— ᠪᠦᠬᠦ ᠤᠯᠤᠰ᠎ᠤᠨ ᠲᠡᠷᠢᠭᠦᠨ᠎ᠤ ᠠᠵᠢᠯᠳᠠᠨ᠂ ᠦᠪᠦᠷ ᠮᠤᠡᠭᠭᠤᠯ᠎ᠤᠨ ᠬᠢᠯᠢ ᠪᠡᠷ ᠤᠷᠤᠵᠦ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠡᠭᠬᠡᠢ ᠦᠷᠳᠡᠭᠡᠨ᠎ᠤ ᠰᠢᠯᠢ ᠵᠢᠨ ᠭᠤᠤᠯ᠎ᠤᠨ ᠬᠢᠯᠢ ᠵᠢᠨ ᠬᠠᠮᠢᠶᠠᠷᠤᠯᠳᠠ ᠵᠢᠨ ᠰᠠᠯᠪᠤᠷᠢ ᠠᠡᠭᠭᠢ ᠵᠢᠨ ᠭᠡᠷᠡᠯᠳᠤᠡᠤᠲᠤ ᠬᠢᠯᠢ ᠵᠢᠨ ᠲᠤᠮᠢᠯᠠᠭᠰᠠᠨ ᠰᠠᠯᠪᠤᠷᠢ ᠵᠢᠨ ᠲᠠᠷᠤᠭ᠎ᠠ ᠪᠤᠶᠠᠨ᠎ᠢ ᠲᠡᠮᠳᠡᠭᠯᠡᠪᠡ
5 ᠰᠠᠷ᠎ᠠ᠎ᠶ᠋ᠢᠨ 2᠎ᠤ᠋ᠨ ᠡᠳᠦᠷ᠂ ᠳᠠᠷᠤᠢ 《5·1》 ᠤ᠋ ᠠᠮᠠᠷᠠᠯᠲᠠ᠎ᠶ᠋ᠢᠨ ᠬᠤᠶᠠᠳᠠᠬᠢ ᠡᠳᠦᠷ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠶ ᠥᠷᠲᠡᠭᠡᠨᠤᠱᠢᠯᠢᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠬᠡᠷᠡᠯᠲᠦᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠤᠶᠠᠨ ᠲᠣᠮᠢᠯᠠᠭ᠍ᠰᠠᠨ ᠰᠠᠯᠪᠤᠷᠢ᠎ᠶ᠋ᠢᠨ ᠵᠢᠡᠨ ᠬᠢᠨᠠᠨ ᠡᠵᠡᠮᠳᠡᠬᠦ᠌ ᠲᠠᠰᠤᠭ᠎ᠤᠨ ᠬᠠᠨᠠᠨ᠎ᠳᠤ ᠡᠯᠭᠦᠭᠡᠰᠦᠳᠡᠢ ᠲᠣᠮᠣ ᠳᠡᠯᠭᠡᠴᠡ᠎ᠶ᠋ᠢ ᠱᠢᠷᠳᠡᠭ᠌ᠰᠡᠭᠡᠷ᠄《ᠪᠠᠶᠠᠷ ᠳᠤᠷᠠᠰᠭᠠᠯ᠎ᠤᠨ ᠡᠳᠦᠷ ᠪᠣᠯᠬᠤ ᠲᠤᠲᠤᠮ ᠰᠣᠨᠣᠷ ᠰᠡᠷᠡᠮᠵᠢ ᠪᠡᠨ ᠤᠯᠠᠮ ᠲᠡᠭᠡᠭᠰᠢᠯᠡᠭᠦᠯᠵᠦ᠂ ᠠᠵᠢᠯ᠎ᠤᠨ ᠲᠥᠷᠢᠮ ᠭᠤᠷᠢᠮ ᠵᠢᠠᠨ ᠶᠠᠭᠠᠬᠢᠭᠰᠠᠨᠴᠦ ᠰᠤᠯᠠᠷᠠᠭᠤᠯᠵᠦ ᠤᠮᠠᠷᠳᠠᠵᠦ ᠪᠤᠯᠬᠤ ᠦᠭᠡᠢ》 ᠭᠡᠵᠦ ᠰᠤᠷᠪᠤᠯᠵᠢᠯᠠᠭᠴᠢ᠎ᠳᠤ ᠶᠠᠷᠢᠵᠦ ᠪᠠᠢᠯ᠎ᠠ᠃
4 ᠰᠠᠷ᠎ᠠ᠎ᠶ᠋ᠢᠨ 28᠎ᠤ᠋ ᠡᠳᠦᠷ᠎ᠤᠨ ᠦᠳᠡ᠎ᠶ᠋ᠢᠨ ᠡᠮᠦᠨ᠎ᠡ᠂ ᠳᠤᠮᠳᠠᠳᠤ᠎ᠶ᠋ᠢᠨ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ ᠪᠠᠢᠭᠤᠯᠤᠭ᠍ᠳᠠᠭ᠍ᠰᠠᠨ 100 ᠵᠢᠯ᠎ᠦᠨ ᠣᠶ᠎ᠶ᠋ᠢ ᠪᠡᠯᠭᠡᠯᠡᠬᠦ᠌ ᠵᠢᠴᠢ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠲᠠᠨ᠎ᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠪᠡᠭᠡᠵᠢᠩ᠎ᠳᠦ ᠦᠪᠡᠳᠡᠭ᠌ᠰᠢ ᠶᠡᠬᠡᠪᠡᠷ ᠶᠠᠪᠤᠭ᠍ᠳᠠᠪᠠ᠃ 1670 ᠬᠥᠮᠦᠨ᠎ᠳᠦ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠴᠣᠯᠠ ᠣᠯᠭᠣᠵᠤ᠂ 756 ᠬᠥᠮᠦᠨ᠎ᠳᠦ ᠪᠥᠬᠥ᠌ ᠤᠯᠤᠰ᠎ᠤᠨ ᠲᠡᠷᠢᠭᠦᠨ᠎ᠦ ᠠᠵᠢᠯᠲᠠᠨ᠎ᠤ ᠴᠣᠯᠠ ᠣᠯᠭᠣᠪᠠ᠂ ᠪᠤᠶᠠᠨ ᠪᠣᠯ ᠳᠠᠷᠤᠶ ᠲᠡᠭᠦᠨ᠎ᠦ ᠳᠣᠲᠣᠷᠠᠬᠢ ᠨᠢᠭᠡ ᠨᠢ ᠪᠣᠯᠤᠨ᠎ᠠ᠃
《ᠢᠷᠠᠭᠤ ᠠᠯᠳᠠᠷ ᠪᠣᠯ ᠵᠦᠪᠬᠡᠨ ᠮᠢᠨᠦ᠍ ᠬᠤᠪᠢ ᠬᠥᠮᠦᠨ᠎ᠦ ᠬᠢ ᠪᠢᠰᠢ᠂ ᠪᠢ ᠵᠥᠪᠬᠡᠨ ᠮᠢᠨᠦ᠍ ᠳᠣᠲᠣᠨᠣ ᠳᠠᠢᠴᠢᠨ ᠨᠥᠬᠥᠳ ᠵᠢᠴᠢ ᠮᠠᠯᠴᠢᠨ ᠲᠦᠮᠡᠨ ᠵᠢᠡᠨ ᠲᠥᠯᠥᠭᠡᠯᠡᠵᠦ᠍᠂ ᠡᠨᠡ ᠬᠦ᠌ ᠡᠷᠬᠢᠮ ᠨᠠᠨᠳᠢᠨ ᠡᠩᠭᠡᠷ᠎ᠦᠨ ᠲᠡᠮᠳᠡᠭ ᠪᠣᠯᠤᠨ ᠢᠷᠠᠭᠤ ᠠᠯᠳᠠᠷ᠎ᠤᠨ ᠦᠨᠡᠮᠯᠡᠯ᠎ᠢ ᠲᠤᠰᠴᠦ ᠢᠷᠡᠭᠰᠡᠨ ᠶᠤᠮ》 ᠭᠡᠵᠦ ᠡᠨᠡ ᠬᠦ᠌ ᠣᠷᠳᠣᠰ ᠨᠤᠲᠤᠭ ᠳᠠᠢ ᠵᠠᠯᠠᠭᠤ ᠴᠠᠭᠳᠠᠭ᠎ᠠ ᠶᠠᠷᠢᠬᠤ᠎ᠳᠤ ᠡᠷᠡᠰ ᠰᠢᠭᠤᠷᠬᠠᠢ ᠠᠰᠪᠤᠷ ᠰᠢᠯᠤᠭᠤᠨ ᠠᠷᠠᠨᠰᠢᠨ ᠨᠢ ᠶᠠᠭᠠᠬᠢᠬᠤ ᠵᠢᠨ ᠠᠷᠭ᠎ᠠ ᠦᠭᠡᠢ ᠮᠡᠳᠡᠷᠡᠭᠳᠡᠵᠦ ᠪᠠᠢᠯ᠎ᠠ᠃
2002 ᠣᠨ᠎ᠳᠤ᠂ 18 ᠨᠠᠰᠤᠲᠠᠢ ᠪᠤᠶᠠᠨ ᠴᠡᠷᠢᠭ᠎ᠦᠨ ᠬᠤᠸᠠᠷᠠᠨ᠎ᠤ ᠬᠦᠰᠡᠯ᠎ᠢ ᠡᠪᠦᠷᠯᠡᠨ ᠴᠡᠷᠢᠭ᠎ᠲᠦ ᠤᠷᠤᠵᠦ᠂ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠪᠣᠯᠪᠠ᠃ 2019 ᠣᠨ᠎ᠳᠤ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ ᠪᠡᠷ ᠲᠡᠷᠡ ᠴᠡᠷᠢᠭ᠎ᠦᠨ ᠬᠤᠪᠴᠠᠰᠤ ᠪᠠᠨ ᠳᠡᠢᠯᠵᠦ᠍ ᠴᠠᠭ᠍ᠳᠠᠭᠠᠨ᠎ᠤ ᠬᠤᠪᠴᠠᠰᠤ ᠬᠡᠳᠦᠷᠦᠭᠡᠳ᠂ ᠦᠷᠭᠦᠯᠵᠢᠯᠡᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠲᠠᠷᠬᠠᠨ ᠡᠭᠦᠷᠭᠡ ᠵᠢ ᠭᠦᠢᠴᠡᠳᠭᠡᠭᠰᠡᠭᠡᠷ ᠡᠳᠦᠭᠡ ᠪᠤᠯᠵᠠᠢ᠃ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠡᠷᠡ ᠬᠠᠷᠢᠶ᠎ᠠ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ᠎ᠦ ᠲᠥᠪᠯᠡᠷᠡᠨ ᠰᠠᠭᠤᠷᠢᠱᠢᠭ᠍ᠰᠠᠨ ᠣᠨᠴᠠᠯᠢᠭ᠎ᠢ ᠭᠦᠨᠵᠡᠭᠡᠢ ᠣᠢᠯᠠᠭᠠᠵᠤ᠂ 《ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ》 ᠪᠡᠷ ᠢᠮᠠᠭ᠍ᠲᠠ ᠠᠵᠢᠯ᠎ᠤᠨ ᠵᠢᠷᠤᠮᠯᠠᠯ᠎ᠢᠶᠠᠨ ᠪᠣᠯᠭᠠᠵᠤ᠄ 《ᠡᠨᠳᠡᠬᠢ ᠤᠯᠠᠨ ᠲᠦᠮᠡᠨ ᠪᠣᠯ ᠳᠠᠷᠤᠢ ᠮᠢᠨᠦ᠍ ᠬᠠᠯᠠᠭᠤᠨ ᠭᠡᠷ ᠪᠦᠯᠢ ᠮᠥᠨ᠂ ᠲᠡᠳᠡᠨ᠎ᠢ ᠰᠠᠬᠢᠨ ᠬᠠᠮᠠᠭᠠᠯᠠᠬᠤ ᠨᠢ ᠳᠠᠷᠤᠢ ᠡᠭᠡ ᠤᠯᠤᠰ᠎ᠤᠨ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ》 ᠭᠡᠵᠦ ᠪᠤᠶᠠᠨ ᠤᠭᠤᠷᠠᠭ ᠲᠠᠷᠢᠬᠢᠨ ᠳ᠋ᠡᠭᠠᠨ ᠬᠠᠳᠠᠡᠭᠰᠢᠭᠤᠯᠵᠠᠢ᠃
ᠪᠤᠶᠠᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭ᠌ᠰᠡᠨ᠎ᠡᠴᠡ ᠨᠠᠭᠠᠰᠢ 《ᠠᠷᠠᠳ᠎ᠤᠨ ᠴᠠᠭ᠍ᠳᠠᠭ᠎ᠠ + ᠬᠢᠯᠢ ᠬᠠᠮᠠᠭᠠᠯᠠᠭ᠍ᠴᠢ》 ᠵᠢᠨ ᠲᠣᠣᠷᠵᠢᠭᠤᠯᠤᠨ ᠰᠤᠷᠪᠤᠯᠵᠢᠯᠠᠬᠤ ᠲᠥᠯᠥᠪᠯᠡᠭᠡ᠎ᠶ᠋ᠢ ᠲᠦᠷᠦᠭᠦᠯᠡᠨ ᠲᠣᠭ᠍ᠲᠠᠭᠠᠵᠤ᠂ ᠠᠷᠠᠳ᠎ᠤᠨ ᠴᠠᠭ᠍ᠳᠠᠭ᠎ᠠ ᠪᠣᠯᠤᠨ ᠬᠢᠯᠢ ᠬᠠᠮᠠᠭᠠᠯᠠᠭ᠍ᠴᠢ᠎ᠶ᠋ᠢ ᠳᠠᠭᠠᠭᠤᠯᠤᠨ᠂ 《ᠨᠡᠭᠦᠳᠡᠯ ᠦᠢᠯᠡᠴᠢᠯᠡᠭᠡᠨ᠎ᠦ ᠦᠷᠳᠡᠭᠡ》 ᠪᠠᠢᠭᠤᠯᠵᠤ᠂ ᠴᠠᠭ᠍ᠳᠠᠭᠠᠨ᠎ᠤ ᠲᠡᠷᠭᠡ᠎ᠶ᠋ᠢ 《ᠠᠷᠠᠳ ᠤᠯᠠᠨ᠎ᠳᠤ ᠲᠦᠬᠦᠮ ᠦᠵᠡᠭᠦᠯᠬᠦ᠌ ᠲᠡᠷᠭᠡ》 ᠪᠣᠯᠭᠠᠵᠤ᠂ ᠠᠯᠪᠠᠨ ᠱᠢᠷᠡᠭᠡ᠎ᠶ᠋ᠢ ᠮᠣᠩᠭᠣᠯ ᠭᠡᠷ᠎ᠦᠨ ᠡᠮᠦᠨ᠎ᠡ ᠱᠢᠯᠵᠢᠭᠦᠯᠪᠡ᠃ ᠮᠠᠯᠴᠢᠳ᠄《ᠪᠤᠶᠠᠨ ᠳᠠᠷᠤᠭ᠎ᠠ᠎ᠶ᠋ᠢᠨ ᠮᠣᠲ᠋ᠣᠷ ᠲᠡᠷᠭᠡᠨ᠎ᠦ ᠲᠠᠭᠤᠨ ᠪᠣᠯ ᠠᠮᠤᠷ ᠲᠦᠪᠱᠢᠨ᠎ᠦ ᠪᠠᠲᠤᠯᠠᠭ᠎ᠠ ᠮᠥᠨ》ᠭᠡᠯᠴᠡᠨ᠎ᠡ᠃
ᠬᠡᠷᠡᠯᠲᠦᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠬᠠᠷᠢᠶ᠎ᠠ ᠣᠷᠣᠨ᠎ᠳᠤ 2907 ᠲᠡᠭ᠌ᠰᠢ ᠳᠥᠷᠪᠡᠯᠵᠢᠨ ᠺᠢᠯᠣᠮᠧᠲ᠋ᠷ ᠨᠤᠲᠤᠭ ᠳᠡᠪᠢᠰᠭᠡᠷ᠂ 72.33 ᠺᠢᠯᠣᠮᠧᠲ᠋ᠷ ᠬᠢᠯᠢ᠎ᠶ᠋ᠢᠨ ᠱᠤᠭᠤᠮ ᠲᠠᠢ ᠪᠠᠢᠵᠤ᠂ ᠭᠠᠵᠠᠷ ᠠᠭᠤᠳᠠᠮ ᠬᠥᠮᠦᠨ ᠴᠥᠭᠡᠨ᠂ ᠬᠠᠮᠤᠭ᠎ᠤᠨ ᠬᠣᠯᠠ ᠪᠠᠢᠭ᠎ᠠ ᠮᠠᠯᠵᠢᠬᠤ ᠡᠷᠦᠬᠡ ᠨᠢ ᠲᠣᠮᠢᠯᠠᠭ᠍ᠰᠠᠨ ᠰᠠᠯᠪᠤᠷᠢ᠎ᠠᠴᠠ 120 ᠺᠢᠯᠣᠮᠧᠲ᠋ᠷ ᠵᠠᠢᠲᠠᠶ ᠪᠠᠢᠳᠠᠭ᠃ ᠭᠡᠪᠡᠴᠦ᠍ ᠪᠤᠶᠠᠨ ᠠᠯᠢ ᠡᠷᠦᠬᠡ ᠵᠢᠨ ᠨᠠᠰᠤᠲᠠᠨ ᠬᠥᠳᠡᠯᠵᠦ᠍ ᠪᠠᠷᠢᠬᠤᠳ᠋ᠡᠭᠠᠨ ᠳᠥᠭᠥᠮ ᠦᠭᠡᠢ᠂ ᠠᠯᠢ ᠠᠢᠯ᠎ᠤᠨ ᠬᠡᠦᠬᠡᠳ ᠰᠤᠷᠭᠠᠭᠤᠯᠢ᠎ᠳᠤ ᠰᠠᠭᠤᠬᠤ᠎ᠳᠤ ᠬᠠᠪᠰᠤᠷᠤᠯᠭ᠎ᠠ ᠴᠢᠬᠤᠯᠠ ᠲᠠᠢ᠂ ᠠᠯᠢ ᠬᠡᠰᠡᠭ ᠪᠡᠯᠴᠢᠭᠡᠷ᠎ᠲᠦ ᠠᠮᠠᠷᠬᠠᠨ ᠵᠠᠭᠤᠷᠠᠯᠳᠤᠭᠠᠨ ᠡᠭᠦᠰᠭᠦ ᠁ ᠭᠡᠳ ᠡᠷᠦᠬᠡ ᠨᠢᠭᠡᠪᠦᠷᠢ᠎ᠶ᠋ᠢᠨ ᠪᠠᠢᠳᠠᠯ᠎ᠢ ᠰᠠᠢ᠌ᠨ ᠮᠡᠳᠡᠨ᠎ᠡ᠃
《ᠪᠤᠶᠠᠨ ᠳᠠᠷᠤᠭᠠᠬᠠᠷᠢᠶᠠ ᠣᠷᠣᠨ᠎ᠤ ᠪᠡᠨ ᠬᠥᠮᠦᠨ ᠵᠤᠨ᠂ ᠭᠠᠵᠠᠷ ᠨᠤᠲᠤᠭ᠂ ᠤᠯᠠᠨ ᠲᠦᠮᠡᠨ᠎ᠤ ᠪᠠᠢᠳᠠᠯ᠎ᠢ ᠠᠯᠠᠭᠠᠨ ᠵᠢᠷᠤᠭᠠᠰᠤ ᠪᠡᠨ ᠰᠢᠬ ᠲᠤᠳᠤ ᠰᠠᠢᠬᠠᠨ ᠮᠡᠳᠡᠳᠡᠭ ᠪᠤᠯᠬᠤᠷ ᠶᠠᠮᠠᠷ ᠵᠦᠷᠢᠴᠡᠯ ᠵᠠᠭᠤᠷᠠᠯᠳᠤᠭᠠᠨᠢᠴᠦ ᠭᠡᠰᠡᠨ ᠡᠶᠡᠳᠡᠢ ᠰᠠᠢᠬᠠᠨ ᠰᠢᠢᠳᠪᠦᠷᠢᠯᠡᠵᠦ᠂ ᠮᠠᠯᠴᠢᠨ ᠲᠦᠮᠡᠨ᠎ᠤ ᠢᠳᠡᠭᠡᠯ ᠬᠦᠨᠳᠦ ᠵᠢ ᠭᠦᠨ᠎ᠡ ᠤᠯᠵᠠᠢ》 ᠭᠡᠬᠦ ᠭᠡᠷᠡᠯᠲᠦᠠᠤᠳᠤ ᠬᠢᠯᠢ ᠵᠢᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ ᠨᠠᠷᠠᠰᠤ᠎ᠶ᠋ᠢᠨ ᠦᠭᠡ ᠨᠢ ᠶᠠᠭᠤ ᠨᠢᠭᠡ ᠵᠢ ᠬᠠᠷᠠᠭᠤᠯᠤᠨ᠎ᠠ᠃
23 ᠵᠢᠯ᠎ᠳᠦ ᠦᠨᠳᠦᠰᠦᠨ ᠱᠠᠲᠤᠨ᠎ᠳᠤ ᠭᠦᠨᠵᠡᠭᠡᠢᠷᠡᠬᠦ ᠳ᠋ᠡᠭᠡᠨ ᠪᠤᠶᠠᠨ ᠨᠡᠢᠲᠡ 230 ᠭᠠᠷᠤᠶ ᠤᠳᠠᠭ᠎ᠠ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠎ᠳᠦ ᠣᠷᠣᠯᠴᠠᠵᠤ᠂ 420 ᠭᠠᠷᠤᠶ ᠤᠳᠠᠭᠠᠨ᠎ᠤ ᠬᠡᠷᠡᠭ᠎ᠦᠨ ᠮᠡᠳᠡᠭᠦᠯᠦᠯᠲᠡ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠨ᠂ ᠣᠯᠠᠨ ᠲᠦᠮᠡᠨ᠎ᠳᠦ 80 ᠭᠠᠷᠤᠶ ᠤᠳᠠᠭ᠎ᠠ ᠪᠣᠳᠠᠲᠠᠶ ᠠᠵᠢᠯ ᠬᠢᠵᠦ ᠦᠭᠭᠦᠨ᠂ 20 ᠭᠠᠷᠤᠢ ᠬᠡᠮᠡᠷᠯᠢᠭ ᠲᠣᠭ᠎ᠢ ᠬᠦᠯᠢᠶᠡᠨ ᠠᠪᠴᠠᠢ᠃
2024 ᠣᠨ᠎ᠤ 11 ᠰᠠᠷ᠎ᠠ᠎ᠠᠴᠠ ᠡᠨᠡ ᠵᠢᠯ᠎ᠦᠨ 2 ᠰᠠᠷ᠎ᠠ ᠪᠣᠯᠲᠠᠯ᠎ᠠ᠂ ᠬᠡᠷᠡᠯᠲᠦᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ ᠵᠠᠯᠭᠠᠭ᠎ᠠ ᠪᠠᠷ 13 ᠤᠳᠠᠭᠠᠨ᠎ᠤ ᠬᠡᠷᠡᠭ᠎ᠤᠨ ᠮᠡᠳᠡᠭᠦᠯᠦᠯᠲᠡ᠎ᠶ᠋ᠢ ᠲᠤᠰᠴᠤ᠌᠂ ᠨᠡᠢᠲᠡ 268 ᠺᠢᠯᠣᠭ᠌ᠷᠠᠮ ᠴᠠᠬᠢᠯᠭᠠᠨ ᠳᠡᠭᠡᠰᠦ ᠬᠤᠯᠠᠭᠠᠢᠯᠠᠭ᠍ᠳᠠᠵᠤ᠂ ᠥᠷᠲᠡᠭ᠎ᠨᠢ 100 ᠲᠦᠮᠡᠨ ᠲᠦᠭᠦᠷᠢᠭ᠎ᠢ ᠳᠠᠪᠠᠪᠠ᠃
《ᠬᠡᠷᠡᠭ᠎ᠤᠨ ᠰᠡᠵᠢᠭ᠌ᠳᠡᠨ ᠲᠠᠯ᠎ᠠ ᠨᠤᠲᠤᠭ ᠲᠤ᠌ ᠬᠠᠮᠢᠶᠠᠷᠬᠤ ᠬᠥᠮᠦᠨ ᠥᠬᠡᠶ ᠭᠡᠵᠦ᠍ ᠨᠢᠳᠤᠨ ᠳ᠋ᠡᠭᠡᠨ ᠬᠠᠪᠴᠢᠬᠤ ᠦᠭᠡᠢ ᠪᠠᠢᠨ᠎ᠠ᠂ ᠭᠡᠪᠡᠴᠦ᠍ ᠲᠠᠳᠠ ᠡᠨᠳᠡᠬᠢ ᠮᠠᠯᠵᠢᠬᠤ ᠡᠷᠦᠬᠡ ᠪᠣᠯᠭᠠᠨ ᠪᠦᠷ ᠲᠠᠩᠨᠠᠬᠤ ᠬᠦᠴᠦᠨ ᠲᠠᠢ ᠭᠡᠳᠡᠭ᠎ᠢ ᠮᠠᠷᠲᠠᠴᠢᠬᠠᠵᠠᠶ》 ᠭᠡᠵᠦ ᠪᠤᠶᠠᠨ ᠲᠤᠰᠭᠠᠶ ᠬᠡᠷᠡᠭ᠎ᠦᠨ ᠳᠤᠭᠤᠢᠯᠠᠩ᠎ᠢ ᠳᠠᠭᠠᠭᠤᠯᠤᠭᠠᠳ ᠡᠳᠦᠷ ᠰᠥᠨᠢ ᠥᠬᠡᠶ ᠲᠡᠮᠡᠴᠡᠨ᠂ ᠬᠠᠷᠢᠶ᠎ᠠ ᠣᠷᠣᠨ᠎ᠤ 1000 ᠱᠢᠬᠠᠮ ᠴᠠᠭ᠎ᠤᠨ ᠬᠢᠨᠠᠨ ᠡᠵᠡᠮᠳᠡᠬᠦ᠌ ᠸᠢᠳᠢᠣ᠋᠎ᠶ᠋ᠢ ᠱᠢᠯᠵᠢᠭᠦᠯᠦᠨ ᠦᠵᠡᠵᠦ᠍᠂ ᠡᠴᠦᠰ᠎ᠲᠡᠬᠡᠨ 200 ᠭᠠᠷᠤᠶ ᠮᠠᠯᠵᠢᠬᠤ ᠡᠷᠦᠬᠡ᠎ᠶ᠋ᠢᠨ ᠳᠣᠲᠣᠷᠠᠬᠢ ᠥᠪᠡᠰᠦᠪᠡᠨ ᠤᠭ᠍ᠰᠠᠷᠠᠭ᠍ᠰᠠᠨ ᠬᠢᠨᠠᠨ ᠡᠵᠡᠮᠳᠡᠬᠦ᠌ ᠸᠢᠳᠢᠣ᠋᠎ᠡᠴᠡ ᠰᠡᠵᠢᠭ᠌ᠯᠡᠯᠲᠡᠶ ᠲᠡᠷᠭᠡ᠎ᠶ᠋ᠢᠨ ᠰᠦᠪᠡᠭᠴᠢ ᠵᠢ ᠮᠦᠷᠳᠡᠨ ᠢᠯᠡᠷᠡᠭᠦᠯᠪᠡ᠃ ᠲᠡᠳᠡ 10 ᠡᠳᠦᠷ᠎ᠤᠨ ᠲᠤᠷᠰᠢ ᠮᠥᠷᠳᠡᠨ ᠰᠠᠬᠢᠵᠤ᠂ ᠲᠤᠰᠭᠠᠢ ᠬᠡᠷᠡᠭ᠎ᠦᠨ ᠳᠤᠭᠤᠢᠯᠠᠩ ᠤᠯᠠᠭᠠᠨᠬᠠᠳᠠ ᠬᠤᠳᠠ᠂ ᠯᠢᠶᠣᠤᠨᠢᠩ᠎ᠤᠨ ᠴᠤᠤᠶᠠᠩ ᠬᠤᠲᠠ ᠵᠡᠷᠭᠡ ᠭᠠᠵᠠᠷ᠎ᠢᠶᠠᠷ ᠲᠣᠭᠣᠷᠢᠨ ᠶᠠᠪᠤᠵᠤ᠂ ᠬᠣᠶᠠᠷ ᠬᠡᠷᠡᠭ᠎ᠤᠨ ᠰᠡᠵᠢᠭ᠌ᠳᠡᠨ᠎ᠢ ᠪᠠᠷᠢᠪᠴᠢᠯᠠᠨ ᠠᠪᠴᠠᠢ᠃
