ᠤᠳᠤᠷᠢᠳᠭᠤ ᠺᠠᠳ᠋ᠷᠴᠤᠳ ᠰᠠᠢᠳᠤᠷ ᠲᠦᠷᠦᠭᠦᠯᠡᠨ ᠬᠢᠬᠦ ᠪᠣᠯ ᠲᠠᠭᠤᠨ ᠦᠭᠡᠶ ᠦᠯᠢᠭᠡᠷ ᠳᠠᠭᠤᠷᠢᠶᠠᠯ ᠮᠥᠨ
2025-04-23 12:10:17
ᠵᠣᠬᠢᠶᠠᠭ᠍ᠴᠢ᠄
ᠯᠢᠦ ᠶᠠᠩ
ᠣᠩᠱᠢᠭ᠍ᠰᠠᠨ ᠣᠳᠠᠭ᠎ᠠ᠄
★★★☆☆

ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢᠨ ᠵᠠᠩᠭᠢᠯᠠᠭ᠎ᠠ ᠨᠢ ᠤᠳᠤᠷᠢᠳᠭᠤ ᠺᠠᠳ᠋ᠷᠴᠤᠳ᠎ᠲᠤ ᠪᠠᠢᠨ᠎ᠠ᠂ ᠰᠤᠷᠲᠠᠯ᠎ᠢ ᠰᠠᠢᠵᠢᠷᠠᠭᠤᠯᠬᠤ᠎ᠳᠤ ᠡᠷᠬᠡᠪᠰᠢ ᠳᠡᠭᠡᠳᠦ ᠱᠠᠳᠤ ᠡᠴᠡ ᠳᠤᠤᠷᠠᠳᠤ ᠱᠠᠳᠤ ᠳᠡᠢᠰᠢ᠂ ᠳᠡᠭᠡᠳᠦ ᠱᠠᠳᠤ ᠨᠢ ᠳᠤᠤᠷᠠᠳᠤ ᠱᠠᠳᠤ᠎ᠪᠠᠨ ᠲᠠᠢᠴᠢᠯᠠᠬᠤ ᠬᠡᠷᠡᠭ᠌ᠲᠡᠢ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠠᠵᠢᠯᠯᠠᠭ᠎ᠠ᠎ᠶ᠋ᠢᠨ ᠳᠤᠮᠳᠠ᠂ 《ᠳᠡᠭᠡᠳᠦ ᠱᠠᠳᠤ ᠨᠢ ᠡᠪᠡᠳᠴᠢᠯᠡᠪᠡᠯ ᠲᠤᠤᠷᠠᠳᠤ ᠱᠠᠳᠤ ᠨᠢ ᠡᠮ ᠤᠤᠭᠤᠬᠤ》  ᠵᠡᠷᠭᠡ ᠬᠡᠯᠪᠡᠷᠢᠴᠢ ᠦᠵᠡᠯ ᠪᠦᠬᠦᠢ ᠬᠠᠰᠢ ᠶᠠᠰᠢ ᠠᠷᠭᠠᠴᠠᠭᠠᠬᠤ᠎ᠶ᠋ᠢ ᠡᠷᠡᠰ ᠰᠡᠷᠭᠡᠢᠯᠡᠵᠦ᠍᠂ ᠤᠳᠤᠷᠢᠳᠭᠤ ᠺᠠᠳ᠋ᠷ ᠭᠡᠬᠦ᠌ ᠡᠨᠡ ᠬᠦ᠌《ᠵᠠᠩᠭᠢᠯᠠᠭ᠎ᠠ᠎ᠶ᠋ᠢᠨ ᠴᠥᠭᠡᠨ ᠲᠣᠭᠠᠲᠠᠨ》  ᠢ᠋ ᠡᠷᠬᠡᠪᠰᠢ ᠦᠨᠡᠨ ᠬᠦ᠌ ᠪᠤᠳᠤᠯᠬᠢᠯᠠᠨ ᠣᠷᠣᠭᠤᠯᠬᠤ ᠬᠡᠷᠡᠭ᠌ᠲᠡᠢ᠃

