ᠪᠠᠷᠢᠮᠵᠢᠶᠠᠯᠠᠨ ᠬᠠᠷᠭᠤᠭᠤᠯᠵᠤ ᠵᠥᠷᠢᠶ᠎ᠡ ᠪᠡᠨ ᠡᠷᠢᠵᠦ᠍᠂ ᠬᠦᠷᠦᠯᠴᠡᠬᠦ᠌ ᠦᠭᠡᠢ ᠲᠠᠯ᠎ᠠ᠎ᠪᠠᠨ ᠪᠠᠢᠴᠠᠭᠠᠵᠤ᠂ ᠠᠰᠠᠭᠤᠳᠠᠯ᠎ᠤᠨ ᠨᠠᠷᠢᠨ ᠳᠠᠩᠰᠠ ᠭᠠᠷᠭᠠᠵᠤ᠂ ᠴᠡᠭ᠌ᠴᠡᠯᠡᠨ ᠰᠠᠢᠵᠢᠷᠠᠭᠤᠯᠬᠤ ᠴᠢᠭ᠌ᠯᠡᠯ᠎ᠢᠶᠡᠨ ᠲᠣᠳᠣᠷᠬᠠᠢᠯᠠᠪᠠ; ᠬᠢᠨᠠᠯᠲᠠ ᠲᠠᠯᠪᠢᠬᠤ ᠴᠣᠩᠬᠣ ᠵᠢ ᠨᠡᠭᠡᠭᠡᠵᠦ᠍᠂ ᠰᠠᠨᠠᠯ ᠰᠠᠨᠠᠭᠤᠯᠭ᠎ᠠ ᠵᠢ ᠬᠤᠷᠢᠶᠠᠬᠤ ᠡᠭᠦᠳᠡ ᠵᠢ ᠨᠡᠭᠡᠭᠡᠵᠦ᠍᠂ ᠰᠠᠨᠠᠭᠠᠴᠢᠯᠠᠭ᠎ᠠ᠎ᠡᠴᠡ ᠪᠠᠨ ᠤᠯᠠᠨ ᠲᠦᠮᠡᠨ᠎ᠦ ᠰᠠᠨᠠᠯ᠎ᠢ ᠬᠤᠷᠢᠶᠠᠵᠤ᠂ ᠡᠯ᠎ᠡ ᠲᠠᠯ᠎ᠠ᠎ᠶ᠋ᠢᠨ ᠬᠢᠨᠠᠯᠲᠠ᠎ᠶ᠋ᠢ ᠬᠦᠯᠢᠶᠡᠪᠡ ᠁ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠤᠳᠤᠷᠢᠳᠭᠤ ᠺᠠᠳ᠋ᠷ ᠲᠦᠷᠦᠭᠦᠯᠡᠨ ᠠᠰᠠᠭᠤᠳᠠᠯ᠎ᠢ ᠴᠢᠩᠭ᠎ᠠ ᠪᠣᠳᠠᠲᠠᠢ ᠪᠠᠢᠴᠠᠭᠠᠨ ᠳᠡᠯᠭᠡᠵᠦ᠍᠂ ᠰᠤᠷᠲᠠᠯ᠎ᠤᠨ ᠳᠠᠯᠳᠠ ᠠᠷᠬ᠎ᠠ᠎ᠬᠢ ᠴᠢᠩᠭ᠎ᠠ ᠪᠠᠢᠴᠠᠭᠠᠨ ᠭᠦᠨᠵᠡᠭᠡᠢ ᠠᠭᠤᠳᠠᠯᠵᠤ᠂ ᠴᠡᠭ᠌ᠴᠡᠯᠡᠨ ᠰᠠᠢᠵᠢᠷᠠᠭᠤᠯᠬᠤ᠎ᠳᠤ ᠣᠨᠣᠪᠴᠢᠲᠠᠢ ᠴᠢᠭ᠌ᠯᠡᠯ ᠬᠠᠩᠭᠠᠪᠠ᠃
ᠪᠠᠢᠴᠠᠭᠠᠬᠤ ᠪᠣᠯ ᠰᠤᠷᠤᠯᠴᠠᠬᠤ᠎ᠶ᠋ᠢᠨ ᠦᠷᠭᠦᠯᠵᠢᠯᠡᠯ᠂ ᠴᠡᠭᠴᠡᠯᠡᠨ ᠰᠠᠢᠵᠢᠷᠠᠭᠤᠯᠬᠤ ᠵᠢᠨ ᠤᠳᠤᠷᠢᠳᠤᠮᠵᠢ ᠮᠥᠨ᠃ ᠥᠪᠡᠷ᠎ᠢ᠎ᠪᠡᠨ ᠪᠠᠢᠴᠠᠭᠠᠵᠤ ᠥᠪᠡᠷ᠎ᠢ᠎ᠪᠡᠨ ᠵᠠᠯᠠᠷᠠᠭᠤᠯᠬᠤ᠂ ᠠᠰᠠᠭᠤᠳᠠᠯ᠎ᠢ ᠣᠨᠣᠪᠴᠢᠲᠠᠢ ᠪᠠᠢᠴᠠᠭᠠᠨ ᠳᠡᠯᠭᠡᠬᠦ᠌ ᠪᠣᠯ ᠰᠤᠷᠲᠠᠯ᠎ᠢ ᠬᠤᠪᠢᠷᠠᠭᠤᠯᠬᠤ ᠵᠠᠩᠭᠢᠯᠠᠭ᠎ᠠ᠎ᠶ᠋ᠢᠨ ᠱᠢᠪᠲᠤᠯᠤᠯᠲᠠ᠎ᠶ᠋ᠢᠨ ᠴᠡᠭ ᠮᠥᠨ᠃ ᠠᠰᠠᠭᠤᠳᠠᠯ᠎ᠢ ᠪᠠᠢᠴᠠᠭᠠᠨ ᠳᠡᠯᠭᠡᠬᠦ᠌ ᠡᠷᠴᠢᠮ ᠨᠢ ᠰᠤᠷᠤᠯᠴᠠᠯᠭ᠎ᠠ ᠬᠥᠮᠦᠵᠢᠯ᠎ᠦᠨ ᠶᠠᠰᠤ ᠴᠢᠨᠠᠷ᠎ᠢ ᠱᠢᠭᠤᠳ ᠲᠣᠭ᠍ᠲᠠᠭᠠᠵᠤ ᠪᠠᠢᠳᠠᠭ᠃ ᠭᠠᠭ᠍ᠴᠠ ᠬᠦ᠌ ᠠᠰᠠᠭᠤᠳᠠᠯ᠎ᠳᠤ ᠵᠣᠷᠢᠭ᠍ᠲᠠᠢ ᠵᠥᠪ ᠬᠠᠨᠳᠤᠵᠤ᠂ ᠠᠰᠠᠭᠤᠳᠠᠯ᠎ᠢ ᠢᠯᠡᠷᠡᠭᠦᠯᠬᠦ᠌᠎ᠳᠡᠭᠡᠨ ᠴᠢᠳᠠᠮᠠᠭᠠᠢ ᠪᠠᠢᠪᠠᠯ ᠰᠠᠶᠢ ᠡᠪᠡᠳᠴᠢᠨ᠎ᠦ ᠦᠨᠳᠦᠰᠦ ᠵᠢ ᠣᠨᠣᠪᠴᠢᠲᠠᠢ ᠣᠯᠵᠤ᠂ ᠡᠪᠡᠳᠴᠢᠨ᠎ᠳᠦᠨᠢ ᠲᠠᠭᠠᠷᠠᠭᠤᠯᠤᠨ ᠡᠮ ᠥᠭ᠌ᠴᠦ᠂ ᠰᠤᠷᠤᠯᠴᠠᠯᠭ᠎ᠠ ᠬᠥᠮᠦᠵᠢᠯ᠎ᠢ ᠬᠠᠰᠢ ᠶᠠᠰᠢ᠎ᠪᠠᠷ ᠥᠩᠭᠡᠷᠡᠭᠦᠯᠬᠦ᠌ ᠦᠭᠡᠢ᠂ ᠬᠡᠯᠪᠡᠷᠢ᠎ᠶ᠋ᠢᠨ ᠲᠡᠳᠦᠢ ᠪᠢᠰᠢ ᠪᠤᠯᠭᠠᠵᠤ ᠴᠢᠳᠠᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠠᠵᠢᠯ᠎ᠤᠨ ᠪᠣᠳᠠᠳᠤ ᠪᠠᠢᠳᠠᠯ᠎ᠲᠠᠶ᠎ᠪᠠᠨ ᠤᠶᠠᠯᠳᠤᠭᠤᠯᠤᠨ᠂ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠪᠥᠬᠥ᠌ ᠲᠠᠯ᠎ᠠ᠎ᠪᠠᠷ ᠭᠦᠨᠵᠡᠭᠡᠶ ᠪᠠᠢᠴᠠᠭᠠᠨ ᠡᠷᠢᠵᠦ᠍᠂ ᠠᠩᠬᠠᠷᠤᠯ᠎ᠢᠶᠠᠨ ᠨᠠᠷᠢᠨ ᠤᠨᠤᠪᠴᠢᠳᠠᠢ ᠲᠥᠪᠯᠡᠷᠡᠭᠦᠯᠬᠦ᠌ ᠳᠤᠮᠳᠠ ᠡᠪᠡᠳᠴᠢᠨ᠎ᠦ ᠦᠨᠳᠦᠰᠦ᠎ᠶ᠋ᠢ ᠭᠦᠨ ᠠᠭᠤᠳᠠᠯᠵᠤ᠂ ᠠᠰᠠᠭᠤᠳᠠᠯ᠎ᠢ ᠣᠨᠣᠪᠴᠢᠲᠠᠶ ᠪᠦᠷᠢᠨ ᠡᠷᠢᠵᠦ᠍᠂ ᠪᠠᠢᠴᠠᠭᠠᠬᠤ ᠳ᠋ᠤ ᠡᠷᠴᠢᠮ ᠳᠠᠢ᠂ ᠡᠷᠢᠬᠦ ᠳ᠋ᠤ ᠭᠦᠨᠴᠡ᠎ᠲᠡᠶ ᠪᠠᠢᠬᠤ᠎ᠶ᠋ᠢ ᠪᠠᠲᠤᠯᠠᠬᠤ ᠬᠡᠷᠡᠭᠳᠡᠢ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠵᠣᠷᠢᠭ᠍ᠲᠠᠢ᠎ᠪᠠᠷ ᠳᠤᠲᠠᠭ᠍ᠳᠠᠯ᠎ᠢᠶᠠᠨ ᠢᠯᠡᠴᠢᠯᠡᠨ ᠨᠠᠵᠠᠭᠠᠢ ᠲᠠᠯ᠎ᠠ ᠪᠠᠨ ᠬᠡᠯᠡᠵᠤ᠂ ᠵᠠᠢᠯᠠᠬᠤ ᠦᠭᠡᠢ᠂ ᠨᠢᠭᠤᠬᠤ ᠦᠭᠡᠢ ᠪᠠᠢᠵᠤ᠂ ᠥᠪᠡᠷ᠎ᠢ ᠪᠡᠨ ᠪᠠᠭ᠍ᠲᠠᠭᠠᠨ ᠤᠷᠤᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠭ᠍ᠲᠠᠭᠠᠨ ᠤᠷᠤᠭᠤᠯᠵᠤ᠂ ᠠᠵᠢᠯ᠎ᠢᠶᠠᠨ ᠪᠠᠭ᠍ᠲᠠᠭᠠᠨ ᠤᠷᠤᠭᠤᠯᠵᠤ᠂ ᠤᠯᠠᠨ ᠬᠠᠷᠠᠭᠠᠰᠤ᠂ ᠪᠦᠬᠦ᠌ ᠲᠠᠯ᠎ᠠ᠂ ᠭᠦᠨ ᠳᠠᠪᠬᠤᠷᠭ᠎ᠠ ᠡᠴᠡ ᠥᠪᠡᠷ ᠪᠡᠶ᠎ᠡ᠎ᠶ᠋ᠢᠨ ᠪᠠᠢᠴᠠᠭᠠᠯᠲᠠ ᠬᠢᠵᠦ᠍᠂ ᠰᠤᠷᠤᠯᠴᠠᠯᠭ᠎ᠠ ᠬᠥᠮᠦᠵᠢᠯ᠎ᠢᠶᠡᠷ ᠠᠵᠢᠯ᠎ᠤᠨ ᠰᠤᠷᠲᠠᠯ᠎ᠤᠨ ᠬᠤᠪᠢᠷᠠᠯᠲᠠ᠎ᠶ᠋ᠢ ᠦᠨᠡᠨ ᠬᠦ᠌ ᠠᠬᠢᠭᠤᠯᠵᠤ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ᠃
ᠪᠠᠢᠴᠠᠭᠠᠬᠤ ᠳ᠋ᠤ᠂ ᠡᠷᠬᠡᠪᠰᠢ ᠬᠠᠲᠠᠭᠤ ᠲᠠᠶ ᠨᠢ ᠬᠠᠯᠳᠠᠵᠤ᠂ ᠠᠩᠬᠠᠷᠤᠯ᠎ᠢᠶᠠᠨ ᠣᠨᠣᠪᠴᠢᠲᠠᠶ ᠲᠥᠪᠯᠡᠷᠡᠭᠦᠯᠵᠦ᠍᠂ ᠪᠣᠳᠠᠲᠠᠶ ᠨᠠᠢᠳᠠᠪᠤᠷᠢᠵᠢᠭᠤᠯᠵᠤ᠂ 《ᠶᠡᠬᠡ ᠤᠰᠤ ᠪᠠᠷ ᠨᠡᠯᠦᠢᠲᠡᠯ᠎ᠡ ᠤᠰᠤᠯᠠᠬᠤ》 ᠮᠠᠶᠢᠭ ᠵᠢᠡᠷ ᠪᠦᠳᠦᠭᠦᠯᠢᠭ ᠪᠠᠢᠵᠤ ᠪᠣᠯᠬᠤ ᠥᠬᠡᠶ ᠮᠥᠷᠲᠡᠭᠡᠨ 《ᠦᠬᠦᠮᠡᠯ》 ᠮᠠᠶᠢᠭ᠎ᠢᠶᠠᠷ ᠠᠷᠭᠠᠴᠠᠭᠠᠵᠤ ᠪᠣᠯᠬᠤ ᠥᠬᠡᠶ᠃ ᠣᠳᠣᠬᠠᠨ᠎ᠳᠤ ᠣᠨᠴᠠ ᠵᠠᠷᠢᠮ ᠭᠠᠵᠠᠷ ᠣᠷᠣᠨ᠎ᠳᠤ 《ᠬᠦᠨᠳᠦ᠍᠎ᠡᠴᠡ ᠵᠠᠢᠯᠠᠵᠤ ᠬᠥᠩᠭᠡᠨ᠎ᠢ ᠡᠷᠢᠵᠤ》 ᠬᠦᠩᠭᠡᠨ ᠬᠠᠭᠤᠮᠠᠭᠠᠢ ᠬᠠᠨᠳᠤᠬᠤ᠂ 《ᠡᠪᠡᠳᠴᠢᠨ᠎ᠢᠶᠡᠨ ᠨᠢᠭᠤᠭᠠᠳ ᠡᠮᠨᠡᠭᠦᠯᠬᠦ᠌ ᠦᠭᠡᠢ》 ᠨᠢᠭᠤᠨ ᠳᠠᠯᠳᠠᠯᠠᠬᠤ᠂ 《ᠭᠤᠲᠤᠯ ᠤ᠋ᠨ ᠭᠠᠳᠠᠨ᠎ᠠ ᠡᠴᠡ ᠮᠠᠭᠠᠵᠢᠵᠤ》 ᠦᠩᠭᠡᠨ ᠲᠠᠯ᠎ᠡ ᠵᠢ ᠴᠡᠭᠴᠡᠯᠡᠨ ᠰᠠᠢᠵᠢᠷᠠᠭᠤᠯᠬᠤ ᠵᠡᠷᠭᠡ ᠪᠠᠢᠳᠠᠯ ᠣᠷᠣᠱᠢᠵᠤ ᠪᠤᠢ᠃ ᠡᠷᠬᠡᠪᠰᠢ ᠨᠡᠩ ᠡᠷᠡᠰ ᠣᠪᠣᠷ᠂ ᠨᠡᠩ ᠱᠢᠨᠵᠢᠯᠡᠬᠦ᠌ ᠤᠬᠠᠭᠠᠨᠴᠢ ᠠᠷᠭ᠎ᠠ᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠠᠪᠴᠤ᠌᠂ 《ᠪᠠᠢᠴᠠᠭᠠᠬᠤ》 ᠶ᠋ᠢ ᠪᠣᠳᠠᠲᠠᠢ ᠨᠠᠢᠳᠠᠪᠤᠷᠢᠵᠢᠭᠤᠯᠬᠤ ᠬᠡᠷᠡᠭ᠌ᠲᠡᠢ ᠭᠡᠳᠡᠭ᠎ᠢ ᠪᠢᠳᠡᠨ ᠳ᠋ᠤ ᠰᠡᠷᠡᠮᠵᠢᠯᠡᠭᠦᠯᠵᠦ᠍ ᠪᠠᠢᠨ᠎ᠠ᠃ ᠭᠠᠭ᠍ᠴᠠ ᠬᠦ᠌ ᠬᠢᠳᠤᠭᠠᠨᠤ ᠢᠷ᠎ᠢ ᠳᠣᠲᠣᠭ᠍ᠰᠢ ᠬᠠᠨᠳᠤᠭᠤᠯᠬᠤ᠂ ᠶᠠᠰᠤ᠎ᠶ᠋ᠢ ᠬᠤᠰᠤᠨ ᠬᠣᠣᠷ᠎ᠢ ᠨᠢ ᠠᠷᠢᠯᠭᠠᠵᠤ᠂ ᠪᠦᠬᠦ᠌ ᠲᠠᠯ᠎ᠠ᠎ᠪᠠᠷ ᠭᠦᠨᠵᠡᠭᠡᠢ ᠪᠠᠢᠴᠠᠭᠠᠵᠤ᠂ ᠨᠠᠷᠢᠯᠢᠭ ᠣᠨᠣᠪᠴᠢᠲᠠᠢ ᠪᠠᠢᠴᠠᠭᠠᠪᠠᠯ ᠰᠠᠶᠢ 《ᠦᠨᠡᠨ ᠠᠰᠠᠭᠤᠳᠠᠯ᠎ᠢ ᠪᠠᠢᠴᠠᠭᠠᠨ ᠭᠠᠷᠭᠠᠵᠤ ᠥᠯᠤ ᠳᠡᠢᠯᠬᠦ᠌》 ᠬᠠᠴᠢᠨ ᠪᠠᠢᠳᠠᠯ ᠡᠴᠡ ᠮᠤᠯᠳᠤᠷᠠᠵᠦ᠂ 《ᠬᠠᠭᠤᠴᠢᠨ ᠠᠰᠠᠭᠤᠳᠠᠯᠱᠢᠨᠡ ᠬᠡᠯᠪᠡᠷᠢ ᠪᠡᠷ ᠢᠯᠡᠷᠡᠬᠦ》 ᠬᠤᠪᠢᠷᠠᠯᠲᠠ᠎ᠶ᠋ᠢ ᠰᠡᠷᠭᠡᠢᠯᠡᠵᠦ᠍᠂ ᠬᠠᠭᠤᠴᠢᠨ ᠠᠰᠠᠭᠤᠳᠠᠯ ᠲᠠᠬᠢᠨ ᠡᠭᠦᠰᠭᠦ᠂ ᠱᠢᠨ᠎ᠡ ᠠᠰᠠᠭᠤᠳᠠᠯ ᠡᠭᠦᠰᠭᠦ᠂ ᠪᠠᠭ᠎ᠠ ᠠᠰᠠᠭᠤᠳᠠᠯ ᠶᠡᠬᠡᠰᠬᠦ᠌ᠶ᠋ᠢ ᠦᠨᠳᠦᠰᠦᠨ᠎ᠡᠴᠡ ᠨᠢ ᠬᠣᠷᠢᠭ᠍ᠯᠠᠵᠤ ᠴᠢᠳᠠᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷ ᠥᠪᠡᠷ ᠪᠡᠶ᠎ᠡ᠎ᠳᠡᠭᠡᠨ ᠬᠤᠪᠢᠰᠭᠠᠯ ᠬᠢᠬᠦ᠌ ᠰᠥᠰᠥ᠍ ᠵᠣᠷᠢᠭ᠎ᠢᠶᠠᠷ ᠠᠵᠢᠯ᠎ᠤᠨ ᠳᠤᠲᠠᠭᠤᠳᠠᠯ᠂ ᠰᠤᠷᠲᠠᠯ᠎ᠤᠨ ᠬᠡᠮ ᠰᠣᠭᠣᠭ᠎ᠢ ᠬᠢᠨᠠᠨ ᠱᠢᠨᠵᠢᠵᠦ᠍᠂ 《ᠪᠢᠯᠵᠤᠤᠬᠠᠢ᠎ᠶ᠋ᠢ ᠲᠤᠶᠠᠴᠢᠬᠤ》 ᠨᠠᠷᠢᠯᠢᠭ ᠠᠵᠢᠯᠯᠠᠭ᠎ᠠ ᠪᠣᠯᠤᠨ 《ᠲᠤᠭᠤᠰᠢᠳᠠᠢ ᠬᠡᠷᠡᠭᠵᠢᠭᠦᠯᠬᠦ》 ᠪᠠᠷ ᠲᠠᠬᠤᠯ ᠠᠷᠬᠠᠭ ᠬᠡᠮ᠎ᠢ ᠠᠭᠤᠳᠠᠯᠤᠨ ᠭᠠᠷᠭᠠᠵᠤ ᠡᠮᠨᠡᠨ ᠵᠠᠰᠠᠬᠤ ᠬᠡᠷᠡᠭ᠌ᠲᠡᠢ᠃
ᠪᠠᠢᠴᠠᠭᠠᠬᠤ᠎ᠳᠤ᠂ ᠡᠷᠬᠡᠪᠰᠢ 《ᠡᠭᠦᠳᠡ᠎ᠪᠡᠨ ᠨᠡᠭᠡᠭᠡᠵᠦ᠍ ᠣᠨᠣᠱᠢᠯᠠᠨ ᠡᠮᠨᠡᠬᠦ᠌》 ᠵᠢ ᠪᠠᠷᠢᠮᠲᠠᠯᠠᠬᠤ ᠬᠡᠷᠡᠭ᠌ᠲᠡᠢ᠂ ᠬᠠᠷᠢᠨ 《ᠡᠭᠦᠳᠡ᠎ᠪᠡᠨ ᠲᠦᠭ᠌ᠵᠢᠵᠦ᠍ ᠥᠪᠡᠷ᠎ᠦᠨ ᠬᠢ》 ᠪᠡᠷ ᠵᠢᠡᠨ ᠪᠠᠢᠵᠤ ᠪᠣᠯᠬᠤ ᠦᠭᠡᠢ᠃ ᠪᠠᠢᠴᠠᠭᠠᠨ ᠲᠡᠯᠭᠡᠬᠦ ᠠᠷᠭ᠎ᠠ ᠵᠠᠮ᠎ᠢ ᠭᠦᠢᠴᠡᠳ ᠥᠷᠭᠡᠵᠢᠭᠦᠯᠵᠦ᠂ ᠨᠠᠮ᠎ᠤᠨ ᠲᠥᠪ ᠬᠤᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠥᠪᠡᠷ᠎ᠢ᠎ᠪᠡᠨ ᠴᠢᠩᠭ᠎ᠠ ᠪᠠᠢᠴᠠᠭᠠᠵᠤ ᠥᠪᠡᠷ᠎ᠢᠶᠡᠨ ᠵᠠᠯᠠᠷᠠᠭᠤᠯᠬᠤ᠎ᠪᠠᠷ ᠪᠠᠷᠠᠬᠤ ᠦᠭᠡᠢ᠂ ᠪᠠᠰᠠ ᠬᠢᠨᠠᠯᠲᠠ ᠲᠠᠯᠪᠢᠬᠤ᠎ᠶ᠋ᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭ᠍ᠲᠠᠴᠠ᠎ᠶ᠋ᠢ ᠬᠡᠷᠡᠭ᠌ᠯᠡᠵᠦ᠍᠂ 《ᠬᠣᠶᠠᠷ ᠲᠥᠯᠥᠭᠡᠯᠡᠭ᠌ᠴᠢ ᠨᠢᠭᠡ ᠭᠡᠱᠢᠭᠦᠨ》 ᠤ᠋ ᠦᠢᠯᠡᠳᠦᠯ᠎ᠢ ᠪᠠᠳᠠᠷᠠᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠬᠢᠨᠠᠨ ᠪᠤᠳᠤᠬᠤ ᠬᠢᠨᠠᠯᠲᠠ ᠲᠠᠯᠪᠢᠬᠤ ᠵᠡᠷᠭᠡ ᠤᠯᠠᠨ ᠠᠷᠭ᠎ᠠ ᠵᠠᠮ᠎ᠢᠶᠠᠷ 《ᠪᠠᠢᠳᠠᠯ᠎ᠢ ᠵᠠᠳᠠᠯᠵᠤ ᠣᠨᠣᠱᠢᠯᠠᠬᠤ》 ᠵᠢ ᠠᠱᠢᠭ᠍ᠯᠠᠵᠤ᠂ ᠤᠯᠠᠨ ᠲᠦᠮᠡᠨ᠎ᠦ ᠣᠷᠣᠯᠴᠠᠬᠤ᠎ᠶ᠋ᠢ ᠨᠡᠩ ᠴᠢᠬᠤᠯᠠᠴᠢᠯᠠᠵᠤ᠂ ᠤᠯᠠᠨ ᠲᠦᠮᠡᠨ᠎ᠦ ᠬᠢᠨᠠᠯᠲᠠ᠎ᠶ᠋ᠢ ᠬᠦᠯᠢᠶᠡᠵᠦ᠍᠂ ᠤᠯᠠᠨ ᠲᠦᠮᠡᠨ᠎ᠦ 《ᠤᠴᠠᠭᠠᠷᠯᠠᠨ ᠶᠠᠩᠱᠢᠬᠤ》 ᠳᠤᠮᠳᠠ᠎ᠡᠴᠡ ᠠᠰᠠᠭᠤᠳᠠᠯ᠎ᠢ ᠢᠯᠡᠷᠡᠭᠦᠯᠵᠦ᠍᠂ ᠤᠯᠠᠨ ᠲᠦᠮᠡᠨ᠎ᠦ 《ᠭᠡᠷ᠎ᠦᠨ ᠵᠣᠭᠣᠭ》 ᠡᠴᠡ ᠰᠦᠪᠡᠭ᠌ᠴᠢ ᠡᠷᠢᠵᠦ᠍᠂ ᠥᠪᠡᠷ᠎ᠢ᠎ᠪᠡᠨ ᠪᠠᠢᠴᠠᠭᠠᠬᠤ ᠪᠠ ᠪᠤᠰᠤᠳ᠎ᠢᠶᠠᠷ ᠪᠠᠢᠴᠠᠭᠠᠯᠭᠠᠬᠤ᠎ᠶ᠋ᠢ ᠤᠶᠠᠯᠳᠤᠭᠤᠯᠬᠤ᠂ ᠱᠠᠯᠠᠪᠳᠠᠭᠤᠯᠤᠨ ᠪᠠᠢᠴᠠᠭᠠᠬᠤ ᠪᠠ ᠲᠣᠭᠣᠷᠢᠨ ᠪᠠᠢᠴᠠᠭᠠᠬᠤ᠎ᠶ᠋ᠢ ᠬᠣᠯᠪᠣᠯᠳᠤᠭᠤᠯᠬᠤ᠎ᠶ᠋ᠢ ᠦᠨᠡᠨ ᠬᠦ᠌ ᠪᠡᠶᠡᠯᠡᠭᠦᠯᠵᠦ᠍᠂ ᠴᠤᠬᠤᠢᠯᠲᠠ᠎ᠶ᠋ᠢᠨ ᠴᠢᠨᠠᠷᠲᠠᠢ ᠠᠰᠠᠭᠤᠳᠠᠯ᠎ᠢ ᠲᠠᠯᠳᠠᠯᠠᠬᠤ ᠭᠠᠵᠠᠷ ᠦᠭᠡᠢ ᠪᠤᠯᠭᠠᠬᠤ ᠬᠡᠷᠡᠭᠳᠡᠢ᠃ ᠡᠭᠦᠨ᠎ᠦ ᠬᠠᠮᠲᠤ᠂ ᠤᠳᠤ ᠪᠠᠢᠭ᠎ᠠ ᠲᠦᠷᠢᠮ᠎ᠦᠨ ᠵᠢᠷᠤᠮᠵᠢᠯ᠎ᠢ ᠬᠡᠷᠡᠭ᠌ᠯᠡᠨ ᠬᠢᠵᠠᠭᠠᠷᠯᠠᠭ᠍ᠰᠠᠨ ᠰᠠᠭᠤᠷᠢᠨ ᠳᠡᠭᠡᠷ᠎ᠡ᠂ ᠬᠢᠨᠠᠯᠲᠠ ᠲᠠᠯᠪᠢᠬᠤ ᠠᠷᠭ᠎ᠠ ᠪᠠᠷᠢᠯ᠂ ᠠᠷᠭ᠎ᠠ ᠮᠠᠶᠢᠭ ᠪᠠ ᠠᠷᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠪᠦᠬᠦᠨ᠎ᠢ ᠪᠦᠷᠬᠦᠭᠦᠯᠬᠦ᠂ ᠥᠨᠴᠥᠭ ᠪᠤᠯᠤᠩ ᠦᠯᠡᠳᠡᠭᠡᠯ ᠦᠭᠡᠢ ᠪᠠᠢᠯᠭᠠᠬᠤ᠎ᠶ᠋ᠢ ᠦᠨᠡᠨ ᠬᠦ᠌ ᠪᠡᠶᠡᠯᠡᠭᠦᠯᠬᠦ ᠭᠡᠷᠡᠭᠲᠡᠢ᠃
ᠰᠤᠷᠲᠠᠯ᠎ᠤᠨ ᠠᠰᠠᠭᠤᠳᠠᠯ ᠨᠢ ᠪᠤᠷᠤᠩᠬᠤᠶ ᠴᠢᠨᠠᠷ ᠪᠠ ᠳᠠᠬᠢᠨ ᠳᠠᠪᠲᠠᠬᠤ ᠴᠢᠨᠠᠷᠲᠠᠶ ᠪᠠᠢᠳᠠᠭ᠂ ᠰᠤᠯᠠ ᠲᠠᠯᠪᠢᠪᠠᠯ ᠳᠠᠬᠢᠨ ᠢᠯᠡᠷᠡᠵᠦ᠂ ᠵᠢᠭᠠᠬᠠᠨ ᠤᠬᠤᠷᠢᠪᠠᠯ ᠤᠷᠢᠳᠤᠬᠢ ᠴᠢᠷᠮᠠᠢᠯᠭ᠎ᠠ ᠨᠢ ᠬᠣᠭᠣᠰᠣᠳᠠᠵᠤ ᠮᠡᠳᠡᠨ᠎ᠡ᠃ ᠭᠠᠭ᠍ᠴᠠ ᠬᠦ᠌ ᠴᠠᠭ ᠢᠮᠠᠭ᠍ᠲᠠ ᠰᠡᠷᠡᠮᠵᠢᠯᠡᠭᠦᠯᠵᠦ᠍᠂ 《ᠮᠢᠺᠷᠣᠰᠺᠣᠫ》 ᠵᠢᠡᠷ ᠨᠠᠷᠢᠨ ᠵᠦᠢᠯᠡᠰ᠎ᠢ ᠪᠠᠢᠴᠠᠭᠠᠵᠤ᠂ 《ᠲᠣᠮᠣᠷᠠᠭᠤᠯᠬᠤ ᠱᠢᠯ》 ᠵᠢᠡᠷ ᠦ ᠰᠡᠪ᠎ᠢ ᠡᠷᠢᠪᠡᠯ ᠰᠠᠶ᠍ᠢ ᠴᠢᠩᠭ᠎ᠠ ᠪᠠᠢᠴᠠᠭᠠᠯᠲᠠ᠎ᠪᠠᠷ ᠦᠨᠡᠨ ᠰᠠᠢᠵᠢᠷᠠᠭᠤᠯᠤᠯᠳᠠ᠎ᠶ᠋ᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠲᠠᠰᠤᠷᠠᠯᠳᠠ ᠦᠭᠡᠢ ᠠᠬᠢᠭᠤᠯᠵᠤ ᠴᠢᠳᠠᠨ᠎ᠠ᠃