ᠲᠥᠪ ᠦᠨ ᠨᠠᠢ᠍ᠮᠠᠨ ᠲᠣᠭᠲᠠᠭᠠᠯ ᠤᠨ ᠵᠣᠷᠢᠭ᠋ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ᠎ᠳᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠬᠡᠢᠰᠪᠦᠷᠢ ᠭᠠᠪᠢᠶ᠎ᠠ ᠬᠦᠭᠡᠭᠡᠴᠡᠯᠳᠦᠬᠦ ᠵᠢ ᠴᠢᠩᠭ᠎ᠠ ᠴᠡᠭᠡᠷᠯᠡᠨ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠵᠦ᠂ ᠪᠣᠳᠠᠲᠠᠢ ᠡᠴᠡ ᠡᠭᠦᠰᠬᠦ᠎ᠶᠢ ᠪᠠᠷᠢᠮᠲᠠᠯᠠᠵᠤ᠂ 《ᠬᠡᠯᠪᠡᠷᠢ》 ᠶ᠋ᠢ ᠴᠢᠬᠤᠯᠠᠴᠢᠯᠠᠭᠠᠳ《ᠦᠷ᠎ᠡ ᠪᠦᠲᠦᠮᠵᠢ》᠎ᠶ᠋ᠢ ᠴᠢᠬᠤᠯᠠᠴᠢᠯᠠᠬᠤ ᠦᠭᠡᠢ ᠪᠠᠢᠬᠤ᠎ᠶᠢ ᠰᠡᠷᠭᠡᠢᠯᠡᠵᠦ᠂ ᠰᠤᠷᠲᠠᠯ᠎ᠤᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠬᠢᠵᠦ᠂ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃
ᠣᠳᠣᠬᠠᠨ᠎ᠳᠤ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ᠎ᠲᠦ ᠮᠥᠨ ᠯᠡ ᠬᠡᠢᠰᠪᠦᠷᠢ᠎ᠶᠢ ᠬᠦᠭᠡᠭᠡᠴᠡᠯᠳᠦᠭᠡᠳ ᠪᠣᠳᠠᠲᠤ ᠠᠵᠢᠯᠯᠠᠭ᠎ᠠ᠎ᠶᠢ ᠡᠷᠬᠢᠮᠯᠡᠬᠦ ᠦᠭᠡᠢ ᠪᠠᠢᠳᠠᠯ ᠣᠷᠣᠰᠢᠵᠤ ᠪᠠᠢᠨ᠎ᠠ᠃ ᠵᠠᠷᠢᠮ ᠨᠢ ᠬᠤᠷᠠᠯ᠎ᠢᠶᠠᠷ ᠬᠤᠷᠠᠯ᠎ᠢ ᠨᠠᠢᠳᠠᠪᠤᠷᠢᠵᠢᠭᠤᠯᠤᠨ᠂ ᠪᠢᠴᠢᠭ ᠮᠠᠲᠧᠷᠢᠶᠠᠯ᠎ᠢᠶᠠᠷ ᠪᠢᠴᠢᠭ ᠮᠠᠲᠧᠷᠢᠶᠠᠯ᠎ᠢ ᠨᠠᠢᠳᠠᠪᠤᠷᠢᠵᠢᠭᠤᠯᠵᠤ᠂ ᠰᠦᠷ ᠮᠠᠨᠳᠤᠭᠤᠯᠤᠨ᠂ ᠪᠡᠶ᠎ᠡ᠎ᠪᠡᠨ ᠭᠠᠢᠬᠠᠭᠤᠯᠬᠤ ᠯᠡ ᠳᠤᠷᠠᠲᠠᠢ ᠪᠠᠢᠳᠠᠭ; ᠵᠠᠷᠢᠮ ᠨᠢ ᠦᠨᠳᠦᠰᠦᠨ ᠱᠠᠲᠤᠨ᠎ᠳᠤ ᠪᠠᠭᠤᠵᠤ《ᠦᠵᠡᠭᠦᠯᠭᠡ᠎ᠶᠢᠨ ᠮᠠᠶᠢᠭ᠋》᠂ 《ᠵᠤᠬᠢᠶᠠᠮᠠᠯ ᠦᠵᠡᠮᠵᠢ᠎ᠶᠢᠨ ᠮᠠᠶᠢᠭ᠋》 ᠤ᠋ᠨ ᠪᠠᠢᠴᠠᠭᠠᠨ ᠰᠤᠳᠤᠯᠤᠯᠲᠠ ᠬᠢᠳᠡᠭ; ᠵᠠᠷᠢᠮ ᠨᠢ ᠵᠠᠭᠤᠴᠢᠯᠠᠭᠤᠷ᠎ᠤᠨ ᠡᠮᠦᠨ᠎ᠡ ᠠᠮᠠ ᠳᠦᠭᠦᠷᠡᠩ ᠤᠴᠢᠷ ᠶᠤᠰᠤ ᠶᠠᠷᠢᠵᠤ᠂ ᠬᠠᠷᠢᠭᠤ ᠮᠡᠳᠡᠭᠦᠯᠦᠯᠲᠡ᠎ᠳᠡᠭᠡᠨ ᠡᠷᠡᠰ ᠰᠢᠭᠤᠷᠬᠠᠢ ᠣᠪᠣᠷ᠎ᠢᠶᠠᠨ ᠢᠯᠡᠳᠬᠡᠳᠡᠭ ᠴᠦ᠍᠂ ᠨᠠᠢᠳᠠᠪᠤᠷᠢᠵᠢᠭᠤᠯᠬᠤ ᠦᠶ᠎ᠡ᠎ᠳᠦ ᠬᠠᠷᠢᠨ《ᠪᠠᠷᠰ᠎ᠤᠨ ᠲᠤᠯᠤᠭᠠᠢ ᠪᠡᠷ ᠡᠬᠢᠯᠡᠵᠤ ᠮᠤᠭᠠᠢ ᠵᠢᠨ ᠰᠡᠭᠦᠯ ᠢᠶᠡᠷ ᠰᠢᠪᠲᠤᠷᠠᠳᠠᠭ》 ᠁ ᠡᠢᠮᠦᠷᠬᠦᠦ ᠬᠠᠭᠤᠷᠮᠠᠭᠯᠠᠨ ᠣᠪᠯᠠᠬᠤ᠂ ᠨᠡᠷᠡᠭᠦᠢ ᠨᠢᠳᠤᠷᠭ᠎ᠠ ᠪᠤᠯᠪᠠᠰᠤᠷᠠᠬᠤ ᠮᠡᠲᠦ ᠵᠢᠨ ᠦᠶ᠋ᠯᠡ ᠠᠵᠢᠯᠯᠠᠭ᠎ᠠ᠎ᠳᠤ᠂ ᠡᠷᠬᠡᠪᠰᠢ ᠪᠣᠳᠠᠲᠠᠢ ᠱᠠᠭᠠᠷᠳᠠᠯᠭ᠎ᠠ᠎ᠶᠢ ᠰᠤᠷᠤᠯᠴᠠᠯᠭ᠎ᠠ ᠬᠥᠮᠦᠵᠢᠯ᠎ᠦᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢᠭᠠᠳ ᠣᠨᠣᠯ᠎ᠤᠨ ᠰᠤᠷᠤᠯᠴᠠᠯᠭ᠎ᠠ ᠪᠠ ᠪᠠᠢᠴᠠᠭᠠᠨ ᠰᠤᠳᠤᠯᠤᠯᠲᠠ᠎ᠶᠢ ᠦᠨᠡᠨ ᠬᠦ᠌ ᠰᠠᠢᠲᠤᠷ ᠠᠳᠬᠤᠵᠤ᠂ ᠴᠡᠭᠴᠡᠯᠡᠨ ᠰᠠᠢᠵᠢᠷᠠᠭᠤᠯᠬᠤ ᠲᠣᠪᠣᠢᠮ᠎ᠠ ᠠᠰᠠᠭᠤᠳᠠᠯ᠎ᠢ ᠦᠨᠡᠨ ᠬᠦ᠌ ᠪᠠᠢᠴᠠᠭᠠᠨ ᠦᠵᠡᠵᠦ᠂ ᠠᠷᠠᠳ᠎ᠲᠤ ᠠᠰᠢᠭ᠋ ᠬᠦᠷᠲᠡᠭᠡᠵᠦ ᠠᠷᠠᠳ᠎ᠲᠤ ᠲᠤᠰᠠᠲᠠᠢ ᠪᠣᠳᠠᠲᠤ ᠶᠠᠪᠤᠳᠠᠯ᠎ᠢ ᠦᠨᠡᠨ ᠬᠦ᠌ ᠰᠠᠢᠲᠤᠷ ᠬᠢᠵᠦ᠂ ᠪᠣᠳᠠᠲᠤ ᠠᠵᠢᠯᠯᠠᠭ᠎ᠠ᠎ᠪᠠᠷ᠎ᠢᠶᠠᠨ ᠬᠥᠭᠵᠢᠯᠲᠡ᠎ᠶᠢ ᠠᠬᠢᠭᠤᠯᠵᠤ᠂ ᠠᠷᠠᠳ᠎ᠤᠨ ᠢᠲᠡᠭᠡᠯ᠎ᠢ ᠣᠯᠬᠤ ᠬᠡᠷᠡᠭᠲᠡᠢ᠃
《ᠬᠡᠢᠰᠪᠦᠷᠢ ᠡᠷᠳᠡᠮ》 ᠢ᠋ ᠴᠡᠭᠡᠷᠯᠡᠬᠦ᠎ᠳᠦ᠂ ᠫᠠᠢ᠎ᠪᠠᠨ ᠣᠨᠣᠪᠴᠢᠲᠠᠢ ᠣᠯᠵᠤ᠂ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠰᠤᠷᠲᠠᠯ᠎ᠤᠨ ᠠᠰᠠᠭᠤᠳᠠᠯ᠎ᠤᠨ ᠢᠯᠡᠷᠡᠯ ᠨᠢ ᠤᠯᠠᠨ ᠶᠠᠩᠵᠤ᠎ᠶᠢᠨ ᠪᠠᠢᠵᠤ᠂ ᠪᠤᠢ ᠪᠣᠯᠤᠭᠰᠠᠨ ᠰᠢᠯᠲᠠᠭᠠᠨ ᠨᠢ ᠨᠠᠷᠢᠨ ᠪᠤᠳᠤᠯᠢᠶᠠᠨᠲᠠᠢ ᠪᠠᠢᠳᠠᠭ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠪᠣᠯ ᠰᠤᠷᠲᠠᠯ᠎ᠤᠨ ᠠᠰᠠᠭᠤᠳᠠᠯ᠎ᠤᠨ ᠲᠥᠪᠯᠡᠷᠡᠩᠭᠦᠢ ᠢᠯᠡᠷᠡᠯ ᠮᠥᠨ᠂ ᠶᠠᠮᠠᠷ ᠠᠰᠠᠭᠤᠳᠠᠯ ᠲᠣᠪᠣᠢᠮ᠎ᠠ ᠪᠠᠢᠪᠠᠯ ᠲᠡᠷᠡ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠵᠦ᠂ ᠶᠠᠮᠠᠷ ᠠᠰᠠᠭᠤᠳᠠᠯ ᠲᠤᠯᠭᠠᠮ ᠪᠠᠢᠪᠠᠯ ᠲᠡᠷᠡ ᠠᠰᠠᠭᠤᠳᠠᠯ᠎ᠢ ᠱᠠᠯᠠᠪᠳᠠᠨ ᠰᠢᠢᠳᠪᠦᠷᠢᠯᠡᠬᠦ᠎ᠶᠢ ᠪᠠᠷᠢᠮᠲᠠᠯᠠᠬᠤ ᠬᠡᠷᠡᠭᠲᠡᠢ᠃ ᠲᠥᠪᠯᠡᠷᠡᠯ᠎ᠦᠨ ᠵᠠᠢ᠎ᠶᠢ ᠲᠠᠭᠠᠷᠠᠭᠤᠯᠬᠤ᠂ ᠪᠠᠯᠴᠢᠷᠢ ᠣᠨᠣᠪᠴᠢᠲᠠᠶ ᠡᠷᠢᠬᠦ᠂ ᠠᠮᠢᠨ ᠭᠠᠵᠠᠷ᠎ᠢ ᠨᠢ ᠠᠳᠬᠤᠬᠤ᠎ᠪᠠᠷ ᠳᠠᠮᠵᠢᠭᠤᠯᠵᠤ᠂ ᠪᠣᠳᠠᠲᠠᠢ ᠠᠵᠢᠯᠯᠠᠭᠰᠠᠨ ᠦᠭᠡᠢ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠵᠦ᠂ ᠠᠷᠠᠳ ᠤᠯᠠᠨ ᠤ ᠠᠰᠢᠭ᠋ ᠲᠤᠰᠠ ᠵᠢᠨ ᠲᠠᠯ᠎ᠠ ᠪᠡᠷ ᠬᠠᠮᠠᠭᠠᠯᠠᠬᠤ ᠦᠭᠡᠢ᠂ ᠠᠵᠢᠯ ᠬᠢᠬᠦ ᠦᠭᠡᠢ ᠪᠠᠢᠬᠤ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠵᠦ᠂ ᠠᠮᠵᠢᠨ ᠵᠢᠷᠭᠠᠬᠤ ᠦᠵᠡᠯ ᠰᠠᠨᠠᠭ᠎ᠠ ᠪᠠ ᠣᠨᠴᠠ ᠡᠷᠬᠡ᠎ᠶᠢᠨ ᠦᠵᠡᠭᠳᠡᠯ᠎ᠢ ᠭᠣᠣᠯᠳᠠᠯᠭ᠎ᠠ᠎ᠲᠠᠢ ᠲᠡᠪᠴᠢᠵᠦ᠂ ᠪᠦᠷᠢᠯᠭᠡᠨ ᠰᠦᠢᠳᠬᠡᠵᠦ ᠵᠢᠷᠭᠠᠨ ᠴᠡᠩᠭᠡᠬᠦ ᠪᠠ ᠣᠮᠣᠷᠬᠠᠭ ᠲᠠᠩᠬᠠᠢ ᠤᠵᠢᠳ ᠰᠠᠮᠠᠭᠤᠨ ᠮᠠᠭᠤ ᠰᠤᠷᠲᠠᠯ᠎ᠢ ᠭᠣᠣᠯᠳᠠᠯᠭ᠎ᠠ᠎ᠲᠠᠢ ᠬᠣᠷᠢᠭ᠍ᠯᠠᠨ ᠵᠣᠭᠰᠣᠭᠠᠬᠤ ᠬᠡᠷᠡᠭᠳᠡᠢ᠃
《ᠬᠣᠭᠣᠰᠤᠨ ᠯᠠᠷᠵᠢᠶ᠎ᠠ》᠎ᠶ᠋ᠢ ᠴᠡᠭᠡᠷᠯᠡᠬᠦ᠎ᠳᠦ᠂ ᠪᠣᠳᠠᠲᠠᠢ᠎ᠳᠤ ᠭᠦᠨᠵᠡᠭᠡᠢᠷᠡᠵᠦ᠂ ᠪᠠᠢᠴᠠᠭᠠᠨ ᠰᠤᠳᠤᠯᠤᠯᠲᠠ ᠬᠢᠬᠦ᠎ᠶᠢ ᠨᠡᠩ ᠪᠣᠳᠠᠲᠠᠢ᠎ᠶᠢ ᠡᠷᠬᠢᠮᠯᠡᠬᠦ ᠪᠣᠯᠭᠠᠬᠤ ᠬᠡᠷᠡᠭᠲᠡᠢ᠃ ᠪᠠᠢᠴᠠᠭᠠᠨ ᠰᠤᠳᠤᠯᠤᠯᠲᠠ ᠬᠢᠬᠦ ᠪᠣᠯ ᠤᠴᠢᠷ ᠶᠠᠪᠤᠳᠠᠯ᠎ᠢ ᠪᠣᠳᠣᠯᠬᠢᠯᠠᠬᠤ᠎ᠶᠢᠨ ᠰᠠᠭᠤᠷᠢ᠂ ᠤᠴᠢᠷ ᠶᠠᠪᠤᠳᠠᠯ᠎ᠢ ᠪᠦᠲᠦᠭᠡᠬᠦ᠎ᠶᠢᠨ ᠶᠣᠰᠣ᠌ ᠮᠥᠨ᠂ ᠠᠷᠠᠳ ᠲᠦᠮᠡᠨ᠎ᠢᠶᠡᠷ ᠪᠠᠭ᠍ᠰᠢ ᠪᠠᠷᠢᠵᠤ᠂ ᠠᠷᠠᠳ ᠲᠦᠮᠡᠨ᠎ᠡᠴᠡ ᠰᠤᠷᠤᠯᠴᠠᠵᠤ᠂ ᠯᠠᠷᠵᠢᠶ᠎ᠠ ᠶᠠᠩᠪᠠ᠎ᠪᠠᠨ ᠲᠠᠶᠠᠭᠳᠠᠨ᠂ ᠪᠡᠶ᠎ᠡ᠎ᠪᠡᠷ᠎ᠢᠶᠡᠨ ᠴᠢᠷᠮᠠᠢᠵᠤ᠂ ᠤᠯᠠᠨ ᠲᠦᠮᠡᠨ᠎ᠲᠠᠢ ᠣᠢᠷᠠᠳᠴᠤ᠂ ᠤᠯᠠᠨ ᠲᠦᠮᠡᠨ᠎ᠦ ᠪᠠᠢᠳᠠᠯ ᠢ ᠣᠢᠯᠠᠭᠠᠬᠤ ᠬᠡᠷᠡᠭᠲᠡᠢ᠃ ᠠᠵᠢᠯ᠎ᠤᠨ ᠪᠠᠢᠳᠠᠯ ᠨᠢ ᠰᠠᠢᠨ ᠪᠥᠭᠡᠳ ᠲᠡᠷᠢᠭᠦᠨ᠎ᠦ ᠭᠠᠵᠠᠷ ᠣᠷᠣᠨ᠎ᠳᠤ ᠣᠴᠢᠵᠤ ᠲᠤᠷᠰᠢᠯᠭ᠎ᠠ᠎ᠪᠠᠨ ᠳ᠋ᠦᠩᠨᠡᠬᠦ ᠮᠥᠷᠲᠡᠭᠡᠨ ᠪᠠᠰᠠ ᠤᠯᠠᠨ ᠲᠦᠮᠡᠨ᠎ᠦ ᠰᠠᠨᠠᠯ ᠤᠯᠠᠨ᠂ ᠠᠵᠢᠯ᠎ᠢᠶᠠᠨ ᠪᠠᠷᠤᠭᠲᠠᠢ ᠬᠢᠭᠰᠡᠨ ᠭᠠᠵᠠᠷ ᠣᠷᠣᠨ᠎ᠳᠤ ᠣᠴᠢᠵᠤ᠂ ᠬᠦᠴᠢᠷ ᠪᠡᠷᠬᠡᠰᠢᠶᠡᠯ ᠨᠡᠯᠢᠶᠡᠳ ᠤᠯᠠᠨ᠂ ᠪᠠᠢᠳᠠᠯ ᠪᠤᠳᠤᠯᠢᠶᠠᠨᠲᠠᠢ᠂ ᠵᠥᠷᠢᠴᠡᠯ ᠬᠤᠷᠴᠠ ᠰᠢᠷᠦᠭᠦᠨ ᠭᠠᠵᠠᠷ ᠣᠷᠣᠨ᠎ᠳᠤ ᠣᠴᠢᠵᠤ ᠪᠠᠢᠴᠠᠭᠠᠨ ᠰᠤᠳᠤᠯᠤᠯᠲᠠ ᠬᠢᠵᠦ᠂ ᠪᠣᠳᠠᠲᠤ ᠪᠠᠢᠳᠠᠯ᠎ᠢ ᠪᠠᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠳᠡᠭᠡᠷ᠎ᠡ ᠬᠦᠴᠦ᠎ᠪᠡᠨ ᠲᠠᠯᠪᠢᠬᠤ ᠬᠡᠷᠡᠭᠲᠡᠢ᠃
《ᠬᠡᠢᠰᠪᠦᠷᠢ ᠪᠠᠰᠢᠷ》 ᠢ᠋ ᠴᠡᠭᠡᠷᠯᠡᠬᠦ᠎ᠳᠦ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠡᠷ ᠤᠳᠤᠷᠢᠳᠤᠮᠵᠢ ᠪᠣᠯᠭᠠᠬᠤ᠎ᠶᠢ ᠬᠠᠷᠢᠯᠴᠠᠨ ᠨᠢᠭᠡᠳᠦᠯᠲᠡᠢ ᠪᠠᠢᠯᠭᠠᠬᠤ᠎ᠶᠢ ᠪᠠᠷᠢᠮᠲᠠᠯᠠᠬᠤ ᠬᠡᠷᠡᠭᠲᠡᠢ᠃ ᠨᠢᠭᠡ ᠬᠤᠪᠢ᠎ᠶᠢᠨ ᠪᠠᠢᠷᠢᠯᠠᠭᠤᠯᠤᠯᠲᠠ᠂ ᠶᠢᠰᠦᠨ ᠬᠤᠪᠢ᠎ᠶᠢᠨ ᠨᠠᠢᠳᠠᠪᠤᠷᠢᠵᠢᠭᠤᠯᠤᠯᠲᠠ᠂ ᠨᠢᠭᠡ ᠰᠡᠳᠬᠢᠯ᠎ᠢᠶᠡᠷ ᠪᠣᠳᠠᠲᠤ ᠠᠵᠢᠯᠯᠠᠭ᠎ᠠ᠎ᠶᠢ ᠡᠷᠬᠢᠮᠯᠡᠵᠤ᠂ ᠬᠦᠴᠦᠨ ᠴᠢᠳᠠᠯ᠎ᠢᠶᠠᠨ ᠰᠢᠪᠬᠠᠨ ᠪᠣᠳᠠᠲᠤ ᠦᠷ᠎ᠡ ᠪᠦᠲᠦᠮᠵᠢ᠎ᠶᠢ ᠡᠷᠬᠢᠮᠯᠡᠪᠡᠯ ᠰᠠᠶᠢ ᠠᠵᠢᠯ ᠢ ᠦᠨᠡᠨ ᠬᠦ᠌ ᠪᠣᠳᠠᠲᠠᠢ᠎ᠳᠤ ᠨᠠᠢᠳᠠᠪᠤᠷᠢᠵᠢᠭᠤᠯᠵᠤ ᠴᠢᠳᠠᠨ᠎ᠠ᠃ ᠠᠵᠢᠯ ᠤᠨ ᠳᠤᠮᠳᠠ 《ᠬᠠᠭᠤᠷᠮᠠᠭ ᠶᠡᠬᠡ ᠬᠤᠭᠤᠰᠤᠨ》᠎ᠢ᠋ ᠲᠠᠶᠠᠭᠳᠠᠵᠤ᠂ 《ᠬᠣᠭᠣᠰᠤᠨ ᠠᠮᠠᠯᠠᠯᠲᠠ》 ᠬᠢᠬᠦ ᠦᠭᠡᠢ ᠪᠠᠢᠵᠤ᠂ ᠨᠠᠮ᠎ᠤᠨ ᠲᠥᠪ ᠬᠣᠷᠢᠶ᠎ᠡ ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠬᠡᠪ᠎ᠢᠶᠡᠷ ᠨᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠳᠡᠪᠬᠢᠲᠡᠢ᠎ᠪᠡᠷ ᠰᠠᠨᠠᠭᠠᠴᠢᠯᠠᠭ᠎ᠠ᠎ᠲᠠᠢ᠎ᠪᠠᠷ ᠨᠠᠢᠳᠠᠪᠤᠷᠢᠵᠢᠭᠤᠯᠤᠯᠲᠠ᠎ᠶᠢ ᠠᠳᠬᠤᠵᠤ᠂ ᠣᠯᠠᠨ᠎ᠤ ᠬᠦᠴᠦᠨ᠎ᠢ ᠲᠥᠪᠯᠡᠷᠡᠭᠦᠯᠦᠨ ᠨᠠᠢᠳᠠᠪᠤᠷᠢᠵᠢᠭᠤᠯᠤᠯᠲᠠ᠎ᠶᠢ ᠠᠳᠬᠤᠵᠤ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠨᠠᠢᠳᠠᠪᠤᠷᠢᠵᠢᠭᠤᠯᠤᠯᠲᠠ ᠶᠢ ᠠᠳᠬᠤᠵᠤ᠂ ᠪᠣᠳᠠᠲᠠᠢ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠠᠢᠳᠠᠪᠤᠷᠢᠵᠢᠭᠤᠯᠤᠯᠲᠠ᠎ᠶᠢ ᠠᠳᠬᠤᠵᠤ᠂ ᠨᠠᠢᠳᠠᠪᠤᠷᠢᠵᠢᠭᠤᠯᠤᠯᠲᠠ᠎ᠶᠢ ᠠᠳᠬᠤᠬᠤ ᠲᠠᠯ᠎ᠠ᠎ᠪᠠᠷ ᠰᠢᠨ᠎ᠡ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃
ᠠᠵᠢᠯ᠎ᠤᠨ ᠦᠷ᠎ᠡ ᠪᠦᠲᠦᠮᠵᠢ ᠬᠢᠷᠢ ᠵᠡᠷᠭᠡ ᠪᠠᠢᠬᠤ ᠲᠤᠬᠠᠢ ᠠᠷᠠᠳ ᠤᠯᠠᠨ ᠬᠠᠮᠤᠭ᠎ᠡᠴᠡ ᠢᠯᠡᠭᠦᠦ ᠦᠭᠡ ᠬᠡᠯᠡᠬᠦ ᠡᠷᠬᠡ᠎ᠲᠠᠢ ᠶᠤᠮ᠃ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠴᠠᠭ ᠢᠮᠠᠭᠲᠠ ᠪᠡᠶ᠎ᠡ᠎ᠪᠡᠨ ᠰᠡᠨᠭᠬᠡᠷᠡᠭᠦᠯᠵᠤ᠂ ᠬᠡᠢᠰᠪᠦᠷᠢ ᠵᠢ ᠴᠡᠭᠡᠷᠯᠡᠨ ᠪᠣᠳᠠᠲᠠᠢ᠎ᠶᠢ ᠡᠷᠬᠢᠮᠯᠡᠬᠦ᠎ᠪᠡᠷ ᠴᠢᠷᠮᠠᠢᠵᠤ᠂ ᠰᠤᠷᠤᠯᠴᠠᠯᠭ᠎ᠠ ᠬᠥᠮᠦᠵᠢᠯ ᠢ ᠵᠢᠷᠦᠬᠡ ᠲᠠᠷᠢᠬᠢᠨ᠎ᠳᠠᠭᠠᠨ ᠬᠠᠳᠠᠩᠰᠢᠭᠤᠯᠤᠨ᠂ ᠰᠤᠷᠲᠠᠯ᠎ᠤᠨ ᠪᠠᠢᠭᠤᠯᠤᠯᠲᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠲᠠᠰᠤᠷᠠᠯᠲᠠ ᠦᠭᠡᠢ ᠠᠬᠢᠭᠤᠯᠵᠤ᠂ ᠠᠷᠠᠳ ᠤᠯᠠᠨ᠎ᠳᠤ ᠬᠠᠨᠤᠮᠵᠢᠲᠠᠢ ᠬᠠᠷᠢᠭᠤᠯᠲᠠ᠎ᠶᠢᠨ ᠬᠠᠭᠤᠳᠠᠰᠤ ᠲᠤᠰᠢᠶᠠᠬᠤ ᠬᠡᠷᠡᠭᠲᠡᠢ᠃
(ᠰᠢᠨᠬᠤᠸᠠ ᠬᠤᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)