ᠶᠤᠸᠠᠨ ᠪᠦᠦ ᠱᠠᠨ ᠤ᠋ ᠴᠢᠯᠠᠭᠤᠨ ᠪᠤᠯᠠᠰᠢ ᠪᠦᠬᠦ ᠤᠯᠤᠰ᠎ᠤᠨ ᠬᠠᠭᠤᠴᠢ ᠰᠤᠳᠤᠯᠤᠯ ᠤ᠋ᠨ ᠠᠷᠪᠠᠨ ᠱᠢᠨ᠎ᠡ ᠢᠯᠡᠷᠡᠭᠦᠯᠦᠯᠲᠡ ᠵᠢᠨ ᠡᠴᠦᠰ ᠤ᠋ᠨ ᠰᠢᠯᠭᠠᠷᠠᠭᠤᠯᠤᠯᠳᠠ ᠳ᠋ᠦ ᠤᠷᠤᠪᠠ
2025-04-07 11:09:26
ᠵᠣᠬᠢᠶᠠᠭ᠍ᠴᠢ᠄
​ ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠣᠢᠯᠠᠭᠠᠭ᠍ᠰᠠᠨ ᠢ᠋ᠶ᠋ᠠᠷ᠂ ᠤᠯᠠᠭᠠᠨᠬᠠᠳᠠ ᠬᠤᠳᠠ ᠵᠢᠨ ᠠᠸ᠋ᠬᠠᠨ ᠬᠣᠱᠢᠭᠤᠨ ᠳ᠋ᠡᠬᠢ ᠶᠤᠸᠠᠨ ᠪᠦᠦ ᠱᠠᠨ ᠤ᠋ ᠴᠢᠯᠠᠭᠤᠨ ᠪᠤᠯᠠᠰᠢ 2024 ᠣᠨ ᠤ᠋ ᠪᠥᠬᠥ᠌ ᠤᠯᠤᠰ ᠤ᠋ᠨ ᠠᠷᠪᠠᠨ ᠶᠡᠬᠡ ᠬᠠᠭᠤᠴᠢ ᠰᠤᠳᠤᠯᠤᠯ ᠤ᠋ᠨ ᠱᠢᠨ᠎ᠡ ᠢᠯᠡᠷᠡᠭᠦᠯᠦᠯᠲᠡ ᠶ᠋ᠢᠨ ᠡᠴᠦᠰ ᠤ᠋ᠨ ᠱᠢᠯᠭᠠᠷᠠᠭᠤᠯᠤᠯᠲᠠ ᠶ᠋ᠢᠨ ᠲᠥᠷᠥᠯ ᠵᠦᠶ᠋ᠯ ᠢ᠋ᠶ᠋ᠡᠷ ᠰᠤᠩᠭᠤᠭᠳᠠᠵᠦ᠂ ᠮᠠᠨ ᠤ᠋ ᠤᠷᠤᠨ ᠡᠴᠡ ᠰᠤᠩᠭᠤᠭᠳᠠᠭᠰᠠᠨ ᠴᠣᠷ ᠤ᠋ᠨ ᠭᠠᠭ᠍ᠴᠠ ᠲᠥᠷᠥᠯ ᠵᠦᠶ᠋ᠯ ᠪᠤᠯᠵᠠᠢ᠃

