ᠬᠢᠩᠭᠠᠨ ᠠᠢᠮᠠᠭ ᠡᠨᠡ ᠵᠢᠯ 198 ᠴᠢᠬᠤᠯᠠ ᠶᠡᠬᠡ ᠲᠥᠷᠥᠯ ᠵᠦᠶ᠋ᠯ᠎ᠢ ᠬᠡᠷᠡᠭ᠌ᠵᠢᠭᠦᠯᠬᠦ᠌ ᠪᠡᠷ ᠲᠥᠯᠥᠪᠯᠡᠵᠦ᠍ ᠪᠠᠢᠨ᠎ᠠ
2025-04-03 10:21:21
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠭᠤᠷᠪᠠᠨ ᠰᠠᠷ᠎ᠠ᠎ᠳᠤ ᠤᠷᠢᠬᠠᠨ ᠰᠠᠯᠬᠢ ᠬᠠᠴᠠᠷ᠎ᠢ ᠢᠯᠪᠢᠵᠦ᠍᠂ ᠬᠢᠩᠭᠠᠨ᠎ᠤ ᠪᠦᠲᠦᠭᠡᠨ ᠪᠠᠢᠭᠤᠯᠤᠯᠲᠠ ᠢᠳᠡ ᠬᠦᠭ ᠲᠠᠢ ᠶᠠᠪᠤᠭᠳᠠᠨ᠎ᠠ᠃

3 ᠰᠠᠷ᠎ᠠ᠎ᠶ᠋ᠢᠨ 20᠎ᠤ᠋ ᠡᠳᠦᠷ᠂ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠤᠭᠤᠷᠢᠭ ᠲᠤ᠌᠂ ᠬᠦᠷᠴᠢᠭᠢᠨᠡᠭ᠌ᠰᠡᠨ ᠮᠠᠰᠢᠨ ᠮᠧᠬᠠᠨᠢᠭ᠎ᠤᠨ ᠲᠠᠭᠤᠨ ᠨᠢ ᠬᠥᠭ᠌ᠵᠢᠯᠲᠡ᠎ᠶ᠋ᠢᠨ ᠤᠷᠤᠭ᠍ᠰᠢᠯᠠᠯᠲᠠ᠎ᠶ᠋ᠢᠨ ᠬᠥᠭ᠌ᠵᠢᠮ ᠪᠣᠯᠤᠨ ᠬᠠᠩᠭᠢᠨᠠᠵᠤ ᠪᠠᠢᠪᠠ᠃ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠪᠤᠬᠢᠷᠳᠤᠯ ᠦᠭᠡᠢ ᠮᠧᠲ᠋ᠢᠯ ᠠᠯᠺᠣᠣᠯ᠎ᠤᠨ ᠰᠠᠭᠤᠷᠢᠨ ᠤ᠋ ᠢᠵᠢ ᠪᠥᠷᠢᠳᠦᠭᠦᠯᠬᠦ᠌ ᠵᠠᠮ᠎ᠤᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ ᠵᠢᠴᠢ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠠᠶᠤᠯᠲᠠᠶ ᠬᠢᠮᠢ᠎ᠶ᠋ᠢᠨ ᠪᠣᠳᠠᠰ᠎ᠢ ᠲᠡᠭᠡᠭᠡᠪᠦᠷᠢᠯᠡᠬᠦ᠌ ᠲᠤᠰᠭᠠᠶ ᠨᠡᠪᠲᠡᠷᠡᠬᠦ᠌ ᠵᠠᠮ᠎ᠢ ᠥᠭᠡᠷᠡᠴᠢᠯᠡᠬᠦ᠌ ᠵᠡᠷᠭᠡ ᠬᠣᠶᠠᠷ ᠵᠦᠶ᠋ᠯ᠎ᠦᠨ ᠪᠠᠷᠢᠯᠭ᠎ᠠ ᠵᠢ ᠪᠥᠬᠥ᠌ ᠲᠠᠯ᠎ᠠ᠎ᠪᠠᠷ ᠠᠵᠢᠯ ᠡᠬᠢᠯᠡᠭᠦᠯᠬᠦ ᠵᠢ ᠳᠠᠭᠠᠯᠳᠤᠨ᠂ ᠬᠢᠩᠭᠠᠨ ᠠᠢᠮᠠᠭ᠎ᠤᠨ ᠭᠤᠤᠯᠳᠠᠯᠭ᠎ᠠ᠎ᠲᠠᠶ ᠢᠨᠵᠧᠨᠧᠷᠢᠩ᠎ᠦᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠵᠤ᠂ ᠨᠢᠭᠡᠳᠦᠭᠡᠷ ᠤᠯᠠᠷᠢᠯ᠎ᠤᠨ 《ᠰᠠᠢᠨ ᠡᠬᠢᠯᠡᠯᠲᠡ》 ᠳ᠋ᠤ ᠬᠦᠴᠦᠨ ᠨᠡᠮᠡᠷᠢᠯᠡᠬᠦ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃

ᠪᠤᠬᠢᠷᠳᠤᠯ ᠦᠭᠡᠢ ᠮᠧᠲ᠋ᠢᠯ ᠠᠯᠺᠣᠣᠯ᠎ᠤᠨ ᠢᠵᠢ ᠪᠦᠷᠢᠳᠦᠭᠦᠯᠬᠦ᠌ ᠵᠠᠮ᠎ᠤᠨ ᠨᠢᠭᠡᠳᠦᠭᠡᠷ ᠬᠤᠭᠤᠴᠠᠭᠠᠨ᠎ᠤ ᠪᠠᠷᠢᠯᠭ᠎ᠠ᠎ᠶ᠋ᠢᠨ ᠠᠵᠢᠯ᠎ᠤᠨ ᠲᠤᠬᠠᠶ᠎ᠶ᠋ᠢᠨ ᠲᠠᠯᠠᠪᠠᠶ᠎ᠳᠤ᠂ ᠣᠯᠠᠨ ᠤᠬᠤᠭᠤᠷ ᠮᠠᠱᠢᠨ ᠬᠦᠷᠴᠢᠭᠢᠨᠡᠨ ᠠᠵᠢᠯᠯᠠᠵᠤ᠂ ᠲᠡᠭᠡᠭᠡᠪᠦᠷᠢ᠎ᠶ᠋ᠢᠨ ᠲᠡᠷᠭᠡ ᠬᠦᠰᠭᠡ ᠨᠠᠭᠠᠰᠢ ᠴᠠᠭᠠᠰᠢ ᠰᠦᠯᠵᠢᠯᠳᠦᠵᠦ᠍᠂ ᠠᠵᠢᠯᠴᠢᠳ ᠶᠠᠭ ᠰᠠᠢᠬᠠᠨ ᠰᠠᠭᠤᠷᠢ ᠵᠢ ᠮᠠᠯᠲᠠᠬᠤ ᠠᠵᠢᠯ᠎ᠢᠶᠠᠨ ᠶᠠᠭᠠᠷᠠᠯᠲᠠᠶ ᠶᠠᠪᠤᠭ᠍ᠳᠠᠭᠤᠯᠵᠤ ᠪᠠᠢᠯ᠎ᠠ᠃ ᠲᠤᠰ ᠪᠠᠷᠢᠯᠭ᠎ᠠ ᠵᠢᠨ ᠶᠡᠷᠦᠩᠬᠡᠶ ᠪᠡᠯᠡ ᠣᠷᠣᠭᠤᠯᠤᠯᠲᠠ ᠨᠢ 7500 ᠭᠠᠷᠤᠶ ᠲᠦᠮᠡᠨ ᠲᠥᠭᠥᠷᠢᠭ᠎ᠲᠦ ᠬᠦᠷᠴᠦ᠍᠂ ᠸᠧᠢ ᠯᠢᠦ ᠵᠡᠭᠡᠯᠢ᠂ ᠸᠧᠢ ᠡᠣ ᠵᠡᠭᠡᠯᠢ ᠵᠡᠷᠭᠡ ᠭᠤᠷᠪᠠᠨ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠬᠠᠮᠤᠷᠴᠠᠶ᠃ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠵᠠᠮ᠎ᠤᠨ ᠲᠤᠤᠷ᠎ᠤᠨ ᠪᠦᠲᠦᠴᠡ ᠢᠯᠡᠳᠲᠡ ᠱᠢᠯᠢᠳᠡᠭ᠌ᠵᠢᠵᠦ᠍᠂ ᠵᠢᠨ ᠹᠸᠩ᠂ ᠶᠤᠸᠠᠨ ᠯᠢ ᠵᠡᠷᠭᠡ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠥᠨᠳᠥᠷ ᠪᠦᠲᠦᠮᠵᠢᠲᠡᠶ ᠠᠬᠢᠭᠤᠯᠬᠤ᠎ᠳᠤ ᠪᠠᠲᠤ ᠪᠠᠬᠢ ᠰᠠᠭᠤᠷᠢ ᠴᠢᠨᠠᠷᠲᠠᠶ ᠪᠠᠲᠤᠯᠠᠭ᠎ᠠ ᠬᠠᠩᠭᠠᠬᠤ ᠪᠣᠯᠤᠨ᠎ᠠ᠃

ᠳᠡᠮᠡᠢ ᠬᠤᠯᠠ ᠦᠭᠡᠢ ᠭᠠᠵᠠᠷ᠎ᠲᠤ᠂ ᠠᠶᠤᠯᠲᠠᠢ ᠬᠢᠮᠢ᠎ᠶ᠋ᠢᠨ ᠪᠤᠳᠠᠰ᠎ᠢ ᠲᠡᠭᠡᠭᠡᠪᠦᠷᠢᠯᠡᠬᠦ᠌ ᠵᠠᠮ᠎ᠢ ᠥᠭᠡᠷᠡᠴᠢᠯᠡᠨ ᠵᠠᠰᠠᠬᠤ ᠪᠠᠷᠢᠯᠭ᠎ᠠ  ᠵᠢᠨ ᠲᠤᠬᠠᠢ᠎ᠶ᠋ᠢᠨ ᠲᠠᠯᠠᠪᠠᠢ ᠠᠳᠠᠯᠢᠬᠠᠨ ᠬᠥᠭ᠌ᠵᠢᠶᠡᠨᠲᠡᠢ ᠪᠠᠢᠯ᠎ᠠ᠃ ᠠᠵᠢᠯᠴᠢᠳ ᠶᠠᠭ ᠰᠠᠢᠬᠠᠨ ᠨᠢᠭᠡᠨᠲᠡ ᠪᠠᠢᠭ᠎ᠠ ᠵᠠᠮ᠎ᠤᠨ ᠬᠠᠵᠠᠭᠤ᠎ᠶ᠋ᠢᠨ ᠨᠣᠭᠣᠭᠠᠷᠠᠭᠤᠯᠤᠯᠲᠠ᠎ᠶ᠋ᠢᠨ ᠪᠦᠰᠡ ᠵᠢ ᠰᠢᠯᠵᠢᠭᠦᠯᠦᠨ ᠥᠭᠡᠷᠡᠴᠢᠯᠡᠯᠲᠡ ᠬᠢᠵᠦ᠍᠂ ᠬᠣᠢᠰᠢᠳᠠ ᠵᠢᠨ ᠵᠠᠮ᠎ᠢ ᠥᠭᠡᠷᠡᠴᠢᠯᠡᠬᠦ᠌᠎ᠳᠦ ᠪᠡᠯᠡᠳᠭᠡᠯ ᠬᠢᠵᠦ᠍ ᠪᠠᠢᠨ᠎ᠠ᠃ 《8500 ᠭᠠᠷᠤᠢ ᠲᠦᠮᠡᠨ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ᠍ ᠪᠠᠢᠭ᠎ᠠ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠠᠶᠤᠯᠲᠠᠢ ᠬᠢᠮᠢ᠎ᠶ᠋ᠢᠨ ᠪᠣᠳᠠᠰ᠎ᠢ ᠲᠡᠭᠡᠭᠡᠪᠦᠷᠢᠯᠡᠬᠦ ᠲᠤᠰᠭᠠᠢ ᠨᠡᠪᠲᠡᠷᠡᠬᠦ᠌ ᠵᠠᠮ᠎ᠢ ᠥᠭᠡᠷᠡᠴᠢᠯᠡᠨ ᠵᠠᠰᠠᠬᠤ ᠪᠠᠷᠢᠯᠭ᠎ᠠ᠎ᠳᠦ ᠱᠢᠨ᠎ᠡ᠎ᠪᠡᠷ 3.87 ᠺᠢᠯᠤᠮᠸᠲᠷ᠎ᠤᠨ ᠪᠠᠷᠤᠭ᠍ᠰᠢᠨ ᠪᠸᠲ᠋ᠤᠨ ᠵᠠᠮ᠎ᠢ ᠱᠢᠨ᠎ᠡ᠎ᠪᠡᠷ ᠲᠠᠪᠢᠰᠴᠤ᠂ ᠠᠳᠠᠯᠢᠬᠠᠨ ᠤᠷᠳᠤ᠎ᠶ᠋ᠢᠨ ᠬᠡᠮᠵᠢᠶ᠎ᠡ᠎ᠲᠡᠶ ᠨᠢᠭᠡᠨᠲᠡ ᠪᠠᠢᠭ᠎ᠠ ᠵᠠᠮ᠎ᠢ ᠥᠭᠡᠷᠡᠴᠢᠯᠡᠨ ᠵᠠᠰᠠᠵᠤ᠂ ᠠᠶᠤᠯᠲᠠᠢ ᠬᠢᠮᠢ᠎ᠶ᠋ᠢᠨ ᠪᠣᠳᠠᠰ᠎ᠤᠨ ᠲᠤᠰᠭᠠᠢ ᠨᠡᠪᠲᠡᠷᠡᠬᠦ᠌ ᠵᠠᠮ᠎ᠤᠨ ᠬᠠᠯᠬᠠᠪᠴᠢ ᠬᠡᠷᠡᠰᠭᠡ᠂ ᠤᠰᠤ ᠠᠪᠬᠤ ᠭᠠᠷᠠᠮ ᠵᠡᠷᠭᠡ ᠢᠵᠢ ᠪᠦᠷᠢᠳᠦᠭᠦᠯᠬᠦ ᠲᠥᠬᠥᠭᠡᠷᠦᠮᠵᠢ᠎ᠶ᠋ᠢ ᠨᠡᠮᠡᠨ ᠪᠠᠢᠭᠤᠯᠵᠤ᠂ ᠬᠦᠷᠢᠶᠡᠯᠡᠩ ᠲᠣᠭᠣᠷᠢᠭ᠎ᠤᠨ ᠲᠡᠭᠡᠭᠡᠪᠦᠷᠢ᠎ᠶ᠋ᠢᠨ ᠠᠮᠤᠷ ᠲᠦᠪᠱᠢᠨ᠎ᠦ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ ᠪᠡᠷ ᠪᠠᠢᠨ᠎ᠠ》᠃ ᠬᠢᠩᠭᠠᠨ ᠠᠢᠮᠠᠭ᠎ᠤᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠮᠸᠩ ᠵᠥᠩ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠸᠠᠩ ᠵᠢᠶᠠ ᠴᠢ᠂ ᠬᠣᠶᠠᠷ ᠲᠥᠷᠥᠯ ᠵᠦᠶ᠋ᠯ᠎ᠢ 9 ᠰᠠᠷ᠎ᠠ᠎ᠶ᠋ᠢᠨ ᠰᠡᠭᠦᠯᠴᠢ᠎ᠪᠡᠷ ᠲᠤᠱᠢᠶᠠᠨ ᠬᠡᠷᠡᠭ᠌ᠯᠡᠭᠦᠯᠬᠦ᠌᠎ᠪᠡᠷ ᠲᠥᠯᠥᠪᠯᠡᠵᠦ᠍᠂ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠮᠤᠷ ᠲᠦᠪᠱᠢᠨ᠎ᠦ ᠬᠡᠷᠡᠭ᠌ᠴᠡᠭᠡ᠎ᠶ᠋ᠢ ᠪᠥᠬᠥ᠌ ᠬᠦᠴᠦᠨ᠎ᠢᠶᠡᠷ᠎ᠢᠶᠡᠨ ᠬᠠᠩᠭᠠᠨ᠎ᠠ ᠭᠡᠵᠦ ᠲᠠᠨᠢᠯᠴᠠᠭᠤᠯᠪᠠ᠃

ᠴᠢᠬᠤᠯᠠ ᠶᠡᠬᠡ ᠲᠦᠷᠦᠯ ᠵᠦᠢᠯ ᠪᠣᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠨᠡᠮᠡᠭ᠌ᠳᠡᠯ᠎ᠦᠨ ᠴᠡᠭ ᠮᠥᠨ᠃ ᠣᠳᠣᠬᠠᠨ᠎ᠳᠤ ᠬᠢᠩᠭᠠᠨ ᠠᠢᠮᠠᠭ ᠶᠠᠭ 《ᠡᠬᠢᠯᠡᠮᠡᠭᠴᠡ ᠱᠢᠪᠲᠤᠯᠤᠯᠲᠠ ᠭᠠᠷᠭᠠᠬᠤ》 ᠣᠪᠣᠷ ᠪᠠᠢᠳᠠᠯ᠎ᠢᠶᠠᠷ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠤᠷᠤᠯᠳᠤᠭᠠᠨ᠎ᠤ ᠵᠠᠮ ᠳᠡᠭᠡᠷ᠎ᠡ ᠬᠤᠷᠳᠤᠴᠠ ᠪᠡᠨ ᠲᠦᠷᠭᠡᠳᠭᠡᠵᠦ᠂ ᠳᠡᠭᠡᠳᠦ ᠬᠡᠮᠵᠢᠶ᠎ᠡ᠎ᠪᠡᠷ ᠲᠥᠯᠥᠪᠵᠢᠭᠦᠯᠬᠦ᠌᠂ ᠥᠨᠳᠥᠷ ᠪᠦᠲᠦᠮᠵᠢᠲᠡᠶ ᠠᠬᠢᠭᠤᠯᠬᠤ᠎ᠪᠠᠷ ᠳᠠᠮᠵᠢᠭᠤᠯᠤᠨ᠂ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠂ ᠴᠢᠬᠤᠯᠠ ᠡᠯᠧᠮᠧᠨ᠋ᠲ᠎ᠦᠨ ᠪᠠᠲᠤᠯᠠᠭ᠎ᠠ ᠪᠠ ᠪᠥᠲᠥᠭᠡᠨ ᠪᠠᠢᠭᠤᠯᠵᠤ ᠠᠱᠢᠭ᠍ᠯᠠᠯᠲᠠ᠎ᠳᠤ ᠣᠷᠣᠭᠤᠯᠬᠤ᠎ᠶ᠋ᠢ ᠱᠠᠯᠠᠪᠳᠠᠨ ᠠᠳᠭᠤᠵᠤ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠥᠬᠥ᠌ ᠬᠦᠴᠦᠨ᠎ᠢᠶᠡᠷ ᠠᠬᠢᠭᠤᠯᠵᠤ ᠪᠠᠢᠨ᠎ᠠ᠃

ᠲᠦᠴᠢᠦᠸᠠᠨ ᠱᠢᠶᠠᠨ᠎ᠤ ᠯᠢᠦ ᠬᠣ᠌ ᠪᠠᠯᠭᠠᠰᠤᠨ᠎ᠳᠤ ᠪᠠᠢᠷᠢᠯᠠᠭ᠎ᠠ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭᠯᠡᠯ᠎ᠤᠨ ᠲᠦᠴᠢᠦᠸᠠᠨ ᠱᠢᠶᠠᠨ᠎ᠤ ᠵᠠᠭᠤᠨ ᠲᠦᠮᠡᠨ ᠺᠢᠯᠦᠸᠠᠲ᠎ᠤᠨ ᠰᠠᠯᠬᠢᠨ ᠡᠨᠧᠷᠬᠢ ᠨᠦᠬᠡᠴᠡᠯᠡᠬᠦ ᠰᠠᠭᠤᠷᠢᠨ᠎ᠤ ᠲᠦᠷᠦᠯ ᠵᠦᠢᠯ᠎ᠦᠨ ᠲᠤᠬᠠᠢ᠎ᠶ᠋ᠢᠨ ᠲᠠᠯᠠᠪᠠᠢ᠎ᠳᠤ᠂ ᠡᠷᠭᠦᠭᠦᠯ ᠮᠠᠱᠢᠨ ᠪᠣᠯᠤᠨ ᠲᠡᠭᠡᠭᠡᠪᠦᠷᠢ᠎ᠶ᠋ᠢᠨ ᠮᠠᠱᠢᠨ ᠎ᠢ ᠵᠡᠷᠭᠡᠴᠡᠬᠦᠯᠦᠨ ᠠᠵᠢᠯᠯᠠᠭᠤᠯᠵᠤ᠂ ᠠᠵᠢᠯᠲᠠᠳ ᠶᠠᠭ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠰᠠᠷᠭᠢᠷᠠᠭᠤᠷ᠎ᠢ ᠡᠮᠬᠢ ᠵᠢᠷᠤᠮ᠎ᠲᠠᠶ ᠳᠡᠭᠦᠵᠢᠯᠡᠨ ᠤᠭ᠍ᠰᠠᠷᠠᠵᠤ ᠪᠠᠢᠯ᠎ᠠ᠃ ᠡᠨᠡ ᠬᠦ᠌ 45.2 ᠳ᠋ᠦᠩᠱᠢᠭᠤᠷ ᠲᠥᠭᠥᠷᠢᠭ ᠪᠠᠯᠠ ᠣᠷᠣᠭᠤᠯᠤᠭᠰᠠᠨ ᠲᠥᠷᠥᠯ ᠵᠦᠶ᠋ᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ᠎ᠳᠦ 22 ᠳ᠋ᠦᠩᠱᠢᠭᠤᠷ ᠺᠢᠯᠦᠸᠠᠲ ᠴᠠᠭ᠎ᠤᠨ ᠪᠤᠬᠢᠷᠳᠤᠯ ᠦᠭᠡᠢ ᠴᠠᠬᠢᠯᠭᠠᠨ ᠬᠠᠩᠭᠠᠬᠤ ᠪᠤᠯᠤᠨ᠎ᠠ᠂ ᠡᠨᠡ ᠨᠢ 67.75 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠶ᠋ᠢ ᠠᠷᠪᠢᠯᠠᠬᠰᠠᠨ ᠲᠠᠢ ᠲᠡᠨᠭᠴᠡᠵᠦ᠂ ᠴᠠᠬᠢᠯᠭᠠᠨ ᠬᠠᠩᠭᠠᠬᠤ ᠣᠷᠣᠨ ᠪᠦᠰᠡ᠎ᠶ᠋ᠢᠨ ᠴᠠᠬᠢᠯᠭᠠᠨ ᠬᠡᠷᠡᠭ᠌ᠯᠡᠬᠦ᠌ ᠪᠠᠴᠢᠮ ᠪᠠᠢᠳᠠᠯ᠎ᠢ ᠪᠦᠲᠦᠮᠵᠢᠲᠡᠶ ᠨᠠᠮᠳᠠᠭᠤᠯᠵᠤ᠂ ᠲᠤᠬᠠᠶ᠎ᠶ᠋ᠢᠨ ᠭᠠᠵᠠᠷ᠎ᠤᠨ ᠪᠣᠬᠢᠷᠲᠤᠯ ᠥᠬᠡᠶ ᠡᠨᠧᠷᠭᠢ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃

《ᠣᠳᠣᠬᠠᠨ᠎ᠳᠤ ᠶᠠᠭ ᠬᠣᠯᠢᠮᠠᠭ ᠰᠤᠪᠤᠷᠭ᠎ᠠ᠂ ᠪᠣᠯᠣᠳ ᠰᠤᠪᠤᠷᠭ᠎ᠠ ᠵᠢᠴᠢ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ᠎ᠢ ᠳᠡᠭᠦᠵᠢᠯᠡᠨ ᠤᠭᠰᠠᠷᠠᠵᠤ᠂ 500 KV ᠪᠦᠬᠦᠢ ᠪᠠᠶᠠᠨ ᠡᠩᠬᠡ ᠳᠠᠷᠤᠯᠲᠠ ᠳᠡᠭᠡᠭ᠌ᠰᠢᠯᠡᠭᠦᠯᠬᠦ᠌ ᠥᠷᠲᠡᠭᠡ᠎ᠶ᠋ᠢ ᠨᠢᠭᠡᠨᠲᠡ ᠠᠱᠢᠭ᠍ᠯᠠᠯᠲᠠ᠎ᠳᠤ ᠣᠷᠣᠭᠤᠯᠵᠤ᠂ ᠲᠦᠷᠦᠭᠦᠦ ᠪᠦᠯᠦᠭ᠎ᠤᠨ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ᠎ᠢ ᠨᠢᠭᠡᠨᠲᠡ ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠵᠤ᠂ ᠵᠢᠱ᠌ᠢᠯᠲᠡ᠎ᠪᠡᠷ 12 ᠰᠠᠷ᠎ᠠ᠎ᠶ᠋ᠢᠨ 31 ᠤ᠋ ᠡᠳᠦᠷ ᠪᠥᠬᠥ᠌ ᠪᠠᠭ᠍ᠲᠠᠭᠠᠮᠵᠢ᠎ᠪᠡᠷ ᠲᠤᠤᠷ᠎ᠲᠤ ᠨᠡᠢᠯᠡᠭᠦᠯᠦᠨ ᠴᠠᠬᠢᠯᠭᠠᠨ ᠭᠠᠷᠭᠠᠨ᠎ᠠ》 ᠭᠡᠵᠦ ᠲᠤᠰ ᠰᠠᠯᠬᠢᠨ ᠡᠨᠧᠷᠬᠢ ᠨᠦᠬᠡᠴᠡᠯᠡᠬᠦ ᠰᠠᠭᠤᠷᠢᠨ᠎ᠤ ᠲᠥᠷᠥᠯ ᠵᠦᠶ᠋ᠯ᠎ᠦᠨ ᠬᠠᠷᠢᠭᠤᠴᠠᠯᠭᠠᠲᠠᠨ ᠸᠠᠩ ᠯᠢᠶᠠᠨ ᠰᠦᠸᠸ ᠲᠠᠨᠢᠯᠴᠠᠭᠤᠯᠤᠨ᠎ᠠ᠃

