ᠰᠢᠲᠠᠮᠠᠬᠠᠢ ᠬᠡᠢ᠎ᠶᠢᠨ ᠤᠰᠤ ᠬᠠᠯᠠᠭᠠᠭᠤᠷ ᠨᠢ ᠵᠦᠪᠬᠡᠨ ᠬᠠᠯᠠᠭᠤᠨ ᠤᠰᠤ ᠬᠠᠩᠭᠠᠬᠤ ᠲᠡᠳᠦᠢ ᠪᠢᠰᠢ ᠪᠤᠯᠵᠤ᠂ ᠪᠠᠰᠠ 《ᠤᠰᠤ ᠨᠥᠬᠥᠬᠦ》᠂ 《ᠠᠷᠠᠰᠤ ᠭᠣᠶᠣᠯᠠᠬᠤ》 ᠦᠢᠯᠡᠳᠦᠯ᠎ᠲᠠᠢ ᠪᠤᠯᠤᠭᠰᠠᠨ; ᠪᠣᠳᠠᠰ᠎ᠤᠨ ᠪᠤᠰᠤ ᠰᠣᠶᠣᠯ᠎ᠤᠨ ᠥᠪ ᠪᠤᠯᠬᠤ ᠮᠠᠨᠵᠤ ᠲᠡᠷᠯᠢᠭᠢ ᠤᠬᠢᠶᠠᠬᠤ ᠳ᠋ᠠᠭᠠᠨ ᠬᠢᠮᠢ᠎ᠶᠢᠨ ᠤᠬᠢᠶᠠᠯᠭ᠎ᠠ᠎ᠶᠢᠨ ᠠᠷᠭ᠎ᠠ᠎ᠶᠢ ᠬᠡᠷᠡᠭᠯᠡᠵᠦ ᠪᠣᠯᠬᠤ ᠪᠤᠯᠤᠭᠰᠠᠨ; ᠣᠷᠬᠣᠳᠠᠢ᠂ ᠬᠣᠷᠣᠬᠠᠢ ᠡᠪᠡᠰᠦ ᠵᠢ ᠬᠦᠯᠳᠡᠭᠡᠭᠦᠷ ᠲᠤᠳᠤᠷ᠎ᠠ ᠲᠤᠰᠬᠠᠢ ᠲᠤᠭᠤᠷᠢᠭ ᠭᠠᠷᠭᠠᠵᠤ ᠰᠠᠨᠠᠭ᠎ᠠ ᠠᠮᠤᠷ ᠬᠠᠳᠠᠭᠠᠯᠠᠵᠤ ᠪᠤᠯᠬᠤ ᠪᠤᠯᠤᠭᠰᠠᠨ ᠁ ᠣᠢᠷ᠎ᠠ᠎ᠶᠢᠨ ᠬᠤᠭᠤᠴᠠᠭᠠᠨ᠎ᠳᠤ᠂ ᠨᠠᠩ ᠣᠯᠠᠨ ᠣᠶᠤᠨᠴᠢᠯᠠᠭᠰᠠᠨ᠂ ᠪᠣᠬᠢᠷᠲᠤᠯ ᠦᠭᠡᠢ᠂ ᠳᠡᠭᠡᠳᠦ ᠳᠡᠰᠵᠢᠭᠰᠡᠨ ᠭᠡᠷ᠎ᠦᠨ ᠴᠠᠬᠢᠯᠭᠠᠨ ᠬᠡᠷᠡᠭᠰᠡᠯ᠎ᠦᠨ ᠰᠢᠨ᠎ᠡ ᠪᠦᠲᠦᠭᠡᠭᠳᠡᠬᠦᠨ ᠲᠠᠰᠤᠷᠠᠯᠳᠠ ᠦᠬᠡᠢ ᠢᠯᠡᠷᠡᠵᠤ᠂ ᠬᠡᠷᠡᠭᠯᠡᠭᠴᠢᠳ᠎ᠤᠨ ᠰᠤᠨᠢᠷᠬᠠᠯ᠎ᠢ ᠶᠡᠬᠡᠳᠡ ᠲᠠᠲᠠᠵᠠᠢ᠃
ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠦᠷᠦ᠎ᠶᠢᠨ ᠪᠣᠳᠣᠯᠭ᠎ᠠ᠎ᠶᠢᠨ ᠲᠠᠢ᠍ᠢᠴᠢᠯᠠᠯᠲᠠ ᠪᠡᠷ᠂ ᠮᠠᠨ᠎ᠤ ᠤᠯᠤᠰ᠎ᠤᠨ ᠭᠡᠷ᠎ᠦᠨ ᠴᠠᠬᠢᠯᠭᠠᠨ ᠬᠡᠷᠡᠭᠰᠡᠯ᠎ᠦᠨ ᠬᠡᠷᠡᠭᠯᠡᠭᠡᠨ᠎ᠦ ᠵᠠᠬ᠎ᠠ ᠳᠡᠯᠭᠡᠭᠦᠷ ᠦᠷᠭᠦᠯᠵᠢᠯᠡᠨ ᠰᠠᠢᠵᠢᠷᠠᠵᠤ᠂ ᠡᠭᠦᠨ᠎ᠳᠦ ᠣᠶᠤᠨᠴᠢ ᠦᠢᠯᠡᠳᠬᠦᠨ ᠨᠢ ᠬᠡᠷᠡᠭᠯᠡᠭᠴᠢᠳ᠎ᠦᠨ ᠲᠡᠷᠢᠬᠦᠨ ᠰᠣᠩᠭᠣᠯᠲᠠ ᠪᠣᠯᠤᠭᠰᠠᠨ ᠪᠠᠢᠨ᠎ᠠ᠃ 2024 ᠣᠨ᠎ᠳᠤ ᠮᠠᠨ᠎ᠤ ᠤᠯᠤᠰ᠎ᠤᠨ ᠪᠤᠳᠤᠭᠲᠤ ᠲᠧᠯᠸᠢᠰ᠂ ᠠᠭᠠᠷ ᠲᠣᠬᠢᠷᠠᠭᠤᠯᠤᠭ᠍ᠴᠢ᠂ ᠬᠥᠯᠳᠡᠭᠡᠭᠦᠷ᠂ ᠤᠬᠢᠶᠠᠯᠭ᠎ᠠ ᠵᠢᠨ ᠮᠠᠰᠢᠨ ᠪᠣᠯᠣᠨ ᠲᠣᠭᠣᠭᠠᠨ ᠭᠡᠷ᠎ᠦᠨ ᠴᠠᠬᠢᠯᠭᠠᠨ ᠬᠡᠷᠡᠭᠰᠡᠯ᠎ᠦᠨ ᠵᠠᠬ᠎ᠠ ᠳᠡᠯᠭᠡᠭᠦᠷ᠎ᠦᠨ ᠣᠶᠤᠨᠴᠢ ᠦᠢᠯᠡᠳᠬᠦᠨ᠎ᠢ ᠵᠢᠵᠢᠭᠯᠡᠨ ᠬᠤᠳᠠᠯᠳᠤᠭᠰᠠᠨ ᠬᠡᠮᠵᠢᠶ᠎ᠡ᠎ᠶᠢᠨ ᠡᠵᠡᠯᠡᠬᠦ ᠬᠠᠷᠢᠴᠠᠯ ᠴᠥᠮ 50% ᠵᠢ ᠳᠠᠪᠠᠵᠠᠢ᠃