ᠶᠤᠸᠠᠨ ᠪᠦᠦ ᠱᠠᠨ ᠤ᠋ ᠴᠢᠯᠠᠭᠤᠨ ᠪᠤᠯᠠᠰᠢ ᠶ᠋ᠢᠨ ᠪᠠᠭᠤᠷᠢ ᠠᠸ᠋ᠬᠠᠨ ᠬᠣᠱᠢᠭᠤᠨ ᠤ᠋ ᠱᠢᠶᠠ ᠸᠠ ᠪᠠᠯᠭᠠᠰᠤ ᠵᠢᠨ ᠨᠠᠶ᠋ᠮᠠᠨ ᠬᠣᠱᠢᠭᠤ ᠲᠣᠰᠭᠣᠨ ᠳ᠋ᠦ ᠪᠠᠢᠷᠢᠯᠠᠵᠤ᠂ 8000 ᠲᠡᠭ᠌ᠰᠢ ᠳᠥᠷᠪᠡᠯᠵᠢᠨ ᠮᠧᠲ᠋ᠷ ᠲᠠᠯᠠᠪᠠᠶ ᠲᠠᠢ᠂ ᠤᠯᠠᠭᠠᠨᠬᠠᠳᠠ ᠰᠣᠶᠣᠯ ᠢ᠋ᠶ᠋ᠠᠷ ᠭᠤᠤᠯᠳᠠᠭᠤᠯᠤᠭᠰᠠᠨ ᠪᠥᠭᠡᠳ ᠪᠠᠰᠠ ᠵᠣᠣ ᠪᠦᠦ ᠭᠸᠤ ᠵᠢᠴᠢ ᠱᠢᠶᠠ ᠵᠢᠶᠠ ᠳ᠋ᠢᠶᠠᠨ ᠤ᠋ ᠳᠤᠤᠷᠠᠳᠤ ᠳᠠᠪᠬᠤᠷᠭ᠎ᠠ ᠶ᠋ᠢᠨ ᠰᠣᠶᠣᠯ ᠤ᠋ᠨ ᠦᠯᠡᠳᠡᠭ᠌ᠳᠡᠯ ᠪᠠᠭᠳᠠᠵᠤ ᠪᠤᠢ᠃ ᠡᠭᠦᠨ ᠳ᠋ᠦ ᠬᠤᠩᠱᠠᠨ ᠰᠣᠶᠣᠯ ᠤ᠋ᠨ ᠲᠠᠬᠢᠯᠭ᠎ᠠ ᠶ᠋ᠢᠨ ᠴᠢᠨᠠᠷᠲᠠᠶ ᠪᠠᠭᠤᠷᠢ ᠪᠣᠯ ᠣᠳᠣᠬᠠᠨ ᠪᠤᠯᠳᠠᠯ᠎ᠠ ᠥᠪᠥᠷ ᠮᠣᠩᠭᠣᠯ ᠣᠷᠣᠨ ᠳ᠋ᠤ ᠢᠯᠡᠷᠡᠭᠦᠯᠦᠭ᠌ᠰᠡᠨ ᠵᠡᠷᠭᠡ ᠳᠡᠰ ᠢ᠋ᠶ᠋ᠠᠷ ᠬᠠᠮᠤᠭ ᠤ᠋ᠨ ᠥᠨᠳᠥᠷ᠂ ᠬᠡᠪᠴᠢᠶ᠎ᠡ ᠪᠡᠷ ᠬᠠᠮᠤᠭ ᠤ᠋ᠨ ᠶᠡᠬᠡ᠂ ᠬᠠᠮᠤᠭ ᠤ᠋ᠨ ᠪᠦᠷᠢᠨ ᠪᠦᠲᠦᠨ ᠬᠠᠳᠠᠭᠠᠯᠠᠭ᠍ᠳᠠᠵᠤ ᠪᠦᠬᠦᠢ ᠣᠩᠭᠣᠨ ᠤ᠋ ᠪᠠᠷᠢᠯᠭ᠎ᠠ ᠬᠢᠬᠡᠳ ᠲᠠᠬᠢᠯᠭ᠎ᠠ ᠶ᠋ᠢᠨ ᠪᠠᠷᠢᠯᠭ᠎ᠠ ᠶ᠋ᠢ ᠨᠢᠭᠡ ᠴᠣᠭ᠍ᠴᠠᠵᠢᠭᠤᠯᠤᠭ᠍ᠰᠠᠨ ᠬᠤᠩᠱᠠᠨ ᠰᠤᠶᠤᠯ ᠤ᠋ᠨ ᠰᠡᠭᠦᠯᠴᠢ ᠶ᠋ᠢᠨ ᠬᠤᠭᠤᠴᠠᠭᠠᠨ ᠤ᠋ ᠪᠠᠷᠢᠯᠭ᠎ᠠ ᠶ᠋ᠢᠨ ᠦᠯᠡᠳᠡᠭ᠌ᠳᠡᠯ ᠪᠣᠯᠤᠨ᠎ᠠ᠃ 2024 ᠣᠨ ᠤ᠋ 5 — 9 ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ᠋ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠤ᠋ᠨ ᠬᠢᠨ ᠶᠤᠸᠠᠨ ᠪᠦᠦ ᠱᠠᠨ ᠤ᠋ ᠴᠢᠯᠠᠭᠤᠨ᠎ᠪᠤᠯᠠᠰᠢ ᠳ᠋ᠤ ᠠᠪᠤᠷᠠᠯᠳᠠ ᠶ᠋ᠢᠨ ᠴᠢᠨᠠᠷᠲᠠᠶ ᠮᠠᠯᠲᠠᠯᠭ᠎ᠠ ᠬᠢᠵᠤ᠂ ᠴᠢᠯᠠᠭᠤᠨ ᠪᠤᠯᠠᠰᠢ᠂ ᠣᠩᠭᠣᠨ᠂ ᠴᠢᠯᠠᠭᠤᠨ᠎ᠣᠪᠣᠭ᠎ᠠ᠂ ᠲᠠᠬᠢᠯᠭ᠎ᠠ ᠶ᠋ᠢᠨ ᠴᠤᠨᠤᠭ᠂ ᠦᠨᠡᠰᠦᠨ ᠨᠦᠬᠡ᠂ ᠰᠢᠷ ᠪᠤᠳᠤᠭ ᠤ᠋ᠨ ᠴᠤᠨᠤᠭ ᠵᠡᠷᠭᠡ 30 ᠱᠢᠬᠠᠮ ᠦᠯᠡᠳᠡᠭ᠌ᠳᠡᠯ ᠢ᠋ ᠢᠯᠡᠷᠡᠬᠦᠯᠵᠦ᠂ 300 ᠱᠢᠬᠠᠮ ᠢᠵᠢ ᠸᠠᠭᠠᠷ ᠰᠠᠪᠠ᠂ ᠴᠢᠯᠠᠭᠤᠨ ᠪᠠᠭᠠᠵᠢ᠂ ᠬᠠᠰ ᠡᠳ᠋ᠯᠡᠯ᠂ ᠶᠠᠰᠤᠨ ᠬᠡᠷᠡᠭ᠌ᠰᠡᠯ᠂ ᠬᠢᠰᠤᠭ᠎ᠠ ᠶ᠋ᠢᠨ ᠡᠳ᠋ᠯᠡᠯ ᠵᠡᠷᠭᠡ ᠡᠯ᠎ᠡ ᠲᠥᠷᠥᠯ ᠤ᠋ᠨ ᠦᠯᠡᠳᠡᠭ᠌ᠳᠡᠯ ᠢ᠋ ᠢᠯᠡᠷᠡᠭᠦᠯᠪᠠ᠃ ᠡᠭᠦᠨ ᠳ᠋ᠦ ᠪᠤᠯᠠᠱᠢᠨ ᠡᠴᠡ ᠣᠯᠳᠠᠭ᠍ᠰᠠᠨ ᠬᠠᠮᠤᠭ ᠤ᠋ᠨ ᠲᠣᠮᠣ ᠬᠠᠰ ᠭᠠᠬᠠᠢ ᠯᠤᠤ ᠨᠢ ᠬᠠᠭᠤᠴᠢ ᠰᠤᠳᠤᠯᠤᠯ ᠤ᠋ᠨ ᠠᠭᠤᠳᠠᠯᠤᠯᠳᠠ ᠳ᠋ᠦ ᠤᠯᠳᠠᠭᠰᠠᠨ ᠬᠠᠰ ᠡᠳ᠋ᠯᠡᠯ ᠤ᠋ᠨ ᠰᠤᠳᠤᠯᠭᠠᠨ ᠳ᠋ᠤ ᠮᠠᠰᠢ ᠴᠢᠬᠤᠯᠠ ᠦᠨ᠎ᠠ ᠦᠷᠳᠡᠭ ᠲᠠᠢ ᠪᠠᠢᠵᠦ᠂ ᠠᠭᠤᠳᠠᠯᠵᠦ ᠭᠠᠷᠭᠠᠭ᠍ᠰᠠᠨ ᠪᠤᠰᠤᠳ 100 ᠭᠠᠷᠤᠢ ᠬᠤᠪᠢ ᠬᠤᠩᠱᠠᠨ ᠰᠣᠶᠣᠯ ᠤ᠋ᠨ ᠬᠠᠰ ᠡᠳ᠋ᠯᠡᠯ ᠨᠢ ᠬᠤᠩᠱᠠᠨ ᠰᠣᠶᠣᠯ ᠤ᠋ᠨ ᠬᠠᠰ ᠡᠳ᠋ᠯᠡᠯ ᠤ᠋ᠨ ᠶᠡᠬᠡᠩᠬᠢ ᠲᠦᠷᠦᠯ ᠵᠦᠢᠯ ᠢ᠋ ᠦᠨᠳᠦᠰᠦᠨ ᠳ᠋ᠡᠭᠡᠨ ᠬᠠᠮᠤᠷᠴᠤ᠌᠂ ᠶᠡᠬᠡ ᠬᠡᠮᠵᠢᠶᠡᠨ ᠤ᠋ ᠬᠠᠰ ᠡᠳ᠋ᠯᠡᠯ ᠤ᠋ᠨ ᠮᠠᠲ᠋ᠧᠷᠢᠶᠠᠯ᠂ ᠥᠷᠥᠮᠳᠡᠭᠰᠡᠨ ᠨᠦᠬᠡ᠂ ᠦᠯᠡᠳᠡᠭ᠌ᠳᠡᠯ ᠬᠠᠰ ᠡᠳ᠋ᠯᠡᠯ ᠵᠡᠷᠭᠡ ᠨᠢ ᠬᠤᠩᠱᠠᠨ ᠰᠣᠶᠣᠯ ᠤ᠋ᠨ ᠬᠠᠰ ᠡᠳ᠋ᠯᠡᠯ ᠢ᠋ ᠪᠣᠯᠪᠠᠰᠤᠷᠠᠭᠤᠯᠬᠤ ᠮᠡᠷᠭᠡᠵᠢᠯ᠂ ᠬᠠᠰ ᠡᠳ᠋ᠯᠡᠯ ᠤ᠋ᠨ ᠢᠷᠡᠯᠳᠡ ᠪᠠ ᠬᠡᠷᠡᠭ᠌ᠯᠡᠯᠲᠡ ᠵᠡᠷᠭᠡ ᠲᠠᠯ᠎ᠠ ᠶ᠋ᠢ ᠰᠤᠳᠤᠯᠬᠤ ᠳ᠋ᠦ ᠡᠯᠪᠡᠭ ᠪᠠᠶᠠᠯᠢᠭ ᠮᠠᠲ᠋ᠧᠷᠢᠶᠠᠯ ᠬᠠᠩᠭᠠᠵᠤ᠂ ᠳᠤᠮᠳᠠᠳᠤ ᠤᠯᠤᠰ ᠤ᠋ᠨ ᠪᠠᠯᠠᠷ ᠡᠷᠲᠡᠨ ᠤ᠋ ᠬᠠᠰ ᠡᠳ᠋ᠯᠡᠯ ᠤ᠋ᠨ ᠰᠤᠳᠤᠯᠭᠠᠨ ᠳ᠋ᠦ ᠪᠠᠰᠠ ᠨᠢᠭᠡᠨ ᠱᠢᠨ᠎ᠡ ᠭᠡᠷᠡᠴᠢ ᠬᠠᠩᠭᠠᠪᠠ᠃