ᠬᠡᠷᠡᠭ᠎ᠢ ᠨᠢᠭᠡᠨᠳᠡ ᠢᠯᠡᠷᠡᠭᠦᠯᠦᠭᠰᠡᠨ ᠪᠤᠯᠪᠠᠴᠦ᠂ ᠪᠤᠶᠠᠨ ᠴᠠᠭᠠᠳᠤᠬᠢ ᠭᠦᠨ ᠲᠠᠪᠬᠤᠷᠭ᠎ᠠ ᠵᠢᠨ ᠤᠴᠢᠷ᠎ᠢ ᠰᠡᠳᠭᠢᠨ ᠪᠣᠳᠣᠯᠬᠢᠯᠠᠬᠤ᠎ᠪᠠᠨ ᠶᠡᠷᠦ ᠵᠣᠭ᠍ᠰᠣᠭ᠍ᠰᠠᠨ ᠦᠭᠡᠢ᠃ ᠲᠡᠷᠡ ᠬᠠᠷᠢᠶ᠎ᠠ ᠣᠷᠣᠨ᠎ᠤ ᠬᠤᠯᠠᠭᠠᠢᠴᠢ᠎ᠶ᠋ᠢ ᠰᠡᠷᠭᠡᠢᠯᠡᠬᠦ᠌᠎ᠳᠦ ᠭᠠᠵᠠᠷ ᠠᠭᠤᠳᠠᠮ ᠬᠥᠮᠦᠨ ᠴᠥᠭᠡᠨ ᠲᠣᠭᠣᠷᠢᠨ ᠴᠠᠭ᠍ᠳᠠᠬᠤ᠎ᠳᠤ ᠬᠦᠴᠢᠷ᠂ ᠬᠤᠯᠠᠭᠠᠢᠴᠢ ᠵᠢᠨ ᠲᠤᠰᠭᠠᠶ ᠮᠡᠷᠭᠡᠵᠢᠯ ᠡᠴᠡ ᠪᠤᠯᠵᠤ ᠰᠡᠷᠭᠡᠢᠯᠡᠬᠦ᠎ᠳᠦ ᠬᠦᠴᠢᠷ᠂ ᠣᠷᠣᠨ ᠪᠦᠰᠡ ᠠᠯᠤᠰᠯᠠᠭᠰᠠᠨ ᠬᠡᠷᠡᠭ ᠲᠦ᠍ ᠴᠣᠬᠢᠯᠲᠠ ᠥᠭ᠌ᠬᠦ᠎ᠳᠦ ᠬᠦᠴᠢᠷ ᠵᠡᠷᠭᠡ 《ᠭᠤᠷᠪᠠᠨ ᠬᠦᠴᠢᠷ》 ᠣᠷᠣᠱᠢᠵᠤ ᠪᠠᠢᠬᠤ᠎ᠶ᠋ᠢ ᠣᠯᠵᠤ ᠮᠡᠳᠡᠪᠡ᠃ ᠡᠭᠦᠨ᠎ᠦ ᠲᠤᠯᠠᠳᠠ ᠲᠡᠷᠡ ᠳᠠᠷᠤᠢᠬᠠᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠭᠠᠷᠳᠠᠨ ᠪᠠᠢᠭᠤᠯᠵᠤ᠂ ᠨᠢᠭᠡ ᠲᠠᠯ᠎ᠠ᠎ᠪᠠᠷ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠵᠡᠷᠭᠡ ᠨᠢᠭᠡᠴᠢ᠎ᠲᠡᠶ ᠬᠣᠯᠪᠣᠭᠠᠯᠠᠭᠠᠳ᠂ ᠬᠣᠯᠪᠣᠭᠠᠯᠠᠨ ᠰᠡᠷᠭᠡᠢᠯᠡᠵᠦ᠍ ᠡᠵᠡᠮᠳᠡᠬᠦ᠌ ᠲᠣᠭ᠍ᠲᠠᠴᠠ ᠪᠠᠢᠭᠤᠯᠬᠤ᠎ᠶ᠋ᠢ ᠠᠬᠢᠭᠤᠯᠵᠤ᠂ ᠬᠡᠷᠡᠭ᠎ᠦᠨ ᠰᠦᠪᠡᠭ᠌ᠴᠢ᠎ᠶ᠋ᠢ ᠴᠠᠭ ᠲᠤᠬᠠᠢᠳᠤᠨᠢ ᠬᠠᠮᠲᠤ᠎ᠪᠠᠷ ᠡᠳ᠋ᠯᠡᠬᠦ᠌᠂ ᠪᠠᠴᠢᠮ ᠪᠠᠢᠳᠠᠯ᠎ᠢ ᠠᠷᠭᠠᠴᠠᠭᠠᠬᠤ ᠬᠦᠴᠦᠨ᠎ᠤ ᠲᠦᠷᠭᠡᠨ ᠬᠣᠯᠪᠣᠭᠠᠯᠠᠬᠤ᠎ᠶ᠋ᠢ ᠪᠡᠶᠡᠯᠡᠭᠦᠯᠪᠡ᠃ ᠨᠥᠭᠥᠭᠡ ᠲᠠᠯ᠎ᠠ᠎ᠪᠠᠷ ᠲᠡᠷᠡ 《ᠮᠠᠯᠵᠢᠬᠤ ᠣᠷᠣᠨ᠎ᠤ ᠲᠣᠨᠣᠭ ᠲᠥᠬᠥᠭᠡᠷᠦᠮᠵᠢ᠎ᠶ᠋ᠢ ᠬᠠᠮᠠᠭᠠᠯᠠᠬᠤ ᠭᠤᠷᠪᠠᠨ ᠢᠵᠢ ᠠᠷᠭ᠎ᠠ》 ᠵᠢ ᠡᠭᠦᠳᠴᠡᠢ᠂ ᠲᠤᠬᠠᠢᠯᠠᠪᠠᠯ ᠬᠠᠶᠠᠭ᠍ᠳᠠᠮᠠᠯ ᠡᠳ᠋᠎ᠢ ᠬᠣᠷᠢᠶᠠᠨ ᠠᠪᠬᠤ᠎ᠳᠠᠭᠠᠨ ᠦᠨᠡᠨ ᠨᠡᠷ᠎ᠡ᠎ᠪᠡᠷ ᠡᠬᠢ ᠰᠤᠷᠪᠤᠯᠵᠢ᠎ᠶ᠋ᠢ᠎ᠨᠢ ᠮᠥᠷᠳᠡᠬᠦ᠌ ᠬᠠᠮᠢᠶᠠᠷᠤᠯᠲᠠ᠂ ᠬᠢᠯᠢ ᠬᠠᠮᠠᠭᠠᠯᠠᠬᠤ ᠥᠷᠲᠡᠭᠡ ᠬᠤᠯᠠᠭᠠᠢᠴᠢ᠎ᠶ᠋ᠢ ᠰᠡᠷᠭᠡᠢᠯᠡᠬᠦ᠌ ᠲᠤᠬᠠᠶ ᠤᠬᠠᠭᠤᠯᠭ᠎ᠠ ᠵᠢ ᠡᠷᠦᠬᠡ᠎ᠳᠦ ᠬᠦᠷᠲᠡᠯ᠎ᠡ ᠬᠢᠵᠦ᠍᠂ ᠵᠠᠩᠭᠢᠯᠠᠭ᠎ᠠ᠎ᠶ᠋ᠢᠨ ᠴᠡᠭ᠎ᠲᠦ ᠣᠶᠤᠨᠴᠢ᠎ᠪᠠᠷ ᠬᠢᠨᠠᠨ ᠡᠵᠡᠮᠳᠡᠵᠦ᠍᠂ 《ᠮᠡᠷᠭᠡᠵᠢᠯ᠎ᠢᠶᠡᠷ ᠰᠡᠷᠭᠡᠢᠯᠡᠬᠦ᠌ + ᠠᠷᠠᠳ᠎ᠤᠨ ᠠᠭᠠᠷ᠎ᠤᠨ ᠰᠡᠷᠭᠡᠢᠯᠡᠯᠲᠡ》 ᠵᠢᠨ ᠲᠤᠤᠷ᠎ᠢ ᠪᠡᠬᠢᠯᠡᠨ ᠰᠦᠯᠵᠢᠪᠡ᠃
ᠬᠢᠯᠢ ᠬᠢᠵᠠᠭᠠᠷ᠎ᠢ ᠰᠠᠬᠢᠨ ᠬᠠᠮᠠᠭᠠᠯᠠᠭ᠍ᠰᠠᠨ 23 ᠵᠢᠯ᠎ᠦᠨ ᠲᠤᠷᠰᠢ᠂ ᠲᠡᠭᠦᠨ᠎ᠦ《ᠠᠷᠠᠳ᠎ᠤᠨ ᠪᠠᠢᠳᠠᠯ᠎ᠤᠨ ᠡᠳᠦᠷ᠎ᠦᠨ ᠲᠡᠮᠳᠡᠭ᠌ᠯᠡᠯ》 ᠳ᠋ᠦ ᠵᠦᠷᠢᠴᠡᠯ ᠵᠢᠭᠤᠷᠠᠯᠳᠤᠭᠠᠨ᠎ᠢ 230 ᠤᠳᠠᠭ᠎ᠠ ᠡᠶᠡᠳᠡᠭᠦᠯᠵᠦ᠂ 98% ᠵᠢ ᠢᠯᠭᠤᠮ ᠡᠶᠡᠳᠡᠭᠦᠯᠵᠠᠢ᠃ 21 ᠲᠦᠮᠡ ᠭᠠᠷᠤᠢ ᠺᠢᠯᠣᠮᠧᠲ᠋ᠷ ᠲᠤᠭᠤᠷᠢᠨ ᠴᠠᠭᠳᠠᠵᠦ᠂ ᠡᠨᠡ ᠨᠢ ᠳᠡᠯᠡᠬᠡᠶ᠎ᠶ᠋ᠢᠨ ᠪᠥᠮᠪᠥᠷᠴᠡᠭ᠎ᠢ 5 ᠤᠳᠠᠭ᠎ᠠ ᠡᠷᠭᠢᠭ᠌ᠰᠡᠨᠲᠡᠶ ᠲᠡᠩᠴᠡᠨ᠎ᠡ᠃ ᠬᠠᠷᠢᠶ᠎ᠠ ᠣᠷᠣᠨ᠎ᠤ ᠣᠯᠠᠨ ᠲᠦᠮᠡᠨ᠎ᠢ 300 ᠭᠠᠷᠤᠶ ᠤᠳᠠᠭ᠎ᠠ ᠬᠠᠪᠰᠤᠷᠤᠨ ᠲᠡᠳᠬᠦᠵᠦ᠍᠂ 1 ᠶᠠᠳᠠᠭᠤ ᠬᠦᠴᠢᠷᠳᠡᠯᠲᠡᠶ ᠰᠣᠷᠣᠭ᠍ᠴᠢ᠎ᠶ᠋ᠢ ᠲᠤᠰᠠᠯᠠᠪᠠ ᠭᠡᠵᠦ ᠲᠡᠮᠳᠡᠭᠯᠡᠵᠦ ᠪᠠᠢᠳᠠᠭ᠃ 23 ᠵᠢᠯ᠎ᠢ ᠨᠢᠭᠡ ᠡᠳᠦᠷ ᠮᠡᠲᠦ᠍᠎ᠪᠡᠷ ᠬᠢᠯᠢ᠎ᠶ᠋ᠢᠨ ᠡᠮᠦᠨ᠎ᠡ ᠹᠷᠣᠨᠲ᠎ᠢ ᠪᠠᠲᠤ ᠰᠠᠬᠢᠵᠤ᠂ ᠤᠷᠢᠳ ᠬᠤᠵᠢᠳ ᠲᠡᠷᠡ 《ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ》᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠬᠠᠮᠤᠭ᠎ᠤᠨ ᠭᠣᠶᠣ ᠴᠡᠷᠢᠭ᠎ᠦᠨ ᠠᠯᠪᠠ᠎ᠠᠴᠠ ᠬᠠᠯᠠᠭᠳᠠᠭᠰᠠᠨ ᠬᠦᠮᠦᠨ》 ᠵᠡᠷᠭᠡ ᠢᠷᠠᠭᠤ ᠠᠯᠳᠠᠷ᠎ᠢ ᠭᠥᠷᠳᠡᠭᠰᠡᠨ ᠶᠤᠮ᠃
2023 ᠣᠨ᠎ᠳᠤ᠂ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠬᠢᠯᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠰᠠᠭᠤᠷᠢᠯᠠᠨ᠂ ᠬᠢᠯᠢ ᠬᠠᠮᠠᠭᠠᠯᠠᠭ᠍ᠴᠢ᠂ ᠲᠠᠯ᠎ᠠ ᠨᠤᠲᠤᠭ᠎ᠤᠨ 110 ᠬᠡᠷᠡᠭ ᠮᠡᠳᠡᠭᠦᠯᠬᠦ᠌ ᠴᠡᠭ᠂ ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ ᠵᠡᠷᠭᠡ ᠤᠤᠯ᠎ᠤᠨ ᠬᠢᠯᠢ᠎ᠶ᠋ᠢ ᠬᠠᠮᠢᠶᠠᠷᠴᠤ᠌ ᠬᠢᠯᠢ᠎ᠶ᠋ᠢ ᠬᠠᠮᠠᠭᠠᠯᠠᠬᠤ ᠬᠦᠴᠦᠨ ᠵᠦᠶ᠋ᠯ᠎ᠢ ᠡᠮᠬᠢᠯᠡᠨ ᠨᠡᠢᠯᠡᠭᠦᠯᠦᠭᠡᠳ᠂ ᠬᠢᠯᠢ᠎ᠶ᠋ᠢᠨ ᠡᠮᠦᠨ᠎ᠡ ᠹᠷᠣᠨᠲ᠎ᠲᠦ ᠬᠢᠯᠢ ᠬᠠᠮᠠᠭᠠᠯᠠᠬᠤ ᠥᠷᠲᠡᠭᠡ ᠪᠠᠢᠭᠤᠯᠬᠤ᠎ᠪᠠᠷ ᠲᠣᠭ᠍ᠲᠠᠪᠠ᠃
ᠬᠡᠷᠡᠯᠲᠦᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠬᠠᠷᠢᠶ᠎ᠠ ᠣᠷᠣᠨ᠎ᠳᠤ ᠱᠢᠨ᠎ᠡ ᠪᠠᠢᠭᠤᠯᠤᠭ᠍ᠰᠠᠨ 11 ᠬᠢᠯᠢ ᠬᠠᠮᠠᠭᠠᠯᠠᠬᠤ ᠥᠷᠲᠡᠭᠡᠨ᠎ᠳᠦ ᠲᠤᠬᠢᠷᠠᠮᠵᠢᠲᠠᠢ ᠰᠠᠢᠨ ᠣᠷᠣᠨ ᠪᠠᠢᠷᠢ ᠣᠯᠵᠤ ᠥᠭ᠌ᠬᠦ᠎ᠶ᠋ᠢᠨ ᠲᠥᠯᠥᠭᠡ ᠂ ᠪᠤᠶᠠᠨ 30 ᠡᠳᠦᠷ ᠳᠠᠷᠠᠭᠠᠯᠠᠨ ᠬᠠᠷᠢᠶ᠎ᠠ ᠣᠷᠣᠨ᠎ᠤ ᠬᠢᠯᠢ᠎ᠶ᠋ᠢᠨ ᠱᠤᠭᠤᠮ ᠳᠡᠭᠡᠷ᠎ᠡ ᠶᠠᠪᠤᠵᠤ ᠂ ᠲᠡᠮᠳᠡᠭ᠌ᠯᠡᠯ᠎ᠦᠨ ᠳᠡᠪᠲᠡᠷ ᠳᠡᠭᠡᠷ᠎ᠡ ᠪᠠᠨ 20 ᠪᠡᠯᠡᠳᠭᠡᠯ ᠴᠡᠭ᠎ᠦᠨ ᠣᠷᠣᠨ ᠪᠠᠢᠷᠢ ᠂ ᠳᠣᠬᠢᠶᠠᠨ᠎ᠤ ᠪᠦᠷᠬᠦᠴᠡ᠎ᠶ᠋ᠢᠨ ᠪᠠᠢᠳᠠᠯ᠂ ᠮᠠᠯᠵᠢᠬᠤ ᠡᠷᠦᠬᠡ᠎ᠶ᠋ᠢᠨ ᠲᠠᠷᠬᠠᠯᠲᠠ ᠵᠡᠷᠭᠡ ᠵᠠᠩᠭᠢᠯᠠᠭ᠎ᠠ᠎ᠶ᠋ᠢᠨ ᠲᠣᠭ᠎ᠠ ᠪᠠᠷᠢᠮᠲᠠ᠎ᠶ᠋ᠢ ᠨᠢᠭ᠍ᠲᠠ ᠲᠡᠮᠳᠡᠭ᠌ᠯᠡᠵᠦ᠍ ᠪᠠᠢᠯ᠎ᠠ᠃ ᠬᠠᠮᠤᠭ ᠰᠡᠭᠦᠯ᠎ᠳᠦ᠂ ᠪᠤᠶᠠᠨ᠎ᠤ ᠰᠣᠩᠭᠣᠨ ᠲᠣᠭ᠍ᠲᠠᠭᠠᠭ᠍ᠰᠠᠨ ᠥᠷᠲᠡᠭᠡ ᠨᠢ ᠬᠢᠯᠢ ᠲᠣᠭᠣᠷᠢᠨ ᠬᠠᠮᠢᠶᠠᠷᠤᠨ ᠡᠵᠡᠮᠳᠡᠬᠦ᠌ ᠪᠠᠢᠯᠳᠤᠬᠤ ᠪᠣᠳᠣᠯᠭ᠎ᠠ᠎ᠶ᠋ᠢᠨ ᠱᠠᠭᠠᠷᠳᠠᠯᠭ᠎ᠠ᠎ᠳᠤ ᠨᠡᠢᠴᠡᠭᠰᠡᠨ ᠪᠦᠭᠡᠳ ᠪᠠᠰᠠ ᠮᠠᠯᠴᠢᠳ᠎ᠤᠨ ᠠᠮᠢᠳᠤᠷᠠᠯ᠎ᠳᠤ ᠦᠶ᠋ᠯᠡᠴᠢᠯᠡᠬᠦ᠌ ᠴᠢᠳᠠᠮᠵᠢ᠎ᠶ᠋ᠢ ᠬᠠᠮᠲᠤᠳᠤᠨᠢ ᠬᠠᠷᠠᠭᠠᠯᠵᠠᠬᠤ ᠵᠢ ᠪᠡᠶᠡᠯᠡᠭᠦᠯᠵᠠᠢ᠃
2024 ᠣᠨ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ ᠪᠠᠢᠭᠤᠯᠬᠤ᠎ᠶ᠋ᠢ ᠵᠥᠪᠱᠢᠶᠡᠷᠡᠨ᠂ ᠮᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠠᠵᠢᠯ ᠴᠢᠬᠤᠯᠠ ᠠᠱᠢᠭ᠍ᠲᠠᠶ ᠲᠣᠬᠢᠶᠠᠯ᠎ᠢ ᠤᠭ᠍ᠲᠤᠪᠠ᠃ ᠡᠨᠡ ᠦᠶ᠎ᠡ᠎ᠳᠦ ᠪᠤᠶᠠᠨ ᠠᠯᠪᠠᠨ ᠭᠡᠷ᠎ᠦᠨ ᠬᠠᠨ᠎ᠠ ᠳᠡᠭᠡᠷ᠎ᠡ ᠪᠠᠨ ᠡᠯᠭᠦᠭᠡᠰᠦᠲᠡᠢ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠢ᠋ ᠬᠠᠷᠠᠭᠠᠳ᠄ 《ᠤᠯᠤᠰ ᠠᠯᠤᠰᠯᠠᠭ᠍ᠰᠠᠨ ᠠᠵᠤ ᠠᠬᠤᠢᠯᠠᠯ᠂ ᠭᠠᠳᠠᠭᠠᠳᠤ᠎ᠶ᠋ᠢᠨ ᠠᠵᠢᠯᠴᠢᠨ᠂ ᠬᠢᠯᠢ ᠠᠯᠤᠰᠯᠠᠨ ᠲᠣᠭᠠᠴᠠᠭ᠎ᠠ ᠬᠢᠬᠦ᠌ ᠁ ᠬᠠᠭᠤᠴᠢᠨ ᠠᠷᠭ᠎ᠠ ᠱᠢᠨ᠎ᠡ ᠠᠰᠠᠭᠤᠳᠠᠯ᠎ᠢ ᠰᠢᠢᠳᠪᠦᠷᠢᠯᠡᠵᠦ ᠳᠡᠢᠯᠬᠦ ᠦᠭᠡᠢ᠂ ᠲᠤᠯᠭᠠᠷᠠᠵᠦ ᠢᠷᠡᠬᠦ ᠰᠢᠨ᠎ᠡ ᠠᠰᠠᠭᠤᠳᠠᠯ᠎ᠢ ᠡᠷᠬᠡᠪᠰᠢ ᠰᠢᠨ᠎ᠡ ᠠᠷᠭ᠎ᠠ ᠪᠡᠷ ᠪᠦᠲᠦᠮᠵᠢᠳᠡᠢ ᠰᠢᠢᠳᠪᠦᠷᠢᠯᠡᠵᠦ᠂ ᠬᠢᠯᠢ ᠬᠢᠵᠠᠭᠠᠷ᠎ᠤᠨ ᠠᠮᠤᠷ ᠲᠤᠭᠳᠠᠭᠤᠨ ᠪᠠ ᠠᠵᠦ ᠠᠬᠤᠢ ᠨᠡᠢᠭᠡᠮ᠎ᠤᠨ ᠬᠥᠭ᠌ᠵᠢᠯᠲᠡ᠎ᠳᠤ ᠦᠢᠯᠡᠴᠢᠯᠡᠬᠦ ᠭᠡᠷᠡᠭᠳᠡᠢ》 ᠭᠡᠵᠦ ᠰᠡᠷᠭᠡᠭ ᠵᠢᠡᠷ ᠲᠠᠨᠢᠵᠦ ᠤᠯᠪᠠ᠃
