《ᠬᠣᠪᠣᠷ ᠱᠢᠷᠣᠢ + ᠲᠠᠷᠢᠶᠠᠯᠠᠩ》 ᠨᠢ ᠬᠣᠪᠣᠷ ᠱᠢᠷᠣᠢ ᠵᠢᠨ ᠬᠡᠷᠡᠭ᠌ᠯᠡᠭᠡᠨ ᠤ᠋ ᠱᠢᠨ᠎ᠡ ᠵᠠᠮ ᠢ᠋ ᠨᠡᠭᠡᠭᠡᠵᠡᠢ
2025-04-21 09:43:47
ᠵᠣᠬᠢᠶᠠᠭ᠍ᠴᠢ᠄
​ ᠼᠠᠢ ᠳ᠋ᠦᠩ ᠮᠧᠢ
ᠣᠩᠱᠢᠭ᠍ᠰᠠᠨ ᠣᠳᠠᠭ᠎ᠠ᠄
★★★☆☆

ᠬᠠᠪᠤᠷ ᠪᠤᠯᠵᠦ ᠬᠠᠩᠰᠢ ᠦᠩᠭᠡᠷᠡᠬᠦ ᠳ᠋ᠤ ᠲᠢᠶᠠᠨᠵᠢᠨ ᠤ᠋ ᠨᠢᠩ ᠡᡁᠸ ᠲᠤᠭᠤᠷᠢᠭ ᠤ᠋ᠨ ᠮᠢᠶᠣᠣ ᠵᠤᠸᠠᠩ ᠪᠠᠯᠭᠠᠰᠤᠨ ᠤ᠋ ᠱᠢᠶᠣᠣ ᠵᠢᠶᠸ ᠳ᠋ᠤᠤ ᠭᠦ ᠲᠣᠰᠭᠣᠨ ᠤ᠋ ᠲᠠᠷᠢᠶᠠᠨ ᠭᠠᠵᠠᠷ ᠲᠤ᠌᠎ᠲᠠᠷᠢᠶᠠᠴᠢᠳ ᠮᠠᠰᠢ ᠶᠠᠭᠠᠷᠠᠯᠲᠠᠢ ᠠᠵᠢᠯᠯᠠᠵᠠᠭᠠᠨ᠎ᠠ᠃ ᠲᠠᠷᠢᠶᠠᠨ ᠭᠠᠵᠠᠷ ᠲᠤ᠌ ᠤᠯᠠᠨᠲᠠ ᠭᠦᠨᠵᠡᠭᠡᠢᠷᠡᠭᠰᠡᠨ ᠪᠤᠭᠤᠲᠤ ᠵᠢᠨ ᠬᠣᠪᠣᠷ ᠱᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠲᠢᠶᠠᠨᠵᠢᠨ ᠤ᠋ ᠬᠤᠪᠢᠶᠠᠷᠢ ᠬᠦᠷᠢᠶᠡᠯᠡᠩ ᠤ᠋ᠨ ᠮᠡᠷᠭᠡᠵᠢᠯᠲᠡᠳ ᠤ᠋ᠨ ᠠᠵᠢᠭᠯᠠᠭᠰᠠᠨ ᠵᠢᠡᠷ᠂ ᠬᠣᠪᠣᠷ ᠱᠢᠷᠣᠢ ᠵᠢᠨ ᠪᠣᠷᠳᠣᠭᠤᠷ ᠬᠡᠷᠡᠭ᠌ᠯᠡᠭ᠌ᠰᠡᠨ ᠲᠥᠪᠡᠳ ᠬᠠᠰᠢ ᠵᠢᠨ ᠨᠢᠯᠬ᠎ᠠ ᠴᠢᠬᠢ ᠵᠢᠨ ᠨᠠᠪᠴᠢ ᠨᠢ ᠪᠠᠳᠠᠷᠠᠨ ᠳᠡᠯᠭᠡᠭ᠌ᠳᠡᠵᠦ᠍᠂ ᠴᠡᠯ ᠨᠣᠭᠣᠭᠠᠨ ᠦᠩᠭᠡ ᠲᠠᠢ᠂ ᠡᠩ ᠤ᠋ᠨ ᠪᠣᠷᠳᠣᠭᠤᠷ ᠬᠡᠷᠡᠭᠯᠡᠭᠰᠡᠨ ᠲᠠᠷᠢᠮᠠᠯ᠎ᠲᠠᠢ ᠠᠳᠠᠯᠢᠳᠭᠠᠪᠠᠯ᠂ ᠲᠦᠪᠡᠳ ᠬᠠᠰᠢ ᠵᠢᠨ ᠴᠢᠬᠢ ᠵᠢᠨ ᠥᠨᠳᠥᠷ ᠨᠢ ᠳᠤᠮᠳᠠᠴᠢ ᠪᠡᠷ 10% ᠪᠡᠷ ᠨᠡᠮᠡᠭ᠌ᠳᠡᠨ᠂ ᠮᠠᠰᠢ ᠴᠢᠩᠭ᠎ᠠ ᠠᠮᠢᠵᠢᠷᠠᠯ ᠤ᠋ᠨ ᠬᠦᠴᠦᠨ ᠲᠠᠢ ᠪᠠᠢᠵᠦ᠂  ᠲᠤᠰ ᠬᠤᠪᠢᠶᠠᠷᠢ ᠬᠦᠷᠢᠶᠡᠯᠡᠩ ᠪᠣᠯᠣᠨ ᠬᠤᠷᠰᠢᠭᠰᠠᠨ ᠠᠵᠤ ᠠᠬᠤᠢᠯᠠᠯ ᠤ᠋ᠨ ᠬᠠᠮᠲᠤ ᠪᠠᠷ ᠭᠤᠶᠤᠴᠢᠯᠠᠵᠤ ᠨᠡᠭᠡᠭᠡᠨ ᠬᠥᠭ᠌ᠵᠢᠭᠦᠯᠦᠭ᠌ᠰᠡᠨ ᠡᠨᠡ ᠬᠦ᠌ 65 ᠮᠦ᠍ ᠬᠣᠪᠣᠷ ᠱᠢᠷᠣᠢ ᠵᠢᠨ ᠪᠣᠷᠳᠣᠭᠤᠷ ᠤ᠋ᠨ ᠲᠤᠷᠱᠢᠯᠲᠠ ᠵᠢᠨ ᠲᠠᠷᠢᠶᠠᠨ ᠭᠠᠵᠠᠷ ᠨᠢ ᠱᠢᠨ᠎ᠡ ᠳᠦᠷᠰᠦ ᠪᠠᠢᠳᠠᠯ᠎ᠲᠠᠢ ᠪᠣᠯᠵᠠᠢ᠃

ᠪᠤᠭᠤᠲᠤ ᠵᠢᠨ ᠬᠣᠪᠣᠷ ᠱᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠲᠢᠶᠠᠨᠵᠢᠨ ᠤ᠋ ᠬᠤᠪᠢᠶᠠᠷᠢ ᠬᠦᠷᠢᠶᠡᠯᠡᠩ ᠤ᠋ᠨ ᠪᠠᠢᠩᠭᠤ ᠵᠢᠨ ᠳᠡᠳ᠋ ᠳᠠᠷᠤᠭ᠎ᠠ ᠯᠢ ᠯᠦ᠍ ᠵᠢᠨ ᠲᠠᠨᠢᠯᠴᠠᠭᠤᠯᠤᠭ᠍ᠰᠠᠨ ᠵᠢᠡᠷ᠂ ᠲᠠᠳᠠ ᠣᠷᠳᠣ᠌ ᠬᠤᠭᠤᠴᠠᠭᠠᠨ ᠤ᠋ ᠰᠤᠳᠤᠯᠤᠯᠲᠠ ᠪᠡᠷ ᠳᠡᠮᠵᠢᠨ᠂ ᠬᠣᠪᠣᠷ ᠱᠢᠷᠣᠢ ᠵᠢᠨ ᠡᠯᠧᠮᠧᠨ᠋ᠲ᠎ᠲᠦ ᠣᠨᠴᠠᠭᠠᠶ ᠹᠢᠽᠢᠣᠯᠣᠭᠢ ᠵᠢᠨ ᠵᠣᠬᠢᠴᠠᠭᠤᠯᠬᠤ ᠲᠣᠭ᠍ᠲᠠᠴᠠ᠎ᠲᠠᠢ ᠪᠠᠢᠵᠤ᠂ ᠤᠷᠭᠤᠮᠠᠯ ᠤ᠋ᠨ ᠤᠷᠭᠤᠯᠲᠠ ᠶ᠋ᠢ ᠠᠬᠢᠭᠤᠯᠤᠨ᠂ ᠦᠷ᠎ᠡ ᠵᠢᠨ ᠨᠠᠬᠢᠶᠠᠯᠠᠬᠤ ᠨᠣᠷᠮ᠎ᠠ ᠎ᠶᠢ ᠳᠡᠭᠡᠭ᠌ᠰᠢᠯᠡᠭᠦᠯᠵᠤ᠂ ᠦᠨᠳᠦᠰᠦ ᠵᠢᠨ ᠱᠢᠰᠲᠧᠮ ᠤ᠋ᠨ ᠥᠷᠭᠡᠵᠢᠯ ᠪᠠ ᠦᠨᠳᠦᠰᠦ ᠵᠢᠨ ᠪᠦᠷᠢᠯᠳᠦᠯ ᠢ᠋ ᠠᠬᠢᠭᠤᠯᠤᠨ᠂ ᠦᠨᠳᠦᠰᠦ ᠵᠢᠨ ᠱᠢᠰᠲᠧᠮ ᠤ᠋ᠨ ᠤᠰᠤ ᠪᠠ ᠱᠢᠮ᠎ᠡ ᠲᠡᠵᠢᠭᠡᠯ ᠢ᠋ ᠰᠢᠩᠭᠡᠭᠡᠬᠦ ᠴᠢᠳᠠᠪᠤᠷᠢ᠎ᠶ᠋ᠢ ᠨᠡᠮᠡᠭ᠌ᠳᠡᠭᠦᠯᠳᠡᠭ; ᠪᠠᠰᠠ ᠡᠰᠢ ᠨᠠᠪᠴᠢ ᠵᠢᠨ ᠥᠰᠦᠯᠲᠡ᠎ᠵᠢ ᠠᠬᠢᠭᠤᠯᠤᠨ᠂ ᠡᠰ ᠤ᠋ᠨ ᠬᠤᠪᠢᠶᠠᠭ᠍ᠳᠠᠯ ᠪᠠ ᠥᠰᠦᠯᠲᠡ᠎ᠳᠦ ᠰᠡᠳᠦᠯᠲᠡ ᠥᠭ᠌ᠴᠦ᠂ ᠤᠷᠭᠤᠮᠠᠯ ᠢ᠋ ᠤᠯᠠᠮ ᠴᠢᠭᠢᠷᠠᠭ᠍ᠵᠢᠭᠤᠯᠵᠤ᠂ ᠨᠠᠪᠴᠢᠨ ᠤ᠋ ᠨᠣᠭᠣᠭᠠᠨ ᠡᠳ᠋ ᠤ᠋ᠨ ᠠᠭᠤᠯᠤᠭ᠍ᠳᠠᠴᠠ ᠎ᠶᠢ ᠳᠡᠭᠡᠭ᠌ᠰᠢᠯᠡᠭᠦᠯᠤᠨ᠂ ᠭᠡᠷᠡᠯ᠎ᠤᠨ᠎ᠨᠡᠢᠯᠡᠯᠭᠡ ᠵᠢᠨ ᠦᠢᠯᠡᠳᠤᠯ᠎ᠳᠦ ᠠᠱᠢᠭᠲᠠᠢ ᠨᠥᠬᠥᠴᠡᠯ ᠢ᠋ ᠪᠦᠷᠢᠯᠳᠦᠭᠦᠯᠳᠡᠭ᠃

ᠡᠨᠡ ᠵᠢᠯ ᠤ᠋ᠨ ᠬᠠᠪᠤᠷ ᠤ᠋ᠨ ᠲᠠᠷᠢᠶᠠᠯᠠᠭ᠎ᠠ ᠵᠢᠨ ᠬᠤᠭᠤᠴᠠᠭᠠᠨ᠎ᠳᠤ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠦᠯᠬᠦᠮ ᠪᠣᠯᠣᠨ ᠬᠤᠷᠱᠢᠭᠰᠠᠨ ᠠᠵᠤ ᠠᠬᠤᠢᠯᠠᠯ ᠤ᠋ᠨ ᠮᠡᠷᠭᠡᠵᠢᠯ ᠤ᠋ᠨ ᠠᠵᠢᠯᠲᠠᠳ ᠬᠠᠮᠲᠤ ᠪᠡᠷ ᠲᠠᠷᠢᠶᠠᠨ ᠭᠠᠵᠠᠷ ᠲᠤ᠌ ᠬᠦᠷᠴᠤ᠂ ᠨᠠᠢᠷᠠᠭᠤᠯᠤᠭ᠍ᠰᠠᠨ ᠬᠣᠪᠣᠷ ᠱᠢᠷᠣᠢ ᠵᠢᠨ ᠪᠣᠷᠳᠣᠭᠤᠷ ᠵᠢᠡᠨ ᠲᠠᠷᠢᠮᠠᠯ ᠤ᠋ᠨ ᠨᠢᠯᠬ᠎ᠠ ᠴᠢᠬᠢ ᠳ᠋ᠤ ᠬᠡᠷᠡᠭ᠌ᠯᠡᠵᠦ᠍᠂ ᠬᠡᠰᠡᠭ ᠬᠤᠭᠤᠴᠠᠭ᠎ᠠ ᠪᠣᠢᠵᠢᠭᠤᠯᠬᠤ ᠪᠡᠷ ᠳᠠᠮᠵᠢᠨ ᠠᠮᠢᠵᠢᠷᠠᠯ ᠤ᠋ᠨ ᠬᠦᠴᠦᠨ ᠵᠢᠡᠷ ᠮᠠᠰᠢ ᠴᠢᠩᠭ᠎ᠠ ᠪᠠᠢᠬᠤ ᠵᠢ ᠭᠡᠷᠡᠴᠢᠯᠡᠭᠰᠡᠨ ᠪᠠᠢᠨ᠎ᠠ᠃ 《ᠲᠤᠰ ᠤᠳᠠᠭ᠎ᠠ ᠵᠢᠨ ᠲᠠᠷᠢᠶᠠᠨ ᠭᠠᠵᠠᠷ ᠤ᠋ᠨ ᠲᠤᠷᠱᠢᠯᠲᠠ ᠪᠣᠯ〈ᠬᠣᠪᠣᠷ ᠱᠢᠷᠣᠢ + ᠲᠠᠷᠢᠶᠠᠯᠠᠩ〉 ᠤ᠋ᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠬᠤᠪᠢᠷᠠᠭᠤᠯᠬᠤ ᠴᠢᠬᠤᠯᠠ ᠵᠠᠩᠭᠢᠯᠠᠭ᠎ᠠ ᠵᠢᠨ ᠴᠡᠭ ᠪᠣᠯᠣᠨ᠎ᠠ᠃ ᠲᠥᠪᠡᠳ ᠬᠠᠰᠢ ᠵᠡᠷᠭᠡ ᠠᠵᠤ ᠠᠬᠤᠢ ᠵᠢᠨ ᠲᠠᠷᠢᠮᠠᠯ ᠡᠴᠡ ᠭᠠᠳᠠᠨ᠎ᠠ᠂ ᠪᠤᠭᠤᠲᠤ ᠵᠢᠨ ᠬᠣᠪᠣᠷ ᠱᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠲᠢᠶᠠᠨᠵᠢᠨ ᠤ᠋ ᠬᠤᠪᠢᠶᠠᠷᠢ ᠬᠦᠷᠢᠶᠡᠯᠡᠩ ᠬᠣᠪᠣᠷ ᠱᠢᠷᠣᠢ ᠵᠢᠨ ᠪᠣᠷᠳᠣᠭᠤᠷ ᠢ᠋ ᠠᠮᠤ ᠪᠤᠳᠠᠭᠠᠨ ᠤ᠋ ᠲᠠᠷᠢᠮᠠᠯ ᠳ᠋ᠤ ᠬᠡᠷᠡᠭ᠌ᠯᠡᠬᠦ᠎ᠶ᠋ᠢ ᠦᠷᠭᠦᠯᠵᠢᠯᠡᠨ ᠨᠡᠭᠡᠭᠡᠨ ᠬᠥᠭ᠌ᠵᠢᠭᠦᠯᠵᠦ᠍᠂ ᠭᠤᠤᠯᠳᠠᠭᠤ ᠤᠰᠤᠨ ᠲᠤᠲᠤᠷᠭ᠎ᠠ᠂ ᠡᠷᠳᠡᠨᠢ ᠱᠢᠰᠢ ᠵᠡᠷᠭᠡ᠎ᠳ᠋ᠤ ᠠᠩᠬᠠᠷᠤᠯ ᠵᠢᠡᠨ ᠲᠦᠪᠯᠡᠷᠡᠭᠦᠯᠤᠨ᠂ ᠤᠮᠠᠷᠠᠲᠤ ᠣᠷᠣᠨ ᠤ᠋ ᠬᠥᠷᠥᠰᠥ᠍ ᠱᠢᠷᠣᠢ ᠵᠢᠨ ᠤᠨᠴᠠᠯᠢᠭ ᠲᠤ᠌ ᠴᠢᠭ᠌ᠯᠡᠭᠦᠯᠦᠨ ᠪᠣᠷᠳᠣᠭᠤᠷ ᠤ᠋ᠨ ᠨᠠᠢᠷᠠᠯᠭ᠎ᠠ᠎ᠶ᠋ᠢ ᠱᠢᠯᠢᠳᠡᠭ᠌ᠵᠢᠭᠦᠯᠵᠦ᠍᠂ ᠬᠢᠮᠢ ᠵᠢᠨ ᠪᠣᠷᠳᠣᠭᠤᠷ ᠤ᠋ᠨ ᠬᠡᠮᠵᠢᠶ᠎ᠡ᠎ᠶ᠋ᠢ ᠪᠠᠭᠠᠰᠭᠠᠨ ᠦᠷ᠎ᠡ ᠠᠰᠢᠭ ᠢ᠋ ᠨᠡᠮᠡᠭ᠌ᠳᠡᠭᠦᠯᠬᠦ᠎ᠶ᠋ᠢ ᠪᠡᠶᠡᠯᠡᠭᠦᠯᠤᠨ᠂ ᠬᠣᠪᠣᠷ ᠱᠢᠷᠣᠢ ᠵᠢᠨ ᠡᠯᠧᠮᠧᠨ᠋ᠲ ᠢ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ᠌ 〈ᠠᠯᠳᠠᠨ ᠪᠣᠷᠳᠣᠭᠤᠷ〉 ᠪᠣᠯᠭᠠᠵᠤ ᠬᠤᠪᠢᠷᠠᠭᠤᠯᠤᠨ᠎ᠠ》 ᠭᠡᠵᠤ ᠪᠤᠭᠤᠲᠤ ᠵᠢᠨ ᠬᠣᠪᠣᠷ ᠱᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠲᠢᠶᠠᠨᠵᠢᠨ ᠤ᠋ ᠬᠤᠪᠢᠶᠠᠷᠢ ᠬᠦᠷᠢᠶᠡᠯᠡᠩ ᠤ᠋ᠨ ᠬᠣᠪᠣᠷ ᠱᠢᠷᠣᠢ ᠵᠢᠨ ᠡᠮᠴᠢᠯᠡᠭᠡᠨ ᠤ᠋ ᠰᠤᠳᠤᠯᠭᠠᠨ ᠤ᠋ ᠲᠥᠪ ᠤ᠋ᠨ ᠡᠷᠬᠢᠯᠡᠭ᠌ᠴᠢ ᠵᠠᠩ ᠴᠦᠨ ᠱᠢᠶᠠ ᠬᠡᠯᠡᠪᠠ᠃

ᠪᠤᠭᠤᠲᠤ ᠵᠢᠨ ᠪᠣᠯᠣᠳ ᠲᠡᠮᠦᠷ ᠤ᠋ᠨ ᠪᠦᠯᠦᠭ᠌ᠯᠡᠯ ᠎ᠤᠨ ᠬᠢᠨ 《ᠬᠣᠪᠣᠷ ᠱᠢᠷᠣᠢ + ᠲᠠᠷᠢᠶᠠᠯᠠᠩ》ᠤ᠋ᠨ ᠬᠦᠷᠢᠶᠡᠨ᠎ᠳᠦ ᠭᠦᠨ ᠰᠤᠳᠤᠯᠭᠠᠨ  ᠬᠢᠭᠰᠡᠭᠡᠷ ᠢᠷᠡᠪᠡ᠂ ᠤᠯᠠᠨ ᠵᠢᠯ ᠤ᠋ᠨ ᠡᠮᠦᠨ᠎ᠡ ᠬᠣᠪᠣᠷ ᠱᠢᠷᠣᠢ ᠵᠢᠨ ᠪᠣᠷᠳᠣᠭᠤᠷ ᠢ᠋ ᠶᠠᠨᠲ᠋ᠠᠢ ᠵᠢᠨ ᠠᠯᠮᠤᠷᠠᠳ ᠢ᠋ ᠪᠣᠢᠵᠢᠭᠤᠯᠬᠤ ᠳ᠋ᠤ ᠬᠡᠷᠡᠭ᠌ᠯᠡᠭᠡᠳ ᠮᠠᠰᠢ ᠰᠠᠢᠨ ᠦᠷ᠎ᠡ ᠪᠦᠲᠦᠮᠵᠢ ᠣᠯᠪᠠ; ᠪᠤᠭᠤᠲᠤ ᠵᠢᠨ ᠪᠣᠯᠣᠳ ᠲᠡᠮᠦᠷ ᠤ᠋ᠨ ᠺᠣᠮᠫᠠᠨᠢ ᠵᠢᠨ ᠬᠣᠪᠣᠷ ᠱᠢᠷᠣᠢ ᠵᠢᠨ ᠲᠠᠷᠢᠶᠠᠯᠠᠩ ᠤ᠋ᠨ ᠰᠡᠳᠦᠪ ᠤ᠋ᠨ ᠲᠤᠯᠭᠠᠭᠤᠷᠢᠯᠠᠯ ᠳ᠋ᠤ ᠲᠦᠱᠢᠭ᠌ᠯᠡᠨ᠂ ᠪᠤᠭᠤᠲᠤ ᠬᠤᠳᠠ ᠵᠢᠨ ᠴᠤᠷ ᠪᠤᠲᠠ ᠲᠣᠰᠭᠣᠨ ᠤ᠋ ᠬᠤᠵᠢᠷᠯᠢᠭ᠋ ᠭᠠᠵᠠᠷ ᠤ᠋ᠨ ᠬᠥᠷᠥᠰᠥ᠍ ᠱᠢᠷᠣᠢ ᠰᠠᠢᠵᠢᠷᠠᠵᠤ᠂ ᠲᠤᠬᠠᠢ ᠵᠢᠨ ᠵᠢᠯ᠎ᠳᠦ ᠮᠦ᠍ ᠪᠦᠷᠢ᠎ᠡᠴᠡ 400 ᠵᠢᠩ ᠤᠰᠤᠨ ᠲᠤᠲᠤᠷᠭ᠎ᠠ ᠬᠤᠷᠢᠶᠠᠵᠤ ᠪᠠᠢᠪᠠ; ᠪᠤᠭᠤᠲᠤ ᠬᠣᠲᠠ ᠵᠢᠨ ᠳᠠᠪᠠᠭ᠎ᠠ ᠲᠣᠰᠭᠣᠨ ᠤ᠋ ᠭᠦᠵᠡᠯᠵᠡᠭᠡᠨ᠎ᠡ ᠮᠠᠰᠢ ᠠᠯᠳᠠᠷᠲᠠᠢ ᠪᠠᠢᠵᠤ᠂ ᠬᠣᠪᠣᠷ ᠱᠢᠷᠣᠢ ᠵᠢᠨ ᠪᠣᠷᠳᠣᠭᠤᠷ ᠬᠡᠷᠡᠭᠯᠡᠭᠰᠡᠨ᠎ᠡᠴᠡ ᠪᠣᠯᠵᠤ᠂ ᠤᠤᠯ ᠤ᠋ᠨ ᠬᠢ ᠡᠴᠡ ᠪᠡᠨ ᠨᠡᠩ ᠲᠣᠮᠣ᠌ ᠪᠦᠭᠡᠳ ᠠᠮᠲᠠᠲᠠᠢ ᠪᠣᠯᠵᠠᠢ᠃ ᠲᠣᠰ ᠤᠳᠠᠭ᠎ᠠ ᠵᠢᠨ ᠪᠤᠭᠤᠲᠤ ᠵᠢᠨ ᠬᠣᠪᠣᠷ ᠱᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠲᠢᠶᠠᠨᠵᠢᠨ ᠤ᠋ ᠬᠤᠪᠢᠶᠠᠷᠢ ᠬᠦᠷᠢᠶᠡᠯᠡᠩ ᠤ᠋ᠨ ᠦᠢᠯᠡᠳᠦᠯᠭᠡ ᠨᠢ 《ᠬᠣᠪᠣᠷ ᠱᠢᠷᠣᠢ + ᠲᠠᠷᠢᠶᠠᠯᠠᠩ》 ᠤ᠋ᠨ ᠴᠢᠬᠤᠯᠠ ᠶᠡᠬᠡ ᠦᠢᠯᠡᠳᠦᠯ ᠢ᠋ ᠳᠠᠬᠢᠨᠲᠠ ᠭᠡᠷᠡᠴᠢᠯᠡᠪᠡ᠃