ᠴᠢᠬᠤᠯᠠ ᠶᠡᠬᠡ ᠲᠥᠷᠥᠯ ᠵᠦᠶ᠋ᠯ ᠲᠦᠷᠭᠡᠨ ᠠᠭᠢᠵᠤ ᠪᠠᠢᠭ᠎ᠠ ᠨᠢ ᠬᠢᠨᠠᠨ ᠵᠥᠪᠱᠢᠶᠡᠷᠡᠬᠦ᠌ ᠦᠶ᠋ᠯᠡᠴᠢᠯᠡᠭᠡ᠎ᠶᠢᠨ ᠱᠢᠨ᠎ᠡ᠎ᠶ᠋ᠢ ᠡᠭᠦᠳᠬᠦ᠌᠎ᠳᠦ ᠱᠢᠪᠲᠤᠯᠤᠯᠲᠠ ᠬᠢᠭᠰᠡᠨ ᠡᠴᠡ ᠰᠢᠭᠤᠳ ᠰᠢᠯᠳᠠᠭᠠᠯᠠᠨ᠎ᠠ᠃ ᠡᠨᠡ ᠵᠢᠯ ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠱᠢᠯᠢᠳᠡᠭ᠌ᠵᠢᠭᠦᠯᠬᠦ᠌ ᠪᠡᠷ ᠳᠡᠮᠵᠢᠨ᠂ ᠴᠢᠬᠤᠯᠠ ᠶᠡᠬᠡ ᠲᠥᠷᠥᠯ ᠵᠦᠶ᠋ᠯ᠎ᠳᠦ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌᠎ᠳᠦ ᠬᠡᠷᠡᠭᠰᠡᠬᠦ ᠴᠠᠭ᠎ᠢ ᠥᠩᠭᠡᠷᠡᠭ᠌ᠰᠡᠨ᠎ᠦ᠎ᠬᠢ᠎ᠡᠴᠡ 8 ᠠᠵᠢᠯ᠎ᠤᠨ ᠡᠳᠦᠷ ᠪᠣᠭᠣᠨᠢᠰᠭᠠᠵᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶ᠋ᠢᠨ ᠬᠤᠷᠳᠤᠴᠠ᠎ᠶ᠋ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠪᠡ᠃

ᠡᠭᠦᠨ᠎ᠦ ᠬᠠᠮᠲᠤ᠂ 《ᠬᠢᠩᠭᠠᠨ ᠠᠢᠮᠠᠭ᠎ᠤᠨ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢᠨ ᠱᠢᠰᠲ᠋ᠧᠮ》᠎ᠤ᠋ᠨ ᠨᠢᠭᠤᠷ ᠲᠠᠯ᠎ᠠ᠎ᠳᠤ ᠶᠠᠭ ᠲᠥᠷᠥᠯ ᠵᠦᠶ᠋ᠯ᠎ᠦᠨ ᠠᠬᠢᠴᠠ ᠢᠯᠡᠷᠡᠵᠦ᠍ ᠪᠣᠶ᠃ ᠴᠢᠬᠤᠯᠠ ᠶᠡᠬᠡ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠬᠤᠷᠳᠤᠴᠠ᠎ᠶ᠋ᠢ ᠲᠦᠷᠭᠡᠳᠭᠡᠬᠦ᠌᠎ᠶ᠋ᠢᠨ ᠲᠥᠯᠥᠭᠡ᠂ ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠤᠷᠢᠳᠴᠢᠯᠠᠨ ᠦᠶ᠋ᠯᠡᠴᠢᠯᠡᠬᠦ᠌ 《ᠪᠣᠭᠣᠮᠲᠠ》᠎ᠲᠣᠭ᠍ᠲᠠᠭᠠᠵᠤ᠂ 《ᠪᠥᠬᠥ᠌ ᠠᠮᠢ ᠨᠠᠰᠤᠨ᠎ᠤ ᠦᠶᠡᠯᠡᠯ᠎ᠦᠨ ᠵᠢᠷᠤᠭ》᠎ᠢ᠋ᠶ᠋ᠠᠷ 7 ᠭᠣᠭ᠍ᠴᠣᠭ᠎ᠠ᠂ 150 ᠭᠠᠷᠤᠶ ᠴᠢᠬᠤᠯᠠ ᠨᠥᠬᠥᠴᠡᠯ᠎ᠢ ᠳᠡᠯᠭᠡᠨ ᠦᠵᠡᠭᠦᠯᠵᠦ᠍᠂ ᠠᠵᠢᠯ ᠶᠠᠪᠤᠳᠠᠯ ᠭᠦᠶ᠋ᠴᠡᠳᠭᠡᠬᠦ᠌ ᠨᠢᠭᠡᠴᠢ ᠪᠠᠷᠢᠮᠵᠢᠶᠠᠵᠢᠭ᠍ᠰᠠᠨ ᠶᠠᠪᠤᠴᠠ᠎ᠶ᠋ᠢ ᠡᠵᠡᠮᠱᠢᠬᠦ᠌᠂ ᠴᠠᠭ᠎ᠤᠨ ᠥᠪᠡᠷ᠎ᠦᠨ ᠥᠷᠲᠡᠭ᠎ᠢ ᠠᠷᠪᠢᠯᠠᠬᠤ᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠪᠡ᠃

ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠳᠡᠳ᠋ ᠳᠠᠷᠤᠭ᠎ᠠ ᠵᠧᠩ ᠶᠦᠩ ᠹᠸᠩ ᠭᠠᠷ ᠤᠲᠠᠰᠤᠨ᠎ᠳᠠᠬᠢ ᠬᠢᠨᠠᠨ ᠵᠥᠪᠱᠢᠶᠡᠷᠡᠬᠦ᠌ ᠱᠢᠰᠲ᠋ᠧᠮ᠎ᠢ ᠦᠵᠡᠭᠦᠯᠬᠦ᠌᠎ᠶ᠋ᠢᠨ ᠳᠠᠭᠠᠤ᠄ 《ᠭᠠᠵᠠᠷ ᠬᠡᠷᠡᠭ᠌ᠯᠡᠬᠦ᠌ ᠨᠢᠭᠡᠴᠢ ᠭᠠᠷ ᠤᠲᠠᠰᠤ᠎ᠪᠠᠷ ᠬᠢᠨᠠᠨ ᠵᠥᠪᠱᠢᠶᠡᠷᠡᠭᠦᠯᠬᠦ᠌ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠵᠦ᠍ ᠪᠣᠯᠬᠤ᠎ᠪᠠᠷ ᠪᠠᠷᠠᠬᠤ ᠥᠬᠡᠶ ᠪᠠᠰᠠ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠵᠠᠩᠭᠢᠯᠠᠭ᠎ᠠ᠎ᠶ᠋ᠢᠨ ᠴᠡᠭ᠎ᠢ ᠪᠠᠢᠴᠠᠭᠠᠨ ᠦᠵᠡᠵᠦ᠍ ᠪᠤᠯᠤᠨ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠣᠶ ᠱᠢᠭᠤᠶ ᠨᠤᠳᠤᠬ ᠪᠡᠯᠴᠢᠭᠡᠷ᠂ ᠠᠮᠢ ᠠᠬᠤᠶ ᠣᠷᠴᠢᠨ ᠲᠣᠭᠣᠷᠢᠨ᠂ ᠲᠡᠦᠬᠡ᠎ᠶ᠋ᠢᠨ ᠳᠤᠷᠠᠰᠭᠠᠯᠲᠤ ᠵᠦᠶ᠋ᠯ ᠵᠡᠷᠭᠡ ᠰᠠᠯᠠᠭ᠎ᠠ ᠮᠥᠴᠢᠷ ᠯᠤᠭᠡ᠎ᠶᠢᠨ ᠲᠣᠭ᠎ᠠ ᠪᠠᠷᠢᠮᠲᠠ᠎ᠶ᠋ᠢᠨ ᠪᠡᠬᠢᠯᠡᠯᠲᠡ᠎ᠵᠢ ᠴᠦ᠍ ᠲᠤᠢᠯᠪᠤᠷᠢᠲᠠᠶ ᠨᠡᠪᠲᠡᠷᠡᠬᠦᠯᠵᠦ᠍᠂ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠡᠢ》 ᠭᠡᠵᠦ ᠳᠠᠨᠢᠯᠴᠠᠭᠤᠯᠪᠠ᠃

ᠴᠢᠬᠤᠯᠠ ᠶᠡᠬᠡ ᠲᠦᠷᠦᠯ ᠵᠦᠢᠯ᠎ᠢ ᠲᠥᠯᠥᠪᠵᠢᠭᠦᠯᠬᠦ᠌ ᠠᠵᠢᠯᠯᠠᠭ᠎ᠠ ᠨᠢ 《ᠵᠢᠷᠭᠤᠭᠠᠨ ᠠᠵᠢᠯᠯᠠᠭ᠎ᠠ》 ᠵᠢᠨ 《ᠲᠡᠷᠢᠭᠦᠨ ᠴᠢᠬᠤᠯᠠ ᠠᠵᠢᠯᠯᠠᠭ᠎ᠠ》 ᠪᠣᠯᠤᠭ᠍ᠰᠠᠨ᠎ᠤ ᠬᠤᠪᠢ᠎ᠳᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠲᠤᠯᠭᠠᠭᠤᠷᠢᠯᠠᠯ᠎ᠢ ᠴᠢᠩᠭᠠᠳᠭᠠᠬᠤ᠂ ᠨᠥᠭᠡᠴᠡ ᠬᠦᠴᠦᠨ᠎ᠢ ᠨᠡᠮᠡᠭ᠌ᠳᠡᠭᠦᠯᠬᠦ᠌᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠤᠷᠠᠮᠳᠤᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ ᠡᠨᠡ ᠵᠢᠯ ᠬᠢᠩᠭᠠᠨ ᠠᠢᠮᠠᠭ ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠬᠦ᠌ ᠠᠵᠢᠯᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ 320 ᠭᠠᠷᠤᠶ ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ 3200 ᠳ᠋ᠦᠩᠱᠢᠭᠤᠷ ᠲᠥᠭᠥᠷᠢᠭ᠎ᠢ ᠳᠠᠪᠠᠪᠠ; 198 ᠴᠢᠬᠤᠯᠠ ᠶᠡᠬᠡ ᠲᠥᠷᠥᠯ ᠵᠦᠢᠯ᠎ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠵᠢᠯ᠎ᠦᠨ ᠳᠣᠲᠣᠷ᠎ᠠ 345 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠦᠨ᠎ᠡ᠃ ᠡᠨᠧᠷᠭᠢ᠎ᠶ᠋ᠢᠨ ᠬᠦᠷᠢᠶ᠎ᠡ᠎ᠳᠤ᠂ ᠥᠪᠥᠷ ᠮᠣᠩᠭᠣᠯ᠎ᠤᠨ ᠡᠨᠧᠷᠭᠢ᠎ᠶ᠋ᠢᠨ ᠵᠠᠭᠤᠨ ᠲᠦᠮᠡ᠎ᠶᠢᠨ 2 ᠰᠠᠭᠤᠷᠢᠨ ᠵᠡᠷᠭᠡ ᠴᠡᠪᠡᠷ ᠡᠨᠧᠷᠭᠢ᠎ᠶ᠋ᠢᠨ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠤᠨ᠎ᠠ; ᠰᠠᠭᠤᠷᠢ ᠲᠥᠬᠥᠭᠡᠷᠦᠮᠵᠢ᠎ᠶ᠋ᠢᠨ ᠬᠦᠷᠢᠶᠡᠨ᠎ᠳᠦ᠂ ᠪᠠᠢ ᠴᠸᠩ ᠬᠤᠳᠠ ᠡᠴᠡ ᠷᠠᠰᠢᠶᠠᠨ ᠬᠤᠳᠠ ᠬᠦᠷᠬᠦ ᠲᠡᠮᠦᠷ ᠵᠠᠮ ᠵᠡᠷᠭᠡ ᠵᠠᠮ ᠬᠠᠷᠢᠯᠴᠠᠭᠠᠨ᠎ᠤ ᠭᠣᠣᠯᠯᠠᠭ᠍ᠴᠢ ᠢᠨᠵᠧᠨᠧᠷᠢᠩ᠎ᠢ ᠭᠣᠣᠯᠳᠠᠯᠭ᠎ᠠ᠎ᠲᠠᠶ ᠠᠬᠢᠭᠤᠯᠤᠨ᠎ᠠ; ᠠᠵᠤ ᠦᠢᠯᠡᠰ᠎ᠦᠨ ᠬᠦᠷᠢᠶᠡᠨ᠎ᠳ᠋ᠦ᠍᠂᠎ᠶ᠋ᠢᠨ ᠹᠧᠩ ᠪᠤᠬᠢᠷᠳᠤᠯ ᠦᠭᠡᠢ ᠮᠧᠲ᠋ᠢᠯ ᠠᠯᠺᠣᠣᠯ ᠵᠡᠷᠭᠡ ᠱᠢᠨ᠎ᠡ᠎ᠪᠡᠷ ᠪᠤᠶ ᠪᠣᠯᠤᠭ᠍ᠰᠠᠨ ᠲᠥᠷᠥᠯ ᠵᠦᠢᠯ᠎ᠢ ᠭᠣᠣᠯᠳᠠᠯᠭ᠎ᠠ᠎ᠲᠠᠶ ᠠᠬᠢᠭᠤᠯᠤᠨ᠎ᠠ᠃ 3 ᠰᠠᠷ᠎ᠠ᠎ᠶ᠋ᠢᠨ ᠰᠡᠭᠦᠯᠴᠢ ᠡᠴᠡ ᠡᠮᠦᠨ᠎ᠡ ᠭᠠᠷᠳᠠᠮ ᠭᠦᠶ᠋ᠴᠡᠳᠭᠡᠵᠦ᠍ ᠳᠠᠭᠤᠰᠭᠠᠬᠤ ᠨᠣᠷᠮ᠎ᠠ᠎ᠶ᠋ᠢ 90% ᠡᠴᠡ ᠳᠠᠪᠠᠭᠤᠯᠬᠤ᠂ 80% ᠡᠴᠡ ᠳᠡᠭᠡᠭ᠌ᠰᠢᠬᠢ ᠲᠥᠷᠥᠯ ᠵᠦᠶ᠋ᠯ᠎ᠦᠨ 《ᠬᠠᠪᠤᠷ ᠡᠬᠢᠯᠡᠮᠡᠭ᠌ᠴᠡ ᠠᠵᠢᠯ᠎ᠢᠶᠠᠨ ᠡᠬᠢᠯᠡᠭᠦᠯᠬᠦ᠌》 ᠶ᠋ᠢ ᠦᠨᠡᠨ᠎ᠬᠦ᠌ ᠪᠠᠲᠤᠯᠠᠵᠤ᠂ ᠨᠥᠭᠡᠴᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠠᠵᠢᠯ ᠡᠬᠢᠯᠡᠭᠦᠯᠬᠦ᠌ ᠬᠤᠷᠳᠤᠴᠠ᠎ᠶ᠋ᠢ ᠲᠦᠷᠭᠡᠳᠭᠡᠬᠦ᠌᠂ ᠪᠥᠲᠥᠭᠡᠨ ᠪᠠᠢᠭᠤᠯᠤᠯᠲᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌᠂ ᠠᠵᠢᠯᠯᠠᠭᠠᠨ᠎ᠢ ᠱᠢᠯᠢᠳᠡᠭ᠌ᠵᠢᠭᠦᠯᠬᠦ᠌ ᠶ᠋ᠢ ᠪᠡᠶᠡᠯᠡᠭᠦᠯᠦᠨ᠎ᠡ᠃

《ᠬᠢᠩᠭᠠᠨ ᠠᠢᠮᠠᠭ ᠲᠥᠷᠥᠯ ᠵᠦᠶ᠋ᠯ᠎ᠦᠨ ᠪᠠᠯᠠ ᠣᠷᠣᠭᠤᠯᠤᠯᠲᠠ ᠪᠥᠲᠥᠭᠡᠨ ᠪᠠᠢᠭᠤᠯᠤᠯᠲᠠ᠎ᠶ᠋ᠢ ᠴᠢᠩᠭ᠎ᠠ ᠠᠩᠬᠠᠷᠴᠤ᠌᠂ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠬᠤ᠂ 〈ᠴᠢᠳᠠᠮᠠᠭᠠᠢ ᠲᠥᠷᠥᠯ ᠵᠦᠶ᠋ᠯ〉 ᠢ᠋ ᠨᠢᠭᠡᠳᠦᠯᠲᠡᠶ ᠲᠥᠯᠥᠪᠵᠢᠭᠦᠯᠬᠦ᠌᠂ ᠲᠣᠬᠢᠷᠠᠭᠤᠯᠤᠯᠲᠠ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠬᠤ ᠵᠡᠷᠭᠡ ᠭᠤᠷᠪᠠᠨ ᠵᠦᠶ᠋ᠯ᠎ᠦᠨ ᠠᠵᠢᠯ᠎ᠤᠨ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠲᠥᠷᠥᠯ ᠵᠦᠶ᠋ᠯ᠎ᠦᠨ 〈ᠡᠪᠦᠯ᠎ᠦᠨ ᠤᠯᠠᠷᠢᠯ᠎ᠤᠨ ᠢᠨᠵᠧᠨᠧᠷᠢᠩ〉 ᠪᠣᠯᠤᠨ ᠪᠠᠷᠢᠯᠭ᠎ᠠ᠎ᠶ᠋ᠢᠨ ᠤᠯᠠᠷᠢᠯ᠎ᠤᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠵᠤ᠂ ᠪᠠᠯᠠ ᠣᠷᠣᠭᠤᠯᠤᠯᠲᠠ᠎ᠶ᠋ᠢᠨ ᠨᠢᠭᠡᠳᠦᠭᠡᠷ ᠤᠯᠠᠷᠢᠯ᠎ᠤᠨ 〈ᠰᠠᠢᠨ ᠡᠬᠢᠯᠡᠯᠲᠡ〉᠂ ᠪᠥᠬᠥ᠌ ᠵᠢᠯ᠎ᠳᠦ 10% ᠡᠴᠡ ᠳᠡᠭᠡᠭ᠌ᠰᠢ ᠨᠡᠮᠡᠭ᠌ᠳᠡᠭᠦᠯᠬᠦ᠌ ᠬᠠᠷᠠᠯᠲᠠ᠎ᠶ᠋ᠢ ᠪᠥᠬᠥ᠌ ᠬᠦᠴᠦᠨ᠎ᠢᠶᠡᠷ ᠪᠡᠶᠡᠯᠡᠭᠦᠯᠵᠦ ᠪᠠᠢᠨ᠎ᠠ᠃ ᠡᠭᠦᠨ᠎ᠡᠴᠡ ᠭᠠᠳᠠᠨ᠎ᠠ᠂ ᠪᠢᠳᠡ ᠪᠠᠰᠠ ᠱᠢᠨ᠎ᠡ ᠲᠥᠷᠥᠯ ᠵᠦᠶ᠋ᠯ᠎ᠢ ᠲᠠᠰᠤᠷᠠᠯᠲᠠ ᠥᠬᠡᠶ ᠲᠥᠯᠥᠪᠵᠢᠭᠦᠯᠦᠨ ᠤᠷᠢᠵᠤ ᠤᠷᠤᠭᠤᠯᠤᠨ ᠠᠪᠴᠢᠷᠠᠵᠤ ᠣᠲᠣ ᠦᠶ᠎ᠡ᠎ᠶ᠋ᠢᠨ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠶ᠋ᠯᠡᠳᠪᠦᠷᠢ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠂ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠦᠶ᠋ᠯᠡᠰ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠣᠯᠠᠨ ᠨᠡᠢᠲᠡ᠎ᠶ᠋ᠢᠨ ᠦᠶ᠋ᠯᠡᠴᠢᠯᠡᠭᠡ ᠵᠡᠷᠭᠡ ᠲᠤᠯᠤᠭᠠᠨ ᠶᠡᠬᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠢᠩᠭᠠᠨ ᠠᠢᠮᠠᠭ᠎ᠤᠨ ᠳᠠᠪᠠᠭᠤᠯᠢᠭ ᠣᠨᠴᠠᠯᠢᠬᠳᠤ ᠨᠢᠭᠡ ᠪᠦᠯᠦᠭ ᠲᠣᠮᠣ ᠲᠥᠷᠥᠯ ᠵᠦᠶ᠋ᠯ᠂ ᠰᠠᠢᠨ ᠲᠥᠷᠥᠯ ᠵᠦᠶ᠋ᠯ᠎ᠢ ᠲᠥᠯᠥᠪᠵᠢᠭᠦᠯᠦᠨ ᠨᠥᠭᠡᠴᠡᠯᠡᠵᠤ ᠪᠠᠢᠨ᠎ᠠ》 ᠭᠡᠵᠦ ᠬᠢᠩᠭᠠᠨ ᠠᠢᠮᠠᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ ᠰᠤ᠌ ᠪᠥᠸᠧ ᠢᠯᠡᠳᠬᠡᠪᠡ᠃

ᠤᠷᠢᠬᠠᠨ ᠬᠠᠪᠤᠷ ᠰᠠᠭᠠᠲᠠᠵᠤ᠂ ᠡᠷᠡᠮᠡᠬᠡᠢᠯᠡᠨ ᠤᠷᠤᠭ᠍ᠰᠢᠯᠠᠬᠤ ᠴᠠᠭ ᠪᠣᠯᠤᠯ᠎ᠠ᠃ ᠮᠠᠰᠢᠨ ᠳᠤᠨᠤᠭ᠎ᠤᠨ ᠳᠠᠭᠤᠨ ᠬᠦᠷᠴᠢᠭᠢᠨᠡᠬᠰᠡᠨ ᠪᠠᠷᠢᠯᠭ᠎ᠠ᠎ᠶ᠋ᠢᠨ ᠲᠠᠯᠠᠪᠠᠢ ᠡᠴᠡ ᠲᠣᠭᠠᠴᠢᠯᠠᠯᠳᠠ ᠪᠡᠷ ᠬᠦᠴᠦᠨ ᠴᠢᠳᠠᠯ ᠣᠯᠭᠣᠬᠰᠠᠨ ᠬᠢᠨᠠᠨ ᠵᠥᠪᠱᠢᠶᠡᠷᠡᠬᠦ᠌ ᠴᠣᠩᠬᠣᠪᠴᠢ ᠬᠦᠷᠲᠡᠯ᠎ᠡ᠂ ᠰᠦᠨᠳᠡᠷᠯᠡᠨ ᠪᠤᠰᠤᠭᠰᠠᠨ ᠴᠠᠬᠢᠯᠭᠠᠨ ᠭᠠᠷᠭᠠᠬᠤ ᠰᠠᠯᠬᠢᠨ ᠬᠦᠷᠳᠦ᠎ᠶᠢᠨ ᠪᠠᠭᠠᠨ᠎ᠠ ᠡᠴᠡ ᠰᠤᠨᠤᠵᠤ ᠰᠦᠯᠵᠢᠯᠳᠦᠭᠰᠡᠨ ᠵᠠᠮ ᠬᠣᠭᠣᠯᠠᠢ᠎ᠶᠢᠨ ᠳᠤᠤᠷ ᠬᠦᠷᠲᠡᠯ᠎ᠡ᠂ ᠬᠢᠩᠭᠠᠨ ᠠᠢᠮᠠᠭ ᠶᠠᠭ ᠴᠢᠬᠤᠯᠠ ᠶᠡᠬᠡ ᠲᠦᠷᠦᠯ ᠵᠦᠢᠯ᠎ᠦᠨ 《ᠤᠷᠤᠭ᠍ᠰᠢᠯᠠᠯᠲᠠ》 ᠪᠡᠷ ᠠᠵᠤ ᠠᠬᠤᠢ᠎ᠶ᠋ᠢᠨ ᠬᠥᠭ᠌ᠵᠢᠯᠲᠡ᠎ᠶ᠋ᠢᠨ 《ᠲᠣᠭ᠍ᠲᠠᠭᠤᠨ》 ᠢ᠋ ᠲᠤᠯᠭᠠᠭᠤᠷᠢᠯᠠᠵᠤ᠂ ᠨᠢᠭᠡᠳᠦᠭᠡᠷ ᠤᠯᠠᠷᠢᠯ᠎ᠤᠨ 《ᠰᠠᠢ᠌ᠨ ᠡᠬᠢᠯᠡᠯᠲᠡ》 ᠵᠢ ᠪᠦᠬᠦ᠌ ᠵᠢᠯ᠎ᠦᠨ ᠨᠡᠮᠡᠭ᠌ᠳᠡᠯ᠎ᠦᠨ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号