ᠤᠢᠯᠠᠭᠠᠭᠰᠠᠨ ᠵᠢᠡᠷ᠂ ᠪᠥᠬᠥ᠌ ᠤᠯᠤᠰ ᠤ᠋ᠨ ᠠᠷᠪᠠᠨ ᠶᠡᠬᠡ ᠬᠠᠭᠤᠴᠢ ᠰᠤᠳᠤᠯᠤᠯ ᠤ᠋ᠨ ᠱᠢᠨ᠎ᠡ ᠢᠯᠡᠷᠡᠭᠦᠯᠦᠯᠲᠡ ᠪᠣᠯ ᠳᠤᠮᠳᠠᠳᠤ ᠤᠯᠤᠰ ᠤ᠋ᠨ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠲᠣᠪᠴᠢᠶ᠎ᠠ ᠡᠴᠡ ᠳᠤᠮᠳᠠᠳᠤ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠣᠨᠢᠨ ᠤ᠋ ᠬᠣᠷᠢᠶ᠎ᠠ ᠪᠤᠯᠤᠨ ᠳᠤᠮᠳᠠᠳᠤ ᠤᠯᠤᠰ ᠤ᠋ᠨ ᠬᠠᠭᠤᠴᠢ ᠰᠤᠳᠤᠯᠤᠯ ᠤ᠋ᠨ ᠨᠡᠢᠭᠡᠮᠯᠢᠭ ᠲᠦ᠍ ᠨᠠᠢᠳᠠᠵᠤ ᠵᠢᠯ ᠪᠤᠯᠭᠠᠨ ᠱᠢᠯᠭᠠᠷᠠᠭᠤᠯᠳᠠᠭ ᠠᠷᠪᠠᠨ ᠶᠡᠬᠡ ᠬᠠᠭᠤᠴᠢ ᠰᠤᠳᠤᠯᠤᠯ ᠤ᠋ᠨ ᠱᠢᠨ᠎ᠡ ᠢᠯᠡᠷᠡᠭᠦᠯᠦᠯᠲᠡ ᠪᠣᠯᠤᠨ᠎ᠠ᠃ ᠲᠡᠭᠦᠨ ᠤ᠋ ᠱᠢᠯᠭᠠᠷᠠᠭᠤᠯᠬᠤ ᠪᠠᠷᠢᠮᠵᠢᠶ᠎ᠠ ᠳ᠋ᠤ ᠰᠢᠨ᠎ᠠ ᠢᠯᠡᠷᠡᠭᠦᠯᠦᠯᠳᠡ ᠨᠢ ᠲᠡᠦᠬᠡ᠂ ᠤᠷᠠᠯᠢᠭ᠂ ᠱᠢᠨᠵᠢᠯᠡᠬᠦ᠌ ᠤᠬᠠᠭᠠᠨ ᠤ᠋ ᠦᠨ᠎ᠡ ᠥᠷᠲᠡᠭ ᠲᠡᠶ ᠪᠠᠢᠬᠤ ᠬᠡᠷᠡᠭ ᠳᠡᠢ ᠪᠥᠭᠡᠳ ᠳᠤᠮᠳᠠᠳᠤ ᠤᠯᠤᠰ ᠤ᠋ᠨ ᠬᠠᠭᠤᠴᠢ ᠰᠤᠳᠤᠯᠤᠯ ᠤ᠋ᠨ ᠱᠢᠨᠵᠢᠯᠡᠭᠡᠨ ᠳ᠋ᠦ ᠱᠢᠨ᠎ᠡ ᠮᠡᠳᠡᠭᠡ ᠵᠠᠩᠭᠢ ᠵᠢᠴᠢ ᠱᠢᠨ᠎ᠡ ᠲᠠᠨᠢᠯᠲᠠ ᠬᠠᠩᠭᠠᠬᠤ᠎ᠶ᠋ᠢ ᠱᠠᠭᠠᠷᠳᠠᠳᠠᠭ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号