ᠰᠤᠷᠪᠤᠯᠵᠢᠯᠠᠭ᠍ᠴᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠴᠡ ᠪᠤᠯᠤᠬᠰᠠᠨ ᠲᠠᠭᠠᠯᠠᠮᠵᠢᠲᠠᠢ᠂ ᠳᠥᠭᠥᠮ ᠳᠥᠷᠬᠡᠨ᠂ ᠥᠨᠳᠥᠷ ᠪᠦᠲᠦᠮᠵᠢᠲᠡᠶ ᠬᠡᠷᠡᠭᠯᠡᠬᠡ ᠵᠢᠨ ᠪᠠᠢᠳᠠᠯ᠎ᠢ ᠡᠳ᠋ᠯᠡᠵᠤ ᠬᠦᠷᠲᠡᠭᠰᠡᠨᠦ ᠳᠠᠷᠠᠭ᠎ᠠ᠂ ᠬᠡᠷᠡᠭᠯᠡᠭᠴᠢᠳ᠎ᠤᠨ ᠣᠶᠤᠨᠴᠢ ᠭᠡᠷ᠎ᠦᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠳᠤᠷ᠎ᠠ ᠪᠠᠬ᠎ᠠ ᠨᠡᠩ ᠲᠠᠢᠴᠢᠯᠠᠬᠳᠠᠵᠤ᠂ ᠵᠠᠬ᠎ᠠ ᠳᠡᠯᠭᠡᠭᠦᠷ ᠴᠦ᠍ ᠬᠡᠷᠡᠭᠯᠡᠭᠴᠢᠳ᠎ᠦᠨ ᠪᠣᠳᠠᠲᠤ ᠬᠡᠷᠡᠭᠴᠡᠭᠡ᠎ᠳᠦ ᠨᠠᠩ ᠠᠩᠬᠠᠷᠤᠯ᠎ᠢᠶᠠᠨ ᠲᠥᠪᠯᠡᠷᠡᠭᠦᠯᠵᠦ᠂ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ᠎ᠤ ᠰᠦᠯᠵᠢᠶ᠎ᠡ᠂ ᠲᠣᠮᠣ᠌ ᠳ᠋ᠠᠢᠲ᠋ᠠ᠂ ᠡᠭᠦᠯᠡᠨ ᠪᠣᠳᠣᠯᠲᠠ ᠵᠡᠷᠭᠡ ᠮᠡᠷᠭᠡᠵᠢᠯ᠎ᠢ ᠭᠦᠢᠴᠡᠳ ᠠᠰᠢᠭ᠍ᠯᠠᠵᠤ᠂ ᠨᠠᠩ ᠣᠶᠤᠨᠴᠢᠯᠠᠭᠰᠠᠨ᠂ ᠥᠪᠡᠷᠮᠢᠴᠡ᠂ ᠰᠢᠯᠢᠳᠡᠭ ᠦᠢᠯᠡᠳᠬᠦᠨ ᠪᠠ ᠦᠢᠯᠡᠴᠢᠯᠡᠭᠡ ᠬᠠᠩᠭᠠᠵᠤ ᠪᠠᠢᠬᠤ ᠵᠢ ᠤᠢᠯᠠᠭᠠᠵᠤ ᠮᠡᠳᠡᠵᠡᠢ᠃
ᠵᠢᠱ᠌ᠢᠶᠡᠯᠡᠪᠡᠯ᠂ ᠬᠤᠸᠠ ᠳᠢ ᠵᠢᠨ 2025 ᠤᠨ᠎ᠤ ᠰᠢᠨ᠎ᠡ ᠦᠢᠯᠡᠳᠬᠦᠨ᠎ᠦ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ ᠨᠡᠢᠳᠡᠯᠡᠭᠰᠡᠨ ᠠᠶᠠᠭ᠎ᠠ ᠤᠬᠢᠶᠠᠬᠤ ᠮᠠᠰᠢᠨ ᠨᠢ ᠣᠶᠤᠨᠴᠢ ᠬᠢᠵᠤ ᠤᠷᠤᠭᠤᠯᠬᠤ ᠮᠡᠷᠭᠡᠵᠢᠯ᠂ ᠱᠦᠭᠦᠯᠳᠡᠭᠦᠷ ᠤᠬᠢᠶᠠᠬᠤ ᠮᠡᠷᠭᠡᠵᠢᠯ ᠵᠡᠷᠭᠡ᠎ᠶᠢ ᠲᠠᠰ ᠳᠡᠪᠰᠢᠭᠦᠯᠬᠦ ᠪᠡᠷ ᠳᠠᠮᠵᠢᠨ 18 ᠢᠵᠢ ᠲᠣᠭᠣᠭ᠎ᠠ ᠠᠶᠠᠭ᠎ᠠ᠎ᠶᠢ ᠨᠢᠬᠡᠯᠡ ᠲᠡᠭᠡᠷ᠎ᠡ ᠤᠬᠢᠶᠠᠬᠤ᠎ᠶᠢ ᠪᠡᠶᠡᠯᠡᠭᠦᠯᠵᠡᠢ; Panasonic᠎ᠤ᠋ᠨ 2025 ᠳᠤᠮᠳᠠᠳᠤ ᠤᠯᠤᠰ᠎ᠤᠨ ᠭᠡᠷ᠎ᠦᠨ ᠴᠠᠬᠢᠯᠭᠠᠨ ᠬᠡᠷᠡᠭᠰᠡᠯ ᠵᠢᠴᠢ ᠬᠡᠷᠡᠭᠯᠡᠭᠡᠨ᠎ᠦ ᠡᠯᠧᠺᠲᠷᠣᠨ ᠦᠵᠡᠰᠬᠦᠯᠡᠩ᠎ᠦᠨ ᠴᠤᠭᠯᠠᠭᠠᠨ ᠳᠡᠭᠡᠷ᠎ᠡ ᠨᠡᠢᠲᠡᠯᠡᠭᠰᠡᠨ ᠨᠣᠷᠸᠠᠢ ᠲᠠᠨᠭᠬᠢᠰ ᠰᠢᠷᠢᠰ ᠬᠦᠯᠳᠡᠭᠡᠭᠦᠷ᠎ᠦᠨ ᠪᠠᠭᠲᠠᠭᠠᠮᠵᠢ᠎ᠶᠢᠨ ᠰᠢᠨᠡᠴᠢᠯᠡᠯᠲᠡ᠂ ᠣᠷᠣᠨ ᠵᠠᠢ᠎ᠶᠢᠨ ᠳᠠᠬᠢᠨ ᠴᠣᠭᠴᠠᠯᠠᠯᠲᠠ ᠪᠠ ᠣᠶᠤᠨᠴᠢ ᠰᠢᠨ᠎ᠡ ᠰᠣᠷᠭᠣᠭ᠎ᠢᠶᠡᠷ ᠬᠠᠳᠠᠭᠠᠯᠠᠬᠤ ᠭᠤᠷᠪᠠᠨ ᠳᠠᠪᠬᠤᠷ ᠮᠡᠷᠭᠡᠵᠢᠯ᠎ᠦᠨ ᠰᠢᠪᠲᠤᠯᠤᠯᠲᠠ᠎ᠪᠠᠷ ᠳᠡᠮᠵᠢᠵᠤ᠂ ᠵᠢᠮᠢᠰ ᠨᠣᠭᠣᠭ᠎ᠠ᠂ ᠮᠢᠬᠠᠨ᠎ᠤ ᠵᠦᠢᠯ᠂ ᠲᠡᠯᠡᠶ᠎ᠶᠢᠨ ᠢᠳᠡᠭᠡᠨ᠎ᠢ ᠰᠢᠨ᠎ᠡ ᠰᠣᠷᠭᠣᠭ ᠪᠠᠢᠯᠭᠠᠬᠤ ᠦᠶᠡᠯᠡᠯ᠎ᠦᠨ ᠬᠤᠭᠤᠴᠠᠭ᠎ᠠ᠎ᠶᠢ ᠪᠦᠲᠦᠮᠵᠢᠲᠡᠶ ᠤᠷᠲᠤᠳᠬᠠᠵᠠᠢ ᠁
ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ ᠨᠢ ᠭᠡᠷ᠎ᠦᠨ ᠴᠠᠬᠢᠯᠭᠠᠨ ᠬᠡᠷᠡᠭᠰᠡᠯ᠎ᠦᠨ ᠬᠡᠷᠡᠭᠯᠡᠭᠡ᠎ᠶᠢ ᠬᠥᠭᠵᠢᠭᠡᠬᠦ᠎ᠶᠢᠨ ᠵᠡᠷᠭᠡ᠎ᠪᠡᠷ ᠨᠠᠩ ᠣᠯᠠᠨ ᠬᠡᠷᠡᠭᠯᠡᠭᠴᠢᠳ᠎ᠲᠦ ᠨᠠᠩ ᠴᠢᠨᠠᠷ ᠰᠠᠢᠲᠠᠢ᠂ ᠡᠨᠧᠷᠭᠢ᠎ᠶᠢᠨ ᠬᠣᠷᠣᠭᠳᠠᠭᠤᠯᠤᠯ᠎ᠢᠶᠠᠷ ᠨᠠᠩ ᠪᠠᠭ᠎ᠠ ᠦᠢᠯᠡᠳᠬᠦᠨ ᠬᠡᠷᠡᠭᠯᠡᠭᠦᠯᠬᠦ᠎ᠪᠡᠷ ᠪᠠᠷᠠᠬᠤ ᠦᠭᠡᠢ ᠪᠠᠰᠠᠳ᠋ᠠᠢᠲ᠋ᠠ᠂ ᠪᠣᠬᠢᠷᠲᠤᠯ ᠦᠭᠡᠢ ᠵᠡᠷᠭᠡ ᠰᠢᠨ᠎ᠡ ᠬᠡᠯᠪᠡᠷᠢ᠎ᠶᠢᠨ ᠬᠡᠷᠡᠭᠯᠡᠭᠡ ᠵᠢᠨ ᠳᠠᠳᠬᠠᠯ ᠪᠠ ᠤᠬᠠᠮᠰᠠᠷ᠎ᠢ ᠬᠥᠮᠥᠵᠢᠭᠦᠯᠬᠦ᠎ᠳᠦ ᠠᠰᠢᠭ᠍ᠲᠠᠢ ᠶᠤᠮ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ 2024 ᠣᠨ᠎ᠳᠤ ᠪᠥᠬᠥ ᠤᠯᠤᠰ᠎ᠤᠨ ᠬᠠᠭᠤᠴᠢᠨ᠎ᠢᠶᠠᠷ ᠰᠢᠨ᠎ᠡ᠎ᠶᠢ ᠰᠣᠯᠢᠬᠤ 8 ᠶᠡᠬᠡ ᠲᠥᠷᠥᠯ᠎ᠦᠨ ᠭᠡᠷ᠎ᠦᠨ ᠴᠠᠬᠢᠯᠭᠠᠨ ᠬᠡᠷᠡᠭᠰᠡᠯ᠎ᠦᠨ ᠳᠣᠲᠣᠷ᠎ᠠ᠂ ᠨᠢᠭᠡᠳᠦᠭᠡᠷ ᠳᠡᠰ᠎ᠤᠨ ᠡᠨᠧᠷᠭᠢ᠎ᠶᠢᠨ ᠠᠰᠢᠭ᠍ᠯᠠᠮᠵᠢ᠎ᠲᠤ ᠦᠢᠯᠡᠳᠬᠦᠨ᠎ᠦ ᠪᠣᠷᠣᠯᠠᠭᠤᠯᠭ᠎ᠠ᠎ᠶᠢᠨ ᠬᠡᠮᠵᠢᠶ᠎ᠡ 90%᠎ᠡᠴᠡ ᠳᠡᠭᠡᠭᠰᠢ᠎ᠶᠢ ᠡᠵᠡᠯᠡᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠡᠨᠧᠷᠭᠢ ᠠᠷᠪᠢᠯᠠᠵᠤ ᠣᠷᠴᠢᠨ ᠠᠬᠤᠢ᠎ᠶᠢ ᠬᠠᠮᠠᠭᠠᠯᠠᠬᠤ ᠬᠡᠷᠡᠭᠯᠡᠭᠡᠨ᠎ᠦ ᠣᠢᠯᠠᠭᠠᠭᠳᠠᠬᠤᠨ ᠡᠳᠦᠷ ᠢᠷᠡᠬᠦᠶ᠎ᠡ ᠬᠥᠮᠥᠰ᠎ᠦᠨ ᠰᠡᠳᠬᠢᠯ᠎ᠳᠦ ᠭᠦᠨ ᠰᠠᠭᠤᠭᠳᠠᠵᠤ ᠪᠤᠢ᠃
ᠬᠤᠸᠠ ᠳᠢ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠪᠥᠭᠡᠳ ᠶᠡᠷᠦᠩᠬᠡᠢ ᠵᠠᠬᠢᠷᠤᠯ ᠫᠠᠨ ᠶᠧ ᠵᠢᠶᠠᠩ᠂ ᠠᠵᠤ ᠠᠬᠤᠢ᠎ᠶᠢᠨ ᠬᠥᠭᠵᠢᠯᠲᠡ ᠪᠠ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢᠨ ᠥᠷᠭᠡᠳᠬᠦ᠎ᠶᠢ ᠳᠠᠭᠠᠯᠳᠤᠨ᠂ ᠵᠠᠬ᠎ᠠ ᠳᠡᠯᠭᠡᠭᠦᠷ᠎ᠦᠨ ᠬᠡᠷᠡᠭᠴᠡᠭᠡ ᠦᠷᠭᠦᠯᠵᠢᠯᠡᠨ ᠨᠡᠮᠡᠭᠳᠡᠵᠤ᠂ ᠲᠣᠭᠣᠭᠠᠨ ᠭᠡᠷ᠎ᠦᠨ ᠴᠠᠬᠢᠯᠭᠠᠨ ᠬᠦᠴᠦᠨ᠎ᠦ ᠠᠵᠢᠯ ᠲᠥᠷᠥᠯ ᠣᠶᠤᠨᠴᠢᠯᠠᠭᠰᠠᠨ᠂ ᠳᠡᠭᠡᠳᠦ ᠳᠡᠰᠵᠢᠭᠰᠡᠨ᠂ ᠪᠣᠬᠢᠷᠲᠤᠯ ᠦᠭᠡᠢ ᠲᠡᠢᠰᠢ ᠬᠥᠭᠵᠢᠬᠦ ᠪᠣᠯᠣᠨ᠎ᠠ᠃ ᠠᠵᠤ ᠠᠬᠤᠢᠯᠠᠯ ᠴᠤ᠌ ᠰᠢᠨ᠎ᠡ᠎ᠶᠢ ᠡᠭᠦᠳᠬᠦ᠎ᠶᠢ ᠴᠢᠩᠭᠠᠳᠬᠠᠨ᠂ ᠦᠢᠯᠡᠳᠬᠦᠨ᠎ᠦ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠤ᠂ ᠵᠣᠬᠢᠶᠠᠨ ᠪᠠᠢᠭᠤᠯᠤᠯᠲᠠ ᠪᠠ ᠴᠢᠳᠠᠪᠤᠷᠢᠲᠠᠨ᠎ᠤ ᠰᠢᠰᠲᠧᠮ᠎ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠦᠨ ᠬᠤᠪᠢᠷᠠᠯᠲᠠ᠎ᠳᠤ ᠵᠣᠬᠢᠴᠠᠬᠤ᠎ᠶᠢᠨ ᠲᠦᠯᠦᠭᠡ ᠬᠤᠷᠴᠠ ᠰᠢᠷᠦᠭᠦᠨ ᠥᠷᠢᠰᠦᠯᠳᠦᠭᠡᠨ᠎ᠦ ᠳᠤᠮᠳᠠ ᠴᠣᠯᠭᠣᠷᠠᠨ ᠭᠠᠷᠬᠤ ᠵᠢ ᠲᠤᠯᠭᠠᠮ ᠱᠠᠭᠠᠷᠳᠠᠵᠤ ᠪᠠᠢᠨ᠎ᠠ ᠭᠡᠵᠤ ᠢᠯᠡᠳᠬᠡᠪᠡ᠃
ᠡᠨᠡ ᠵᠢᠯ᠎ᠦᠨ ᠡᠬᠢᠨ᠎ᠳᠦ DeepSeek ᠨᠢ ᠰᠢᠨ᠎ᠡ ᠨᠢᠭᠡ ᠡᠭᠡᠯᠵᠢ᠎ᠶᠢᠨ AI ᠵᠢᠨ ᠬᠡᠷᠡᠭᠯᠡᠬᠡᠨ᠎ᠤ ᠥᠷᠨᠢᠯᠲᠡ ᠵᠢ ᠪᠤᠢ ᠪᠤᠯᠭᠠᠪᠠ᠃ ᠮᠠᠰᠢ ᠤᠯᠠᠨ ᠭᠡᠷ᠎ᠦᠨ ᠴᠠᠬᠢᠯᠭᠠᠨ ᠬᠡᠷᠡᠭᠰᠡᠯ᠎ᠦᠨ ᠠᠵᠤ ᠠᠬᠤᠢᠯᠠᠯ᠎ᠤᠳ ᠦᠪᠡᠷ᠎ᠤᠨ᠎ᠢᠶᠡᠨ ᠲᠣᠮᠣ᠌ ᠵᠠᠭᠪᠤᠷ᠎ᠢ DeepSeek ᠲᠠᠢ ᠵᠤᠯᠭᠠᠭᠤᠯᠵᠤ᠂ ᠪᠠᠭ᠎ᠠ᠎ᠡᠴᠡ ᠡᠭᠦᠳᠡᠨ ᠣᠨᠢᠰᠤ᠂ ᠴᠠᠬᠢᠯᠭᠠᠨ ᠦᠯᠢᠶᠡᠭᠦᠷ᠂ ᠭᠠᠵᠠᠷ ᠱᠦᠭᠦᠷᠳᠡᠬᠦ ᠮᠠᠰᠢᠨ᠂ ᠶᠡᠬᠡ᠎ᠡᠴᠡ ᠠᠭᠠᠷ ᠲᠣᠬᠢᠷᠠᠭᠤᠯᠤᠭ᠍ᠴᠢ᠂ ᠬᠥᠯᠳᠡᠭᠡᠭᠦᠷ᠂ ᠤᠬᠢᠶᠠᠯᠭ᠎ᠠ ᠵᠢᠨ ᠮᠠᠰᠢᠨ ᠵᠡᠷᠭᠡ᠎ᠪᠡᠷ AI ᠮᠡᠷᠭᠡᠵᠢᠯ᠎ᠢ ᠠᠰᠢᠬᠯᠠᠭᠰᠠᠨ ᠶᠡᠬᠡ ᠬᠡᠮᠵᠢᠶᠡᠨ᠎ᠦ ᠣᠶᠤᠨᠴᠢ ᠭᠡᠷ᠎ᠦᠨ ᠴᠠᠬᠢᠯᠭᠠᠨ ᠬᠡᠷᠡᠭᠰᠡᠯ᠎ᠢ ᠵᠠᠬ᠎ᠠ ᠳᠡᠯᠭᠡᠭᠦᠷ᠎ᠲᠦ ᠭᠠᠷᠭᠠᠵᠤ᠂ ᠠᠷᠠᠳ᠎ᠤᠨ ᠠᠮᠢᠳᠤᠷᠠᠯ᠎ᠤᠨ ᠪᠦᠬᠦ ᠲᠠᠯ᠎ᠠ᠎ᠳᠦ ᠭᠦᠨᠵᠡᠭᠡᠢᠷᠡᠭᠦᠯᠵᠡᠢ᠃
2025 ᠣᠨ᠎ᠳᠤ ᠬᠡᠷᠡᠭᠯᠡᠭᠡᠨ᠎ᠦ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠦᠷᠦ᠎ᠶᠢᠨ ᠪᠣᠳᠣᠯᠭ᠎ᠠ᠎ᠶᠢᠨ ᠬᠡᠪᠴᠢᠶ᠎ᠡ᠎ᠶᠢ ᠬᠦᠴᠦᠯᠡᠨ ᠥᠷᠭᠡᠳᠬᠡᠵᠦ᠂ ᠭᠡᠷ᠎ᠦᠨ ᠴᠠᠬᠢᠯᠭᠠᠨ ᠬᠡᠷᠡᠭᠰᠡᠯ᠎ᠦᠨ ᠠᠵᠢᠯ ᠲᠦᠷᠦᠯ᠎ᠦᠨ ᠬᠢᠨ ᠰᠢᠨ᠎ᠡ ᠨᠢᠭᠡᠨ ᠡᠭᠡᠯᠵᠢ᠎ᠶᠢᠨ ᠬᠥᠭᠵᠢᠯᠲᠡ᠎ᠶᠢᠨ ᠠᠵᠠ ᠲᠤᠬᠢᠶᠠᠯ᠎ᠢ ᠤᠬᠳᠤᠨ ᠠᠪᠤᠯ᠎ᠠ᠃ ᠲᠦᠷᠦᠭᠦᠬᠡᠨ ᠳᠤᠮᠳᠠᠳᠤ ᠤᠯᠤᠰ᠎ᠤᠨ ᠭᠡᠷ᠎ᠦᠨ ᠴᠠᠬᠢᠯᠭᠠᠨ ᠬᠡᠷᠡᠭᠰᠡᠯ᠎ᠦᠨ ᠦᠢᠯᠡᠴᠢᠯᠡᠭᠡᠨ᠎ᠦ ᠰᠡᠯᠪᠢᠨ ᠵᠠᠰᠠᠬᠤ ᠨᠡᠢᠭᠡᠮᠯᠢᠭ᠎ᠡᠴᠡ ᠭᠣᠣᠯᠯᠠᠨ ᠡᠷᠭᠢᠯᠡᠭᠰᠡᠨ 2025 ᠣᠨ᠎ᠤ 《ᠵᠠᠭᠤᠨ ᠬᠣᠲᠠ ᠮᠢᠩᠭᠠᠨ ᠰᠢᠶᠠᠩ ᠲᠦᠮᠡᠨ ᠡᠷᠦᠬᠡ᠎ᠶᠢᠨ ᠭᠡᠷ᠎ᠦᠨ ᠴᠠᠬᠢᠯᠭᠠᠨ ᠬᠡᠷᠡᠭᠰᠡᠯ᠎ᠦᠨ ᠠᠷᠠᠳ᠎ᠲᠤ ᠠᠰᠢᠭ᠋ ᠬᠦᠷᠲᠡᠭᠡᠵᠦ ᠬᠠᠭᠤᠴᠢᠨ᠎ᠢ ᠬᠤᠷᠢᠶᠠᠵᠤ ᠰᠢᠨ᠎ᠡ ᠪᠡᠷ ᠰᠤᠯᠢᠬᠤ ᠠᠵᠢᠯᠯᠠᠭ᠎ᠠ》 ᠵᠢ ᠡᠬᠢᠯᠡᠭᠦᠯᠵᠦ᠂ AI ᠮᠡᠷᠭᠡᠵᠢᠯ᠎ᠦᠨ ᠦᠷᠭᠡᠨ ᠬᠡᠷᠡᠭᠯᠡᠯᠲᠡ ᠨᠢ ᠬᠢᠯᠠᠰ ᠴᠡᠭ ᠪᠣᠯᠤᠭᠰᠠᠨ ᠪᠠᠢᠨ᠎ᠠ᠃
ᠳᠤᠮᠳᠠᠳᠤ ᠤᠯᠤᠰ᠎ᠤᠨ ᠭᠡᠷ᠎ᠦᠨ ᠴᠠᠬᠢᠯᠭᠠᠨ ᠬᠡᠷᠡᠭᠰᠡᠯ᠎ᠦᠨ ᠦᠢᠯᠡᠴᠢᠯᠡᠭᠡᠨ᠎ᠦ ᠰᠡᠯᠪᠢᠨ ᠵᠠᠰᠠᠬᠤ ᠨᠡᠢᠭᠡᠮᠯᠢᠭ᠎ᠦᠨ ᠳᠡᠳ᠋ ᠳᠠᠷᠤᠭ᠎ᠠ᠂ ᠰᠢᠨ᠎ᠡ ᠪᠡᠷ ᠰᠤᠯᠢᠬᠤ ᠠᠵᠢᠯᠯᠠᠬᠤ ᠳᠤᠭᠤᠢᠯᠠᠩ᠎ᠤᠨ ᠳᠠᠷᠤᠭ᠎ᠠ ᠵᠣᠣ ᠵᠢᠶᠧ᠂ 2025 ᠣᠨ᠎ᠳᠤ ᠳᠡᠭᠡᠳᠦ ᠲᠠᠰ᠎ᠤᠨ ᠭᠡᠷ᠎ᠦᠨ ᠴᠠᠬᠢᠯᠭᠠᠨ ᠬᠡᠷᠡᠭᠰᠡᠯ᠎ᠢᠶᠡᠷ ᠭᠣᠣᠯ ᠪᠣᠯᠭᠠᠵᠤ᠂ AI ᠮᠡᠷᠭᠡᠵᠢᠯ᠎ᠢ ᠠᠰᠢᠬᠯᠠᠭᠰᠠᠨ ᠣᠶᠤᠨᠴᠢ ᠦᠢᠯᠡᠳᠬᠦᠨ᠎ᠢ ᠭᠣᠣᠯᠳᠠᠯᠭ᠎ᠠ᠎ᠲᠠᠢ ᠳᠡᠯᠭᠡᠷᠡᠭᠦᠯᠦᠨ᠎ᠡ᠂ ᠡᠭᠦᠨ᠎ᠳᠦ ᠣᠶᠤᠨᠴᠢ ᠬᠦᠯᠳᠡᠭᠡᠭᠦᠷ᠂ ᠠᠦ᠋ᠲ᠋ᠤ᠋ ᠠᠭᠠᠷ ᠲᠣᠬᠢᠷᠠᠭᠤᠯᠤᠭ᠍ᠴᠢ᠂ AI ᠶᠠᠷᠢᠶᠠᠨ᠎ᠤ ᠰᠣᠯᠢᠯᠴᠠᠭᠠᠨ᠎ᠤ ᠲᠣᠭᠣᠭᠠᠨ ᠭᠡᠷ᠎ᠦᠨ ᠴᠠᠬᠢᠯᠭᠠᠨ ᠬᠡᠷᠡᠭᠰᠡᠯ ᠵᠡᠷᠭᠡ ᠲᠥᠷᠥᠯ ᠵᠦᠢᠯ᠎ᠢ ᠪᠠᠭᠲᠠᠭᠠᠨ᠎ᠠ᠃ ᠰᠢᠨ᠎ᠡ ᠪᠡᠷ ᠰᠤᠯᠢᠬᠤ ᠠᠵᠢᠯᠯᠠᠬᠤ ᠳᠤᠭᠤᠢᠯᠠᠩ᠎ᠤᠨ ᠬᠢᠨ ᠡᠬᠢᠨ᠎ᠤ ᠬᠡᠰᠡᠭ᠎ᠦᠨ ᠲᠦᠷᠦᠯ ᠲᠡᠮᠳᠡᠭ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠨᠥᠬᠥᠪᠦᠷᠢ᠂ ᠪᠣᠬᠢᠷᠲᠤᠯ ᠦᠭᠡᠢ ᠡᠨᠧᠷᠭᠢ ᠠᠷᠪᠢᠯᠠᠬᠤ ᠬᠡᠷᠡᠭᠯᠡᠭᠡᠨ᠎ᠦ ᠲᠡᠮᠳᠡᠭᠲᠦ ᠵᠡᠷᠭᠡ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠦᠷᠭᠦᠯᠵᠢᠯᠡᠨ ᠳᠡᠮᠵᠢᠵᠦ᠂ ᠳᠡᠭᠡᠳᠦ ᠲᠡᠰ᠎ᠤᠨ ᠦᠢᠯᠡᠳᠬᠦᠨ᠎ᠦ ᠪᠡᠶᠡᠴᠢᠯᠡᠨ ᠣᠢᠯᠠᠭᠠᠬᠤ ᠪᠠᠷᠢᠮᠵᠢᠶ᠎ᠠ᠎ᠶᠢ ᠳᠣᠷᠣᠭᠰᠢᠯᠠᠭᠤᠯᠤᠨ᠎ᠠ ᠭᠡᠵᠦ ᠢᠯᠡᠳᠬᠡᠪᠡ᠃
