ᠮᠠᠱᠢᠨ ᠮᠧᠬᠠᠨᠢᠭ ᠬᠦᠷᠴᠢᠭᠢᠨᠡᠨ᠂ ᠭᠠᠩᠨᠠᠭᠤᠷ᠎ᠤᠨ ᠤᠴᠢ ᠡᠨᠳᠡ ᠲᠡᠨᠳᠡ ᠦᠰᠦᠷᠬᠢᠯᠡᠨ᠎ᠡ᠃ ᠤᠢ᠍ᠢᠷ᠎ᠠ᠎ᠶ᠋ᠢᠨ ᠡᠳᠦᠷ᠎ᠦᠳ᠎ᠲᠦ᠂ ᠤᠯᠤᠰ᠎ᠤᠨ 《 ᠨᠠᠢ᠍ᠮᠠᠨ ᠭᠤᠯᠳᠤ ᠨᠠᠢ᠍ᠮᠠᠨ ᠬᠥᠨᠳᠡᠯᠡᠨ 》 ᠲᠡᠮᠦᠷ ᠵᠠᠮ᠎ᠤᠨ ᠲᠣᠣᠷ᠎ᠤᠨ ᠪᠡᠭᠡᠵᠢᠩ᠎ᠡᠴᠡ ᠯᠠᠨᠵᠧᠦ ᠬᠦᠷᠬᠦ᠌ ᠲᠡᠮᠤᠷ ᠵᠠᠮ᠎ᠤᠨ ᠴᠢᠬᠤᠯᠠ ᠪᠦᠷᠢᠯᠳᠦᠬᠦᠨ ᠪᠣᠯᠤᠭ᠍ᠰᠠᠨ ᠪᠤᠭᠤᠲᠤ᠎ᠡᠴᠡ ᠢᠷᠭᠠᠢ ᠬᠦᠷᠬᠦ᠌ ᠲᠦᠷᠭᠡᠨ᠎ᠦ ᠲᠡᠮᠦᠷ ᠵᠠᠮ᠎ᠤᠨ ᠢᠷᠭᠠᠢ᠎ᠡᠴᠡ ᠪᠠᠶᠠᠨᠬᠤᠳᠠ ᠬᠦᠷᠬᠦ᠌ ᠰᠠᠯᠪᠤᠷᠢ ᠱᠤᠭᠤᠮ᠎ᠤᠨ ᠠᠯᠠᠱᠠ ᠠᠭᠤᠯᠠ᠎ᠶ᠋ᠢᠨ ᠨᠦᠬᠡᠨ ᠵᠠᠮ᠎ᠤᠨ ᠲᠦᠷᠦᠯ ᠵᠦᠢᠯ ᠶᠠᠭ ᠪᠣᠭᠣᠮᠲᠠ ᠱᠢᠪᠲᠤᠯᠬᠤ ᠰᠦᠷ ᠲᠠᠯᠠᠢᠴᠠᠳᠤ ᠪᠠᠢᠳᠠᠯ᠎ᠢᠶᠠᠷ ᠪᠦᠬᠦ᠌ ᠬᠦᠴᠦᠨ᠎ᠢᠶᠡᠷ᠎ᠢᠶᠡᠨ ᠲᠦᠷᠬᠡᠨ ᠠᠬᠢᠵᠦ᠍ ᠪᠤᠢ᠃ 3 ᠰᠠᠷ᠎ᠠ᠎ᠶ᠋ᠢᠨ 21᠎ᠤ᠋ ᠡᠳᠦᠷ᠂ ᠰᠤᠷᠪᠤᠯᠵᠢᠯᠠᠭ᠍ᠴᠢ ᠲᠤᠰ ᠲᠦᠷᠦᠯ ᠵᠦᠢᠯ᠎ᠦᠨ ᠪᠠᠷᠢᠯᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠬᠦᠷᠬᠦ᠌᠎ᠳᠦ᠂ ᠨᠦᠬᠡᠨ ᠵᠠᠮ ᠳᠣᠲᠣᠷ᠎ᠠ ᠳ᠋ᠧᠩ᠎ᠦᠨ ᠭᠡᠷᠡᠯ ᠳᠤᠸᠠᠯᠠᠵᠤ᠂ ᠮᠠᠯᠳᠠᠭᠤᠷ ᠮᠠᠱᠢᠨ᠂ ᠥᠷᠥᠮᠳᠡᠭᠦᠷ ᠮᠠᠱᠢᠨ᠂ ᠬᠥᠭᠡᠷᠭᠡᠲᠡᠷᠭᠡ ᠵᠡᠷᠭᠡ ᠲᠤᠮᠤ ᠬᠡᠯᠪᠡᠷᠢ᠎ᠶ᠋ᠢᠨ ᠮᠠᠱᠢᠨ ᠮᠧᠬᠠᠨᠢᠭ ᠬᠦᠷᠴᠢᠬᠢᠨᠡᠵᠦ᠂ ᠠᠵᠢᠯᠴᠢᠳ ᠶᠠᠭ ᠪᠠᠴᠢᠮ ᠶᠠᠭᠠᠷᠠᠯᠲᠠᠢ ᠡᠮᠬᠢ ᠳᠢᠭ᠌ᠯᠢᠮ᠎ᠲᠡᠶ᠎ᠪᠡᠷ ᠨᠦᠬᠡᠨ ᠵᠠᠮ᠎ᠢ᠋ ᠨᠡᠪᠳᠡᠷᠡᠬᠦᠯᠬᠦ ᠠᠵᠢᠯ᠎ᠢ ᠬᠢᠵᠦ ᠪᠠᠢᠯ᠎ᠠ᠃
ᠣᠢᠯᠠᠭᠠᠭ᠍ᠰᠠᠨ᠎ᠢᠶᠠᠷ᠂ ᠠᠯᠠᠱᠨ ᠠᠭᠤᠯᠠ᠎ᠶ᠋ᠢᠨ ᠨᠦᠬᠡᠨ ᠵᠠᠮ ᠪᠣᠯ ᠠᠯᠠᠱᠠ ᠠᠢᠮᠠᠭ ᠪᠣᠯᠤᠨ ᠨᠢᠩᠱᠢᠶᠠ᠎ᠶ᠋ᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠢᠷᠭᠠᠶ ᠬᠣᠲᠠ᠎ᠶ᠋ᠢ ᠬᠣᠯᠪᠣᠬᠤ ᠵᠠᠩᠭᠢᠯᠠᠭ᠎ᠠ᠎ᠶ᠋ᠢᠨ ᠪᠠᠷᠢᠯᠭ᠎ᠠ ᠪᠣᠯᠤᠨ᠎ᠠ᠂ ᠲᠣᠰ ᠨᠦᠬᠡᠨ ᠵᠠᠮ᠎ᠢ ᠵᠢᠯ᠎ᠦᠨ ᠳᠣᠲᠣᠷ᠎ᠠ ᠨᠡᠪᠲᠡᠷᠡᠭᠦᠯᠦᠭ᠌ᠰᠡᠨᠦ ᠳᠠᠷᠠᠭ᠎ᠠ᠂ ᠥᠪᠥᠷ ᠮᠣᠩᠭᠣᠯ ᠨᠢᠩᠱᠢᠶᠠ᠎ᠶ᠋ᠢᠨ ᠬᠠᠮᠵᠢᠯᠴᠠᠨ ᠬᠥᠭ᠌ᠵᠢᠬᠦ᠌ 《ᠲᠣᠮᠣ ᠯᠤᠭ᠍ᠰᠢᠭᠤᠨ ᠰᠤᠳᠠᠯ》 ᠢ᠋ ᠨᠡᠪᠲᠡᠷᠡᠭᠦᠯᠵᠦ᠍᠂ ᠣᠷᠣᠨ ᠪᠦᠰᠡ᠎ᠶ᠋ᠢᠨ ᠵᠠᠶ᠎ᠶ᠋ᠢ ᠪᠣᠭᠣᠨᠢᠰᠭᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠳᠦ ᠵᠠᠮ ᠬᠠᠷᠢᠯᠴᠠᠭᠠᠨ᠎ᠤ ᠲᠤᠯᠭᠠᠭᠤᠷᠢᠯᠠᠯ ᠬᠠᠩᠭᠠᠬᠤ ᠪᠣᠯᠤᠨ᠎ᠠ᠃
ᠲᠤᠬᠠᠢ᠎ᠶ᠋ᠢᠨ ᠲᠠᠯᠠᠪᠠᠢ᠎ᠳᠤ ᠪᠠᠷᠢᠯᠭ᠎ᠠ᠎ᠶ᠋ᠢᠨ ᠠᠵᠢᠯ᠎ᠢ ᠵᠢᠯᠣᠭᠣᠳᠴᠤ᠌ ᠪᠠᠢᠭ᠍ᠰᠠᠨ ᠳᠤᠮᠳᠠᠳᠤ ᠤᠯᠤᠰ᠎ᠤᠨ ᠲᠡᠮᠦᠷ ᠵᠠᠮ᠎ᠤᠨ ᠠᠷᠪᠠᠨ ᠲᠠᠪᠤᠳᠤᠭᠠᠷ ᠲᠣᠪᠴᠢᠶ᠎ᠠ᠎ᠶ᠋ᠢᠨ ᠢᠷᠭᠠᠢ᠎ᠡᠴᠡ ᠪᠠᠶᠠᠨᠬᠤᠳᠠ ᠬᠦᠷᠬᠦ᠌ ᠲᠡᠮᠦᠷ ᠵᠠᠮ᠎ᠤᠨ ᠲᠦᠷᠦᠯ ᠵᠦᠢᠯ᠎ᠦᠨ ᠠᠮᠤᠷ ᠲᠦᠪᠱᠢᠨ᠎ᠦ ᠶᠡᠷᠦᠩᠬᠡᠢ ᠬᠢᠨᠠᠭ᠍ᠴᠢ ᠵᠠᠩ ᠴᠢᠶᠠᠩ᠄ 《ᠠᠯᠠᠱᠠ ᠠᠭᠤᠯᠠ᠎ᠶ᠋ᠢᠨ ᠨᠦᠬᠡᠨ ᠵᠠᠮ᠎ᠤᠨ ᠭᠠᠵᠠᠷ ᠵᠦᠢ ᠵᠢᠨ ᠪᠠᠢᠳᠠᠯ ᠪᠤᠳᠤᠯᠢᠶᠠᠨᠲᠠᠶ᠂ ᠤᠳᠠᠭ᠎ᠠ ᠪᠦᠷᠢ ᠡᠷᠭᠢᠯᠳᠦᠭᠦᠯᠦᠨ ᠮᠠᠯᠲᠠᠬᠤ᠎ᠡᠴᠡ ᠡᠮᠦᠨ᠎ᠡ᠂ ᠴᠥᠮ ᠤᠷᠢᠳᠴᠢᠯᠠᠭᠰᠠᠨ ᠭᠠᠵᠠᠷ ᠰᠢᠨᠵᠢᠯᠡᠭᠡᠨ ᠤ᠋ ᠤᠷᠢᠳᠴᠢᠯᠠᠨ ᠮᠡᠳᠡᠭᠡᠯᠡᠬᠦ᠌ ᠠᠷᠭ᠎ᠠ᠎ᠶ᠋ᠢ ᠠᠪᠴᠤ ᠠᠵᠢᠯ ᠦᠷᠨᠢᠬᠦᠯᠬᠦ ᠡᠴᠡ ᠡᠮᠦᠨᠡᠬᠢ ᠴᠢᠯᠠᠭᠤᠯᠢᠭ᠎ᠲᠤ ᠰᠤᠳᠤᠯᠤᠨ ᠮᠠᠭᠠᠳᠯᠠᠯᠲᠠ ᠬᠢᠵᠦ᠍ ᠵᠠᠳᠠᠯᠤᠨ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠲᠣᠭ᠍ᠲᠠᠭᠠᠬᠤ ᠴᠢᠬᠤᠯᠠᠳᠠᠢ ᠪᠠᠢᠳᠠᠬ᠃ ᠡᠭᠦᠨ᠎ᠦ ᠬᠠᠮᠲᠤ᠂ ᠤᠶᠤᠨᠴᠢᠯᠠᠭ᠍ᠰᠠᠨ ᠬᠢᠨᠠᠨ ᠡᠵᠡᠮᠳᠡᠬᠦ᠌ ᠱᠢᠰᠲ᠋ᠧᠮ ᠲᠣᠬᠢᠷᠠᠭᠤᠯᠵᠤ᠂ ᠨᠦᠬᠡᠨ ᠵᠠᠮ ᠳᠣᠲᠣᠷᠠᠬᠢ ᠪᠠᠷᠢᠯᠭ᠎ᠠ᠎ᠶ᠋ᠢᠨ ᠠᠵᠢᠯ᠎ᠢ ᠴᠠᠭ ᠲᠤᠬᠠᠶ᠎ᠳᠤᠨᠢ ᠬᠢᠨᠠᠨ ᠡᠵᠡᠮᠳᠡᠵᠦ᠍᠂ ᠪᠠᠷᠢᠯᠭ᠎ᠠ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃ ᠣᠳᠣᠬᠠᠨ ᠪᠣᠯᠲᠠᠯ᠎ᠠ᠂ ᠨᠦᠬᠡᠨ ᠵᠠᠮ᠎ᠢ ᠨᠡᠢᠲᠡ 6996.2 ᠮᠧᠲ᠋ᠷ ᠮᠠᠯᠲᠠᠵᠤ᠂ 578.8 ᠮᠧᠲ᠋ᠷ ᠦᠯᠡᠳᠡᠵᠦ ᠪᠠᠢᠨ᠎ᠠ᠃ ᠣᠳᠣᠬᠠᠨ᠎ᠳᠤ᠂ ᠪᠢᠳᠡ ᠶᠡᠬᠡ ᠪᠡᠷ ᠠᠵᠢᠯᠯᠠᠵᠤ ᠱᠠᠯᠠᠪᠳᠠᠭᠤᠯᠤᠨ ᠠᠮᠵᠢᠭᠤᠯᠬᠤ ᠪᠠᠢᠳᠠᠯ᠎ᠢᠶᠠᠷ ᠲᠦᠷᠦᠯ ᠵᠦᠢᠯ᠎ᠦᠨ ᠲᠥᠯᠥᠪᠯᠡᠭᠡ ᠶᠣᠰᠣᠭᠠᠷ ᠲᠣᠭ᠍ᠲᠠᠭᠤᠨ᠎ᠢᠶᠠᠷ ᠠᠬᠢᠬᠤ᠎ᠶ᠋ᠢ ᠪᠦᠬᠦ᠌ ᠬᠦᠴᠦᠨ᠎ᠢᠶᠡᠷ᠎ᠢᠶᠡᠨ ᠪᠠᠲᠤᠯᠠᠵᠤ ᠪᠠᠢᠨ᠎ᠠ》 ᠭᠡᠪᠡ᠃
ᠡᠨᠡ ᠵᠢᠯ᠎ᠡᠴᠡ ᠨᠠᠭᠠᠰᠢ᠂ ᠠᠯᠠᠱᠠ ᠠᠢᠮᠠᠭ 《ᠲᠠᠪᠤᠨ ᠶᠡᠬᠡ ᠡᠭᠦᠷᠭᠡ》 ᠶ᠋ᠢᠨ ᠲᠣᠭᠣᠷᠢᠨ᠎ᠳᠤ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠵᠦ᠍᠂ 《ᠵᠢᠷᠭᠤᠭᠠᠨ ᠠᠵᠢᠯᠯᠠᠭ᠎ᠠ》 ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠬᠦ᠌ ᠠᠵᠢᠯᠯᠠᠭ᠎ᠠ᠎ᠪᠠᠷ ᠬᠥᠳᠡᠯᠭᠡᠭᠦᠷ ᠪᠣᠯᠭᠠᠵᠦ᠂ ᠱᠢᠨ᠎ᠡ ᠡᠨᠧᠷᠭᠢ᠂ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠶ᠋ᠯᠡᠳᠪᠦᠷᠢ᠂ ᠰᠠᠭᠤᠷᠢ ᠲᠥᠬᠥᠭᠡᠷᠦᠮᠵᠢ ᠵᠡᠷᠭᠡ 13 ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ᠂ ᠲᠥᠷᠥᠯ ᠵᠦᠶ᠋ᠯ᠎ᠢ ᠲᠥᠯᠥᠪᠵᠢᠭᠦᠯᠬᠦ᠌ ᠪᠠ ᠪᠥᠲᠥᠭᠡᠨ ᠪᠠᠢᠭᠤᠯᠬᠤ᠎ᠶ᠋ᠢ ᠵᠡᠷᠭᠡ᠎ᠪᠡᠷ ᠠᠬᠢᠭᠤᠯᠬᠤ᠎ᠶ᠋ᠢ ᠠᠬᠢᠭᠤᠯᠵᠤ᠂ ᠲᠦᠯᠦᠪᠵᠢᠭᠦᠯᠭᠡ᠎ᠪᠠᠷ ᠪᠥᠲᠥᠭᠡᠨ ᠪᠠᠢᠭᠤᠯᠤᠯᠳᠠ᠎ᠶ᠋ᠢ ᠠᠬᠢᠭᠤᠯᠤᠨ᠂ ᠪᠥᠲᠥᠭᠡᠨ ᠪᠠᠢᠭᠤᠯᠤᠯᠳᠠ᠎ᠪᠠᠷ ᠦᠷ᠎ᠡ ᠪᠦᠲᠦᠮᠵᠢ᠎ᠶ᠋ᠢ ᠢᠯᠡᠷᠡᠭᠦᠯᠵᠦ᠍᠂ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠪᠤᠳᠠᠳᠠᠢ ᠳ᠋ᠤ ᠨᠠᠢᠳᠠᠪᠤᠷᠢᠵᠢᠭᠤᠯᠤᠨ ᠲᠦᠷᠭᠡᠳᠬᠡᠨ ᠪᠦᠳᠦᠬᠡᠨ ᠪᠠᠢᠭᠤᠯᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠨ᠂ ᠪᠥᠬᠥ᠌ ᠠᠢᠮᠠᠭ᠎ᠤᠨ ᠠᠵᠤ ᠠᠬᠤᠶ᠎ᠶ᠋ᠢᠨ 《ᠪᠥᠬᠥ᠌ ᠵᠢᠯ ᠵᠢᠡᠷ ᠵᠢᠡᠨ ᠰᠠᠢᠨ ᠪᠠᠢᠬᠤ》 ᠶ᠋ᠢ ᠦᠨᠡᠨ ᠬᠦ᠌ ᠪᠠᠲᠤᠯᠠᠬᠤ ᠪᠡᠷ ᠴᠢᠷᠮᠠᠢᠵᠤ ᠪᠤᠢ᠃
ᠲᠦᠷᠦᠬᠦᠬᠡᠨ ᠠᠯᠠᠱᠠ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠲᠤ ᠬᠦᠷᠪᠠᠯ᠂ ᠲᠦᠷᠦᠯ ᠵᠦᠢᠯ᠎ᠢ ᠪᠦᠳᠦᠬᠡᠨ ᠪᠠᠢᠭᠤᠯᠬᠤ᠂ ᠬᠥᠭ᠌ᠵᠢᠯᠲᠡ᠎ᠶ᠋ᠢ ᠡᠷᠢᠯᠬᠢᠯᠡᠬᠦ᠌ ᠬᠠᠯᠠᠭᠤᠨ ᠤᠷᠤᠰᠭᠠᠯ ᠭᠠᠵᠠᠷ ᠪᠣᠯᠭᠠᠨ᠎ᠳᠤ ᠪᠢᠯᠬᠠᠨ᠎ᠠ᠃ ᠬᠦᠷ ᠬᠥᠭ᠌ᠵᠢᠶᠡᠨᠲᠡᠶ ᠪᠠᠷᠢᠯᠭ᠎ᠠ᠎ᠶ᠋ᠢᠨ ᠠᠬᠤᠢ ᠲᠠᠯᠠᠪᠠᠢ᠎ᠳᠤ᠂ ᠲᠦᠷᠭᠡᠨ ᠬᠥᠭ᠌ᠵᠢᠯᠲᠡ᠎ᠶ᠋ᠢᠨ ᠬᠠᠮᠤᠭ᠎ᠤᠨ ᠬᠦᠴᠦᠷᠬᠡᠭ ᠲᠠᠭᠤᠨ ᠬᠠᠩᠭᠢᠨᠠᠵᠤ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ ᠨᠠᠢᠷᠠᠯ ᠳᠠᠭᠤᠤ ᠴᠤᠤᠷᠢᠶᠠᠳᠤᠨ᠎ᠠ᠃ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠡ ᠪᠠᠢᠭᠤᠯᠤᠯᠲᠠ᠎ᠶ᠋ᠢᠨ ᠠᠬᠤᠢ ᠲᠠᠯᠠᠪᠠᠢ᠎ᠳᠤ ᠬᠡᠰᠡᠨ ᠴᠤ᠌᠂ ᠡᠰᠡᠬᠦᠯ᠎ᠡ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠭ᠎ᠠ ᠠᠵᠤ ᠦᠢᠯᠡᠰ᠎ᠦᠨ ᠬᠦᠷᠢᠶᠡᠯᠡᠩ ᠲᠣᠭᠣᠷᠢᠭ᠎ᠲᠤ ᠬᠡᠰᠡᠨ ᠴᠤ᠌᠂ ᠪᠦᠷ ᠲᠦᠷᠭᠡᠨ ᠬᠦᠳᠡᠯᠦᠯᠴᠡᠵᠤ ᠱᠠᠯᠠᠪᠳᠠᠨ ᠠᠵᠢᠯᠯᠠᠬᠤ ᠪᠠᠢᠳᠠᠯ ᠬᠠᠷᠠᠬᠳᠠᠵᠤ᠂ ᠲᠦᠷᠦᠯ ᠵᠦᠢᠯ᠎ᠢ ᠲᠦᠷᠬᠡᠨ ᠪᠦᠲᠦᠭᠡᠡ ᠪᠠᠢᠭᠤᠯᠬᠤ ᠤᠷᠬᠢᠯᠤᠮ᠎ᠠ ᠬᠠᠯᠠᠭᠤᠨ ᠰᠡᠳᠭᠢᠯᠭᠡ ᠪᠣᠯᠤᠨ ᠬᠤᠷᠳᠤᠴᠠ᠎ᠶ᠋ᠢ ᠭᠦᠨᠵᠡᠭᠡᠢ ᠮᠡᠳᠡᠷᠡᠵᠦ᠍ ᠪᠤᠯᠤᠨ᠎ᠠ᠃
ᠲᠤᠰ ᠳᠡᠭᠡᠳᠦ ᠱᠢᠨ᠎ᠡ ᠲᠣᠭᠣᠷᠢᠭ᠎ᠲᠤ᠌ ᠪᠠᠢᠭ᠎ᠠ ᠥᠪᠥᠷ ᠮᠣᠩᠭᠣᠯ᠎ᠤᠨ ᠺᠦᠨ ᠫᠸᠩ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠵᠢᠨ ᠵᠢᠯ᠎ᠳᠦ 7800 ᠲᠣᠨ ᠲᠠᠷᠢᠶᠠᠨ ᠡᠮ ᠵᠢᠴᠢ ᠲᠠᠷᠢᠶᠠᠨ ᠡᠮ᠎ᠦᠨ ᠵᠠᠪᠰᠠᠷ᠎ᠤᠨ ᠴᠣᠭ᠍ᠴᠠ᠎ᠶ᠋ᠢᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠡᠯ᠎ᠡ ᠵᠦᠢᠯ᠎ᠦᠨ ᠮᠠᠱᠢᠨ ᠮᠧᠬᠠᠨᠢᠭ ᠪᠠᠴᠢᠮ ᠶᠠᠭᠠᠷᠠᠯᠲᠠᠶ ᠠᠵᠢᠯᠯᠠᠨ᠎ᠠ᠃ 《ᠮᠠᠨ᠎ᠤ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ 2.4 ᠳ᠋ᠦᠩᠱᠢᠭᠤᠷ ᠲᠥᠭᠥᠷᠢᠭ᠎ᠲᠦ ᠬᠦᠷᠴᠦ᠍᠂ ᠣᠳᠣᠬᠠᠨ᠎ᠳᠤ ᠨᠢᠭᠡᠨᠲᠡ ᠪᠠᠷᠢᠯᠭ᠎ᠠ᠎ᠶ᠋ᠢᠨ ᠠᠵᠢᠯ ᠤᠨ 90% ᠶ᠋ᠢ ᠪᠡᠶᠡᠯᠡᠭᠦᠯᠵᠦ᠍᠂ ᠦᠶ᠋ᠯᠡᠳᠪᠦᠷᠢᠯᠡᠯ᠎ᠦᠨ ᠲᠤᠨᠤᠭ ᠲᠥᠬᠥᠭᠡᠷᠦᠮᠵᠢ᠎ᠶ᠋ᠢ ᠵᠠᠯᠭᠠᠭ᠎ᠠ᠎ᠪᠠᠷ ᠦᠶ᠋ᠯᠡᠳᠪᠦᠷᠢ᠎ᠳᠦ ᠣᠷᠣᠭᠤᠯᠤᠨ ᠤᠭ᠍ᠰᠠᠷᠠᠬᠤ᠎ᠪᠠᠷ ᠪᠡᠯᠡᠳᠭᠡᠵᠦ᠍᠂ ᠲᠥᠷᠥᠯ ᠵᠦᠶ᠋ᠯ᠎ᠢ ᠪᠦᠬᠦᠨ᠎ᠢ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠪᠣᠷᠣᠯᠠᠭᠤᠯᠭ᠎ᠠ᠎ᠶ᠋ᠢᠨ ᠬᠡᠮᠵᠢᠶ᠎ᠡ ᠵᠢᠱ᠌ᠢᠯᠲᠡ᠎ᠪᠡᠷ ᠵᠢᠯ᠎ᠳᠦ 10 ᠳ᠋ᠦᠩᠱᠢᠭᠤᠷ ᠲᠥᠭᠥᠷᠢᠭ᠎ᠲᠦ ᠬᠥᠷᠬᠥ᠌ ᠪᠣᠯᠤᠨ᠎ᠠ》 ᠭᠡᠵᠦ᠍ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠵᠠᠩ ᠵᠢᠨ ᠬ᠍ᠤ᠌ ᠬᠡᠯᠡᠪᠡ᠃