《ᠢᠷᠡᠭᠡᠳᠦᠢ᠎ᠳᠦ ᠪᠤᠭᠤᠲᠤ ᠵᠢᠨ ᠬᠣᠪᠣᠷ ᠱᠢᠷᠣᠢ ᠵᠢᠨ ᠰᠤᠳᠤᠯᠭᠠᠨ ᠤ᠋ ᠬᠦᠷᠢᠶᠡᠯᠡᠩ ᠤ᠋ᠨ ᠲᠢᠶᠠᠨᠵᠢᠨ ᠤ᠋ ᠬᠤᠪᠢᠶᠠᠷᠢ ᠬᠦᠷᠢᠶᠡᠯᠡᠩ ᠮᠡᠷᠭᠡᠵᠢᠯ ᠤ᠋ᠨ ᠪᠣᠭᠣᠮᠲᠠ ᠱᠢᠪᠲᠤᠯᠤᠯᠳᠠ᠎ᠶ᠋ᠢ ᠭᠦᠨᠵᠡᠭᠡᠢᠷᠡᠭᠦᠯᠵᠦ᠍᠂ ᠬᠣᠪᠣᠷ ᠱᠢᠷᠣᠢ ᠵᠢᠨ ᠪᠣᠷᠳᠣᠭᠤᠷ ᠢ᠋ ᠲᠠᠷᠢᠶᠠᠴᠢᠳ ᠤ᠋ᠨ ᠭᠠᠷᠤᠯᠲᠠ᠎ᠶ᠋ᠢ ᠨᠡᠮᠡᠭ᠌ᠳᠡᠭᠦᠯᠵᠦ᠍ ᠣᠷᠣᠯᠭ᠎ᠠ᠎ᠶ᠋ᠢ ᠨᠡᠮᠡᠭ᠌ᠳᠡᠭᠦᠯᠬᠦ᠌〈ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠪᠣᠷᠳᠣᠭᠤᠷ〉ᠪᠣᠯᠭᠠᠨ᠂ ᠬᠣᠪᠣᠷ ᠱᠢᠷᠣᠢ ᠪᠣᠯᠣᠨ ᠠᠮᠢ ᠠᠬᠤᠢ ᠵᠢᠨ ᠲᠠᠷᠢᠶᠠᠯᠠᠩ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠵᠤ᠂ ᠮᠠᠨ ᠤ᠋ ᠤᠯᠤᠰ ᠤ᠋ᠨ ᠤᠳᠤ ᠦᠶ᠎ᠡ ᠵᠢᠨ ᠲᠠᠷᠢᠶᠠᠯᠠᠩ ᠤ᠋ᠨ ᠴᠢᠨᠠᠷ ᠰᠠᠢᠲᠠᠢ ᠬᠥᠭ᠌ᠵᠢᠯᠲᠡ ᠵᠢᠨ 〈ᠬᠣᠪᠣᠷ ᠱᠢᠷᠣᠢ ᠵᠢᠨ ᠬᠠᠭᠤᠳᠠᠰᠤ〉 ᠶ᠋ᠢ ᠪᠢᠴᠢᠭ᠌ᠯᠡᠨ᠎ᠡ》 ᠭᠡᠵᠦ᠍ ᠯᠢ ᠯᠦ᠍ ᠬᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号