ᠵᠤᠤ ᠵᠢᠶᠸ᠄《ᠵᠢᠱ᠌ᠢᠯᠲᠡ᠎ᠪᠡᠷ 2025 ᠣᠨ᠎ᠤ ᠰᠢᠨ᠎ᠡ ᠪᠡᠷ ᠰᠤᠯᠢᠬᠤ ᠠᠵᠢᠯᠯᠠᠭ᠎ᠠ ᠨᠢ ᠮᠢᠩᠭᠠᠨ ᠳ᠋ᠦᠩᠰᠢᠭᠤᠷ᠎ᠢ ᠳᠠᠪᠠᠭᠰᠠᠨ ᠬᠡᠷᠡᠭᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠬᠤ᠎ᠪᠠᠷ ᠪᠠᠷᠠᠬᠤ ᠦᠭᠡᠢ᠂ ᠨᠠᠩ ᠴᠤ᠌ ᠳᠡᠭᠡᠳᠦ ᠲᠠᠰ᠎ᠤᠨ ᠬᠠᠩᠭᠠᠯᠭ᠎ᠠ᠎ᠪᠠᠷ ᠳᠠᠮᠵᠢᠨ ᠠᠵᠤ ᠦᠢᠯᠡᠰ᠎ᠦᠨ ᠲᠠᠰ ᠳᠡᠪᠰᠢᠬᠦ᠎ᠶᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ᠎ᠤᠨ ᠦᠢᠯᠡᠳᠬᠦ ᠦᠢᠯᠡᠰ᠎ᠦᠨ ᠣᠶᠤᠨᠴᠢ ᠦᠢᠯᠡᠳᠬᠦ ᠳᠠᠢᠰᠢ ᠲᠠᠪᠰᠢᠬᠤ᠎ᠳᠦ ᠬᠦᠴᠦᠨ ᠨᠡᠮᠡᠷᠢᠯᠡᠬᠦ ᠪᠣᠯᠣᠨ᠎ᠠ᠂ AI ᠪᠣᠯᠣᠨ ᠭᠡᠷ᠎ᠦᠨ ᠴᠠᠬᠢᠯᠭᠠᠨ ᠬᠡᠷᠡᠭᠰᠡᠯ᠎ᠦᠨ ᠭᠦᠨᠵᠡᠭᠡᠢ ᠠᠭᠤᠰᠤᠯᠴᠠᠬᠤ᠎ᠶᠢ ᠳᠠᠭᠠᠯᠳᠤᠨ᠂ ᠣᠶᠤᠨᠴᠢ ᠠᠮᠢᠳᠤᠷᠠᠯ᠎ᠨᠢ ᠡᠩ᠎ᠦᠨ ᠠᠷᠠᠳ᠎ᠤᠨ ᠭᠡᠷ᠎ᠲᠦ ᠲᠦᠷᠭᠡᠨ ᠣᠷᠣᠵᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠣᠨ᠎ᠠ》 ᠭᠡᠪᠡ᠃
ᠵᠢᠩ ᠳ᠋ᠦᠩ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠵᠢᠩ ᠳ᠋ᠦᠩ ᠣᠲᠣ᠌ ᠶᠠᠭ ᠪᠥᠬᠥ ᠲᠠᠯ᠎ᠠ᠎ᠶᠢᠨ ᠰᠢᠨ᠎ᠡ᠎ᠶᠢ ᠡᠭᠦᠳᠬᠦ ᠠᠷᠭ᠎ᠠ ᠬᠡᠮᠵᠢᠶ᠎ᠡ᠎ᠪᠡᠷ ᠥᠨᠳᠥᠷ ᠪᠦᠲᠦᠮᠵᠢᠲᠡᠶ᠂ ᠦᠷᠭᠦᠯᠵᠢᠯᠡᠬᠦ ᠭᠡᠷ᠎ᠦᠨ ᠴᠠᠬᠢᠯᠭᠠᠨ ᠬᠡᠷᠡᠭᠰᠡᠯ᠎ᠦᠨ ᠰᠢᠨ᠎ᠡ ᠠᠮᠢ ᠠᠬᠤᠢ᠎ᠶᠢ ᠪᠣᠶ ᠪᠣᠯᠭᠠᠵᠤ᠂ ᠭᠡᠷ᠎ᠦᠨ ᠴᠠᠬᠢᠯᠭᠠᠨ ᠬᠡᠷᠡᠭᠰᠡᠯ ᠭᠡᠷ᠎ᠦᠨ ᠬᠡᠷᠡᠭᠰᠡᠯ᠎ᠦᠨ ᠠᠵᠢᠯ ᠲᠥᠷᠥᠯ᠎ᠢ ᠣᠶᠤᠨᠴᠢᠯᠠᠭᠰᠠᠨ᠂ ᠪᠣᠬᠢᠷᠲᠤᠯ ᠦᠭᠡᠢ᠂ ᠳᠡᠭᠡᠳᠦ ᠳᠡᠰᠵᠢᠭᠰᠡᠨ ᠰᠢᠨ᠎ᠡ ᠳᠠᠢᠰᠢ ᠬᠥᠲᠥᠯᠥᠨ ᠳᠠᠭᠠᠭᠤᠯᠵᠤ ᠪᠠᠢᠨ᠎ᠠ᠃ ᠢᠷᠡᠭᠡᠳᠦᠢ᠎ᠳᠦ ᠵᠢᠩ ᠳ᠋ᠦᠩ ᠦᠷᠭᠦᠯᠵᠢᠯᠡᠨ ᠦᠢ ᠣᠯᠠᠨ ᠲᠥᠷᠥᠯ ᠲᠡᠮᠳᠡᠭᠳᠤ ᠠᠵᠤ ᠠᠬᠤᠢᠯᠠᠯ᠎ᠲᠠᠢ ᠭᠠᠷ ᠬᠣᠯᠪᠣᠯᠴᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠠᠮᠢᠳᠤᠷᠠᠯ᠎ᠳᠦ ᠡᠨ᠋ᠸᠷᠭᠢ ᠣᠯᠭᠣᠵᠤ᠂ ᠬᠡᠷᠡᠭᠯᠡᠭᠴᠢᠳ᠎ᠲᠦ ᠨᠠᠩ ᠰᠠᠢᠨ ᠰᠠᠢᠬᠠᠨ ᠣᠶᠤᠨᠴᠢ ᠠᠮᠢᠳᠤᠷᠠᠯ᠎ᠤᠨ ᠣᠢᠯᠠᠭᠠᠯᠲᠠ᠎ᠶᠢ ᠪᠣᠶ ᠪᠣᠯᠭᠠᠵᠤ ᠥᠭᠬᠦ ᠪᠣᠯᠣᠨ᠎ᠠ ᠭᠡᠵᠤ ᠢᠯᠡᠳᠭᠡᠪᠡ᠃
ᠭᠡᠷ᠎ᠦᠨ ᠴᠠᠬᠢᠯᠭᠠᠨ ᠬᠡᠷᠡᠭᠰᠡᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠪᠣᠯ ᠨᠢᠭᠡ ᠵᠦᠢᠯ᠎ᠦᠨ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ ᠪᠣᠯᠬᠤ ᠮᠥᠷᠲᠡᠭᠡᠨ ᠪᠠᠰᠠ ᠴᠤ᠌ ᠠᠷᠠᠳ᠎ᠲᠤ ᠠᠰᠢᠭ᠋ ᠬᠦᠷᠲᠡᠭᠡᠬᠦ ᠨᠢᠭᠡ ᠵᠦᠢᠯ᠎ᠦᠨ ᠠᠷᠭ᠎ᠠ ᠬᠡᠮᠵᠢᠶ᠎ᠡ ᠪᠣᠯᠣᠨ᠎ᠠ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠭᠦᠢᠯᠭᠡᠭᠡᠨ᠎ᠦ ᠬᠥᠭᠵᠢᠯᠲᠡ᠎ᠶᠢᠨ ᠵᠤᠷᠭᠠᠨ᠎ᠤ ᠳᠠᠷᠤᠭ᠎ᠠ ᠯᠢ ᠵᠢᠶᠠ ᠯᠦ᠍᠂ ᠨᠥᠬᠥᠪᠦᠷᠢ᠎ᠶᠢᠨ ᠬᠠᠷᠠᠭᠠᠯᠵᠠᠯ ᠭᠥᠷᠳᠡᠬᠡᠵᠤ᠂ ᠰᠢᠨ᠎ᠡ᠎ᠶᠢ ᠡᠭᠦᠳᠬᠦ ᠠᠯᠬᠤᠴᠠ᠎ᠪᠠᠨ ᠲᠦᠷᠭᠡᠳᠬᠡᠨ᠂ ᠠᠮᠢᠳᠤᠷᠠᠯ᠎ᠤᠨ ᠴᠢᠨᠠᠷ ᠴᠢᠨᠰᠠᠭ᠎ᠠ᠎ᠪᠠᠨ ᠰᠠᠢᠵᠢᠷᠠᠭᠤᠯᠬᠤ᠎ᠪᠠᠷ ᠳᠠᠮᠵᠢᠨ᠂ ᠬᠡᠷᠡᠭᠯᠡᠭᠴᠢᠳ᠎ᠢ 《ᠰᠣᠯᠢᠵᠤ ᠳᠡᠶ᠋ᠢᠯᠬᠦ》 ᠮᠥᠷᠲᠡᠭᠡᠨ ᠨᠠᠩ ᠴᠤ᠌ 《ᠰᠠᠢᠨ᠎ᠢ ᠰᠤᠯᠢᠬᠤ》 ᠪᠣᠯᠭᠠᠵᠤ᠂ ᠠᠷᠠᠳ ᠣᠯᠠᠨ᠎ᠤ ᠵᠢᠷᠭᠠᠯᠳᠤ ᠲᠥᠷᠥᠭᠳᠡᠯ᠂ ᠬᠦᠷᠲᠡᠮᠵᠢ᠎ᠶᠢᠨ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠦᠨ᠎ᠡ ᠭᠡᠵᠤ ᠢᠯᠡᠳᠬᠡᠵᠡᠢ᠃
(ᠰᠢᠨᠬᠤᠸᠠ ᠬᠤᠷᠢᠶ᠎ᠠ ᠵᠢᠨ ᠪᠡᠬᠡᠵᠢᠩ᠎ᠤᠨ 4 ᠰᠠᠷ᠎ᠠ ᠵᠢᠨ 6᠎ᠤ᠋ ᠴᠠᠬᠢᠯᠭᠠᠨ ᠮᠡᠳᠡᠬᠡ)