ᠲᠦᠷᠦᠯ ᠵᠦᠢᠯ ᠪᠣᠯ ᠠᠵᠤ ᠠᠬᠤᠢ᠎ᠶ᠋ᠢᠨ ᠨᠡᠮᠡᠭ᠌ᠳᠡᠯ᠎ᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠬᠤ ᠪᠥᠭᠡᠳ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ ᠪᠣᠯᠤᠨ᠎ᠠ᠃ ᠡᠨᠡ ᠵᠢᠯ᠂ ᠠᠯᠠᠱᠠ ᠠᠢᠮᠠᠭ ᠴᠢᠬᠤᠯᠠ ᠶᠡᠬᠡ ᠲᠥᠷᠥᠯ ᠵᠦᠶ᠋ᠯ᠎ᠢᠶᠡᠷ ᠭᠠᠷᠳᠠᠴᠠ ᠪᠣᠯᠭᠠᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 78 ᠠᠵᠤ ᠦᠶ᠋ᠯᠡᠳᠪᠦᠷᠢ᠎ᠶ᠋ᠢᠨ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠠᠬᠢᠭᠤᠯᠵᠤ᠂ 10 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 24 ᠴᠢᠬᠤᠯᠠ ᠶᠡᠬᠡ ᠲᠥᠷᠥᠯ ᠵᠦᠶ᠋ᠯ᠎ᠢ ᠪᠥᠬᠥ᠌ ᠲᠠᠯ᠎ᠠ᠎ᠪᠠᠷ ᠠᠬᠢᠭᠤᠯᠵᠤ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠱᠢᠨ᠎ᠡ ᠮᠠᠲ᠋ᠧᠷᠢᠶᠠᠯ᠎ᠤᠨ ᠬᠡᠷᠡᠭ᠌ᠯᠡᠭᠡᠨ᠎ᠦ ᠬᠦᠷᠢᠶ᠎ᠡ᠎ᠶ᠋ᠢ ᠥᠷᠭᠡᠳᠭᠡᠵᠦ᠍᠂ ᠨᠠᠩ ᠴᠢᠨᠠᠷ ᠰᠠᠢᠲᠠᠶ᠂ ᠨᠡᠩ ᠰᠢᠨ᠎ᠡ ᠬᠥᠳᠡᠯᠭᠡᠬᠦ᠌ ᠡᠨᠧᠷᠭᠢ᠂ ᠨᠠᠩ ᠪᠣᠬᠢᠷᠲᠤᠯ ᠥᠬᠡᠶ ᠬᠥᠭ᠌ᠵᠢᠯᠲᠡ᠎ᠪᠡᠷ ᠪᠥᠬᠥ᠌ ᠠᠢᠮᠠᠭ᠎ᠤᠨ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠠᠢᠨ᠎ᠠ᠃
ᠣᠳᠣᠬᠠᠨ᠎ᠳᠤ᠂ ᠠᠯᠠᠱᠠ ᠵᠡᠭᠦᠨ ᠬᠣᠱᠢᠭᠤᠨ᠎ᠤ ᠠᠵᠢᠯ ᠡᠭᠦᠷᠭᠡ ᠭᠦᠢᠴᠡᠳᠭᠡᠬᠦ᠌ ᠨᠢᠰᠭᠡᠯ᠎ᠦᠨ ᠪᠠᠭᠤᠳᠠᠯ᠎ᠢ ᠳᠡᠰ ᠳᠡᠪᠱᠢᠬᠦᠯᠦᠭᠡᠳ ᠰᠠᠯᠪᠤᠷᠢ ᠱᠤᠭᠤᠮ᠎ᠤᠨ ᠨᠢᠰᠭᠡᠯ᠎ᠦᠨ ᠪᠠᠭᠤᠳᠠᠯ ᠪᠤᠯᠤᠭᠰᠠᠨ ᠲᠦᠷᠦᠯ ᠵᠦᠢᠯ᠂ ᠪᠥᠸᠧ ᠶᠤᠸᠠᠨ ᠠᠯᠠᠱᠠ᠎ᠶ᠋ᠢᠨ ᠪᠠᠢᠭᠠᠯᠢᠯᠢᠭ ᠬᠤᠵᠢᠷ ᠪᠣᠯᠪᠠᠰᠤᠷᠠᠭᠤᠯᠬᠤ ᠲᠣᠨᠣᠭ᠍ᠯᠠᠯ᠎ᠤᠨ ᠲᠦᠷᠦᠯ ᠵᠦᠢᠯ᠂ 《ᠡᠯᠡᠰᠦ ᠭᠤᠪᠢ ᠡᠯᠡᠰᠦᠷᠬᠡᠭ ᠭᠠᠵᠠᠷ》 ᠤ᠋ᠨ ᠳ᠋ᠦᠩᠱᠢᠭᠤᠷ ᠺᠢᠯᠦᠸᠠᠲ᠎ᠤᠨ ᠲᠡᠰ᠎ᠤᠨ ᠱᠢᠨ᠎ᠡ ᠡᠨᠧᠷᠭᠢ᠎ᠶ᠋ᠢᠨ ᠲᠤᠮᠤ ᠰᠠᠭᠤᠷᠢᠨ᠎ᠤ ᠲᠦᠷᠦᠯ ᠵᠦᠢᠯ᠂ ᠬᠤᠸᠠ ᠳ᠋ᠢᠶᠠᠨ᠎ᠤ 4×100 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠢᠯᠴᠢ ᠵᠢᠨ ᠴᠠᠬᠢᠯᠭᠠᠨ᠎ᠤ ᠲᠦᠷᠦᠯ ᠵᠦᠢᠯ᠂ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠭᠡᠷᠡᠯᠴᠢ ᠴᠡᠨᠡᠭ᠎ᠢ ᠨᠢᠭᠡ ᠴᠤᠬ᠍ᠴᠠᠵᠢᠭᠤᠯᠬᠤ ᠢᠨᠵᠧᠨᠧᠷᠢᠩ ᠵᠡᠷᠭᠡ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ᠎ᠤᠨ ᠪᠦᠳᠦᠬᠡᠨ ᠪᠠᠢᠭᠤᠯᠤᠯᠳᠠ᠎ᠵᠢ ᠥᠷᠯᠥᠭᠡ ᠦᠳᠡᠰᠢ᠎ᠶ᠋ᠢ ᠲᠡᠮᠡᠴᠡᠬᠦ᠌ ᠡᠷᠴᠢ ᠵᠣᠷᠢᠭ᠎ᠢᠶᠠᠷ ᠪᠦᠬᠦ᠌ ᠱᠤᠭᠤᠮ᠎ᠢᠶᠠᠷ ᠠᠬᠢᠭᠤᠯᠵᠤ᠂ ᠠᠯᠠᠱᠠ᠎ᠶ᠋ᠢᠨ ᠡᠬᠡ ᠭᠠᠵᠠᠷ᠎ᠲᠤ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ ᠪᠢᠯᠬᠠᠵᠤ᠂ ᠤᠷᠤᠭ᠍ᠰᠢᠯᠠᠯᠲᠠ᠎ᠶ᠋ᠢᠨ ᠱᠢᠨ᠎ᠡ ᠪᠦᠷᠢᠶ᠎ᠡ ᠬᠠᠩᠭᠢᠨᠠᠵᠤ ᠪᠠᠢᠨ᠎ᠠ᠃
ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠪᠣᠯ ᠭᠠᠵᠠᠷ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ《ᠡᠬᠢ ᠪᠤᠯᠠᠭ》ᠮᠥᠨ᠂ ᠣᠢᠷ᠎ᠠ᠎ᠶ᠋ᠢᠨ ᠡᠳᠦᠷ᠎ᠦᠳ᠎ᠲᠦ᠂ ᠠᠯᠠᠱᠠ ᠠᠢᠮᠠᠭ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠬᠤ᠎ᠶ᠋ᠢᠨ ᠬᠠᠮᠲᠤ ᠥᠪᠡᠷᠮᠢᠴᠡ ᠳᠠᠪᠠᠭᠤᠯᠢᠭ᠎ᠲᠠᠭᠠᠨ ᠲᠦᠱᠢᠭ᠌ᠯᠡᠨ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠷᠠᠯᠵᠢᠶᠠᠴᠢᠨ ᠤᠷᠢᠵᠤ ᠪᠠᠯᠡ ᠮᠦᠩᠬᠦ ᠣᠷᠣᠭᠤᠯᠤᠨ ᠠᠪᠴᠢᠷᠠᠬᠤ 《ᠴᠢᠩᠭ᠎ᠠ ᠰᠣᠷᠢᠨᠵᠢᠨ ᠣᠷᠣᠨ》 ᠢ᠋ ᠪᠠᠢᠭᠤᠯᠬᠤ᠎ᠶ᠋ᠢᠨ ᠬᠠᠮᠲᠤ 《ᠬᠤᠳᠠᠯᠳᠤᠭ᠎ᠠ ᠪᠡᠷ ᠠᠷᠠᠯᠵᠢᠶᠠᠴᠢᠨ ᠤᠷᠢᠬᠤ》ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠠᠩ ᠣᠯᠠᠨ ᠳᠡᠭᠡᠳᠦ ᠲᠠᠰ᠎ᠤᠨ᠂ ᠤᠶᠤᠨᠴᠢᠯᠠᠭ᠍ᠰᠠᠨ᠂ ᠪᠣᠬᠢᠷᠲᠤᠯ ᠥᠬᠡᠶ ᠠᠵᠤ ᠦᠶ᠋ᠯᠡᠰ᠎ᠢ ᠣᠷᠣᠭᠤᠯᠤᠨ ᠠᠪᠴᠢᠷᠠᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠤᠨ ᠬᠥᠭ᠌ᠵᠢᠭᠦᠯᠵᠦ᠍ ᠪᠠᠢᠨ᠎ᠠ᠃
ᠠᠯᠠᠱᠠ ᠠᠢᠮᠠᠭ᠎ᠤᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠯᠢ ᠢ ᠱᠢᠶᠠ᠄《ᠡᠨᠡ ᠵᠢᠯ᠎ᠦᠨ 1—2 ᠰᠠᠷ᠎ᠠ᠎ᠳᠤ᠂ ᠮᠠᠨ᠎ᠤ ᠠᠢᠮᠠᠭ ᠣᠷᠣᠨ᠎ᠤ ᠭᠠᠳᠠᠨ᠎ᠠ᠎ᠡᠴᠡ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠰᠠᠨ 26 ᠲᠥᠷᠥᠯ ᠵᠦᠶ᠋ᠯ᠎ᠢ ᠬᠡᠷᠡᠭ᠌ᠵᠢᠭᠦᠯᠵᠦ᠍᠂ 5.53 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢ ᠣᠷᠣᠭᠤᠯᠤᠨ ᠠᠪᠴᠢᠷᠠᠵᠤ᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 80% ᠡᠴᠡ ᠳᠡᠭᠡᠭ᠌ᠰᠢ᠎ᠪᠡᠷ ᠨᠡᠮᠡᠭ᠌ᠳᠡᠨ᠂〈ᠰᠠᠢᠨ ᠡᠬᠢᠯᠡᠯᠲᠡ〉᠎ᠶ᠋ᠢ ᠪᠡᠶᠡᠯᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ᠂ ᠮᠠᠨ᠎ᠤ ᠠᠢᠮᠠᠭ 〈ᠤᠷᠢᠵᠤ ᠠᠪᠴᠢᠷᠠᠬᠤ᠂ ᠭᠠᠷᠴᠤ᠌ ᠶᠠᠪᠤᠬᠤ〉 ᠤᠨᠢᠨ ᠲᠡᠬᠡᠷ᠎ᠠ ᠨᠢ ᠠᠷᠠᠯᠵᠢᠶᠠᠴᠢᠨ ᠤᠷᠢᠬᠤ ᠶ᠋ᠢ ᠦᠷᠭᠦᠯᠵᠢᠯᠡᠨ ᠪᠠᠷᠢᠮᠲᠠᠯᠠᠵᠤ᠂ 〈ᠰᠠᠢᠨ ᠬᠢᠵᠦ᠂ ᠢᠷᠡᠭᠡᠳᠦᠢ ᠳ᠋ᠤ ᠬᠠᠮᠲᠤ᠎ᠪᠠᠷ ᠠᠱᠢᠭ ᠭᠥᠷᠳᠡᠬᠦ〉 ᠪᠠᠯᠠ ᠣᠷᠣᠭᠤᠯᠤᠯᠲᠠ᠎ᠶ᠋ᠢᠨ ᠲᠦᠷᠦᠯ ᠲᠡᠮᠳᠡᠭ᠌ ᠢ᠋ ᠡᠬᠦᠳᠴᠤ᠂ ᠪᠥᠬᠥ᠌ ᠵᠢᠯ᠎ᠳᠦ 7 ᠲᠠᠯᠠᠪᠤᠷ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠱᠢᠷᠢᠰ ᠠᠷᠠᠯᠵᠢᠶᠠᠴᠢᠨ ᠤᠷᠢᠬᠤ ᠠᠵᠢᠯᠯᠠᠭ᠎ᠠ᠎ᠶ᠋ᠢ ᠲᠥᠯᠥᠪᠯᠡᠵᠦ᠍ ᠪᠣᠶ》 ᠭᠡᠪᠠ᠃
ᠲᠦᠷᠦᠯ ᠵᠦᠢᠯ᠎ᠢ ᠠᠳᠭᠤᠬᠤ ᠪᠣᠯ ᠳᠠᠷᠤᠢ ᠬᠥᠭ᠌ᠵᠢᠯᠲᠡ᠎ᠶ᠋ᠢ ᠠᠳᠭᠤᠵᠤ ᠪᠠᠢᠭ᠎ᠠ ᠶᠠᠪᠤᠳᠠᠯ ᠮᠥᠨ᠂ ᠲᠦᠷᠦᠯ ᠵᠦᠢᠯ᠎ᠢ ᠲᠥᠯᠥᠪᠵᠢᠭᠦᠯᠬᠦ᠌ ᠪᠣᠯ ᠳᠠᠷᠤᠢ ᠢᠷᠡᠭᠡᠳᠦᠢ᠎ᠶ᠋ᠢ ᠪᠤᠳᠤᠯᠬᠢᠯᠠᠵᠤ ᠪᠠᠢᠭ᠎ᠠ ᠶᠠᠪᠤᠳᠠᠯ ᠮᠥᠨ᠃ ᠠᠯᠠᠱᠠ ᠠᠢᠮᠠᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠵᠢᠶᠠᠩ ᠴᠢᠩ ᠵᠶ᠋ᠢ᠄《ᠡᠨᠡ ᠵᠢᠯ᠂ ᠠᠯᠠᠱᠠ 13 ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠴᠢᠬᠤᠯᠠ ᠶᠡᠬᠡ ᠲᠦᠷᠦᠯ ᠵᠦᠢᠯ᠎ᠢ ᠲᠥᠯᠥᠪᠵᠢᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠲᠦᠷᠦᠯ ᠵᠦᠢᠯ᠎ᠢ ᠲᠥᠯᠥᠪᠵᠢᠭᠦᠯᠬᠦ᠌ ᠣᠨᠣᠪᠴᠢᠲᠤ ᠴᠢᠨᠠᠷ ᠪᠠ ᠪᠦᠳᠦᠮᠵᠢᠳᠤ ᠴᠢᠨᠠᠷ᠎ᠢ ᠦᠷᠭᠦᠯᠵᠢᠯᠡᠨ ᠴᠢᠩᠭᠠᠳᠭᠠᠵᠤ᠂ ᠲᠥᠯᠥᠪᠵᠢᠭᠦᠯᠬᠦ᠌ ᠲᠣᠭ᠍ᠲᠠᠴᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠂ ᠭᠠᠷᠳᠠᠮ ᠭᠦᠢᠴᠡᠳᠭᠡᠵᠦ᠍ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠬᠦ᠌᠂ ᠪᠡᠯᠡ ᠮᠥᠩᠭᠥ᠎ᠶ᠋ᠢᠨ ᠬᠡᠮᠵᠢᠶ᠎ᠡ᠎ᠶ᠋ᠢ ᠨᠡᠮᠡᠭ᠌ᠳᠡᠭᠦᠯᠬᠦ᠌᠎ᠶ᠋ᠢ ᠲᠠᠰᠤᠷᠠᠯᠳᠠ ᠦᠭᠡᠢ ᠠᠬᠢᠭᠤᠯᠵᠤ᠂ 〈ᠨᠢᠭᠡ ᠪᠦᠯᠦᠭ᠎ᠢ ᠨᠥᠭᠡᠴᠡᠯᠡᠬᠦ᠌᠂ ᠨᠢᠭᠡ ᠪᠦᠯᠦᠭ᠎ᠢ ᠠᠵᠢᠯ ᠡᠬᠢᠯᠡᠭᠦᠯᠬᠦ᠌᠂ ᠨᠢᠭᠡ ᠪᠦᠯᠦᠭ᠎ᠢ ᠪᠦᠳᠦᠭᠡᠨ ᠪᠠᠢᠭᠤᠯᠬᠤ᠂ ᠨᠢᠭᠡ ᠪᠦᠯᠦᠭ᠎ᠢ ᠠᠵᠢᠯ ᠳᠠᠭᠤᠰᠭᠠᠬᠤ〉 ᠰᠠᠢ᠌ᠨ ᠣᠷᠴᠢᠯ᠎ᠢ ᠪᠦᠷᠢᠯᠳᠦᠭᠦᠯᠵᠦ᠍᠂ 〈ᠦᠨ᠎ᠡ ᠦᠷᠳᠡᠭ᠎ᠲᠡᠶ᠂ ᠪᠣᠬᠢᠷᠲᠤᠯ ᠦᠭᠡᠢ᠂ ᠱᠢᠨ᠎ᠡ᠂ ᠭᠠᠢᠯᠢ ᠵᠢᠨ ᠤᠷᠤᠯᠭ᠎ᠠ ᠦᠨᠳᠦᠷ᠂ ᠤᠶᠤᠨᠴᠢ〉ᠲᠦᠷᠦᠯ ᠵᠦᠢᠯ᠎ᠦᠨ ᠪᠦᠬᠦ᠌ ᠲᠠᠯ᠎ᠠ᠎ᠪᠠᠷ ᠴᠡᠴᠡᠭ᠌ᠯᠡᠬᠦ᠌᠎ᠶ᠋ᠢ ᠪᠡᠶᠡᠯᠡᠭᠦᠯᠵᠦ᠍᠂ ᠡᠨᠡ ᠵᠢᠯ ᠵᠢᠴᠢ ᠢᠷᠡᠭᠡᠳᠦᠢ᠎ᠶ᠋ᠢᠨ 5 ᠵᠢᠯ᠎ᠳᠦ ᠪᠦᠬᠦ᠌ ᠠᠢᠮᠠᠭ᠎ᠤᠨ ᠲᠣᠭ᠍ᠲᠠᠭᠤᠨ ᠪᠡᠯᠡ ᠣᠷᠣᠭᠤᠯᠤᠯᠲᠠ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠳᠤ ᠪᠡᠬᠢ ᠰᠠᠭᠤᠷᠢ ᠵᠢ ᠲᠠᠯᠪᠢᠨ᠎ᠠ》 ᠭᠡᠪᠡ᠃
ᠣᠳᠣᠬᠠᠨ ᠪᠣᠯᠲᠠᠯ᠎ᠠ᠂ ᠠᠯᠠᠱᠠ ᠠᠢᠮᠠᠭ ᠨᠢᠭᠡᠨᠲᠡ 2025 ᠣᠨ᠎ᠤ ᠴᠢᠬᠤᠯᠠ ᠶᠡᠬᠡ ᠲᠥᠷᠥᠯ ᠵᠦᠶ᠋ᠯ᠎ᠢ 281 ᠨᠥᠭᠡᠴᠡᠯᠡᠪᠡ᠃ ᠡᠭᠦᠨ᠎ᠳᠦ᠂ ᠠᠢᠮᠠᠭ᠎ᠤᠨ ᠱᠠᠲᠤᠨ᠎ᠡᠴᠡ ᠬᠡᠷᠡᠭᠵᠢᠬᠦᠯᠬᠦ ᠴᠢᠬᠤᠯᠠ ᠶᠡᠬᠡ ᠲᠥᠷᠥᠯ ᠵᠦᠢᠯ ᠳ᠋ᠤ ᠤᠷᠤᠬᠰᠠᠨ ᠨᠢ 141 ᠪᠠᠢᠵᠤ᠂ ᠵᠢᠯ᠎ᠳᠦ 492.9 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠬᠤ᠎ᠪᠠᠷ ᠲᠥᠯᠥᠪᠯᠡᠵᠦ᠍ ᠪᠤᠢ᠃
ᠪᠠᠢᠯᠳᠤᠭᠠᠨ᠎ᠤ ᠬᠡᠩᠭᠡᠷᠭᠡ ᠬᠠᠩᠬᠢᠨᠠᠵᠤ᠂ ᠡᠷᠡᠮᠡᠬᠡᠢᠯᠡᠨ ᠤᠷᠤᠭᠰᠢᠯᠠᠬᠤ ᠡᠷᠴᠢ ᠬᠦᠴᠦᠨ ᠬᠦᠪᠴᠢᠯᠡᠭᠳᠡᠯᠡ᠃ ᠡᠯᠡᠰᠦᠨ ᠴᠦᠯ ᠳ᠋ᠡᠬᠢ ᠠᠯᠠᠱᠠ᠎ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠵᠤ᠂ ᠠᠷᠭ᠎ᠠ ᠤᠬᠠᠭᠠᠨ᠂ ᠰᠥᠰᠥ᠍ ᠵᠣᠷᠢᠭ᠂ ᠰᠢᠷᠭᠠᠭᠤ ᠠᠵᠢᠯᠯᠠᠬᠤ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠴᠢᠬᠤᠯᠠ ᠶᠡᠬᠡ ᠲᠦᠷᠦᠯ ᠵᠦᠢᠯ᠎ᠢ ᠲᠥᠯᠥᠪᠵᠢᠭᠦᠯᠭᠡ᠎ᠶ᠋ᠢᠨ ᠵᠢᠷᠤᠭ᠎ᠡᠴᠡ ᠪᠠᠷᠢᠯᠭ᠎ᠠ᠎ᠶ᠋ᠢᠨ ᠵᠢᠷᠤᠭ ᠪᠣᠯᠭᠠᠨ ᠬᠤᠪᠢᠷᠠᠭᠤᠯᠵᠤ᠂ ᠲᠠᠬᠢᠨ ᠪᠠᠷᠢᠯᠭ᠎ᠠ᠎ᠶ᠋ᠢᠨ ᠵᠢᠷᠤᠭ᠎ᠡᠴᠡ ᠪᠣᠳᠠᠲᠤ ᠠᠬᠤᠢ᠎ᠶ᠋ᠢᠨ ᠵᠢᠷᠤᠭ ᠪᠣᠯᠭᠠᠨ ᠬᠤᠪᠢᠷᠠᠭᠤᠯᠵᠤ᠂ ᠴᠢᠬᠤᠯᠠ ᠶᠡᠬᠡ ᠲᠦᠷᠦᠯ ᠵᠦᠢᠯ᠎ᠢᠶᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠃