠦᠷᠢᠭ ᠤ᠋ᠨ ᠨᠦᠬᠦᠪᠤᠷᠢ ᠤᠯᠭᠤᠵᠤ ᠂ ᠨᠦᠬᠦᠪᠤᠷᠢ ᠶ᠋ᠢᠨ ᠮᠦᠩᠬᠦ ᠶ᠋ᠢ ᠦᠪᠡᠷᠳᠡᠭᠡᠨ ᠵᠠᠰᠠᠬᠤ ᠤᠷᠤᠨ ᠪᠠ᠋ ᠠᠢᠮᠠᠭ ᠬᠤᠳᠠ ᠲᠤᠰ ᠲᠤᠰ 50% ᠶ᠋ᠢ ᠡᠭᠦᠷᠭᠡᠯᠡᠨ᠎ᠠ᠃ ᠲᠦᠬᠦᠭᠡᠢ ᠰᠦ ᠶ᠋ᠢ ᠳᠠᠯᠬᠠᠳᠠᠭᠰᠠᠨ ᠨᠦᠬᠦᠪᠤᠷᠢ ᠤᠯᠭᠤᠬᠤ ᠲᠦᠷᠦ ᠶ᠋ᠢᠨ ᠪᠤᠳᠤᠯᠭ᠎ᠠ ᠶ᠋ᠢᠨ ᠳᠡᠮᠵᠢᠯᠭᠡ ᠶ᠋ᠢ ᠲᠡᠵᠢᠭᠡᠨ ᠦᠷᠡᠵᠢᠭᠦᠯᠬᠦ ᠭᠤᠤᠯ ᠴᠤᠭᠴᠠ ᠳ᠋ᠤ ᠬᠦᠷᠳᠡᠭᠡᠬᠦ ᠶ᠋ᠢ ᠪᠠᠳᠤᠯᠠᠬᠤ ᠶ᠋ᠢᠨ ᠲᠦᠯᠦᠭᠡ᠂ ᠴᠠᠭᠠᠨ ᠢᠳᠡᠭᠡᠨ ᠤ᠋ ᠠᠵᠤ ᠠᠬᠤᠢᠯᠠᠯ ᠤ᠋ᠨ ᠭᠡᠷ᠎ᠠ ᠶᠤᠰᠤᠭᠠᠷ ᠲᠦᠬᠦᠭᠡᠢ ᠰᠦ ᠬᠤᠳᠠᠯᠳᠤᠨ ᠠᠪᠴᠤ᠂ ᠭᠡᠷ᠎ᠠ ᠪᠡᠨ ᠴᠠᠭ ᠲᠤᠬᠠᠢ ᠳ᠋ᠤᠨᠢ ᠦᠷᠭᠦᠯᠵᠢᠯᠡᠭᠦᠯᠬᠦ ᠶ᠋ᠢ ᠴᠢᠩᠭ᠎ᠠ ᠱᠠᠭᠠᠷᠳᠠᠵᠤ᠂ ᠬᠤᠳᠠᠯᠳᠤᠨ ᠠᠪᠬᠤ ᠶ᠋ᠢ ᠳᠡᠪᠴᠢᠬᠦ ᠪᠤᠶᠤ ᠬᠤᠳᠠᠯᠳᠤᠨ ᠠᠪᠬᠤ ᠬᠡᠮᠵᠢᠶ᠎ᠠ ᠶ᠋ᠢ ᠬᠢᠵᠠᠭᠠᠷᠯᠠᠵᠤ ᠪᠤᠯᠬᠤ ᠦᠭᠡᠢ᠃

ᠲᠠᠪᠤ᠂ ᠰᠢᠨ᠎ᠠ ᠶ᠋ᠢ ᠡᠭᠦᠳᠬᠦ ᠳᠠᠪᠴᠠᠩ ᠤ᠋ᠨ ᠪᠠᠢᠭᠤᠯᠤᠯᠳᠠ ᠶ᠋ᠢ ᠴᠢᠩᠭᠠᠳᠬᠠᠨ᠂ ᠤᠯᠤᠰ ᠤ᠋ᠨ ᠴᠠᠭᠠᠨ ᠢᠳᠡᠭᠡᠨ ᠤ᠋ ᠦᠢᠯᠡᠰ ᠤ᠋ᠨ ᠮᠡᠷᠭᠡᠵᠢᠯ ᠤ᠋ᠨ ᠰᠢᠨ᠎ᠠ ᠶ᠋ᠢ ᠡᠭᠦᠳᠬᠦ ᠲᠦᠪ ᠤ᠋ᠨ ᠪᠦᠲᠦᠭᠡᠨ ᠪᠠᠢᠭᠤᠯᠤᠯᠳᠠ ᠶ᠋ᠢ ᠦᠷᠭᠦᠯᠵᠢᠯᠡᠨ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠪᠦᠰᠡᠯᠡᠯᠳᠡ ᠰᠢᠪᠳᠤᠯᠬᠤ ᠢᠨᠵᠧᠨᠧᠷᠢᠩ ᠤ᠋ᠨ ᠤᠨᠴᠠᠯᠢᠭᠳᠤ ᠴᠠᠭᠠᠨ ᠢᠳᠡᠭᠡᠨ ᠤ᠋ ᠦᠢᠯᠡᠰ ᠤ᠋ᠨ ᠤᠷᠤᠨ ᠪᠠᠢᠷᠢ ᠳ᠋ᠤ ᠲᠦᠰᠢᠭᠯᠡᠨ᠂ ᠰᠦ ᠶ᠋ᠢᠨ ᠦᠢᠯᠡᠰ ᠤ᠋ᠨ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠲᠤᠬᠠᠢ ᠰᠤᠳᠤᠯᠭᠠᠨ ᠤ᠋ ᠡᠷᠴᠢᠮ ᠢ᠋ ᠴᠢᠩᠭᠠᠷᠠᠭᠤᠯᠵᠤ᠂ ᠰᠦ ᠪᠡᠷ ᠲᠦᠬᠦᠭᠡᠢ ᠮᠠᠲᠧᠷᠢᠶᠠᠯ ᠪᠤᠯᠭᠠᠭᠰᠠᠨ ᠨᠠᠢᠷᠠᠯᠭ᠎ᠠ ᠶ᠋ᠢᠨ ᠵᠦᠢᠯᠡᠰ᠂ ᠴᠢᠳᠠᠪᠬᠢᠳᠤ ᠴᠠᠭᠠᠨ ᠢᠳᠡᠭᠡᠨ ᠵᠡᠷᠭᠡ ᠶ᠋ᠢᠨ ᠵᠠᠩᠬᠢᠯᠠᠭ᠎ᠠ ᠶ᠋ᠢᠨ ᠮᠡᠷᠭᠡᠵᠢᠯ ᠳ᠋ᠤ ᠭᠤᠤᠯᠳᠠᠯᠭ᠎ᠠ ᠲᠠᠢ ᠰᠢᠪᠳᠤᠯᠤᠯᠳᠠ ᠬᠢᠵᠦ᠂ ᠳᠤᠮᠳᠠᠳᠤ ᠤᠯᠤᠰ ᠤ᠋ᠨ ᠬᠦᠮᠦᠨ ᠤ᠋ ᠢᠳᠡᠭᠡᠨ ᠤᠮᠳᠠᠭᠠᠨ ᠤ᠋ ᠵᠤᠷᠰᠢᠯ ᠳ᠋ᠤ ᠨᠡᠢᠴᠡᠬᠦ ᠰᠦ ᠪᠡᠷ ᠲᠦᠬᠦᠭᠡᠢ ᠮᠠᠲᠧᠷᠢᠶᠠᠯ ᠪᠤᠯᠭᠠᠭᠰᠠᠨ ᠢᠳᠡᠭᠡᠨ ᠢ᠋ ᠰᠤᠳᠤᠯᠤᠨ ᠨᠡᠭᠡᠭᠡᠵᠦ᠂ ᠳᠤᠮᠳᠠᠳᠤ ᠤᠯᠤᠰ ᠤ᠋ᠨ ᠤᠨᠴᠠᠯᠢᠭ ᠪᠦᠬᠦᠢ ᠰᠦ ᠪᠡᠷ ᠲᠦᠬᠦᠭᠡᠢ ᠮᠠᠲᠧᠷᠢᠶᠠᠯ ᠪᠤᠯᠭᠠᠭᠰᠠᠨ ᠴᠢᠳᠠᠪᠬᠢᠳᠤ ᠮᠠᠲᠧᠷᠢᠶᠠᠯ᠂ ᠳᠤᠮᠳᠠᠳᠤ ᠶ᠋ᠢᠨ ᠮᠠᠶᠢᠭ ᠤ᠋ᠨ ᠪᠢᠰᠢᠯᠠᠭ᠂ ᠳᠤᠮᠳᠠᠳᠤ ᠶ᠋ᠢᠨ ᠮᠠᠶᠢᠭ ᠤ᠋ᠨ ᠰᠦ ᠪᠡᠷ ᠲᠦᠬᠦᠭᠡᠢ ᠮᠠᠲᠧᠷᠢᠶᠠᠯ ᠪᠤᠯᠭᠠᠭᠰᠠᠨ ᠢᠳᠡᠭᠡᠨ ᠤ᠋ ᠵᠦᠢᠯ ᠵᠡᠷᠭᠡ ᠤᠨᠴᠠᠯᠢᠭᠳᠤ ᠴᠠᠭᠠᠨ ᠢᠳᠡᠭᠡᠨ ᠢ᠋ ᠱᠠᠯᠠᠪᠳᠠᠨ ᠰᠤᠳᠤᠯᠵᠤ ᠭᠠᠷᠭᠠᠨ᠎ᠠ᠃

ᠵᠢᠷᠭᠤᠭ᠎ᠠ᠂ ᠰᠦ ᠶ᠋ᠢᠨ ᠦᠢᠯᠡᠰ ᠤ᠋ᠨ ᠠᠵᠤ ᠠᠬᠤᠢᠯᠠᠯ ᠤ᠋ᠨ ᠴᠢᠬᠤᠯᠠ ᠶᠡᠬᠡ ᠰᠢᠨᠵᠢᠯᠡᠬᠦ ᠤᠬᠠᠭᠠᠨ ᠮᠡᠷᠭᠡᠵᠢᠯ ᠤ᠋ᠨ ᠡᠭᠦᠷᠭᠡ ᠶ᠋ᠢ ᠳᠠᠭᠠᠭᠠᠴᠢᠯᠠᠨ ᠭᠦᠢᠴᠡᠳᠭᠡᠬᠦ  ᠶ᠋ᠢ  ᠳᠡᠮᠵᠢᠵᠦ᠂ ᠠᠵᠤ ᠠᠬᠤᠢᠯᠠᠯ ᠤ᠋ᠨ ᠬᠢᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠲᠠᠢ ᠬᠠᠮᠳᠤᠷᠠᠨ ᠦᠪᠡᠷᠳᠡᠭᠡᠨ ᠵᠠᠰᠠᠬᠤ ᠤᠷᠤᠨ ᠤ᠋ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠠ ᠪᠦᠲᠦᠭᠡᠯ ᠢ᠋ ᠤᠨᠳᠤᠤᠰᠢᠭᠤᠯᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤ᠋ᠨ ᠲᠦᠯᠦᠪᠯᠡᠭᠡ ᠶ᠋ᠢᠨ ᠲᠦᠷᠦᠯ ᠵᠦᠢᠯ ᠢ᠋ ᠡᠷᠡᠮᠡᠯᠵᠡᠬᠦ᠂ ᠲᠡᠵᠢᠭᠡᠯ ᠡᠪᠡᠰᠦ ᠪᠤᠷᠳᠤᠭ᠎ᠠ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠪᠦᠬᠦ ᠠᠵᠤ ᠦᠢᠯᠡᠰ ᠤ᠋ᠨ ᠬᠡᠯᠬᠢᠶ᠎ᠠ ᠶ᠋ᠢᠨ ᠲᠤᠭᠤᠷᠢᠨ ᠳ᠋ᠤ ᠵᠠᠩᠬᠢᠯᠠᠭ᠎ᠠ ᠶ᠋ᠢᠨ ᠮᠡᠷᠭᠡᠵᠢᠯ ᠤ᠋ᠨ ᠪᠤᠭᠤᠮᠳᠠ ᠰᠢᠪᠳᠤᠯᠬᠤ ᠶ᠋ᠢ ᠵᠤᠷᠢᠭᠵᠢᠭᠤᠯᠵᠤ᠂ ᠵᠦᠷᠢᠶᠡᠴᠢᠯᠡᠭᠰᠡᠨ ᠵᠠᠬ᠎ᠠ ᠳᠡᠯᠭᠡᠭᠦᠷ ᠤ᠋ᠨ ᠬᠡᠷᠡᠭᠴᠡᠭᠡ ᠱᠠᠭᠠᠷᠳᠠᠯᠭ᠎ᠠ ᠶ᠋ᠢ ᠬᠠᠩᠭᠠᠨ᠎ᠠ᠃

ᠲᠤᠯᠤᠭ᠎ᠠ᠂ ᠴᠠᠭᠠᠨ ᠢᠳᠡᠭᠡᠨ ᠤ᠋ ᠠᠵᠤ ᠠᠬᠤᠢᠯᠠᠯ ᠢ᠋ ᠵᠤᠬᠢᠶᠠᠨ ᠪᠠᠢᠭᠤᠯᠤᠨ ᠤᠯᠤᠰ ᠤ᠋ᠨ ᠲᠤᠳᠤᠭᠠᠳᠤ ᠭᠠᠳᠠᠭᠠᠳᠤ ᠶ᠋ᠢᠨ ᠦᠵᠡᠰᠭᠦᠯᠡᠩ ᠳ᠋ᠤ ᠤᠷᠤᠯᠴᠠᠭᠤᠯᠤᠨ᠂ ᠪᠦᠬᠦ ᠤᠷᠤᠨ ᠤ᠋ ᠬᠡᠪᠴᠢᠶᠠᠨ ᠤ᠋ 《 ᠴᠠᠭᠠᠨ ᠢᠳᠡᠭᠡᠨ ᠤ᠋ ᠠᠵᠤ ᠠᠬᠤᠢᠯᠠᠯ ᠤ᠋ᠨ ᠦᠷᠢᠰᠦᠯᠳᠦᠭᠡᠨ ᠤ᠋ ᠳᠠᠪᠴᠠᠩ 》 ᠤ᠋ᠨ ᠠᠵᠢᠯᠯᠠᠭ᠎ᠠ ᠵᠡᠷᠭᠡ ᠤᠯᠠᠨ ᠬᠡᠯᠪᠡᠷᠢ ᠶ᠋ᠢᠨ ᠲᠤᠰᠬᠠᠢ ᠰᠡᠳᠦᠪᠳᠤ ᠤᠬᠠᠭᠤᠯᠭ᠎ᠠ ᠲᠠᠨᠢᠯᠴᠠᠭᠤᠯᠭ᠎ᠠ ᠶ᠋ᠢᠨ ᠠᠵᠢᠯᠯᠠᠭ᠎ᠠ ᠦᠷᠨᠢᠭᠦᠯᠵᠦ᠂ ᠮᠠᠨ ᠤ᠋ ᠤᠷᠤᠨ ᠤ᠋ ᠴᠠᠭᠠᠨ ᠢᠳᠡᠭᠡᠨ ᠤ᠋ ᠠᠵᠤ ᠠᠬᠤᠢᠯᠠᠯ ᠤ᠋ᠨ ᠠᠹᠷᠢᠺᠠ ᠲᠢᠪ ᠪᠠ ᠵᠡᠭᠦᠨ ᠡᠮᠦᠨᠡᠳᠦ ᠠᠽᠢᠶ᠎ᠠ ᠶ᠋ᠢᠨ ᠤᠯᠠᠨ ᠤᠯᠤᠰ ᠤ᠋ᠨ ᠵᠠᠬ᠎ᠠ ᠳᠡᠯᠭᠡᠭᠦᠷ ᠲᠤ᠌ ᠤᠷᠤᠬᠤ ᠶ᠋ᠢ ᠠᠬᠢᠭᠤᠯᠤᠨ᠎ᠠ᠃

ᠨᠠᠢ᠍ᠮᠠ᠂ ᠡᠯ᠎ᠠ ᠱᠠᠳᠤᠨ ᠤ᠋ ᠠᠵᠢᠯᠴᠢᠳ ᠤ᠋ᠨ ᠡᠪᠯᠡᠯ ᠤ᠋ᠨ ᠴᠠᠭᠠᠨ ᠢᠳᠡᠭᠡᠨ ᠤ᠋ ᠵᠦᠢᠯᠡᠰ ᠢ᠋ ᠬᠤᠳᠠᠯᠳᠤᠨ ᠠᠪᠴᠤ ᠲᠠᠷᠬᠠᠭᠠᠬᠤ ᠡᠷᠴᠢᠮ ᠶ᠋ᠢᠡᠨ ᠴᠢᠩᠭᠠᠷᠠᠭᠤᠯᠬᠤ ᠶ᠋ᠢ ᠵᠤᠷᠢᠭᠵᠢᠭᠤᠯᠵᠤ᠂ ᠴᠠᠭᠠᠨ ᠢᠳᠡᠭᠡᠨ ᠤ᠋ ᠵᠦᠢᠯᠡᠰ ᠢ᠋ ᠨᠠᠰᠤᠳᠠᠨ ᠢ᠋ ᠠᠰᠠᠷᠠᠬᠤ ᠬᠦᠷᠢᠶᠡᠯᠡᠩ᠂ ᠠᠰᠠᠷᠠᠮᠵᠢ ᠶ᠋ᠢᠨ ᠬᠦᠷᠢᠶᠡᠯᠡᠩ ᠵᠡᠷᠭᠡ ᠪᠠᠢᠭᠤᠯᠤᠮᠵᠢ ᠳ᠋ᠤ ᠤᠷᠤᠭᠤᠯᠬᠤ ᠶ᠋ᠢ ᠠᠬᠢᠭᠤᠯᠤᠨ᠂ 《ᠰᠤᠷᠤᠭᠴᠢᠳ ᠤ᠋ᠨ ᠤᠤᠭᠤᠬᠤ ᠰᠦ ᠶ᠋ᠢᠨ ᠲᠦᠯᠦᠪᠯᠡᠭᠡ》 ᠶ᠋ᠢᠨ ᠬᠠᠮᠤᠷᠬᠤ ᠬᠡᠪᠴᠢᠶ᠎ᠠ ᠶ᠋ᠢ ᠯᠠᠪᠳᠠᠭᠤᠨ ᠶ᠋ᠢᠡᠷ ᠦᠷᠭᠡᠳᠭᠡᠵᠤ᠂ ᠪᠦᠬᠦ ᠠᠷᠠᠳ ᠶ᠋ᠢᠡᠷ ᠶ᠋ᠢᠡᠨ ᠰᠦ ᠤᠤᠭᠤᠬᠤ ᠳᠠᠳᠬᠠᠯ ᠲᠠᠢ ᠪᠤᠯᠬᠤ ᠳ᠋ᠤ ᠬᠦᠴᠦᠨ ᠨᠡᠮᠡᠷᠢᠯᠡᠨ᠎ᠠ᠃

ᠶᠢᠰᠤ᠂ ᠰᠦ ᠶ᠋ᠢᠨ ᠦᠢᠯᠡᠰ ᠢ᠋ ᠳᠡᠮᠵᠢᠬᠦ ᠲᠦᠷᠦ ᠶ᠋ᠢᠨ ᠪᠤᠳᠤᠯᠭ᠎ᠠ ᠶ᠋ᠢᠨ ᠪᠡᠯᠡ ᠮᠦᠩᠬᠦ ᠶ᠋ᠢ ᠨᠠᠢᠳᠠᠪᠤᠷᠢᠵᠢᠭᠤᠯᠤᠨ ᠦᠭᠬᠦ ᠵᠢᠷᠦᠮ ᠢ᠋ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢᠯᠠᠯ ᠳ᠋ᠤ ᠬᠠᠷᠠᠭᠠᠯᠵᠠᠯ ᠦᠵᠡᠭᠦᠯᠬᠦ ᠰᠢᠭᠤᠳ ᠨᠡᠪᠳᠡᠷᠡᠬᠦ ᠳᠠᠪᠴᠠᠩ ᠢ᠋ ᠰᠠᠢᠳᠦᠷ ᠬᠡᠷᠡᠭᠯᠡᠨ᠎ᠠ; ᠳᠡᠰ ᠢ᠋ ᠨᠢ ᠳᠡᠭᠡᠭᠰᠢᠯᠡᠭᠦᠯᠦᠨ ᠪᠠᠭᠤᠯᠭᠠᠨ ᠦᠭᠬᠦ ᠳᠤᠭᠳᠠᠴᠠ ᠶ᠋ᠢ ᠰᠠᠢᠳᠦᠷ ᠬᠡᠷᠡᠭᠯᠡᠵᠤ᠂ ᠪᠡᠯᠡ ᠮᠦᠩᠬᠦ ᠶ᠋ᠢ ᠨᠠᠢᠳᠠᠪᠤᠷᠢᠵᠢᠭᠤᠯᠤᠨ ᠦᠭᠬᠦ ᠴᠠᠭᠴᠢ ᠴᠢᠨᠠᠷ ᠢ᠋ ᠳᠡᠭᠡᠭᠰᠢᠯᠡᠭᠦᠯᠦᠨ᠂ ᠦᠭᠬᠦ ᠶᠤᠰᠤᠳᠠᠢ ᠶ᠋ᠢ ᠨᠢ ᠴᠢᠳᠠᠬᠤ ᠶ᠋ᠢᠨ ᠲᠤᠳᠤᠷ᠎ᠠ ᠦᠭᠬᠦ᠂ ᠦᠭᠬᠦ ᠶᠤᠰᠤᠳᠠᠢ ᠶ᠋ᠢ ᠨᠢ ᠳᠠᠷᠤᠢ ᠳᠦᠷᠭᠡᠨ ᠦᠭᠬᠦ ᠶ᠋ᠢ ᠪᠡᠶᠡᠯᠡᠭᠦᠯᠦᠨ᠎ᠠ᠃

ᠲᠤᠰ ᠮᠡᠳᠡᠭᠳᠡᠯ ᠢ᠋ ᠨᠡᠢᠳᠡᠯᠡᠭᠰᠡᠨ ᠡᠳᠦᠷ ᠡᠴᠡ ᠡᠬᠢᠯᠡᠨ ᠬᠡᠷᠡᠭᠵᠢᠭᠦᠯᠵᠤ᠂ 2025 ᠤᠨ ᠤ᠋ 12 ᠰᠠᠷ᠎ᠠ ᠶ᠋ᠢᠨ 31 ᠤ᠋ ᠡᠳᠦᠷ ᠪᠤᠯᠳᠠᠯ᠎ᠠ ᠬᠡᠷᠡᠭᠵᠢᠭᠦᠯᠦᠨ᠎ᠠ᠃ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ ᠤ᠋ᠨ 2023 ᠤᠨ ᠳ᠋ᠤ ᠨᠡᠢᠳᠡᠯᠡᠭᠰᠡᠨ 《ᠰᠦ ᠶ᠋ᠢᠨ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢ ᠠᠬᠢᠭᠤᠯᠬᠤ ᠲᠤᠬᠠᠢ ᠲᠦᠷᠦ ᠶ᠋ᠢᠨ ᠪᠤᠳᠤᠯᠭ᠎ᠠ ᠠᠷᠭ᠎ᠠ ᠬᠡᠮᠵᠢᠶ᠎ᠠ ᠨᠤᠭᠦᠳ》 ᠲᠡᠬᠢ 《ᠭᠤᠷᠪᠠ᠂ 〈ᠰᠦ ᠶ᠋ᠢᠨ ᠢᠷᠡᠯᠳᠡ〉 ᠶ᠋ᠢᠨ ᠬᠠᠩᠭᠠᠯᠭ᠎ᠠ ᠶ᠋ᠢᠨ ᠪᠠᠳᠤᠯᠠᠭ᠎ᠠ ᠶ᠋ᠢ ᠪᠡᠬᠢᠵᠢᠭᠦᠯᠵᠦ᠂ ᠠᠵᠤ ᠦᠢᠯᠡᠰ ᠤ᠋ᠨ ᠬᠦᠭᠵᠢᠯᠳᠡ ᠶ᠋ᠢᠨ ᠰᠠᠭᠤᠷᠢ ᠶ᠋ᠢ ᠪᠠᠳᠤᠳᠬᠠᠨ᠎ᠠ》 ᠳ᠋ᠡᠬᠢ 8 ᠳ᠋ᠤᠭᠠᠷ ᠬᠡᠰᠡᠭ ᠤ᠋ᠨ ᠠᠭᠤᠯᠭ᠎ᠠ ᠶ᠋ᠢ ᠵᠡᠷᠭᠡ ᠳ᠋ᠤᠨᠢ ᠬᠦᠴᠦᠨ ᠦᠭᠡᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号