ᠡᠢᠨ ᠬᠦ᠌ ᠪᠤᠶᠠᠨ ᠡᠳᠦᠷ ᠨᠢ ᠠᠵᠤ ᠠᠬᠤᠢᠯᠠᠯ᠎ᠢᠶᠠᠷ ᠡᠷᠦᠬᠡ ᠳᠠᠷᠠᠭᠠᠯᠠᠨ ᠭᠦᠨᠵᠡᠭᠡᠢᠷᠡᠵᠦ ᠂ ᠬᠢᠯᠢ ᠠᠯᠤᠰᠯᠠᠭ᠍ᠰᠠᠨ ᠡᠵᠡᠩᠨᠡᠯᠲᠡ᠎ᠶ᠋ᠢᠨ ᠳᠤᠮᠳᠠᠬᠢ ᠬᠦᠴᠢᠷᠳᠡᠯ᠎ᠢ ᠣᠢᠯᠠᠭᠠᠵᠦ᠂ ᠣᠷᠣᠶ ᠪᠤᠯᠪᠠᠯ ᠱᠢᠷᠡᠭᠡ ᠡᠯᠢᠭᠡᠲᠡᠨ ᠰᠠᠭᠤᠭᠠᠳ ᠮᠣᠩᠭᠣᠯ ᠤᠯᠤᠰ᠎ᠤᠨ ᠬᠠᠤᠯᠢ ᠴᠠᠭᠠᠵᠠ᠎ᠶ᠋ᠢ ᠤᠩᠱᠢᠵᠤ ᠰᠤᠳᠤᠯᠤᠨ᠂ ᠨᠠᠷᠢᠨ ᠵᠦᠶ᠋ᠯᠡᠰ᠎ᠢ ᠳᠠᠬᠢᠨ ᠳᠠᠪᠲᠠᠨ ᠲᠤᠩᠭᠠᠨ ᠪᠣᠳᠣᠯᠬᠢᠯᠠᠪᠠ᠃ ᠬᠢᠯᠢ ᠠᠯᠤᠰᠯᠠᠭ᠍ᠰᠠᠨ ᠠᠷᠠᠯᠵᠢᠶᠠᠨ᠎ᠤ ᠪᠦᠬᠦ᠌ ᠶᠠᠪᠤᠴᠠ᠎ᠶ᠋ᠢ ᠲᠤᠳᠤᠷᠬᠠᠢ ᠣᠢᠯᠠᠭᠠᠬᠤ᠎ᠶ᠋ᠢᠨ ᠲᠥᠯᠥᠭᠡ᠂ ᠲᠡᠷᠡ ᠰᠠᠨᠠᠭᠠᠴᠢᠯᠠᠭ᠎ᠠ᠎ᠠᠴᠠ᠎ᠪᠠᠨ ᠬᠢᠯᠢ᠎ᠶ᠋ᠢᠨ ᠪᠣᠭᠣᠮᠲᠠ᠂ ᠬᠢᠯᠢ᠎ᠶ᠋ᠢᠨ ᠪᠠᠢᠴᠠᠭᠠᠯᠲᠠ ᠵᠡᠷᠭᠡ ᠬᠠᠮᠲᠤᠷᠠᠨ ᠪᠠᠢᠴᠠᠭᠠᠬᠤ ᠨᠢᠭᠡᠴᠢ᠎ᠳᠦ ᠬᠦᠷᠴᠦ᠍ ᠳᠠᠭᠠᠨ ᠰᠤᠷᠤᠯᠴᠠᠵᠤ᠂ ᠪᠠᠢᠩᠭᠤ ᠲᠣᠬᠢᠶᠠᠯᠳᠤᠳᠠᠭ ᠵᠠᠭᠤᠷᠠᠯᠳᠤᠭᠠᠨ᠎ᠤ ᠬᠡᠷᠡᠭ᠎ᠦᠨ ᠵᠢᠱ᠌ᠢᠢ᠎ᠡ᠎ᠶ᠋ᠢ ᠴᠤᠭ᠍ᠯᠠᠭᠤᠯᠵᠠᠢ᠃ 47 ᠡᠳᠦᠷ ᠦᠷᠭᠦᠯᠵᠢᠯᠡᠭ᠌ᠰᠡᠨ ᠪᠠᠢᠴᠠᠭᠠᠨ ᠰᠤᠳᠤᠯᠬᠤ ᠪᠡᠷ ᠲᠠᠮᠵᠢᠭᠠᠳ᠂ ᠲᠡᠷᠡ ᠬᠠᠮᠲᠤᠷᠠᠯᠴᠠᠭᠠᠨ᠎ᠤ ᠣᠷᠣᠨ᠎ᠤ ᠪᠤᠢ ᠪᠦᠬᠦᠢ ᠭᠣᠣᠯᠳᠠᠯᠭ᠎ᠠ᠎ᠲᠠᠶ ᠠᠵᠤ ᠠᠬᠤᠢᠯᠠᠯ᠎ᠢᠶᠠᠷ ᠶᠠᠪᠤᠵᠤ᠂ ᠬᠢᠯᠢ ᠠᠯᠤᠰᠯᠠᠨ ᠬᠠᠤᠯᠢ ᠬᠡᠷᠡᠭ᠌ᠵᠢᠭᠦᠯᠬᠦ᠌ ᠵᠢᠨ ᠬᠦᠴᠢᠷ ᠠᠰᠠᠭᠤᠳᠠᠯ ᠪᠠ ᠲᠦᠪᠡᠭᠲᠡᠢ ᠠᠰᠠᠭᠤᠳᠠᠯ᠎ᠢ ᠡᠷᠢᠨ ᠭᠠᠷᠭᠠᠭᠠᠳ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠲᠤᠰᠭᠠᠢ ᠮᠡᠷᠭᠡᠵᠢᠯ᠎ᠦᠨ ᠨᠡᠷ᠎ᠡ ᠲᠤᠮᠢᠶ᠎ᠠ᠂ ᠲᠤᠬᠠᠢᠯᠠᠭ᠍ᠰᠠᠨ ᠠᠵᠢᠯ᠎ᠤᠨ ᠶᠠᠪᠤᠴᠠ ᠨᠢᠭᠡᠪᠦᠷᠢ᠎ᠶ᠋ᠢ ᠭᠦᠨᠵᠡᠭᠡᠢ ᠰᠤᠷᠤᠯᠴᠠᠨ ᠲᠤᠭᠤᠷᠠᠳᠠᠯ᠎ᠠ ᠣᠢᠯᠠᠭᠠᠵᠤ᠂ ᠬᠣᠢᠱᠢᠳᠠ᠎ᠶ᠋ᠢᠨ ᠠᠵᠢᠯ ᠳ᠋ᠠᠭᠠᠨ ᠪᠠᠲᠤ ᠰᠠᠭᠤᠷᠢ᠎ᠶ᠋ᠢ ᠲᠠᠯᠪᠢᠭᠰᠠᠨ ᠪᠠᠢᠨ᠎ᠠ᠃
ᠬᠠᠷᠢᠶ᠎ᠠ ᠣᠷᠣᠨ᠎ᠤ ᠪᠡᠨ ᠠᠳᠬᠤ ᠰᠢᠷᠤᠢ ᠢᠮᠠᠬᠤ ᠭᠠᠵᠠᠷᠢᠴᠦ ᠵᠢᠷᠦᠬᠡ ᠰᠡᠳᠬᠢᠯ ᠳ᠋ᠡᠭᠡᠨ ᠪᠤᠳᠤᠵᠦ᠂ ᠬᠢᠯᠢ ᠬᠠᠮᠠᠭᠠᠯᠠᠬᠤ ᠦᠷᠳᠡᠭᠡᠨ᠎ᠤ ᠭᠠᠵᠠᠷ ᠰᠣᠩᠭᠣᠬᠤ᠎ᠡᠴᠡ ᠬᠠᠷᠢᠶ᠎ᠠ ᠣᠷᠣᠨ᠎ᠤ ᠪᠡᠨ ᠠᠮᠤᠷ ᠲᠣᠭ᠍ᠲᠠᠭᠤᠨ᠎ᠢ ᠬᠠᠮᠠᠭᠠᠯᠠᠬᠤ ᠬᠦᠷᠲᠡᠯ᠎ᠡ᠂ ᠠᠷᠠᠳ᠎ᠤᠨ ᠠᠮᠢᠳᠤᠷᠠᠯ᠎ᠤᠨ ᠪᠠᠭ᠎ᠠ ᠬᠡᠷᠡᠭ᠎ᠢ ᠲᠠᠩᠨᠠᠨ ᠢᠯᠡᠷᠡᠭᠦᠯᠬᠦ᠌᠎ᠡᠴᠡ《ᠨᠢᠭᠡ ᠪᠦᠰᠡ ᠨᠢᠭᠡ ᠵᠠᠮ》᠎ᠤ᠋ᠨ ᠪᠦᠳᠦᠭᠡᠨ ᠪᠠᠢᠭᠤᠯᠤᠯᠲᠠ᠎ᠶ᠋ᠢ ᠬᠠᠮᠠᠭᠠᠯᠠᠬᠤ ᠬᠦᠷᠲᠡᠯ᠎ᠡ᠂ ᠠᠷᠠᠳ᠎ᠤᠨ ᠴᠠᠭᠳᠠᠭ᠎ᠠ ᠪᠤᠶᠠᠨ ᠡᠭᠡᠯ ᠵᠢᠷ᠎ᠦᠨ ᠠᠵᠢᠯ᠎ᠤᠨ ᠪᠠᠢᠷᠢᠨ ᠳᠡᠭᠡᠷ᠎ᠡ᠎ᠪᠡᠨ ᠡᠭᠡᠯ ᠪᠤᠰᠤ ᠵᠢᠨ ᠦᠯᠢᠭᠡᠷ ᠦᠢᠯᠡ ᠵᠢ ᠪᠢᠴᠢᠭᠯᠡᠵᠠᠢ᠃