ᠲᠦᠷᠦᠬᠦᠬᠡᠨ ᠬᠥᠬᠡᠬᠣᠲᠠ ᠳ᠋ᠦ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ᠋ ᠳᠥᠷᠪᠡᠳᠦᠭᠡᠷ ᠤᠳᠠᠭ᠎ᠠ ᠶ᠋ᠢᠨ ᠪᠦᠬᠦ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠶ᠋ᠢᠨ ᠤᠳᠤᠷᠢᠳᠭᠤ ᠳᠤᠭᠤᠢᠯᠠᠩ ᠤ᠋ᠨ ᠲᠠᠪᠤᠳᠤᠭᠠᠷ ᠬᠤᠷᠠᠯ ᠡᠴᠡ ᠤᠢᠯᠠᠭᠠᠭᠰᠠᠨ ᠵᠢᠡᠷ᠂ ᠤᠳᠤᠬᠠᠨ ᠪᠤᠯᠳᠠᠯ᠎ᠠ ᠮᠠᠨ ᠤ᠋ ᠤᠷᠤᠨ ᠭᠤᠷᠪᠠᠳᠤᠭᠠᠷ ᠤᠳᠠᠭ᠎ᠠ ᠵᠢᠨ ᠪᠦᠬᠦ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠳ᠋ᠦ ᠪᠠᠢᠴᠠᠭᠠᠭᠰᠠᠨ 21042 ᠪᠠᠭᠤᠷᠢ ᠵᠢ ᠳᠠᠬᠢᠨ ᠬᠢᠨᠠᠵᠤ᠂ 1397 ᠪᠠᠭᠤᠷᠢ ᠵᠢ ᠱᠢᠨ᠎ᠡ ᠪᠡᠷ ᠢᠯᠡᠷᠡᠭᠦᠯᠪᠡ ᠃
ᠥᠪᠥᠷ ᠮᠣᠩᠭᠣᠯ ᠳ᠋ᠦ ᠣᠲᠣ ᠭᠤᠷᠪᠠᠳᠤᠭᠠᠷ ᠤᠳᠠᠭ᠎ᠠ ᠵᠢᠨ ᠪᠥᠬᠥ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯ ᠤ᠋ᠨ ᠨᠡᠢᠳᠡᠮ ᠪᠠᠢᠴᠠᠭᠠᠯᠲᠠ ᠳ᠋ᠦ ᠪᠦᠷᠢᠳᠬᠡᠭᠳᠡᠭᠰᠡᠨ ᠱᠢᠯᠵᠢᠭᠦᠯᠵᠦ᠍ ᠪᠣᠯᠤᠰᠢ ᠥᠬᠡᠶ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠭᠤᠷᠢ 21099 ᠪᠠᠢᠵᠤ᠂ 3 ᠰᠠᠷ᠎ᠠ ᠶ᠋ᠢᠨ 28 ᠤ᠋ ᠡᠳᠦᠷ ᠪᠣᠯᠲᠠᠯ᠎ᠠ 21042 ᠪᠠᠭᠤᠷᠢ ᠵᠢ ᠳᠠᠬᠢᠨ ᠬᠢᠨᠠᠵᠤ᠂ ᠳᠠᠬᠢᠨ ᠬᠢᠨᠠᠭᠰᠠᠨ ᠨᠤᠷᠮ᠎ᠠ 99.72% ᠲᠦ᠍ ᠬᠦᠷᠴᠤ᠂ 10 ᠠᠢᠮᠠᠭ ᠬᠣᠲᠠ ᠶ᠋ᠢᠨ 91 ᠬᠣᠱᠢᠭᠤ ᠱᠢᠶᠠᠨ ᠲᠣᠭᠣᠷᠢᠭ ᠳᠠᠬᠢᠨ ᠬᠢᠨᠠᠬᠤ ᠡᠭᠦᠷᠭᠡ ᠪᠡᠨ ᠪᠡᠶᠡᠯᠡᠭᠦᠯᠪᠡ᠃ 55 ᠬᠣᠱᠢᠭᠤ ᠱᠢᠶᠠᠨ (ᠬᠣᠲᠠ ᠲᠣᠭᠣᠷᠢᠭ ) ᠣᠷᠳᠣ ᠴᠠᠭᠠᠨ ᠬᠡᠷᠡᠮ ᠤ᠋ᠨ ᠲᠤᠰᠭᠠᠶ ᠰᠡᠳᠦᠪᠲᠦ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠪᠠᠢᠴᠠᠭᠠᠯᠲᠠ ᠥᠷᠨᠢᠭᠦᠯᠤᠨ᠂ 34 ᠬᠣᠱᠢᠭᠤ ᠱᠢᠶᠠᠨ (ᠬᠣᠲᠠ ᠲᠣᠭᠣᠷᠢᠭ ) ᠪᠠᠢᠴᠠᠭᠠᠬᠤ ᠡᠭᠦᠷᠭᠡ ᠪᠡᠨ ᠪᠡᠶᠡᠯᠡᠭᠦᠯᠵᠦ᠍᠂ ᠨᠡᠢᠲᠡ 1849 ᠴᠡᠭ᠂ 2170 ᠺᠢᠯᠣᠮᠧᠲ᠋ᠷ ᠤ᠋ᠨ ᠣᠷᠳᠣ ᠴᠠᠭᠠᠨ ᠬᠡᠷᠡᠮ ᠢ᠋ ᠪᠠᠢᠴᠠᠭᠠᠵᠠᠢ᠃
2025 ᠣᠨ ᠪᠣᠯ ᠳᠥᠷᠪᠡᠳᠦᠭᠡᠷ ᠤᠳᠠᠭ᠎ᠠ ᠶ᠋ᠢᠨ ᠪᠦᠬᠦ᠌ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠨᠡᠢᠳᠡᠮ ᠪᠠᠢᠴᠠᠭᠠᠯᠲᠠ ᠶ᠋ᠢᠨ ᠪᠣᠭᠣᠮᠲᠠ ᠱᠢᠪᠲᠤᠯᠬᠤ ᠵᠠᠩᠭᠢᠯᠠᠭ᠎ᠠ ᠶ᠋ᠢᠨ ᠵᠢᠯ ᠪᠣᠯᠤᠨ᠎ᠠ᠃ ᠬᠤᠷᠠᠯ ᠡᠴᠡ᠂ ᠡᠯ᠎ᠡ ᠱᠠᠲᠤᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠢᠷᠡᠭᠦᠯᠵᠦ᠍᠂ ᠨᠡᠩ ᠥᠨᠳᠥᠷ ᠵᠣᠭ᠍ᠰᠣᠴᠠ ᠡᠴᠡ ᠨᠡᠢᠳᠡᠮ ᠪᠠᠢᠴᠠᠭᠠᠯᠲᠠ ᠶ᠋ᠢᠨ ᠪᠣᠭᠣᠮᠲᠠ ᠱᠢᠪᠲᠤᠯᠬᠤ ᠬᠠᠮᠲᠤ ᠶ᠋ᠢᠨ ᠲᠠᠨᠢᠯᠲᠠ ᠵᠢ ᠨᠢᠭᠳᠠᠷᠠᠭᠤᠯᠤᠨ᠂ ᠨᠡᠩ ᠪᠣᠳᠠᠲᠠᠢ ᠠᠷᠭ᠎ᠠ ᠬᠡᠮᠵᠢᠶ᠎ᠡ ᠪᠡᠷ ᠨᠡᠢᠳᠡᠮ ᠪᠠᠢᠴᠠᠭᠠᠯᠲᠠ ᠶ᠋ᠢᠨ ᠬᠦᠴᠢᠷ ᠲᠦᠪᠡᠭᠳᠡᠢ ᠠᠰᠠᠭᠤᠳᠠᠯ ᠢ᠋ ᠱᠢᠢᠳᠪᠦᠷᠢᠯᠡᠵᠤ᠂ ᠨᠡᠢᠳᠡᠮ ᠪᠠᠢᠴᠠᠭᠠᠯᠲᠠ ᠶ᠋ᠢᠨ ᠠᠵᠢᠯ ᠤ᠋ᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠤᠨ᠂ ᠴᠠᠭ ᠬᠤᠭᠤᠴᠠᠭ᠎ᠠ ᠵᠢ ᠰᠠᠢᠲᠤᠷ ᠡᠵᠡᠮᠳᠡᠵᠦ᠍᠂ ᠨᠡᠢᠳᠡᠮ ᠪᠠᠢᠴᠠᠭᠠᠯᠲᠠ ᠶ᠋ᠢᠨ ᠭᠤᠷᠪᠠᠳᠤᠭᠠᠷ ᠱᠠᠲᠤ ᠦᠶ᠎ᠡ ᠶ᠋ᠢᠨ ᠠᠵᠢᠯ ᠳ᠋ᠦ ᠭᠦᠶ᠋ᠴᠡᠳ ᠪᠡᠯᠡᠳᠭᠡᠯ ᠬᠢᠵᠦ᠂ ᠣᠯᠠᠨ ᠵᠦᠢᠯ ᠤ᠋ᠨ ᠠᠷᠭ᠎ᠠ ᠬᠡᠮᠵᠢᠶ᠎ᠡ ᠪᠡᠷ ᠨᠡᠢᠳᠡᠮ ᠪᠠᠢᠴᠠᠭᠠᠯᠲᠠ ᠶ᠋ᠢᠨ ᠦᠷ᠎ᠡ ᠪᠦᠲᠦᠭᠡᠯ ᠢ᠋ ᠤᠬᠠᠭᠤᠯᠤᠨ ᠳᠡᠯᠭᠡᠨ ᠦᠵᠡᠭᠦᠯᠬᠦ᠌᠂ ᠰᠤᠳᠤᠯᠤᠨ ᠠᠭᠤᠳᠠᠯᠬᠤ ᠪᠠ ᠬᠠᠮᠠᠭᠠᠯᠠᠨ ᠠᠱᠢᠭ᠍ᠯᠠᠬᠤ ᠵᠢ ᠴᠢᠩᠭᠠᠳᠭᠠᠬᠤ ᠵᠢ ᠱᠠᠭᠠᠷᠳᠠᠪᠠ᠃