ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠱᠢᠯᠢ᠎ᠶ᠋ᠢᠨ ᠭᠣᠣᠯ ᠠᠢᠮᠠᠭ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠠᠯᠠᠱᠠ ᠠᠢᠮᠠᠭ᠂ ᠬᠥᠯᠥᠨ ᠪᠤᠢ᠌ᠷ ᠬᠤᠳᠠ᠂ ᠦᠬᠠᠢ ᠬᠤᠳᠠ᠎ᠶ᠋ᠢᠨ ᠬᠢᠨ ᠰᠤᠷᠤᠯᠴᠠᠯᠭ᠎ᠠ ᠬᠥᠮᠦᠵᠢᠯ᠎ᠦᠨ ᠲᠥᠰᠦᠯ᠎ᠢ ᠲᠡᠷᠡ ᠳᠠᠷᠤᠢ᠎ᠳᠤ᠎ᠨᠢ ᠰᠤᠳᠤᠯᠤᠨ ᠪᠠᠢᠷᠢᠯᠠᠭᠤᠯᠵᠤ᠂ ᠳᠡᠭᠡᠷ᠎ᠡ᠎ᠡᠴᠡ ᠳᠣᠷᠣᠭ᠍ᠰᠢ᠂ ᠳᠡᠭᠡᠷ᠎ᠡ ᠱᠠᠳᠤ ᠨᠢ ᠳᠣᠣᠷ᠎ᠠ ᠱᠠᠳᠤ᠎ᠪᠠᠨ ᠳᠠᠭᠠᠭᠤᠯᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠡᠭᠦᠷᠭᠡ᠎ᠪᠡᠨ ᠲᠣᠳᠣᠷᠬᠠᠢᠯᠠᠵᠤ᠂ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠶ ᠡᠬᠢᠯᠡᠭᠦᠯᠵᠦ᠍᠂ ᠪᠦᠬᠦ᠌ ᠲᠠᠯ᠎ᠠ᠎ᠪᠠᠷ ᠥᠷᠨᠢᠭᠦᠯᠬᠦ᠌᠎ᠶ᠋ᠢ ᠪᠠᠲᠤᠯᠠᠵᠤ ᠪᠤᠢ ᠃
ᠱᠢᠯᠢ᠎ᠶ᠋ᠢᠨ ᠭᠤᠤᠯ ᠠᠢᠮᠠᠭ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠦᠳᠲᠡᠷ ᠲᠦᠷᠭᠡᠨ ᠬᠥᠳᠡᠯᠦᠯᠴᠡᠨ᠂ ᠨᠠᠷᠢᠨ ᠨᠢᠮᠪᠠᠶ ᠲᠥᠯᠥᠪᠵᠢᠭᠦᠯᠵᠦ᠍᠂ ᠰᠤᠷᠤᠯᠴᠠᠯᠭ᠎ᠠ ᠬᠥᠮᠦᠵᠢᠯ᠎ᠢ ᠥᠨᠳᠥᠷ ᠪᠠᠷᠢᠮᠵᠢᠶ᠎ᠠ᠎ᠪᠠᠷ ᠡᠬᠢᠯᠡᠭᠦᠯᠬᠦ᠌᠎ᠶ᠋ᠢ ᠡᠮᠬᠢ ᠵᠢᠷᠤᠮ᠎ᠲᠠᠶ ᠪᠦᠲᠦᠮᠵᠢᠲᠡᠶ ᠠᠬᠢᠭᠤᠯᠪᠠ᠃ 3 ᠰᠠᠷ᠎ᠠ᠎ᠶ᠋ᠢᠨ 21 ᠤ᠋ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶ᠎ᠠ 2025 ᠣᠨ᠎ᠤ ᠶᠢᠰᠦᠳᠦᠭᠡᠷ ᠤᠳᠠᠭ᠎ᠠ᠎ᠶ᠋ᠢᠨ ᠬᠤᠷᠠᠯ ᠵᠢᠴᠢ ᠠᠢᠮᠠᠭ᠎ᠤᠨ ᠨᠠᠮ᠎ᠤᠨ ᠬᠤᠷᠢᠶ᠎ᠠ ᠵᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ 2025 ᠣᠨ᠎ᠤ ᠨᠢᠭᠡᠳᠦᠭᠡᠷ ᠤᠳᠠᠭ᠎ᠠ᠎ᠶ᠋ᠢᠨ ᠬᠤᠷᠠᠯ᠎ᠢ ᠬᠤᠷᠠᠯᠳᠤᠭᠤᠯᠵᠤ᠂ ᠲᠥᠪ ᠬᠣᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠬᠤ᠎ᠶ᠋ᠢᠨ ᠬᠠᠮᠲᠤ ᠠᠵᠢᠯ᠎ᠤᠨ ᠲᠥᠰᠦᠯ᠎ᠢ ᠬᠢᠨᠠᠨ ᠲᠣᠭ᠍ᠲᠠᠭᠠᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠤᠨ 13 ᠬᠣᠱᠢᠭᠤ ᠱᠢᠶᠠᠨ ᠬᠣᠲᠠ ᠲᠣᠭᠣᠷᠢᠭ᠂ 69 ᠠᠢᠮᠠᠭ᠎ᠤᠨ ᠱᠢᠭᠤᠳ ᠬᠠᠷᠢᠶ᠎ᠠ ᠪᠠᠢᠭᠤᠯᠭ᠎ᠠ ᠨᠢᠭᠡᠴᠢ ᠪᠣᠯᠤᠨ 3788 ᠦᠨᠳᠦᠰᠦᠨ ᠱᠠᠲᠤᠨ᠎ᠤ ᠨᠠᠮ᠎ᠤᠨ ᠡᠭᠦᠷᠰᠤᠷᠤᠯᠴᠠᠯᠭᠠ ᠬᠥᠮᠦᠵᠢᠯ᠎ᠢ ᠪᠦᠬᠦᠨ᠎ᠢ ᠡᠬᠢᠯᠡᠭᠦᠯᠪᠡ᠃ ᠲᠤᠰ ᠡᠳᠦᠷ᠂ ᠲᠤᠯᠤᠨ ᠨᠤᠤᠷ ᠱᠢᠶᠠᠨ ᠱᠢᠶᠠᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠴᠢ ᠱᠢᠶᠠᠨ᠎ᠤ ᠨᠠᠮ᠎ᠤᠨ ᠬᠤᠷᠢᠶ᠎ᠠ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠬᠡᠯᠪᠡᠷᠢ᠎ᠪᠡᠷ ᠪᠦᠬᠦ᠌ ᠱᠢᠶᠠᠨ᠎ᠤ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠵᠦ᠍᠂ ᠬᠤᠷᠠᠯ ᠳᠡᠭᠡᠷ᠎ᠡ 《ᠪᠦᠬᠦ᠌ ᠨᠠᠮ᠎ᠢᠶᠠᠷ᠎ᠢᠶᠠᠨ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠦᠨ ᠮᠡᠳᠡᠭ᠌ᠳᠡᠯ》 ᠤ᠋ᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ ᠠᠵᠢᠯ᠎ᠤᠨ ᠲᠥᠰᠦᠯ᠂ ᠪᠠᠢᠩᠭᠤ᠎ᠶ᠋ᠢᠨ ᠬᠤᠷᠢᠶ᠎ᠠ ᠵᠢᠨ ᠤᠳᠤᠷᠢᠳᠭᠤ ᠪᠠᠭ᠎ᠤᠨ ᠠᠵᠢᠯ᠎ᠤᠨ ᠲᠤᠬᠢᠷᠠᠭᠤᠯᠤᠯᠳᠠ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠤᠰᠭᠠᠢ ᠠᠩᠬᠢ ᠵᠢᠨ ᠪᠠᠢᠳᠠᠯ ᠢ ᠬᠢᠨᠠᠨ ᠵᠥᠪᠯᠡᠪᠡ᠃ ᠲᠤᠰ ᠱᠢᠶᠠᠨ ᠰᠤᠷᠤᠯᠴᠠᠬᠤ ᠪᠠᠢᠴᠠᠭᠠᠬᠤ ᠴᠡᠭᠴᠡᠯᠡᠨ ᠰᠠᠢᠵᠢᠷᠠᠭᠤᠯᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ 《1 ᠳᠡᠪᠲᠡᠷ ᠨᠣᠮ 》᠂ 《1 ᠲᠣᠭ᠍ᠲᠠᠭᠠᠯ᠎ᠤᠨ ᠵᠣᠷᠢᠭ ᠰᠠᠨᠠᠭ᠎ᠠ》᠂ 《1 ᠲᠤᠷᠱᠢᠯᠭ᠎ᠠ᠎ᠶ᠋ᠢᠨ ᠳ᠋ᠦᠩᠨᠡᠯᠲᠡ》 ᠵᠡᠷᠭᠡ 3 ᠭᠣᠣᠯᠳᠠᠯᠭ᠎ᠠ᠎ᠲᠠᠶ ᠰᠤᠷᠤᠯᠴᠠᠬᠤ ᠠᠭᠤᠯᠭ᠎ᠠ᠎ᠶ᠋ᠢ ᠰᠠᠢᠲᠤᠷ ᠰᠤᠷᠤᠯᠴᠠᠬᠤ᠎ᠪᠠᠷ ᠭᠣᠣᠯᠳᠠᠭᠤᠯᠵᠤ᠂ ᠨᠣᠮ ᠤᠩᠱᠢᠬᠤ ᠠᠩᠬᠢ᠂ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷ ᠵᠡᠷᠭᠡ ᠤᠯᠠᠨ ᠵᠦᠢᠯ᠎ᠦᠨ ᠠᠷᠭ᠎ᠠ ᠬᠡᠯᠪᠡᠷᠢ᠎ᠪᠡᠷ ᠰᠤᠷᠤᠯᠴᠠᠯᠭ᠎ᠠ ᠬᠥᠮᠦᠵᠢᠯ᠎ᠢ ᠡᠳᠦᠷ ᠳᠤᠳᠤᠮ᠎ᠤᠨ ᠠᠵᠢᠯ᠎ᠳᠠᠭᠠᠨ ᠠᠭᠤᠰᠤᠯᠴᠠᠭᠤᠯᠪᠠ᠃
ᠤᠯᠠᠭᠠᠨᠬᠠᠳᠠ ᠬᠤᠲᠠ ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠴᠢᠩᠭ᠎ᠠ ᠱᠠᠭᠠᠷᠳᠠᠯᠭ᠎ᠠ᠎ᠪᠠᠷ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠬᠤᠲᠠ᠎ᠶ᠋ᠢᠨ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠦᠨ ᠤᠷᠤᠭ᠍ᠰᠢᠲᠠᠢ ᠡᠬᠢᠯᠡᠵᠦ᠍᠂ ᠯᠠᠪᠳᠠᠭᠤᠨ᠎ᠢᠶᠠᠷ ᠠᠬᠢᠬᠤ᠎ᠶ᠋ᠢ ᠪᠠᠲᠤᠯᠠᠪᠠ᠃ 3 ᠰᠠᠷ᠎ᠠ᠎ᠶ᠋ᠢᠨ 19 ᠤ᠋ ᠡᠳᠦᠷ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠪᠥᠬᠥ᠌ ᠬᠣᠲᠠ᠎ᠶ᠋ᠢᠨ ᠰᠤᠷᠤᠯᠴᠠᠯᠭ᠎ᠠ ᠬᠥᠮᠦᠵᠢᠯ᠎ᠦᠨ ᠬᠡᠷᠡᠭ᠌ᠵᠢᠭᠦᠯᠬᠦ᠌ ᠲᠥᠰᠦᠯ᠎ᠢ ᠬᠢᠨᠠᠨ ᠵᠥᠪᠯᠡᠵᠦ᠍ ᠪᠠᠲᠤᠯᠠᠬᠤ᠎ᠶ᠋ᠢᠨ ᠬᠠᠮᠲᠤ ᠰᠤᠷᠤᠯᠴᠠᠯᠭ᠎ᠠ ᠬᠥᠮᠦᠵᠢᠯ᠎ᠳᠦ ᠪᠠᠢᠷᠢᠯᠠᠭᠤᠯᠤᠯᠲᠠ ᠬᠢᠪᠠ᠃ 3 ᠰᠠᠷ᠎ᠠ᠎ᠶ᠋ᠢᠨ 30 ᠡᠴᠡ 31 ᠤ᠋ ᠡᠳᠦᠷ ᠪᠣᠯᠲᠠᠯ᠎ᠠ᠂ ᠤᠯᠠᠭᠠᠨᠬᠠᠳᠠ ᠬᠣᠲᠠ᠎ᠶ᠋ᠢᠨ ᠨᠠᠮ᠎ᠤᠨ ᠬᠣᠷᠢᠶ᠎ᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠵᠢ ᠡᠷᠭᠢᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠵᠤ᠂ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠪᠠ᠃ ᠣᠳᠣᠬᠠᠨ ᠪᠣᠯᠲᠠᠯ᠎ᠠ᠂ ᠪᠥᠬᠥ᠌ ᠬᠣᠲᠠ᠎ᠶ᠋ᠢᠨ 12 ᠬᠣᠱᠢᠭᠤ ᠱᠢᠶᠠᠨ ᠲᠣᠭᠣᠷᠢᠭ᠂ 124 ᠬᠣᠲᠠ᠎ᠶ᠋ᠢᠨ ᠱᠢᠭᠤᠳ ᠬᠠᠷᠢᠶ᠎ᠠ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ 3 ᠬᠠᠮᠲᠤ᠎ᠪᠠᠷ ᠬᠠᠮᠢᠶᠠᠷᠴᠤ᠌ ᠪᠠᠢᠭ᠎ᠠ ᠶᠡᠬᠡ ᠳᠡᠭᠡᠳᠦ ᠰᠤᠷᠭᠠᠭᠤᠯᠢ᠂ 1 ᠲᠦᠮᠡ ᠭᠠᠷᠤᠶ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠴᠥᠮ ᠰᠤᠷᠤᠯᠴᠠᠯᠭ᠎ᠠ ᠬᠥᠮᠦᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠪᠡ᠃ 4 ᠰᠠᠷ᠎ᠠ᠎ᠶ᠋ᠢᠨ 7 ᠡᠴᠡ 8 ᠤ᠋ ᠡᠳᠦᠷ ᠪᠤᠯᠳᠠᠯ᠎ᠠ᠂ ᠯᠢᠨᠰᠢ ᠱᠢᠶᠠᠨ᠎ᠤ ᠨᠠᠮ᠎ᠤᠨ ᠬᠣᠷᠢᠶ᠎ᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠵᠢ ᠡᠷᠬᠢᠯᠡᠵᠤ᠂ ᠲᠤᠰᠭᠠᠶ ᠰᠡᠳᠦᠪᠲᠦ ᠲᠠᠢᠯᠤᠮᠵᠢ ᠬᠢᠬᠦ᠌᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ᠎ᠪᠡᠷ ᠰᠤᠷᠤᠯᠴᠠᠯᠭ᠎ᠠ ᠥᠷᠨᠢᠭᠦᠯᠪᠡ᠃ ᠤᠯᠠᠨ᠎ᠢᠶᠠᠷ᠎ᠢᠶᠠᠨ᠂ ᠨᠢᠭᠡ ᠤᠳᠠᠭ᠎ᠠ᠎ᠶ᠋ᠢᠨ ᠭᠦᠨ ᠭᠦᠨᠵᠡᠭᠡᠢ ᠦᠵᠡᠯ ᠰᠠᠨᠠᠭᠠᠨ᠎ᠤ ᠳᠠᠪᠲᠠᠯᠲᠠ᠎ᠶ᠋ᠢ ᠮᠡᠳᠡᠷᠡᠵᠦ᠍᠂ ᠦᠵᠡᠯ ᠰᠠᠨᠠᠭᠠᠨ᠎ᠤ ᠤᠬᠠᠮᠰᠠᠷ᠂ ᠤᠯᠤᠰ ᠲᠦᠷᠦ᠍᠎ᠶ᠋ᠢᠨ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ ᠢᠯᠡᠳᠲᠡ ᠴᠢᠩᠭᠠᠷᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠡᠷᠴᠢ ᠵᠣᠷᠢᠭ᠎ᠢᠶᠠᠨ ᠤᠯᠠᠮ ᠨᠢᠭᠡ ᠠᠯᠬᠤᠮ ᠪᠠᠲᠤᠳᠭᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ᠎ᠪᠡᠷ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠡᠭᠦᠷᠭᠡ ᠯᠢᠨᠰᠢ᠎ᠳᠦ ᠨᠡᠩ ᠶᠡᠬᠡ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠨ᠎ᠠ ᠭᠡᠵᠦ᠍ ᠢᠯᠡᠳᠭᠡᠵᠡᠭᠡᠪᠡ᠃
ᠤᠯᠠᠭᠠᠨᠴᠠᠪ ᠬᠤᠳᠠ ᠰᠤᠷᠤᠯᠴᠠᠯᠭ᠎ᠠ ᠬᠥᠮᠦᠵᠢᠯ᠎ᠢ ᠡᠨᠡ ᠵᠢᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠭᠣᠣᠯᠳᠠᠯᠭ᠎ᠠ᠎ᠲᠠᠶ ᠡᠭᠦᠷᠭᠡ ᠪᠣᠯᠭᠠᠵᠤ᠂ ᠨᠠᠢᠳᠠᠪᠤᠷᠢᠵᠢᠭᠤᠯᠤᠯᠲᠠ᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠪᠠ᠃ 3 ᠰᠠᠷ᠎ᠠ᠎ᠶ᠋ᠢᠨ 21 ᠤ᠋ ᠡᠳᠦᠷ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ ᠪᠠᠢᠩᠭᠤ᠎ᠶ᠋ᠢᠨ ᠬᠤᠷᠢᠶ᠎ᠠ ᠵᠢᠨ ᠬᠤᠷᠠᠯ ᠵᠢᠴᠢ ᠬᠣᠲᠠ᠎ᠶ᠋ᠢᠨ ᠨᠠᠮ᠎ᠤᠨ ᠬᠤᠷᠢᠶ᠎ᠠ ᠵᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠥᠬᠥᠶ ᠬᠤᠷᠠᠯ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠤᠷᠤᠯᠴᠠᠯᠭ᠎ᠠ ᠬᠥᠮᠦᠵᠢᠯ᠎ᠦᠨ ᠠᠵᠢᠯ᠎ᠤᠨ ᠲᠥᠰᠦᠯ᠎ᠢ ᠬᠢᠨᠠᠨ ᠵᠥᠪᠯᠡᠵᠦ᠍ ᠪᠠᠲᠤᠯᠠᠭ᠍ᠰᠠᠨ ᠪᠥᠭᠡᠳ ᠬᠣᠲᠠ᠎ᠶ᠋ᠢᠨ ᠨᠠᠮ᠎ᠤᠨ ᠬᠤᠷᠢᠶ᠎ᠠ ᠵᠢᠨ ᠠᠯᠪᠠᠨ ᠬᠡᠷ᠎ᠦᠨ ᠨᠡᠷ᠎ᠡ᠎ᠪᠡᠷ ᠳᠠᠷᠤᠮᠠᠯᠯᠠᠨ ᠲᠠᠷᠬᠠᠭᠠᠵᠤ᠂ ᠪᠥᠬᠥ᠌ ᠬᠣᠲᠠ᠎ᠶ᠋ᠢᠨ ᠰᠤᠷᠤᠯᠴᠠᠯᠭ᠎ᠠ ᠬᠥᠮᠦᠵᠢᠯ᠎ᠢ ᠵᠢᠩᠬᠢᠨᠢ᠎ᠪᠡᠷ ᠡᠬᠢᠯᠡᠭᠦᠯᠪᠡ᠃ ᠨᠢᠭᠡ ᠨᠢᠭᠡ᠎ᠪᠡᠷ ᠵᠢᠭᠠᠨ ᠵᠢᠯᠣᠭᠣᠳᠴᠤ᠌ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠴᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠱᠠᠯᠠᠪᠳᠠᠭᠤᠯᠤᠨ ᠱᠠᠭᠠᠷᠳᠠᠵᠤ᠂ ᠬᠦᠯᠢᠶᠡᠬᠦ᠌ ᠥᠬᠡᠶ ᠲᠦᠱᠢᠭ᠌ᠯᠡᠬᠦ᠌ ᠥᠬᠡᠶ᠎ᠪᠡᠷ ᠰᠤᠷᠤᠯᠴᠠᠯᠭ᠎ᠠ ᠬᠥᠮᠦᠵᠢᠯ᠎ᠢ ᠵᠡᠷᠭᠡ ᠪᠡᠷ ᠡᠬᠢᠯᠡᠭᠦᠯᠪᠡ᠃ ᠲᠣᠰ ᠬᠣᠲᠠ᠎ᠳᠤ ᠰᠠᠭᠤᠭ᠎ᠠ ᠶᠡᠬᠡ ᠳᠡᠭᠡᠳᠦ ᠰᠤᠷᠭᠠᠭᠤᠯᠢ᠎ᠶ᠋ᠢᠨ ᠲᠠᠰ ᠳᠠᠪᠬᠤᠷᠭ᠎ᠠ᠂ ᠵᠢᠨᠢᠩ᠎ᠦᠨ ᠪᠠᠭ᠍ᠰᠢ᠎ᠶ᠋ᠢᠨ ᠳᠡᠭᠡᠳᠦ ᠰᠤᠷᠭᠠᠭᠤᠯᠢ᠂ ᠤᠯᠠᠭᠠᠨᠴᠠᠪ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠪᠠ ᠤᠯᠠᠭᠠᠨᠴᠠᠪ᠎ᠤᠨ ᠠᠨᠠᠭᠠᠬᠤ ᠤᠬᠠᠭᠠᠨ᠎ᠤ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠰᠤᠷᠭᠠᠭᠤᠯᠢ ᠵᠡᠷᠭᠡ 3 ᠶᠡᠬᠡ ᠳᠡᠭᠡᠳᠦ ᠰᠤᠷᠭᠠᠭᠤᠯᠢ 3 ᠰᠠᠷ᠎ᠠ᠎ᠶ᠋ᠢᠨ 25 ᠤ᠋ ᠡᠳᠦᠷ᠎ᠡᠴᠡ ᠡᠮᠦᠨ᠎ᠡ ᠰᠤᠷᠤᠯᠴᠠᠯᠭ᠎ᠠ ᠪᠠᠨ᠎ᠢᠶᠠᠨ ᠡᠬᠢᠯᠡᠭᠦᠯᠪᠡ ; ᠬᠣᠱᠢᠭᠤ ᠱᠢᠶᠠᠨ᠂ ᠬᠣᠲᠠ᠎ᠶ᠋ᠢᠨ ᠱᠢᠭᠤᠳ ᠬᠠᠷᠢᠶ᠎ᠠ ᠨᠢᠭᠡᠴᠢ᠎ᠶ᠋ᠢᠨ ᠳᠠᠪᠬᠤᠷᠭ᠎ᠠ᠎ᠳᠤ᠂ 11 ᠬᠣᠱᠢᠭᠤ ᠱᠢᠶᠠᠨ ᠬᠣᠲᠠ ᠲᠣᠭᠣᠷᠢᠭ᠎ᠨᠢ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ᠎ᠶ᠋ᠢᠨ ᠬᠤᠷᠠᠯ ᠪᠤᠶᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠵᠦ᠍᠂ 92 ᠬᠣᠲᠠ᠎ᠶ᠋ᠢᠨ ᠱᠢᠭᠤᠳ ᠬᠠᠷᠢᠶ᠎ᠠ ᠨᠢᠭᠡᠴᠢ᠎ᠶ᠋ᠢᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ)᠎ᠤᠨ ᠬᠢᠨ 3 ᠰᠠᠷ᠎ᠠ᠎ᠶ᠋ᠢᠨ ᠡᠴᠦᠰ᠎ᠡᠴᠡ ᠡᠮᠦᠨ᠎ᠡ ᠪᠦᠬᠦᠨ᠎ᠢ ᠡᠬᠢᠯᠡᠭᠦᠯᠵᠡᠶ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ᠂ ᠪᠦᠬᠦ᠌ ᠬᠣᠲᠠ᠎ᠶ᠋ᠢᠨ 5926 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ (92 ᠰᠤᠮᠤ ᠱᠢᠶᠠᠩ ᠪᠠᠯᠭᠠᠰᠤ᠎ᠶ᠋ᠢ ᠪᠠᠭ᠍ᠲᠠᠭᠠᠨ᠎ᠠ)᠂ 13 ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠬᠣᠷᠢᠶ᠎ᠠ 3 ᠰᠠᠷ᠎ᠠ᠎ᠶ᠋ᠢᠨ ᠡᠴᠦᠰ ᠡᠴᠡ ᠡᠮᠦᠨ᠎ᠡ ᠪᠦᠬᠦᠨ᠎ᠢ ᠡᠬᠢᠯᠡᠭᠦᠯᠵᠡᠢ᠃ 3 ᠰᠠᠷ᠎ᠠ᠎ᠶ᠋ᠢᠨ 31 ᠤ᠋ ᠡᠳᠦᠷ᠎ᠡᠴᠡ 4 ᠰᠠᠷ᠎ᠠ᠎ᠶ᠋ᠢᠨ 1 ᠤ᠋ ᠡᠳᠦᠷ ᠪᠣᠯᠲᠠᠯ᠎ᠠ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠨᠠᠮ᠎ᠤᠨ ᠭᠡᠱᠢᠭᠦᠨ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢ ᠵᠢᠱ᠌ᠢᠶ᠎ᠡ ᠦᠵᠡᠭᠦᠯᠦᠨ ᠳᠠᠢᠴᠢᠯᠠᠪᠠ᠃ 4 ᠰᠠᠷ᠎ᠠ᠎ᠶ᠋ᠢᠨ 7 ᠤ᠋ ᠡᠳᠦᠷ ᠪᠣᠯᠲᠠᠯ᠎ᠠ᠂ ᠪᠥᠬᠥ᠌ ᠬᠣᠲᠠ᠎ᠶ᠋ᠢᠨ 11 ᠬᠣᠱᠢᠭᠤ ᠱᠢᠶᠠᠨ ᠬᠣᠲᠠ ᠲᠣᠭᠣᠷᠢᠭ᠂ 58 ᠬᠣᠲᠠ᠎ᠶ᠋ᠢᠨ ᠱᠢᠭᠤᠳ ᠬᠠᠷᠢᠶ᠎ᠠ ᠨᠢᠭᠡᠴᠢ᠎ᠶ᠋ᠢᠨ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ) ᠨᠢᠭᠡᠨᠲᠡ ᠨᠣᠮ ᠤᠩᠱᠢᠬᠤ ᠠᠩᠭᠢ ᠡᠷᠭᠢᠯᠡᠭᠰᠡᠨ ᠪᠠᠢᠨ᠎ᠠ᠃
ᠠᠯᠠᠱᠠ ᠠᠢᠮᠠᠭ ᠨᠠᠷᠢᠨ ᠬᠢᠨᠠᠮᠠᠭᠠᠶ ᠲᠥᠯᠥᠪᠵᠢᠭᠦᠯᠦᠨ ᠲᠣᠬᠢᠷᠠᠭᠤᠯᠵᠤ᠂ ᠲᠦᠷᠭᠡᠨ ᠪᠠᠢᠷᠢᠯᠠᠭᠤᠯᠤᠨ ᠨᠠᠢᠳᠠᠪᠤᠷᠢᠵᠢᠭᠤᠯᠪᠠ᠃ 3 ᠰᠠᠷ᠎ᠠ᠎ᠶ᠋ᠢᠨ 26 ᠡᠴᠡ 27 ᠤ᠋ ᠡᠳᠦᠷ ᠪᠣᠯᠲᠠᠯ᠎ᠠ᠂ ᠠᠯᠠᠱᠠ ᠠᠢᠮᠠᠭ᠎ᠤᠨ ᠨᠠᠮ᠎ᠤᠨ ᠬᠣᠷᠢᠶ᠎ᠠ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠨᠣᠮ ᠤᠩᠱᠢᠬᠤ ᠠᠩᠭᠢ ᠡᠷᠭᠢᠯᠡᠵᠦ᠍᠂ ᠣᠯᠠᠨ᠎ᠢᠶᠠᠷ᠎ᠢᠶᠠᠨ ᠲᠤᠰᠭᠠᠶ ᠰᠡᠳᠦᠪ᠎ᠢᠶᠡᠷ ᠬᠠᠪᠰᠤᠷᠤᠨ ᠵᠢᠯᠣᠭᠣᠳᠭᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠬᠦ᠌ ᠬᠥᠮᠦᠵᠢᠯ ᠵᠡᠷᠭᠡ ᠠᠷᠭ᠎ᠠ ᠬᠡᠯᠪᠡᠷᠢ᠎ᠪᠡᠷ ᠳᠠᠮᠵᠢᠨ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠲᠥᠪ᠎ᠦᠨ ᠨᠠᠶ᠋ᠮᠠᠨ ᠲᠣᠭ᠍ᠲᠠᠭᠠᠯ ᠵᠢᠴᠢ ᠲᠡᠭᠦᠨ᠎ᠤ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠤᠨ ᠵᠢᠱ᠌ᠢᠶ᠎ᠡ ᠦᠵᠡᠭᠦᠯᠦᠨ ᠪᠥᠬᠥ᠌ ᠠᠢᠮᠠᠭ᠎ᠤᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠳᠠᠢᠴᠢᠯᠠᠪᠠ᠃ ᠲᠤᠰ ᠠᠢᠮᠠᠭ᠎ᠤᠨ ᠡᠯ᠎ᠡ ᠬᠣᠱᠢᠭᠤ ᠲᠣᠭᠣᠷᠢᠭ᠎ᠤᠨ ᠨᠠᠮ ( ᠠᠵᠢᠯ ) ᠤ᠋ᠨ ᠬᠣᠷᠢᠢ᠎ᠠ ᠬᠠᠮᠳᠤ ᠪᠡᠷ ᠨᠢᠬᠡ ᠭᠦᠭ ᠠᠶᠠᠰ᠎ᠢᠶᠡᠷ ᠵᠣᠬᠢᠴᠠᠭᠤᠯᠤᠨ ᠬᠥᠳᠡᠯᠦᠯᠴᠡᠵᠦ᠍᠂ ᠰᠤᠷᠤᠯᠴᠠᠯᠭ᠎ᠠ ᠬᠥᠮᠦᠵᠢᠯ᠎ᠢ ᠵᠡᠷᠭᠡ᠎ᠪᠡᠷ ᠠᠬᠢᠭᠤᠯᠪᠠ᠃ ᠠᠢᠮᠠᠭ᠎ᠤᠨ ᠱᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠤᠳᠤᠷᠢᠳᠭᠤ ᠳᠤᠭᠤᠢᠯᠠᠩ (ᠨᠠᠮ᠎ᠤᠨ ᠬᠣᠷᠢᠶ᠎ᠠ) ᠤ᠋ᠨ ᠬᠤᠷᠠᠯ᠂ 《 ᠭᠤᠷᠪᠠᠨ ᠬᠤᠷᠠᠯ ᠨᠢᠭᠡ ᠬᠢᠴᠢᠶᠡᠯ 》 ᠵᠡᠷᠭᠡ ᠬᠡᠯᠪᠡᠷᠢ᠎ᠪᠡᠷ ᠳᠠᠮᠵᠢᠨ᠂ ᠬᠣᠯᠪᠣᠭ᠍ᠳᠠᠯ ᠪᠥᠬᠥᠶ ᠱᠠᠭᠠᠷᠳᠠᠯᠭ᠎ᠠ᠎ᠶ᠋ᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠨᠠᠢᠳᠠᠪᠤᠷᠢᠵᠢᠭᠤᠯᠵᠤ᠂ ᠪᠥᠬᠥ᠌ ᠠᠢᠮᠠᠭ᠎ᠤᠨ ᠰᠤᠷᠤᠯᠴᠠᠯᠭ᠎ᠠ ᠬᠥᠮᠦᠵᠢᠯ᠎ᠦᠨ ᠰᠠᠢᠨ ᠡᠬᠢᠯᠡᠯᠲᠡ᠎ᠲᠡᠶ ᠪᠣᠯᠬᠤ᠎ᠶ᠋ᠢ ᠦᠨᠡᠨ ᠬᠦ᠌ ᠪᠠᠲᠤᠯᠠᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠤᠨ 6 ᠬᠣᠱᠢᠭᠤ ᠲᠣᠭᠣᠷᠢᠭ᠂ 67 ᠠᠢᠮᠠᠭ᠎ᠤᠨ ᠱᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ᠂ 38 ᠰᠤᠮᠤ ᠪᠠᠯᠭᠠᠰᠤ (ᠵᠡᠭᠡᠯᠢ ᠭᠤᠳᠤᠮᠵᠢ)᠂ ᠪᠣᠶ ᠪᠥᠬᠥᠶ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠤᠷᠤᠯᠴᠠᠯᠭ᠎ᠠ ᠬᠥᠮᠦᠵᠢᠯ᠎ᠦᠨ ᠪᠠᠢᠷᠢᠯᠠᠭᠤᠯᠤᠯᠲᠠ᠎ᠵᠢᠨ ᠠᠵᠢᠯ᠎ᠢ ᠪᠦᠬᠦᠨ᠎ᠢ ᠪᠡᠶᠡᠯᠡᠭᠦᠯᠪᠡ᠃ 3 ᠰᠠᠷ᠎ᠠ᠎ᠶ᠋ᠢᠨ 31᠎ᠤ᠋ ᠡᠳᠦᠷ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠂ ᠤᠯᠠᠭᠠᠨᠪᠤᠬ᠎ᠠ᠎ᠶ᠋ᠢᠨ ᠵᠢᠱ᠌ᠢᠶ᠎ᠡ ᠦᠵᠡᠭᠦᠯᠬᠦ᠌ ᠲᠣᠭᠣᠷᠢᠭ ᠰᠤᠷᠤᠯᠴᠠᠯᠭ᠎ᠠ ᠬᠥᠮᠦᠵᠢᠯ᠎ᠤᠨ ᠪᠣᠯᠪᠠᠰᠤᠷᠠᠯ ᠡᠷᠭᠢᠯᠡᠵᠦ᠍᠂ ᠬᠣᠯᠪᠣᠭ᠍ᠳᠠᠯ ᠪᠥᠬᠥᠶ ᠲᠤᠰᠭᠠᠶ ᠮᠡᠷᠭᠡᠵᠢᠯᠲᠡᠨ᠎ᠢ ᠤᠷᠢᠵᠤ 《ᠰᠤᠷᠲᠠᠯ᠎ᠤᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭᠠᠶ᠎ᠠ》 ᠭᠡᠬᠦ᠌ ᠰᠡᠳᠦᠪ᠎ᠢᠶᠡᠷ ᠲᠤᠰᠭᠠᠶ ᠰᠡᠳᠦᠪᠲᠦ ᠬᠠᠪᠰᠤᠷᠤᠨ ᠵᠢᠯᠣᠭᠣᠳᠣᠯᠭ᠎ᠠ ᠬᠢᠯᠭᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ᠎ᠤ ᠤᠬᠠᠮᠰᠠᠷ ᠢᠶᠠᠨ ᠳᠡᠭᠡᠭ᠌ᠰᠢᠯᠡᠭᠦᠯᠦᠨ᠂ ᠪᠣᠳᠠᠲᠤ ᠠᠵᠢᠯᠯᠠᠭ᠎ᠠ᠎ᠪᠠᠷ᠎ᠢᠶᠠᠨ ᠰᠠᠢᠨ ᠰᠠᠢᠬᠠᠨ ᠳᠦᠷᠢ ᠲᠥᠷᠬᠦ᠌ ᠶ᠋ᠢ ᠪᠣᠶ ᠪᠣᠯᠭᠠᠵᠤ᠂ ᠦᠨᠡᠨ ᠬᠦ᠌ ᠣᠯᠠᠨ ᠲᠦᠮᠡᠨ ᠢ ᠬᠠᠨᠤᠮᠵᠢᠲᠠᠶ ᠪᠠᠢᠯᠭᠠᠬᠤ᠂ ᠵᠣᠬᠢᠶᠠᠨ ᠪᠠᠢᠭᠤᠯᠤᠯᠲᠠ᠎ᠶ᠋ᠢ ᠰᠠᠨᠠᠭ᠎ᠠ ᠠᠮᠤᠷ ᠪᠠᠢᠯᠭᠠᠬᠤ᠂ ᠱᠢᠯᠢᠳᠡᠭ ᠰᠤᠷᠲᠠᠯ᠎ᠢᠶᠠᠷ ᠰᠤᠷᠲᠠᠯ ᠴᠢᠬᠡᠴᠢ ᠣᠪᠣᠷ ᠲᠥᠪ ᠠᠵᠢᠯ ᠬᠢᠵᠦ᠍ ᠦᠶ᠋ᠯᠡᠰ ᠪᠤᠰᠬᠠᠬᠤ ᠠᠭᠤᠷ ᠠᠮᠢᠰᠭᠤᠯ᠎ᠢ ᠪᠣᠶ ᠪᠣᠯᠭᠠᠬᠤ᠎ᠶ᠋ᠢ ᠬᠥᠮᠦᠵᠢᠭᠦᠯᠦᠨ ᠵᠢᠯᠣᠭᠣᠳᠪᠠ᠃
ᠬᠥᠯᠥᠨ ᠪᠣᠢᠷ ᠬᠣᠲᠠ ᠨᠠᠷᠢᠨ ᠨᠢᠮᠪᠠᠶ ᠲᠥᠯᠥᠪᠵᠢᠭᠦᠯᠦᠨ ᠪᠠᠢᠷᠢᠯᠠᠭᠤᠯᠵᠤ᠂ 《ᠰᠤᠷᠤᠯᠴᠠᠬᠤ》 ᠶ᠋ᠢ ᠢᠮᠠᠭ᠍ᠲᠠ ᠲᠤᠭᠤᠱᠢᠯᠠᠭᠤᠯᠪᠠ᠃ ᠳᠡᠭᠡᠷ᠎ᠠ ᠱᠠᠲᠤ ᠨᠢ ᠳᠣᠣᠷ᠎ᠠ ᠱᠠᠲᠤᠪᠠᠨᠳᠠᠢᠴᠢᠯᠠᠬᠤᠶ᠋ᠢ ᠪᠠᠷᠢᠮᠲᠠᠯᠠᠵᠤ᠂ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠪᠦᠬᠦ᠌ ᠬᠣᠲᠠ᠎ᠶ᠋ᠢᠨ ᠭᠠᠵᠠᠷ᠎ᠤᠨ ᠳᠡᠰ᠎ᠡᠴᠡ ᠳᠡᠭᠡᠭ᠌ᠰᠢᠬᠢ ᠤᠳᠤᠷᠢᠳᠭᠤ ᠪᠠᠭ᠎ᠢ ᠵᠢᠱ᠌ᠢᠶ᠎ᠡ ᠦᠵᠡᠭᠦᠯᠦᠨ ᠳᠠᠢᠴᠢᠯᠠᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ ) ᠶ᠋ᠢᠨ ᠬᠤᠷᠠᠯ᠂ ᠣᠨᠣᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠨᠣᠮ ᠤᠩᠱᠢᠬᠤ ᠠᠩᠭᠢ ᠡᠷᠬᠢᠯᠡᠬᠦ᠌᠂ ᠲᠤᠰᠭᠠᠢ ᠰᠡᠳᠦᠪ᠎ᠢᠶᠡᠷ ᠬᠠᠪᠰᠤᠷᠤᠨ ᠵᠢᠯᠣᠭᠣᠳᠭᠤ ᠵᠡᠷᠭᠡ ᠠᠷᠭ᠎ᠠ ᠬᠡᠯᠪᠡᠷᠢ᠎ᠶ᠋ᠢ ᠥᠷᠭᠡᠨ᠎ᠢᠶᠡᠷ ᠠᠪᠴᠤ᠌᠂ 《ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠥᠭᠦᠯᠡᠯᠲᠡ᠎ᠶ᠋ᠢᠨ ᠲᠡᠭᠦᠪᠦᠷᠢ》 ᠶ᠋ᠢ ᠨᠠᠷᠢᠨ ᠬᠢᠨᠠᠮᠠᠭᠠᠢ ᠰᠤᠳᠤᠯᠤᠨ ᠤᠩᠱᠢᠵᠤ᠂ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠳᠦᠷᠢᠮ᠎ᠤᠨ ᠵᠣᠷᠢᠭ ᠰᠠᠨᠠᠭ᠎ᠠ᠎ᠵᠢᠨ ᠤᠭ ᠵᠤᠬᠢᠶᠠᠯ᠎ᠢ ᠰᠤᠷᠤᠯᠴᠠᠪᠠ᠃ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠠᠵᠢᠯ᠎ᠤᠨ ᠪᠣᠳᠠᠲᠤ ᠪᠠᠢᠳᠠᠯ ᠪᠣᠯᠤᠨ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠲᠠᠶ᠎ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠴᠢᠬᠤᠯᠠ ᠥᠭᠦᠯᠡᠯᠲᠡ᠂ ᠢᠯᠠᠩᠭᠤᠶ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ ᠦᠶ᠎ᠡ᠎ᠶ᠋ᠢᠨ 《ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭᠠᠬᠤ》 ᠲᠤᠬᠠᠢ ᠴᠢᠬᠤᠯᠠ ᠱᠠᠭᠠᠷᠳᠠᠯᠭ᠎ᠠ᠎ᠶ᠋ᠢᠨ ᠲᠣᠭᠣᠷᠢᠨ᠎ᠳᠤ ᠰᠣᠯᠢᠯᠴᠠᠭ᠎ᠠ ᠬᠢᠵᠦ᠍ ᠰᠤᠳᠤᠯᠤᠨ ᠶᠠᠷᠢᠯᠴᠠᠵᠤ᠂ ᠰᠤᠷᠤᠯᠴᠠᠯᠭ᠎ᠠ᠎ᠶ᠋ᠢᠨ ᠳᠤᠮᠳᠠ᠎ᠠᠴᠠ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ᠎ᠶ᠋ᠢ ᠡᠷᠢᠪᠠ᠃ ᠬᠣᠲᠠ᠎ᠶ᠋ᠢᠨ ᠱᠢᠭᠤᠳ ᠬᠠᠷᠢᠶ᠎ᠠ ᠡᠯ᠎ᠡ ᠨᠠᠮ (ᠠᠵᠢᠯ)᠎ᠤ᠋ᠨ ᠬᠣᠷᠢᠶ᠎ᠠ ᠵᠢᠨ ᠬᠢᠨ ᠪᠠᠢᠭᠤᠯᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠣᠢ ᠱᠢᠭᠤᠶ ᠡᠪᠡᠰᠦ ᠪᠡᠯᠴᠢᠭᠡᠷ᠂ 《ᠬᠣᠶᠠᠷ ᠱᠢᠨ᠎ᠡ》 ᠵᠣᠬᠢᠶᠠᠨ ᠪᠠᠢᠭᠤᠯᠤᠯᠲᠠ ᠵᠡᠷᠭᠡ ᠠᠳᠠᠯᠢ ᠪᠤᠰᠤ ᠬᠦᠷᠢᠶᠡᠨ᠎ᠦ ᠣᠨᠴᠠᠯᠢᠭ ᠪᠠ ᠠᠵᠢᠯ᠎ᠤᠨ ᠪᠣᠳᠠᠲᠤ ᠪᠠᠢᠳᠠᠯ᠎ᠳᠤ ᠴᠢᠭ᠌ᠯᠡᠭᠦᠯᠦᠨ᠂ ᠭᠤᠤᠯᠳᠠᠯᠭ᠎ᠠ᠎ᠲᠠᠶ ᠰᠤᠷᠤᠯᠴᠠᠯᠭ᠎ᠠ᠎ᠶ᠋ᠢ ᠬᠠᠨᠳᠤᠯᠭᠠᠲᠤ ᠴᠢᠨᠠᠷᠲᠠᠶ᠎ᠪᠠᠷ ᠴᠢᠩᠭᠠᠳᠭᠠᠵᠤ᠂ ᠱᠢᠨ᠎ᠡ᠎ᠪᠡᠷ ᠳᠡᠪᠱᠢᠭᠦᠯᠦᠭ᠌ᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠺᠠᠳ᠋ᠷ᠎ᠤᠨ ᠰᠤᠷᠤᠯᠴᠠᠯᠭ᠎ᠠ ᠬᠥᠮᠦᠵᠢᠯ᠎ᠢ ᠲᠣᠪᠣᠢᠮ᠎ᠠ ᠰᠠᠢᠲᠤᠷ ᠠᠳᠭᠤᠪᠠ᠃ ᠪᠣᠳᠠᠲᠠᠶ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠡᠭ ᠣᠯᠠᠨ᠂ ᠱᠤᠭᠤᠮ ᠣᠷᠳᠣ᠂ ᠬᠡᠪᠴᠢᠶ᠎ᠡ ᠥᠷᠭᠡᠨ᠂ ᠲᠥᠷᠥᠯ ᠬᠡᠯᠪᠡᠷᠢ ᠣᠯᠠᠨ ᠶᠠᠩᠵᠤᠪᠠᠢᠬᠤ ᠪᠣᠳᠠᠲᠤ ᠪᠠᠢᠳᠠᠯ᠎ᠲᠠᠶ ᠤᠶᠠᠯᠳᠤᠭᠤᠯᠤᠨ᠂ 《ᠤᠯᠠᠭᠠᠨ ᠪᠡᠬᠢᠯᠡᠯᠲᠡ᠎ᠵᠢᠨ ᠡᠷᠦᠬᠡ》᠂ 《ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ》᠂ 《ᠲᠠᠯ᠎ᠠ ᠨᠤᠲᠤᠭ᠎ᠤᠨ ᠬᠣᠱᠢᠭᠤᠴᠢ ᠯᠧᠺᠲ᠋ᠣᠷ ᠤᠨ ᠪᠦᠯᠬᠦᠮ》 ᠤ᠋ᠨ ᠳᠠᠢᠴᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠰᠤᠷᠤᠯᠴᠠᠯᠭ᠎ᠠ᠎ᠵᠢ ᠬᠡᠷ᠎ᠲᠦᠨᠢ ᠬᠦᠷᠭᠡᠬᠦ᠌᠂ ᠬᠠᠪᠰᠤᠷᠤᠯᠴᠠᠭ᠎ᠠ ᠪᠠᠢᠭᠤᠯᠤᠨ ᠰᠤᠷᠤᠯᠴᠠᠬᠤ ᠵᠡᠷᠭᠡ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ᠎ᠪᠡᠷ ᠳᠠᠮᠵᠢᠨ ᠥᠷᠭᠡᠨ ᠣᠯᠠᠨ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠤᠨ ᠰᠤᠷᠤᠯᠴᠠᠯᠭ᠎ᠠ ᠬᠥᠮᠦᠵᠢᠯ᠎ᠦᠨ ᠪᠥᠬᠥ᠌ ᠶᠠᠪᠤᠴᠠ᠎ᠳᠤ ᠣᠷᠣᠯᠴᠠᠭᠤᠯᠵᠤ᠂ ᠰᠤᠷᠤᠯᠴᠠᠯᠭ᠎ᠠ 《ᠲᠠᠰᠤᠯᠳᠠᠬᠤ ᠥᠬᠡᠶ》᠂ ᠦᠵᠡᠯ ᠰᠠᠨᠠᠭ᠎ᠠ 《ᠡᠩᠨᠡᠭᠡ᠎ᠡᠴᠡ ᠬᠣᠴᠣᠷᠬᠤ ᠥᠬᠡᠶ》 ᠪᠠᠢᠬᠤ᠎ᠶ᠋ᠢ ᠦᠨᠡᠨ ᠬᠦ᠌ ᠪᠠᠲᠤᠯᠠᠪᠠ᠃
ᠦᠬᠠᠶ ᠬᠣᠲᠠ 3 ᠰᠠᠷ᠎ᠠ᠎ᠶ᠋ᠢᠨ 20 ᠤ᠋ ᠡᠳᠦᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠵᠢᠴᠢ ᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠤᠨ 2025 ᠣᠨ᠎ᠤ 2 ᠳ᠋ᠤᠭᠠᠷ ᠤᠳᠠᠭ᠎ᠠ᠎ᠶ᠋ᠢᠨ ᠬᠤᠷᠠᠯ᠎ᠢ ᠬᠤᠷᠠᠯᠳᠤᠭᠤᠯᠵᠤ᠂ 《ᠪᠥᠬᠥ᠌ ᠬᠣᠲᠠ᠎ᠳᠤ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠲᠤᠬᠠᠶ ᠠᠵᠢᠯ᠎ᠤᠨ ᠲᠥᠰᠦᠯ》 ᠢ᠋ ᠬᠢᠨᠠᠨ ᠵᠥᠪᠯᠡᠵᠦ᠍ ᠪᠠᠲᠤᠯᠠᠪᠠ᠃ ᠪᠦᠬᠦ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠭᠤ ᠳᠤᠭᠤᠢᠯᠠᠩ) ᠵᠢᠨ ᠬᠢᠨ ᠰᠤᠷᠤᠯᠴᠠᠯᠭ᠎ᠠ ᠰᠤᠳᠤᠯᠤᠨ ᠶᠠᠷᠢᠯᠴᠠᠯᠭ᠎ᠠ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠬᠤ ᠳᠦᠷᠢᠮ᠎ᠢ ᠭᠦᠨᠵᠡᠭᠡᠶ ᠨᠠᠢᠳᠠᠪᠤᠷᠢᠵᠢᠭᠤᠯᠵᠤ᠂ ᠲᠤᠰᠭᠠᠶ ᠰᠡᠳᠦᠪᠲᠦ ᠨᠣᠮ ᠤᠩᠱᠢᠬᠤ ᠠᠩᠭᠢ᠎ᠶ᠋ᠢ ᠰᠠᠢᠲᠤᠷ ᠡᠷᠬᠢᠯᠡᠵᠦ᠍᠂ ᠦᠨᠳᠦᠰᠦᠨ ᠪᠣᠯᠪᠠᠰᠤᠷᠠᠯ᠎ᠢ ᠰᠠᠢᠲᠤᠷ ᠥᠷᠨᠢᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠦᠨᠡᠨ ᠬᠦ᠌ ᠪᠡᠬᠢᠵᠢᠭᠦᠯᠪᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠢᠨ ᠬᠢᠨ ᠨᠠᠮ᠎ᠤᠨ ᠡᠭᠦᠷ᠎ᠢᠶᠡᠷ ᠨᠢᠭᠡᠴᠢ ᠪᠣᠯᠭᠠᠨ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠲᠦᠷᠢᠮ᠎ᠢ ᠭᠦᠢᠴᠡᠳ ᠬᠡᠷᠡᠭ᠌ᠯᠡᠵᠦ᠍᠂ ᠪᠦᠬᠦ᠌ ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ ᠲᠥᠪᠯᠡᠷᠡᠬᠦᠯᠦᠨ ᠰᠤᠷᠤᠯᠴᠠᠬᠤ᠂ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠂ ᠨᠠᠮ᠎ᠤᠨ ᠡᠭᠦᠷ᠎ᠦᠨ ᠱᠦᠵᠢ ᠨᠠᠮ᠎ᠤᠨ ᠬᠢᠴᠢᠶᠡᠯ ᠤᠷᠤᠬᠤ ᠠᠵᠢᠯᠯᠠᠭ᠎ᠠ ᠦᠷᠨᠢᠭᠦᠯᠪᠠ᠃ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠳᠡᠭᠡᠷ᠎ᠠ ᠱᠠᠳᠤ ᠨᠢ ᠲᠤᠤᠷ᠎ᠠ ᠱᠠᠳᠤ᠎ᠪᠠᠨ ᠳᠠᠢᠴᠢᠯᠠᠬᠤ᠎ᠶ᠋ᠢ ᠪᠠᠷᠢᠮᠲᠠᠯᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ᠂ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ᠂ ᠬᠢᠨᠠᠨ ᠪᠤᠳᠤᠯᠳᠠ ᠵᠢᠨ ᠬᠢᠨᠠᠯᠲᠠ ᠲᠠᠯᠪᠢᠬᠤ ᠵᠡᠷᠭᠡ 7 ᠵᠦᠢᠯ᠎ᠦᠨ ᠠᠷᠭ᠎ᠠ ᠵᠠᠮ᠎ᠢ ᠭᠦᠢᠴᠡᠳ ᠬᠡᠷᠡᠭ᠌ᠯᠡᠵᠦ᠍᠂ ᠤᠯᠠᠨ ᠲᠦᠮᠡᠨ᠎ᠦ ᠰᠠᠨᠠᠯ ᠰᠠᠨᠠᠭᠤᠯᠭ᠎ᠠ᠎ᠶ᠋ᠢ ᠬᠤᠷᠢᠶᠠᠬᠤ ᠪᠠ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠵᠠᠳᠠᠯᠬᠤ ᠬᠣᠶᠠᠷ ᠵᠦᠢᠯ᠎ᠲᠠᠶ ᠤᠶᠠᠯᠳᠤᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠤᠨ ᠲᠥᠪ᠎ᠦᠨ ᠨᠠᠢ᠍ᠮᠠᠨ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠪᠠᠢᠴᠠᠭᠠᠨ ᠡᠷᠢᠪᠠ᠃ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠲᠤᠪᠤᠢ᠌ᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠠᠢᠴᠠᠭᠠᠬᠤ᠎ᠶ᠋ᠢᠨ ᠳᠠᠭᠠᠤ ᠰᠠᠢᠵᠢᠷᠠᠭᠤᠯᠵᠤ᠂ ᠲᠥᠪ᠎ᠡᠴᠡ ᠵᠢᠭ᠍ᠰᠠᠭᠠᠭ᠍ᠰᠠᠨ 11 ᠲᠠᠯ᠎ᠠ᠎ᠶ᠋ᠢᠨ ᠴᠡᠭ᠌ᠴᠡᠯᠡᠨ ᠵᠠᠰᠠᠬᠤ ᠠᠭᠤᠯᠭ᠎ᠠ᠎ᠲᠠᠶ ᠤᠶᠠᠯᠳᠤᠭᠤᠯᠤᠨ᠂ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠲᠦᠷᠦᠯ ᠬᠤᠪᠢᠶᠠᠨ ᠥᠷᠨᠢᠭᠦᠯᠪᠠ᠃ ᠪᠦᠬᠦ᠌ ᠬᠤᠳᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠡᠭᠦᠳᠡ᠎ᠪᠡᠨ ᠨᠡᠭᠡᠭᠡᠵᠦ᠍ ᠬᠥᠮᠦᠵᠢᠯ ᠬᠢᠬᠦ᠌᠎ᠶ᠋ᠢ ᠢᠮᠠᠭ᠍ᠲᠠ ᠲᠤᠭᠤᠱᠢᠯᠠᠭᠤᠯᠵᠤ᠂ ᠤᠯᠠᠨ ᠲᠦᠮᠡᠨ᠎ᠦ ᠰᠠᠨᠠᠯ᠎ᠢ ᠰᠠᠨᠠᠭᠠᠴᠢᠯᠠᠭ᠎ᠠ᠎ᠠᠴᠠ᠎ᠪᠠᠨ ᠰᠣᠨᠣᠰᠴᠤ᠌᠂ ᠤᠯᠠᠨ ᠲᠦᠮᠡᠨ᠎ᠦ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠬᠦᠴᠦᠯᠡᠨ ᠱᠢᠢᠳᠪᠦᠷᠢᠯᠡᠵᠦ᠍᠂ ᠠᠷᠠᠳ ᠤᠯᠠᠨ᠎ᠳᠤ ᠰᠤᠷᠤᠯᠴᠠᠯᠭ᠎ᠠ ᠬᠥᠮᠦᠵᠢᠯ᠎ᠦᠨ ᠠᠪᠴᠢᠷᠠᠭ᠍ᠰᠠᠨ ᠱᠢᠨ᠎ᠡ ᠪᠠᠢᠳᠠᠯ ᠱᠢᠨ᠎ᠡ ᠬᠤᠪᠢᠷᠠᠯᠲᠠ᠎ᠶ᠋ᠢ ᠦᠨᠡᠨ ᠬᠦ᠌ ᠮᠡᠳᠡᠷᠡᠭᠦᠯᠪᠠ᠃ ᠦᠷ᠎ᠡ ᠪᠦᠲᠦᠭᠡᠯ ᠢ ᠪᠡᠬᠢᠵᠢᠬᠦᠯᠬᠦ ᠵᠢ ᠢᠮᠠᠭ᠍ᠲᠠ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠳᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠪᠣᠳᠠᠲᠠᠢ ᠠᠳᠭᠤᠵᠤ᠂ ᠦᠷ᠎ᠡ ᠪᠦᠲᠦᠮᠵᠢ᠎ᠶ᠋ᠢ ᠮᠥᠷᠳᠡᠨ ᠠᠰᠠᠭᠤᠬᠤ᠎ᠶ᠋ᠢ ᠴᠢᠩᠭᠠᠳᠭᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠪᠠᠢᠩᠭᠤ᠎ᠶ᠋ᠢᠨ ᠪᠥᠭᠡᠳ ᠤᠷᠲᠤ ᠬᠤᠭᠤᠴᠠᠭᠠᠨ᠎ᠤ ᠪᠦᠲᠦᠮᠵᠢᠲᠡᠢ ᠪᠠᠢᠬᠤ᠎ᠶ᠋ᠢ ᠠᠬᠢᠭᠤᠯᠤᠭᠰᠠᠨ ᠪᠠᠢᠨ᠎ᠠ᠃