3 ᠰᠠᠷ᠎ᠠ᠎ᠳᠤ ᠤᠯᠠᠭᠠᠨᠴᠠᠪ ᠤᠨ ᠡᠬᠡ ᠭᠠᠵᠠᠷ ᠲᠦ᠍ ᠬᠠᠪᠤᠷ ᠤᠨ ᠤᠷᠢᠨ ᠤᠷᠤᠭᠰᠠᠨ ᠪᠤᠯᠪᠠᠴᠤ ᠬᠠᠶᠠ ᠬᠦᠢᠳᠡᠨ ᠴᠠᠭ ᠠᠭᠤᠷ ᠢᠯᠠᠷᠡᠵᠤ᠂ ᠭᠠᠳᠠᠨ᠎ᠠ ᠠᠵᠢᠯ ᠬᠢᠬᠦ ᠳ᠋ᠤ ᠲᠦᠬᠦᠮ ᠦᠭᠡᠢ ᠪᠠᠢᠯ᠎ᠠ᠃ ᠭᠡᠬᠦ ᠳᠤ ᠤᠯᠠᠭᠠᠨᠴᠠᠪ ᠬᠤᠲᠠ ᠵᠢᠨ ᠡᠯ᠎ᠡ ᠠᠵᠢᠯ ᠲᠥᠷᠥᠯ᠎ᠦᠨ᠎ᠬᠢᠨ ᠠᠯᠢ ᠬᠡᠳᠦᠢᠨᠡᠢ ᠠᠵᠢᠯ ᠦᠶ᠋ᠯᠡᠳᠪᠦᠷᠢᠯᠡᠯ ᠵᠢᠡᠨ ᠪᠠᠴᠢᠮ ᠪᠥᠭᠡᠳ ᠡᠮᠬᠢ ᠲᠢᠭᠯᠢᠮ᠎ᠲᠠᠶ ᠶᠠᠪᠤᠭᠳᠠᠭᠤᠯᠵᠤ ᠪᠤᠢ᠃ ᠢᠯᠠᠩᠭᠤᠶ᠎ᠠ ᠡᠯ᠎ᠡ ᠬᠦᠷᠢᠶᠡᠯᠡᠩ ᠲᠣᠭᠣᠷᠢᠭ᠎ᠲᠤ ᠴᠢᠬᠤᠯᠠ ᠶᠡᠬᠡ ᠲᠥᠷᠥᠯ ᠵᠦᠶ᠋ᠯ ᠦᠳ ᠬᠥᠷ ᠬᠥᠭ᠌ᠵᠢᠶᠡᠨᠲᠡᠶ ᠶᠠᠪᠤᠭ᠍ᠳᠠᠵᠤ᠂《ᠪᠥᠬᠥ᠌ ᠵᠢᠯ ᠵᠢᠡᠷ ᠵᠢᠡᠨ ᠠᠮᠵᠢᠯᠲᠠ ᠤᠯᠬᠤ》 ᠪᠡᠷ ᠪᠥᠬᠥ᠌ ᠬᠦᠴᠦᠨᠢᠶᠡᠷᠴᠢᠷᠮᠠᠢᠵᠠᠭᠠᠵᠤ ᠪᠠᠢᠨ᠎ᠠ᠃
3 ᠰᠠᠷ᠎ᠠ᠎ᠶ᠋ᠢᠨ 26 ᠤ᠋ ᠦᠳᠡ᠎ᠶ᠋ᠢᠨ ᠬᠣᠢᠨ᠎ᠠ᠂ ᠰᠤᠷᠪᠤᠯᠵᠢᠯᠠᠭ᠍ᠴᠢ ᠤᠯᠠᠭᠠᠨᠴᠠᠪ᠎ᠤᠨ ᠴᠠᠬᠠᠷ ᠳᠡᠭᠡᠳᠦ ᠱᠢᠨ᠎ᠡ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠲᠤ ᠪᠠᠢᠭ᠎ᠠ ᠵᠥᠩ ᠵᠢᠨ ᠲᠣᠭ᠎ᠠ ᠪᠠᠷᠢᠮᠲᠠ᠎ᠶ᠋ᠢᠨ ᠤᠯᠠᠭᠠᠨᠴᠠᠪ ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠤᠳᠤᠬᠤ ᠬᠦᠴᠦᠨ᠎ᠦ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠬᠦᠷᠬᠦ᠎ᠳᠤ ᠤᠬᠤᠬᠤ ᠮᠠᠱᠢᠨ᠂ ᠠᠴᠢᠶᠠᠨ ᠤ ᠮᠠᠱᠢᠨ᠂ ᠡᠷᠭᠦᠭᠦᠷ ᠲᠡᠷᠭᠡ ᠵᠡᠷᠭᠡ ᠲᠣᠮᠣ ᠬᠡᠯᠪᠡᠷᠢ᠎ᠶ᠋ᠢᠨ ᠮᠠᠱᠢᠨ ᠮᠸᠬᠠᠨᠢᠭ ᠨᠠᠭᠠᠰᠢ ᠴᠠᠭᠠᠰᠢ ᠰᠦᠯᠵᠢᠯᠳᠦᠵᠦ᠍᠂ ᠠᠵᠢᠯᠴᠢᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠂ ᠡᠯ᠎ᠡ ᠪᠠᠷᠢᠯᠭ᠎ᠠ᠎ᠶ᠋ᠢᠨ ᠠᠵᠢᠯ᠎ᠢᠶᠠᠨ ᠪᠠᠴᠢᠮ ᠪᠥᠭᠡᠳ ᠡᠮᠬᠢ ᠲᠢᠭᠯᠢᠮ᠎ᠲᠠᠶ ᠬᠢᠵᠦ᠍ ᠪᠠᠢᠯ᠎ᠠ᠃
ᠵᠥᠩ ᠵᠢᠨ ᠲᠣᠭ᠎ᠠ ᠪᠠᠷᠢᠮᠲᠠ᠎ᠶ᠋ᠢᠨ ᠤᠯᠠᠭᠠᠨᠴᠠᠪ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠤᠳᠤᠬᠤ ᠬᠦᠴᠦᠨ ᠦ ᠰᠠᠭᠤᠷᠢᠨ ᠤ ᠲᠥᠷᠥᠯ ᠵᠦᠶ᠋ᠯ 2022 ᠣᠨ᠎ᠤ 5 ᠰᠠᠷ᠎ᠠ᠎ᠳᠤ ᠤᠯᠠᠭᠠᠨᠴᠠᠪ᠎ᠤᠨ ᠴᠠᠬᠠᠷ ᠳᠡᠭᠡᠳᠦ ᠱᠢᠨ᠎ᠡ ᠮᠡᠷᠭᠡᠵᠢᠯ ᠦᠨ ᠨᠡᠭᠡᠭᠡᠯᠲᠡ᠎ᠶ᠋ᠢᠨ ᠲᠣᠭᠣᠷᠢᠭ᠎ᠲᠤ ᠨᠤᠲᠤᠭ᠍ᠰᠢᠪᠠ᠃ ᠲᠣᠰ ᠲᠥᠷᠥᠯ ᠵᠦᠶ᠋ᠯ 574 ᠮᠥ᠍ ᠭᠠᠵᠠᠷ ᠡᠵᠡᠯᠡᠵᠦ᠍᠂ 61 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠬᠤ᠎ᠪᠠᠷ ᠲᠥᠯᠥᠪᠯᠡᠵᠦ᠍᠂ ᠲᠥᠯᠥᠪᠵᠢᠭᠦᠯᠦᠭ᠌ᠰᠡᠨ ᠪᠠᠷᠢᠯᠭ᠎ᠠ᠎ᠶ᠋ᠢᠨ ᠶᠡᠷᠦᠩᠬᠡᠶ ᠲᠠᠯᠠᠪᠠᠶ᠎ᠨᠢ 45 ᠲᠦᠮᠡᠨ ᠲᠡᠭ᠌ᠰᠢ ᠳᠥᠷᠪᠡᠯᠵᠢᠨ ᠮᠧᠲ᠋ᠷ ᠢ ᠳᠠᠪᠠᠵᠤ᠂ 2.5 ᠲᠦᠮᠡᠨ ᠳᠡᠭᠡᠳᠦ ᠲᠠᠰ᠎ᠤᠨ ᠮᠠᠱᠢᠨ᠎ᠤ ᠬᠣᠷᠭᠣ ᠪᠠᠢᠷᠢᠯᠠᠭᠤᠯᠬᠤ ᠪᠡᠷ ᠲᠥᠯᠥᠪᠯᠡᠪᠡ᠃ ᠵᠥᠩ ᠵᠢᠨ ᠲᠣᠭ᠎ᠠ ᠪᠠᠷᠢᠮᠲᠠ᠎ᠶ᠋ᠢᠨ ᠡᠵᠡᠩᠨᠡᠯᠲᠡ ᠬᠠᠮᠢᠶᠠᠷᠤᠯᠲᠠ᠎ᠶ᠋ᠢᠨ ᠺᠣᠮᠫᠠᠨᠢ᠎ᠶ᠋ᠢᠨ ᠳᠡᠳ᠋ ᠶᠡᠷᠦᠩᠬᠡᠶ ᠵᠠᠬᠢᠷᠤᠯ ᠵᠣᠣ ᠳ᠋ᠸ ᠧᠨ᠄ 《ᠪᠢᠳᠡ ᠤᠯᠠᠭᠠᠨᠴᠠᠪ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠠ ᠠᠵᠤ ᠦᠶ᠋ᠯᠡᠰ᠎ᠦᠨ ᠰᠠᠢᠨ ᠲᠥᠷᠥ᠎ᠶ᠋ᠢᠨ ᠪᠣᠳᠣᠯᠭ᠎ᠠ ᠳ᠋ᠦ ᠲᠠᠲᠠᠭᠳᠠᠨ ᠡᠨᠳᠡ ᠨᠤᠲᠤᠭ᠍ᠰᠢᠯᠠ᠃ ᠵᠥᠩ ᠵᠢᠨ ᠲᠣᠭ᠎ᠠ ᠪᠠᠷᠢᠮᠲᠠ᠎ᠶ᠋ᠢᠨ ᠤᠯᠠᠭᠠᠨᠴᠠᠪ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠤᠳᠤᠬᠤ ᠬᠦᠴᠦᠨ᠎ᠦ ᠰᠠᠭᠤᠷᠢᠨ᠎ᠤ ᠲᠥᠷᠥᠯ ᠵᠦᠶ᠋ᠯ ᠳ᠋ᠤ 12 ᠪᠣᠳᠣᠯᠭ᠎ᠠ᠎ᠶ᠋ᠢᠨ ᠮᠠᠱᠢᠨ ᠤ ᠬᠡᠷ ᠪᠠᠢᠭᠤᠯᠬᠤ᠎ᠪᠠᠷ ᠲᠥᠯᠥᠪᠯᠡᠵᠦ᠍᠂ ᠣᠳᠣᠬᠠᠨ᠎ᠳᠤ 7 ᠪᠤᠳᠤᠯᠭ᠎ᠠ ᠵᠢᠨ ᠮᠠᠱᠢᠨ᠎ᠤ ᠬᠡᠷ᠎ᠢ ᠨᠢᠭᠡᠨᠲᠡ ᠠᠱᠢᠭ᠍ᠯᠠᠯᠲᠠ᠎ᠳᠤ ᠣᠷᠣᠭᠤᠯᠪᠠ᠃ ᠦᠯᠡᠳᠡᠭ᠌ᠰᠡᠨ ᠮᠠᠱᠢᠨ᠎ᠤ ᠭᠡᠷ ᠢ᠋ 8 ᠰᠠᠷ᠎ᠠ᠎ᠶ᠋ᠢᠨ ᠰᠡᠭᠦᠯᠴᠢ᠎ᠪᠡᠷ ᠪᠦᠬᠦᠨ᠎ᠢ ᠲᠤᠱᠢᠶᠠᠨ ᠠᠱᠢᠭ᠍ᠯᠠᠯᠲᠠ᠎ᠳᠤ ᠣᠷᠣᠭᠤᠯᠤᠨ᠎ᠠ》 ᠭᠡᠵᠤ ᠲᠠᠨᠢᠯᠴᠠᠭᠤᠯᠵᠠᠢ᠃
ᠲᠦᠷᠦᠯ ᠵᠦᠢᠯ᠎ᠦᠨ ᠠᠬᠢᠴᠠ ᠤᠷᠤᠭ᠍ᠰᠢᠲᠠᠢ ᠪᠠᠢᠬᠤ ᠨᠢ ᠠᠵᠤ ᠠᠬᠤᠢᠯᠠᠯ᠎ᠤᠨ ᠲᠤᠰ ᠪᠡᠶ᠎ᠡ᠎ᠶ᠋ᠢᠨ ᠴᠢᠷᠮᠠᠢᠯᠭ᠎ᠠ᠎ᠠᠴᠠ ᠭᠠᠳᠠᠨ᠎ᠠ ᠪᠠᠰᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠎ᠦᠨ ᠳᠡᠮᠵᠢᠯᠭᠡ ᠪᠠ ᠠᠬᠢᠭᠤᠯᠤᠯ᠎ᠠᠴᠠ ᠰᠠᠯᠵᠤ ᠴᠢᠳᠠᠬᠤ ᠦᠭᠡᠢ᠃
《ᠮᠠᠨ᠎ᠤ ᠪᠦᠬᠦᠢᠯᠡ ᠲᠥᠷᠥᠯ ᠵᠦᠶ᠋ᠯ᠎ᠦᠨ ᠠᠬᠢᠴᠠ ᠮᠠᠰᠢ ᠤᠷᠤᠭ᠍ᠰᠢᠲᠠᠶ ᠪᠠᠢᠨ᠎ᠠ᠂ 2023 ᠣᠨ᠎ᠤ 6 ᠰᠠᠷ᠎ᠠ᠎ᠳᠤ ᠪᠠᠷᠢᠯᠭ᠎ᠠ ᠡᠬᠢᠯᠡᠭᠦᠯᠦᠨ᠂ 2024 ᠣᠨ᠎ᠤ 8 ᠰᠠᠷ᠎ᠠ᠎ᠳᠤ ᠲᠦᠷᠦᠬᠦᠦ ᠪᠦᠯᠦᠭ ᠤᠨ ᠲᠤᠱᠢᠶᠠᠬᠤ ᠡᠭᠦᠷᠭᠡ ᠪᠠᠨ ᠪᠡᠶᠡᠯᠡᠭᠦᠯᠦᠭᠡᠳ ᠠᠱᠢᠭ᠍ᠯᠠᠯᠲᠠ᠎ᠳᠤ ᠣᠷᠣᠭᠤᠯᠪᠠ᠃ ᠮᠠᠨ ᠤ᠋ ᠭᠠᠷ ᠬᠦᠢᠴᠡᠳᠭᠡᠯ ᠬᠢᠬᠦ᠂ ᠡᠯ᠎ᠡ ᠵᠦᠶ᠋ᠯ᠎ᠦᠨ ᠠᠵᠢᠯ᠎ᠢ ᠠᠬᠢᠭᠤᠯᠬᠤ ᠲᠠᠯ᠎ᠠ ᠪᠡᠷ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠴᠠᠬᠠᠷ ᠳᠡᠭᠡᠳᠦ ᠱᠢᠨ᠎ᠡ ᠮᠡᠷᠭᠡᠵᠢᠯ᠎ᠦᠨ ᠨᠡᠭᠡᠭᠡᠯᠲᠡ᠎ᠶ᠋ᠢᠨ ᠲᠤᠭᠤᠷᠢᠭ ᠮᠠᠰᠢ ᠶᠡᠬᠡ ᠳᠡᠮᠵᠢᠯᠭᠡ ᠦᠵᠡᠭᠦᠯᠵᠡᠶ》 ᠭᠡᠵᠦ᠍ ᠵᠤᠤ ᠳ᠋ᠧ ᠧᠨ ᠶᠠᠷᠢᠯ᠎ᠠ᠃
ᠠᠳᠠᠯᠢᠬᠠᠨ᠎ᠢᠶᠠᠷ ᠵᠢᠨᠢᠩ ᠲᠣᠭᠣᠷᠢᠭ᠎ᠤᠨ ᠪᠠᠢ ᠬᠠᠢ ᠽᠢ ᠪᠠᠯᠭᠠᠰᠤᠨ᠎ᠳᠤ ᠪᠠᠢᠷᠢᠯᠠᠭ᠎ᠠ ᠥᠪᠥᠷ ᠮᠣᠩᠭᠣᠯ᠎ᠤᠨ ᠤᠯᠠᠭᠠᠨᠴᠠᠪ ᠤᠨ ᠳ᠋ᠦᠩ ᠶᠠᠩ ᠭᠤᠸᠠᠩ ᠬᠦᠡᠭᠭᠡᠨᠴᠠᠭᠠᠨ ᠢᠯᠲᠠᠰᠤᠨᠤ᠋ ᠬᠢᠵᠠᠭᠠᠷᠲᠤ ᠺᠣᠮᠫᠠᠨᠢ᠎ᠶ᠋ᠢᠨ ᠡᠯ᠎ᠡ ᠲᠦᠷᠦᠯ ᠵᠦᠢᠯ ᠴᠦ᠍ ᠬᠦᠷ ᠬᠥᠭ᠌ᠵᠢᠶᠡᠨᠲᠡᠶ ᠠᠬᠢᠵᠤ ᠪᠠᠢᠨ᠎ᠠ᠃
3 ᠰᠠᠷ᠎ᠠ᠎ᠶ᠋ᠢᠨ 27 ᠤ᠋ ᠡᠳᠦᠷ ᠦᠨ ᠦᠳᠡ᠎ᠶ᠋ᠢᠨ ᠡᠮᠦᠨ᠎ᠡ᠂ ᠰᠤᠷᠪᠤᠯᠵᠢᠯᠠᠭ᠍ᠴᠢ ᠲᠣᠰ ᠺᠣᠮᠫᠠᠨᠢ᠎ᠶ᠋ᠢᠨ ᠦᠶ᠋ᠯᠡᠳᠪᠦᠷᠢᠯᠡᠯ ᠦᠨ ᠲᠠᠰᠤᠭ ᠲᠤ ᠬᠦᠷᠬᠦ ᠳ᠋ᠤ᠂ ᠲᠣᠮᠣ ᠦᠶ᠋ᠯᠡᠳᠪᠦᠷᠢ᠎ᠶ᠋ᠢᠨ ᠲᠠᠰᠤᠭ ᠲᠤ᠌ ᠣᠳᠣᠬᠢᠴᠢᠯᠠᠭ᠍ᠰᠠᠨ ᠬᠡᠳᠦᠨ ᠦᠶ᠋ᠯᠡᠳᠪᠦᠷᠢᠯᠡᠯ᠎ᠦᠨ ᠱᠤᠭᠤᠮ ᠶᠠᠭᠠᠷᠠᠯᠲᠠᠢ ᠠᠵᠢᠯᠯᠠᠵᠤ᠂ ᠮᠠᠱᠢᠨ᠎ᠤ ᠬᠦᠷᠴᠢᠭᠢᠨᠡᠬᠦ ᠲᠠᠭᠤᠨ ᠠᠢᠵᠠᠮ ᠴᠣᠬᠢᠯᠭ᠎ᠠ᠎ᠲᠠᠶ ᠰᠤᠨᠤᠰᠳᠠᠨ᠂ ᠴᠥᠭᠡᠨ ᠠᠵᠢᠯᠴᠢᠳ ᠦᠶ᠋ᠯᠡᠳᠪᠦᠷᠢᠯᠡᠯ᠎ᠦᠨ ᠱᠤᠭᠤᠮ ᠳᠡᠭᠡᠷ᠎ᠡ ᠨᠠᠭᠠᠰᠢ ᠴᠠᠭᠠᠰᠢ ᠰᠦᠯᠵᠢᠯᠳᠦᠨᠠ᠃
ᠳ᠋ᠦᠩ ᠶᠠᠩ ᠭᠤᠸᠠᠩ ᠤᠯᠠᠭᠠᠨᠴᠠᠪ᠎ᠤᠨ ᠰᠠᠭᠤᠷᠢᠨ᠎ᠢ ᠳ᠋ᠦᠩ ᠶᠠᠩ ᠭᠤᠸᠠᠩ ᠪᠦᠯᠦᠭ᠌ᠯᠡᠯ 2017 ᠣᠨ᠎ᠤ 8 ᠰᠠᠷ᠎ᠠ ᠳᠤ ᠪᠠᠯᠠ ᠣᠷᠣᠭᠤᠯᠤᠨ ᠪᠦᠲᠦᠭᠡᠨ ᠪᠠᠢᠭᠤᠯᠵᠤ᠂ ᠭᠤᠤᠯᠳᠠᠭᠤ ᠬᠥᠩᠭᠡᠨᠴᠠᠭᠠᠨ ᠴᠠᠬᠢᠯᠭᠠᠨ ᠵᠠᠳᠠᠯᠤᠯ ᠤᠨ ᠴᠠᠬᠢᠯᠭᠠᠨ ᠪᠠᠭ᠍ᠲᠠᠭᠠᠭ᠍ᠴᠢᠶ᠋ᠢᠨ ᠵᠠᠩᠭᠢᠯᠠᠭ᠎ᠠ᠎ᠶ᠋ᠢᠨ ᠲᠦᠭᠦᠬᠡᠶ ᠮᠠᠲ᠋ᠧᠷᠢᠶᠠᠯ ᠪᠤᠯᠬᠤ ᠬᠦᠡᠭᠭᠡᠨᠴᠠᠭᠠᠨ ᠢᠯᠲᠠᠰᠤ᠂ ᠬᠤᠷᠠᠮᠠᠯ ᠲᠠᠪᠬᠤᠷᠭ᠎ᠠ ᠵᠢᠨ ᠢᠯᠲᠠᠰᠤ ᠵᠢ ᠤᠢᠯᠠᠳᠪᠤᠷᠢᠯᠡᠨ ᠰᠤᠳᠤᠯᠤᠨ ᠨᠡᠭᠡᠭᠡᠵᠦ᠍ ᠪᠣᠷᠣᠯᠠᠭᠤᠯᠤᠨ᠎ᠠ᠃ ᠲᠤᠰ ᠺᠤᠮᠫᠠᠨᠢ ᠤᠷᠢᠳ ᠬᠣᠵᠢᠳ ᠳ᠋ᠦᠩ ᠶᠠᠩ ᠭᠤᠸᠠᠩ ᠬᠦᠡᠭᠭᠡᠨᠴᠠᠭᠠᠨ ᠢᠯᠲᠠᠰᠤᠨᠤ ᠬᠢᠵᠠᠭᠠᠷᠲᠤ ᠺᠣᠮᠫᠠᠨᠢ᠂ ᠳ᠋ᠦᠩ ᠶᠠᠩ ᠭᠤᠸᠡᠡᠭ ᠶᠠᠩ ᠡᠯᠧᠺᠲ᠋ᠷᠣᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠬᠢᠵᠠᠭᠠᠷᠲᠤ ᠺᠣᠮᠫᠠᠨᠢ ᠬᠡᠬᠦ 2 ᠺᠣᠮᠫᠠᠨᠢ ᠪᠠᠢᠭᠤᠯᠪᠠ᠃
ᠲᠣᠰ ᠺᠣᠮᠫᠠᠨᠢ ᠵᠢᠨ ᠬᠦᠡᠭᠭᠡᠨᠴᠠᠭᠠᠨ ᠢᠯᠲᠠᠰᠤᠨ ᠤ᠋ ᠦᠶ᠋ᠯᠡᠳᠪᠦᠷᠢᠯᠡᠯ ᠤ᠋ᠨ ᠱᠤᠭᠤᠮ᠎ᠤᠨ ᠠᠯᠪᠠᠨ ᠬᠡᠷ᠎ᠦᠨ ᠡᠷᠬᠢᠯᠡᠭ᠌ᠴᠢ ᠵᠠᠩ ᠢᠦᠶ᠄ 《ᠮᠠᠨ᠎ᠤ ᠺᠣᠮᠫᠠᠨᠢ ᠣᠲᠣ ᠪᠣᠯᠲᠠᠯ᠎ᠠ ᠨᠢᠭᠡᠨᠲᠡ 20 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠠᠢ᠃ 4 ᠲᠥᠷᠥᠯ ᠵᠦᠢᠯ ᠢ᠋ 4 ᠬᠤᠭᠤᠴᠠᠭ᠎ᠠ ᠬᠤᠪᠢᠶᠠᠨ ᠪᠦᠲᠦᠭᠡᠨ ᠪᠠᠢᠭᠤᠯᠤᠨ᠎ᠠ᠂ ᠣᠳᠣ ᠨᠢᠭᠡᠳᠤᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ᠎ᠤ ᠲᠦᠷᠦᠯ ᠵᠤᠢᠯ ᠤ᠋ᠨ ᠪᠠᠷᠢᠯᠭ᠎ᠠ ᠳᠠᠭᠤᠰᠴᠤ᠌᠂ ᠭᠤᠷᠪᠠᠳᠤᠭᠠᠷ ᠬᠤᠭᠤᠴᠠᠭ᠎ᠠ᠂ ᠲᠦᠷᠪᠡᠳᠤᠭᠡᠷ ᠬᠤᠭᠤᠴᠠᠭᠠᠨ ᠤ᠋ ᠲᠦᠷᠦᠯ ᠵᠤᠢᠯ ᠤ᠋ᠨ ᠪᠡᠷᠢᠯᠭ᠎ᠠ ᠵᠢ ᠶᠠᠭ ᠪᠦᠲᠦᠭᠡᠨ ᠪᠠᠢᠭᠤᠯᠵᠤ ᠪᠠᠢᠨ᠎ᠠ᠃ ᠮᠠᠨ᠎ᠤ ᠺᠣᠮᠫᠠᠨᠢ 2024 ᠣᠨ᠎ᠳᠤ ᠪᠣᠷᠣᠯᠠᠭᠤᠯᠭ᠎ᠠ᠎ᠶ᠋ᠢᠨ ᠣᠷᠣᠯᠭ᠎ᠠ᠎ᠶ᠋ᠢ 24 ᠳ᠋ᠦᠩᠱᠢᠭᠤᠷ ᠲᠥᠭᠥᠷᠢᠭ ᠪᠡᠶᠡᠯᠡᠭᠦᠯᠵᠠᠢ》 ᠬᠡᠵᠤ ᠲᠠᠨᠢᠯᠴᠠᠭᠤᠯᠤᠨ᠎ᠠ᠃
ᠵᠠᠩ ᠢᠦᠶ᠄《ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌᠎ᠡᠴᠡ ᠠᠱᠢᠭ᠍ᠯᠠᠯᠲᠠ᠎ᠳᠤ ᠣᠷᠣᠭᠤᠯᠬᠤ ᠬᠦᠷᠲᠡᠯᠡᠬᠢ ᠭᠣᠭ᠍ᠴᠣᠭ᠎ᠠ ᠪᠦᠷᠢᠳᠦ ᠵᠠᠰᠠᠭ᠎ᠤᠨ ᠣᠷᠳᠣᠨ ᠲᠦᠷᠦᠯ ᠵᠤᠢᠯ ᠢ᠋ ᠬᠠᠷᠢᠭᠤᠴᠠᠬᠤ ᠲᠤᠰᠭᠠᠶ ᠠᠩᠭᠢ ᠭᠠᠷᠭᠠᠵᠤ ᠪᠥᠬᠥ᠌ ᠶᠠᠪᠤᠴᠠ ᠳ᠋ᠤ ᠬᠠᠪᠰᠤᠷᠤᠨ ᠲᠡᠮᠵᠢᠵᠠᠢ᠃ ᠤᠯᠠᠭᠠᠨᠴᠠᠪ ᠬᠣᠲᠠ᠂ ᠵᠢᠨᠢᠩ ᠲᠣᠭᠣᠷᠢᠭ ᠬᠣᠶᠠᠷ ᠱᠠᠲᠤᠨ᠎ᠤ ᠵᠠᠰᠠᠭ᠎ᠤᠨ ᠣᠷᠳᠣᠨ ᠠᠷᠪᠢᠨ ᠠᠷᠭ᠎ᠠ ᠬᠡᠮᠵᠢᠶ᠎ᠡ᠎ᠠᠪᠴᠤ᠂ ᠮᠠᠨ᠎ᠤ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ ᠲᠥᠷᠥᠯ ᠵᠦᠶ᠋ᠯ᠎ᠤᠨ ᠤᠷᠤᠭ᠍ᠰᠢᠲᠠᠶ ᠬᠡᠷᠡᠭ᠌ᠵᠢᠭᠦᠯᠬᠦ ᠵᠢ ᠠᠬᠢᠭᠤᠯᠪᠠ᠃ ᠵᠢᠱ᠌ᠢᠶᠡᠯᠡᠪᠡᠯ〈ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌〉 ᠦᠶ᠋ᠯᠡᠴᠢᠯᠡᠭᠡᠨ᠎ᠦ ᠲᠣᠭ᠍ᠲᠠᠴᠠ᠎ᠶ᠋ᠢ ᠪᠠᠢᠭᠤᠯᠵᠤ᠂ ᠭᠠᠵᠠᠷ ᠱᠢᠷᠣᠶ᠎ᠶ᠋ᠢᠨ ᠬᠠᠩᠭᠠᠯᠭ᠎ᠠ᠂ ᠴᠠᠬᠢᠯᠭᠠᠨ ᠬᠦᠴᠦᠨ᠎ᠦ ᠪᠠᠲᠤᠯᠠᠭ᠎ᠠ ᠵᠡᠷᠭᠡ ᠲᠠᠯ᠎ᠠ᠎ᠪᠠᠷ ᠲᠤᠰᠭᠠᠶ ᠳᠡᠮᠵᠢᠯᠭᠡ ᠦᠵᠡᠭᠦᠯᠤᠯᠠ;〈ᠳᠤᠲᠠᠭ᠍ᠳᠠᠵᠤ ᠪᠠᠢᠬᠤ᠎ᠶ᠋ᠢ ᠠᠭᠤᠴᠢᠯᠠᠨ ᠱᠢᠶ᠋ᠳᠪᠦᠷᠢᠯᠡᠬᠦ᠌ + ᠨᠡᠢᠯᠡᠭᠦᠯᠦᠭᠡᠳ ᠬᠠᠮᠲᠤᠷᠠᠨ ᠬᠢᠨᠠᠨ ᠵᠥᠪᠱᠢᠶᠡᠷᠡᠬᠦ᠌〉 ᠵᠠᠭ᠍ᠪᠤᠷ᠎ᠢ ᠬᠡᠷᠡᠭ᠌ᠵᠢᠭᠦᠯᠵᠦ᠍᠂ ᠳᠥᠷᠪᠡᠳᠦᠭᠡᠷ ᠬᠤᠭᠤᠴᠠᠭᠠᠨ ᠤ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠭᠠᠷ ᠬᠦᠢᠴᠡᠳᠭᠡᠯ ᠤ᠋ᠨ ᠦᠶᠡᠯᠡᠯ᠎ᠦᠨ ᠬᠤᠭᠤᠴᠠᠭ᠎ᠠ ᠶ᠋ᠢ 40%᠎ᠪᠠᠷ ᠪᠣᠭᠣᠨᠢᠰᠭᠠᠵᠠᠢ;ᠵᠠᠰᠠᠭ᠎ᠤᠨ ᠣᠷᠳᠣᠨ ᠲᠦᠷᠦᠭᠦᠯᠡᠨ᠂ ᠶᠡᠬᠡ ᠳᠡᠭᠡᠳᠦ ᠰᠤᠷᠭᠠᠭᠤᠯᠢ ᠲᠠᠢ ᠬᠠᠷᠢᠯᠴᠠᠵᠤ᠂ ᠲᠤᠰᠭᠠᠢ ᠲᠦᠷᠦᠯ᠎ᠦᠨ ᠴᠢᠳᠠᠪᠤᠷᠢᠳᠡᠨ ᠤᠷᠢᠬᠤ ᠪᠠ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ᠋ ᠬᠠᠮᠲᠤᠷᠠᠯᠴᠠᠭ᠎ᠠ ᠥᠷᠨᠢᠭᠦᠯᠵᠦ᠍᠂ ᠤᠢ᠍ᠢᠷ᠎ᠠ᠎ᠶ᠋ᠢᠨ 3 ᠵᠢᠯ᠎ᠳᠦ ᠮᠠᠨ ᠤ᠋ ᠺᠤᠮᠫᠠᠨᠢ 300 ᠱᠢᠬᠠᠮ ᠲᠤᠰᠭᠠᠢ ᠮᠡᠷᠭᠡᠵᠢᠯ ᠦᠨ ᠴᠢᠳᠠᠪᠤᠷᠢᠲᠠᠨ ᠢ ᠣᠷᠣᠭᠤᠯᠤᠨ ᠠᠪᠴᠢᠷᠠᠵᠠᠢ︾ᠬᠡᠵᠤ ᠰᠤᠷᠪᠤᠯᠵᠢᠯᠠᠭᠴᠢ᠎ᠳᠤ ᠶᠠᠷᠢᠪᠠ᠃
ᠵᠠᠰᠠᠭ᠎ᠤᠨ ᠣᠷᠳᠣᠨ ᠪᠣᠯᠤᠨ ᠠᠵᠤ ᠠᠬᠤᠢᠯᠠᠯ ᠬᠠᠮᠲᠤ᠎ᠪᠠᠷ ᠬᠦᠴᠦᠯᠡᠵᠦ᠍᠂ ᠤᠯᠠᠭᠠᠨᠴᠠᠪ ᠬᠤᠳᠠ᠎ᠶ᠋ᠢᠨ ᠡᠯ᠎ᠡ ᠵᠦᠢᠯ᠎ᠦᠨ ᠴᠢᠬᠤᠯᠠ ᠶᠡᠬᠡ ᠲᠦᠷᠦᠯ ᠵᠦᠢᠯ᠎ᠢ ᠨᠡᠩ ᠤᠷᠤᠭ᠍ᠰᠢᠲᠠᠢ᠂ ᠨᠡᠩ ᠡᠷᠴᠢᠮᠲᠡᠶ ᠠᠬᠢᠭᠤᠯᠤᠭ᠍ᠰᠠᠨ᠎ᠠᠴᠠ ᠲᠤᠰ ᠬᠤᠳᠠ᠎ᠶ᠋ᠢᠨ ᠴᠢᠬᠤᠯᠠ ᠶᠡᠬᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ ᠵᠢᠨ ᠠᠵᠢᠯ 《ᠪᠦᠬᠦ᠌ ᠵᠢᠯ ᠵᠢᠡᠷ ᠵᠢᠡᠨ ᠠᠮᠵᠢᠯᠲᠠ ᠤᠯᠬᠤ》 ᠳ᠋ᠤ ᠬᠦᠴᠦᠲᠡᠢ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃
ᠣᠢᠯᠠᠭᠠᠭ᠍ᠰᠠᠨ᠎ᠢᠶᠠᠷ᠂ ᠤᠯᠠᠭᠠᠨᠴᠠᠪ ᠬᠣᠲᠠ 2025 ᠣᠨ᠎ᠳᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ 5000 ᠲᠦᠮᠡᠨ ᠲᠥᠭᠥᠷᠢᠭ᠂ ᠠᠵᠤ ᠠᠬᠤᠢᠯᠠᠯ᠎ᠤᠨ ᠪᠠᠯᠠ ᠣᠷᠣᠭᠤᠯᠤᠯᠲᠠ ᠳ᠋ᠦᠩᠱᠢᠭᠤᠷ ᠲᠥᠭᠥᠷᠢᠭ ᠡᠴᠡ ᠳᠡᠭᠡᠭ᠌ᠰᠢᠬᠢ ᠲᠥᠷᠥᠯ ᠵᠦᠶ᠋ᠯ᠎ᠢ 205ᠬᠡᠷᠡᠭ᠌ᠵᠢᠭᠦᠯᠬᠦ᠌᠎ᠪᠡᠷ ᠲᠥᠯᠥᠪᠯᠡᠵᠦ᠍᠂ ᠶᠡᠷᠦᠩᠬᠡᠶ ᠪᠠᠯᠠ ᠣᠷᠣᠭᠤᠯᠤᠯᠲᠠ ᠨᠢ 2261 ᠳ᠋ᠦᠩᠱᠢᠭᠤᠷ ᠲᠥᠭᠥᠷᠢᠭ ᠲᠤ᠌ ᠬᠦᠷᠴᠤ᠂ ᠣᠨ᠎ᠤ ᠪᠠᠯᠠ ᠣᠷᠣᠭᠤᠯᠤᠯᠲᠠ ᠵᠢ 485 ᠳ᠋ᠦᠩᠱᠢᠭᠤᠷ ᠲᠥᠭᠥᠷᠢᠭ ᠪᠠᠶᠠᠯᠡᠬᠦᠯᠬᠦ ᠪᠡᠷ ᠲᠦᠯᠦᠪᠯᠡᠨ᠂ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ᠎ᠶ᠋ᠢ 10% ᠪᠡᠷ ᠨᠡᠮᠡᠭ᠌ᠳᠡᠭᠦᠯᠦᠨ᠎ᠡ᠃ ᠣᠳᠣ ᠪᠣᠯᠲᠠᠯ᠎ᠠ᠂ ᠪᠥᠬᠥ᠌ ᠬᠣᠲᠠ᠎ᠶ᠋ᠢᠨ 91 ᠴᠢᠬᠤᠯᠠ ᠶᠡᠬᠡ ᠲᠥᠷᠥᠯ ᠵᠦᠶ᠋ᠯ ᠨᠢᠭᠡᠨᠲᠡ ᠠᠵᠢᠯ ᠦᠢᠯᠡᠳᠪᠦᠷᠢᠯᠡᠯ᠎ᠢᠶᠠᠨ ᠡᠬᠢᠯᠡᠭᠦᠯᠦᠭᠰᠡᠨ ᠪᠤᠶᠤ ᠰᠡᠷᠭᠦᠭᠡᠵᠦ᠍᠂ ᠠᠵᠢᠯ ᠦᠢᠯᠡᠳᠪᠦᠷᠢᠯᠡᠯ᠎ᠢᠶᠠᠨ ᠡᠬᠢᠯᠡᠭᠦᠯᠦᠭᠰᠡᠨ ᠪᠤᠶᠤ ᠰᠡᠷᠭᠦᠭᠡᠭ᠌ᠰᠡᠨ ᠨᠣᠷᠮ᠎ᠠ 44% ᠳ᠋ᠤ ᠬᠦᠷᠴᠦ᠍᠂ 31.1 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠤᠯᠲᠠ ᠶ᠋ᠢ ᠪᠡᠶᠡᠯᠡᠭᠦᠯᠵᠦ᠍᠂ ᠣᠨ ᠤ ᠪᠠᠯᠠ ᠣᠷᠣᠭᠤᠯᠤᠯᠲᠠ ᠵᠢᠨ ᠲᠦᠯᠦᠪᠯᠡᠭᠡ ᠵᠢᠨ 6.4%᠎ᠶ᠋ᠢ ᠪᠡᠶᠡᠯᠡᠭᠦᠯᠦᠭ᠌ᠰᠡᠨ ᠪᠠᠢᠨ᠎ᠠ᠃