ᠤᠳᠤᠷᠢᠳᠭᠤ ᠺᠠᠳ᠋ᠷ ᠪᠣᠯ ᠰᠤᠷᠤᠯᠴᠠᠯᠭ᠎ᠠ ᠬᠥᠮᠦᠵᠢᠯ᠎ᠦᠨ ᠵᠣᠬᠢᠶᠠᠨ ᠪᠠᠢᠭᠤᠯᠤᠭ᠍ᠴᠢ᠂ ᠠᠬᠢᠭᠤᠯᠤᠭ᠍ᠴᠢ᠂ ᠬᠢᠨᠠᠯᠲᠠ ᠲᠠᠯᠪᠢᠭ᠍ᠴᠢ ᠪᠣᠯᠬᠤ᠎ᠪᠠᠷ ᠪᠠᠷᠠᠬᠤ ᠦᠭᠡᠢ ᠨᠡᠩ ᠴᠤ᠌ ᠲᠦᠷᠦᠭᠦᠯᠡᠨ ᠣᠷᠣᠯᠴᠠᠭ᠍ᠴᠢ ᠮᠥᠨ᠃ ᠡᠨᠡ ᠬᠦ᠌ ᠳᠠᠭᠠᠭᠤᠯᠤᠭ᠍ᠴᠢ ᠪᠣᠯ ᠪᠣᠳᠠᠲᠠᠶ ᠪᠠᠢᠵᠤ ᠬᠠᠷᠢᠨ ᠬᠡᠢᠰᠪᠦᠷᠢ ᠪᠢᠰᠢ᠂ ᠪᠦᠬᠦ᠌ ᠲᠠᠯ᠎ᠠ᠎ᠶᠢᠨ ᠪᠠᠢᠵᠤ ᠬᠠᠷᠢᠨ ᠰᠣᠩᠭᠣᠯᠲᠠ᠎ᠲᠠᠶ ᠪᠢᠰᠢ᠂ ᠢᠮᠠᠭ᠍ᠲᠠ᠎ᠶ᠋ᠢᠨ ᠪᠠᠢᠵᠤ ᠬᠠᠷᠢᠨ ᠬᠠᠰᠢ ᠶᠠᠰᠢ ᠪᠡᠷ ᠳᠠᠭᠤᠰᠬᠠᠬᠤ ᠪᠢᠰᠢ᠃ ᠡᠨᠡ ᠬᠦ᠌ ᠳᠠᠭᠠᠭᠤᠯᠤᠭ᠍ᠴᠢ ᠨᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠤ ᠬᠡᠷᠡᠭ᠌ᠲᠡᠶ ᠮᠥᠷᠲᠡᠭᠡᠨ ᠨᠡᠩ ᠴᠤ᠌ ᠪᠡᠶ᠎ᠡ᠎ᠪᠡᠷ᠎ᠢᠶᠡᠨ ᠣᠷᠣᠯᠴᠠᠬᠤ ᠬᠡᠷᠡᠭ᠌ᠲᠡᠶ; ᠪᠢᠴᠢᠭ ᠮᠠᠲ᠋ᠧᠷᠢᠶᠠᠯ ᠪᠠᠭᠤᠯᠭᠠᠵᠤ ᠣᠪᠣᠷ᠎ᠢᠶᠠᠨ ᠢᠯᠡᠳᠭᠡᠬᠦ᠌ ᠮᠥᠷᠲᠡᠭᠡᠨ ᠨᠠᠩ ᠴᠤ᠌ ᠠᠵᠢᠯᠯᠠᠭ᠎ᠠ ᠠᠪᠴᠤ᠌ ᠨᠠᠢᠳᠠᠪᠤᠷᠢᠵᠢᠭᠤᠯᠬᠤ ᠬᠡᠷᠡᠭ᠌ᠲᠡᠶ ᠭᠡᠰᠡᠨ ᠎ᠢ ᠬᠠᠷᠠᠭᠤᠯᠵᠤ ᠪᠠᠢᠨ᠎ᠠ᠃ ᠤᠳᠤᠷᠢᠳᠭᠤ ᠺᠠᠳ᠋ᠷᠴᠤᠳ ᠦᠨᠡᠨ ᠬᠦ᠌ ᠲᠦᠷᠦᠭᠦᠯᠡᠨ ᠰᠠᠨᠠᠯ ᠰᠣᠨᠣᠰᠴᠤ᠌᠂ ᠠᠰᠠᠭᠤᠳᠠᠯ᠎ᠢ ᠲᠦᠷᠦᠭᠦᠯᠡᠨ ᠡᠷᠢᠵᠦ᠍᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠲᠦᠷᠦᠭᠦᠯᠡᠨ ᠥᠷᠨᠢᠭᠦᠯᠵᠦ᠍᠂ ᠲᠦᠷᠦᠭᠦᠯᠡᠨ ᠴᠡᠭ᠌ᠴᠡᠯᠡᠨ ᠰᠠᠢᠵᠢᠷᠠᠭᠤᠯᠬᠤ ᠪᠣᠯ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ ᠭᠠᠷᠭᠠᠬᠤ᠂ ᠦᠷ᠎ᠡ ᠪᠦᠳᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠠ ᠭᠠᠷᠳᠠᠴᠠ ᠮᠥᠨ᠃

ᠤᠳᠤᠷᠢᠳᠭᠤ ᠺᠠᠳ᠋ᠷᠴᠤᠳ ᠲᠦᠷᠦᠭᠦᠯᠡᠨ ᠬᠢᠬᠦ᠌ ᠨᠢ ᠡᠩ ᠲᠡᠷᠢᠭᠦᠨ᠎ᠳᠦ ᠣᠨᠴᠠ ᠡᠷᠬᠡ᠎ᠶ᠋ᠢᠨ ᠦᠵᠡᠯ ᠰᠠᠨᠠᠭ᠎ᠠ ᠪᠠ ᠣᠨᠴᠠ ᠡᠷᠬᠡ᠎ᠶ᠋ᠢᠨ ᠦᠵᠡᠭ᠌ᠳᠡᠯ᠎ᠲᠡᠶ ᠤᠬᠠᠮᠰᠠᠷ ᠡᠴᠡ᠎ᠪᠠᠨ ᠲᠡᠮᠡᠴᠡᠯ ᠬᠢᠬᠦ᠌ ᠳᠡᠭᠡᠷ᠎ᠡ ᠢᠯᠡᠷᠡᠳᠡᠭ᠃ ᠣᠨᠴᠠ ᠡᠷᠬᠡ ᠪᠣᠯ ᠲᠤᠢᠯ᠎ᠤᠨ ᠶᠡᠬᠡ ᠬᠣᠣᠷ ᠬᠥᠨᠥᠭᠡᠯ᠎ᠲᠡᠶ ᠨᠢᠭᠡ ᠵᠦᠢᠯ᠎ᠦᠨ ᠢᠯᠵᠠᠷᠠᠭᠤᠯᠤᠭ᠍ᠴᠢ ᠡᠳ᠋ ᠮᠥᠨ᠂ ᠬᠠᠮᠤᠭ᠎ᠤᠨ ᠶᠡᠬᠡ ᠭᠣᠣᠯᠴᠢ ᠪᠤᠰᠤ ᠵᠦᠢᠯ ᠮᠥᠨ᠃ ᠤᠳᠤᠷᠢᠳᠭᠤ ᠺᠠᠳ᠋ᠷᠴᠤᠳ ᠡᠷᠬᠡᠪᠰᠢ ᠠᠵᠠ ᠬᠠᠷᠠᠬᠤ᠂ ᠳᠠᠢᠪᠤᠰᠢᠷᠠᠬᠤ᠂ ᠤᠯᠠᠨ᠎ᠢ ᠲᠠᠭᠠᠬᠤ᠂ ᠲᠡᠩᠴᠡᠭᠦᠷᠢ᠎ᠪᠡᠨ ᠠᠯᠳᠠᠬᠤ ᠵᠡᠷᠭᠡ ᠪᠤᠷᠤᠭᠤ ᠪᠤᠳᠤᠯ ᠰᠡᠳᠭᠢᠯᠭᠡ᠎ᠶ᠋ᠢ ᠳᠡᠭᠡᠳᠦ ᠬᠡᠮᠵᠢᠶ᠎ᠡ᠎ᠪᠡᠷ ᠰᠡᠷᠡᠮᠵᠢᠯᠡᠨ ᠡᠷᠡᠰ ᠲᠡᠪᠴᠢᠵᠦ᠍᠂ ᠠᠮᠢᠳᠤᠷᠠᠬᠤᠢ᠎ᠶ᠋ᠢᠨ ᠪᠠᠢᠷᠢᠱᠢᠯ᠎ᠢᠶᠠᠨ ᠴᠠᠭ ᠢᠮᠠᠭ᠍ᠲᠠ ᠬᠠᠷᠭᠤᠭᠤᠯᠤᠨ᠂ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ᠎ᠢᠶᠠᠨ ᠪᠠᠲᠤ ᠰᠠᠬᠢᠵᠤ᠂ 《ᠳᠣᠲᠣᠷ᠎ᠠ ᠎ᠪᠠᠨ ᠳᠤᠷ᠎ᠠ᠎ᠪᠠᠷ᠎ᠢᠶᠠᠨ ᠪᠤᠳᠤᠬᠤ ᠦᠭᠡᠢ᠂ ᠭᠠᠳᠠᠨ᠎ᠠ ᠳᠤᠷ᠎ᠠ᠎ᠪᠠᠷ᠎ᠢᠶᠠᠨ ᠬᠥᠳᠡᠯᠬᠦ᠌ ᠦᠭᠡᠢ》 ᠪᠠᠢᠬᠤ  ᠪᠡᠷ ᠪᠠᠷᠠᠬᠤ ᠦᠭᠡᠢ ᠨᠡᠩ ᠴᠤ᠌ ᠬᠢᠨᠠᠯᠲᠠ ᠬᠢᠵᠠᠭᠠᠷᠯᠠᠯ᠎ᠢ ᠬᠦᠯᠢᠶᠡᠬᠦ᠌ ᠣᠷᠴᠢᠨ ᠲᠤᠭᠤᠷᠢᠨ᠎ᠳᠦ ᠠᠵᠢᠯᠯᠠᠵᠤ ᠠᠮᠢᠳᠤᠷᠠᠬᠤ᠎ᠳᠤ ᠳᠠᠳᠭᠤ ᠬᠡᠷᠡᠭ᠌ᠲᠡᠢ᠃

ᠤᠳᠤᠷᠢᠳᠭᠤ ᠺᠠᠳ᠋ᠷ ᠲᠦᠷᠦᠭᠦᠯᠡᠨ ᠬᠢᠬᠦ᠎ᠳᠦ᠂ ᠠᠯᠪᠠᠨ᠎ᠤ ᠪᠠ ᠬᠤᠪᠢ᠎ᠶ᠋ᠢᠨ ᠬᠠᠷᠢᠴᠠᠭ᠎ᠠ᠎ᠶ᠋ᠢ ᠲᠥᠪ ᠪᠣᠯᠭᠠᠬᠤ ᠪᠣᠯ ᠰᠡᠳᠦᠪ᠎ᠦᠨ ᠮᠦᠨ ᠴᠢᠨᠠᠷ ᠪᠣᠯᠤᠨ᠎ᠠ᠃ ᠵᠠᠷᠢᠮ ᠤᠳᠤᠷᠢᠳᠭᠤ ᠺᠠᠳ᠋ᠷ ᠨᠠᠮ ᠪᠠ ᠠᠷᠠᠳ ᠲᠦᠮᠡᠨ᠎ᠦ ᠲᠡᠭᠦᠨ᠎ᠳᠦ ᠲᠤᠱᠢᠶᠠᠭ᠍ᠰᠠᠨ ᠡᠷᠬᠡ᠎ᠶ᠋ᠢ ᠬᠦᠨᠳᠦ ᠬᠠᠷᠢᠭᠤᠴᠠᠯᠭ᠎ᠠ ᠭᠡᠵᠦ ᠦᠵᠡᠭ᠌ᠦ ᠦᠭᠡᠢ᠂ ᠬᠠᠷᠢᠨ ᠬᠤᠪᠢ᠎ᠶ᠋ᠢᠨ ᠡᠳ᠋ ᠬᠦᠷᠦᠨᠭ᠌ᠭᠡ᠎ᠪᠡᠷ ᠦᠵᠡᠳᠡᠭ᠃ ᠡᠢᠮᠦ᠍ ᠬᠡᠯᠪᠡᠷᠢᠯ᠎ᠢ ᠡᠷᠬᠡᠪᠰᠢ ᠡᠪᠡᠳᠴᠢᠨ᠎ᠲᠡᠶ ᠪᠣᠯ ᠵᠠᠰᠠᠵᠤ᠂ ᠪᠠᠢᠩᠭᠤ ᠠᠳᠭᠤᠵᠤ ᠪᠠᠢᠩᠭᠤ ᠵᠠᠰᠠᠬᠤ ᠬᠡᠷᠡᠭ᠌ᠲᠡᠢ᠃ ᠤᠳᠤᠷᠢᠳᠭᠤ ᠺᠠᠳ᠋ᠷ ᠭᠠᠭ᠍ᠴᠠ ᠬᠦ᠌ ᠨᠢᠭᠡ ᠰᠡᠳᠭᠢᠯ᠎ᠢᠶᠡᠷ ᠨᠡᠢᠲᠡ᠎ᠶ᠋ᠢᠨ ᠲᠥᠯᠥᠭᠡ ᠵᠢᠳᠬᠦᠵᠦ᠍᠂ ᠶᠠᠪᠤᠳᠠᠯ ᠪᠣᠯᠭᠠᠨ᠎ᠳᠤ ᠨᠡᠢᠲᠡ᠎ᠶ᠋ᠢᠨ ᠲᠥᠯᠥᠭᠡ ᠪᠣᠳᠣᠯᠬᠢᠯᠠᠪᠠᠯ ᠰᠠᠶᠢ ᠵᠥᠪ ᠪᠤᠷᠤᠭᠤ ᠎ᠶ᠋ᠢᠨ ᠦᠵᠡᠯᠲᠡ᠂ ᠵᠢᠷᠤᠮ ᠠᠱᠢᠭ᠎ᠤᠨ ᠦᠵᠡᠯᠲᠡ᠂ ᠡᠷᠬᠡ᠎ᠶ᠋ᠢᠨ ᠦᠵᠡᠯᠲᠡ᠂ ᠠᠵᠢᠯ ᠦᠢᠯᠡᠰ᠎ᠦᠨ ᠦᠵᠡᠯᠲᠡ᠎ᠲᠡᠶ ᠪᠤᠯᠵᠤ ᠴᠢᠳᠠᠨ᠎ᠠ᠂ ᠰᠠᠶᠢ ᠤᠯᠠᠨ ᠲᠦᠮᠡᠨ᠎ᠢ ᠰᠡᠳᠭᠢᠯ᠎ᠳᠡᠭᠡᠨ ᠪᠤᠳᠤᠵᠤ᠂ ᠰᠠᠶᠢ ᠴᠠᠭᠠᠪᠤᠷ ᠰᠢᠯᠤᠭᠤᠨ ᠬᠥᠮᠦᠨ ᠪᠤᠯᠵᠤ᠂ ᠡᠷᠬᠡ᠎ᠪᠡᠨ ᠪᠣᠯᠭᠣᠮᠵᠢᠲᠠᠢ ᠬᠡᠷᠡᠭ᠌ᠯᠡᠵᠦ᠍ ᠴᠢᠳᠠᠨ᠎ᠠ᠂ ᠰᠠᠶᠢ ᠡᠩ᠎ᠦᠨ ᠨᠠᠮ᠎ᠤᠨ ᠭᠡᠱᠢᠭᠦᠨ᠎ᠳᠦ ᠢᠯᠡ ᠲᠣᠳᠣ ᠪᠥᠭᠡᠳ ᠵᠥᠪ ᠵᠣᠭ᠍ᠰᠣᠯᠲᠠ᠎ᠶ᠋ᠢᠨ ᠤᠳᠤᠷᠢᠳᠤᠮᠵᠢ᠎ᠶ᠋ᠢ ᠪᠤᠢ ᠪᠣᠯᠭᠠᠵᠤ ᠴᠢᠳᠠᠨ᠎ᠠ᠃

ᠤᠳᠤᠷᠢᠳᠭᠤ ᠺᠠᠳ᠋ᠷ ᠲᠦᠷᠦᠭᠦᠯᠡᠨ ᠬᠢᠬᠦ᠌ ᠨᠢ ᠪᠠᠰᠠ ᠡᠮᠦᠨ᠎ᠡ ᠨᠢ ᠬᠣᠱᠢᠭᠤᠷᠠᠵᠤ᠂ ᠤᠷᠢᠳ ᠵᠢᠡᠷ ᠠᠵᠢᠯᠯᠠᠬᠤ ᠳᠡᠭᠡᠷ᠎ᠡ ᠢᠯᠡᠷᠡᠳᠡᠭ᠃ ᠬᠡᠷᠪᠡ ᠦᠪᠡᠷ᠎ᠢᠶᠡᠨ ᠦᠯᠢᠭᠡᠷ ᠲᠠᠭᠤᠷᠢᠶᠠᠯ ᠪᠤᠯᠵᠤ ᠴᠢᠳᠠᠬᠤ ᠦᠭᠡᠢ ᠪᠤᠯ ᠪᠤᠰᠤᠳ᠎ᠢ ᠲᠠᠭᠠᠭᠤᠯᠵᠤ ᠴᠢᠳᠠᠬᠤ ᠦᠭᠡᠢ; ᠬᠡᠷᠪᠡ ᠪᠡᠶ᠎ᠠ ᠪᠡᠷ᠎ᠢᠶᠡᠨ ᠬᠡᠪ ᠲᠦᠷᠢᠮ ᠪᠤᠯᠵᠤ ᠴᠢᠳᠠᠬᠤ ᠦᠭᠡᠢ ᠪᠤᠯ ᠪᠤᠰᠤᠳ᠎ᠢ ᠪᠢᠰᠢᠷᠡᠭᠦᠯᠵᠦ ᠴᠢᠳᠠᠬᠤ ᠦᠭᠡᠢ᠃ 《ᠡᠮᠦᠨ᠎ᠠ ᠨᠢ ᠲᠠᠭᠠᠷᠢ ᠡ》 ᠪᠠ 《ᠨᠠᠮ᠎ᠠ᠎ᠶᠢ ᠲᠠᠭᠠᠭᠠᠳ ᠢᠷ᠎ᠠ》 ᠭᠡᠰᠡᠨ ᠦᠭᠡ ᠤᠳᠬ᠎ᠠ᠎ᠶᠢᠨ ᠳᠠᠯ᠎ᠠ ᠪᠡᠷ ᠲᠩᠷᠢ ᠭᠠᠵᠠᠷ᠎ᠤᠨ ᠵᠥᠷᠢᠶ᠎ᠡ᠎ᠲᠡᠶ ᠶᠤᠮ᠃ ᠤᠳᠤᠷᠢᠳᠭᠤ ᠺᠠᠳ᠋ᠷ ᠰᠤᠷᠤᠯᠴᠠᠯᠭ᠎ᠠ ᠬᠥᠮᠦᠵᠢᠯ᠎ᠢᠶᠡᠷ ᠠᠵᠠ ᠲᠣᠬᠢᠶᠠᠯ ᠪᠣᠯᠭᠠᠵᠤ᠂ ᠪᠡᠶ᠎ᠡ᠎ᠪᠡᠨ ᠪᠠᠢᠴᠠᠭᠠᠵᠤ ᠪᠡᠶ᠎ᠡ᠎ᠪᠡᠨ ᠲᠥᠪ ᠪᠣᠯᠭᠠᠵᠤ᠂ ᠪᠤᠳᠤᠯ ᠰᠡᠳᠬᠢᠯ ᠦᠢᠯᠡ ᠠᠵᠢᠯᠯᠠᠭ᠎ᠠ ᠪᠠᠨ ᠬᠢᠴᠢᠶᠡᠵᠦ᠂ ᠨᠢᠭᠡ ᠰᠡᠳᠭᠢᠯ ᠨᠢᠭᠡ ᠵᠣᠷᠢᠭ᠎ᠢᠶᠠᠷ ᠠᠵᠢᠯ᠎ᠳᠠᠭᠠᠨ ᠣᠷᠣᠯᠴᠠᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠤᠯᠠᠨ ᠲᠦᠮᠡᠨ᠎ᠦ ᠳᠤᠮᠳᠠ ᠠᠭᠤᠰᠤᠯᠴᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂  ᠪᠠᠴᠢᠮ ᠶᠠᠪᠤᠳᠠᠯ ᠬᠦᠴᠢᠷ ᠶᠠᠪᠤᠳᠠᠯ ᠨᠠᠷᠢᠨ ᠪᠤᠳᠤᠯᠢᠶᠠᠨᠲᠠᠢ ᠶᠠᠪᠤᠳᠠᠯ᠎ᠢ ᠵᠣᠷᠢᠭ᠍ᠲᠠᠢ ᠠᠳᠭᠤᠵᠤ ᠰᠠᠢᠳᠤᠷ ᠬᠠᠮᠢᠶᠠᠷᠴᠤ᠌᠂ ᠠᠷᠠᠳ᠎ᠤᠨ ᠲᠥᠯᠥᠭᠡ ᠪᠣᠳᠠᠲᠠᠢ ᠬᠢᠵᠦ᠍᠂ 《ᠵᠡᠭᠦᠦ᠍᠎ᠶ᠋ᠢᠨ ᠦᠵᠦᠭᠦᠷ》ᠮᠡᠲᠦ ᠪᠠᠭ᠎ᠠ ᠶᠠᠪᠤᠳᠠᠯ ᠢᠬᠢᠷ ᠰᠢᠬᠢᠷ ᠶᠠᠪᠤᠳᠠᠯ᠎ᠢ ᠪᠠᠲᠤ ᠰᠠᠬᠢᠬᠤ ᠬᠡᠷᠡᠭ᠌ᠲᠡᠢ᠃

ᠤᠳᠤᠷᠢᠳᠭᠤ ᠺᠠᠳ᠋ᠷᠴᠤᠳ ᠵᠣᠷᠢᠭ᠎ᠲᠠᠶ ᠪᠣᠯ ᠨᠠᠮ ᠎ᠤᠨ ᠭᠡᠱᠢᠭᠦᠳ ᠢᠲᠡᠭᠡᠯ᠎ᠲᠡᠶ ᠪᠣᠯᠤᠨ᠎ᠠ; ᠤᠳᠤᠷᠢᠳᠭᠤ ᠺᠠᠳ᠋ᠷ ᠦᠯᠢᠭᠡᠷ ᠳᠠᠭᠤᠷᠢᠶᠠᠯ ᠪᠣᠯᠪᠠᠯ᠂ ᠣᠯᠠᠨ ᠲᠦᠮᠡᠨ ᠤᠬᠠᠮᠰᠠᠷ ᠡᠴᠡ᠎ᠪᠠᠨ ᠳᠠᠭᠠᠬᠤ ᠪᠤᠯᠤᠨ᠎ᠠ᠃ ᠲᠠᠭᠤᠨ ᠥᠬᠡᠶ ᠬᠡᠪ ᠳᠦᠷᠢᠮ ᠪᠣᠯ ᠳᠠᠷᠤᠶ ᠬᠠᠮᠤᠭ᠎ᠤᠨ ᠬᠦᠴᠦᠲᠡᠶ ᠦᠯᠢᠭᠡᠷ ᠳᠠᠭᠤᠷᠢᠶᠠᠯ ᠪᠣᠯᠤᠨ᠎ᠠ!    


 (ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ  ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号