ᠲᠦᠷᠭᠡᠨ ᠬᠦᠷᠭᠡᠯᠲᠡ᠎ᠶ᠋ᠢᠨ 《 ᠲᠦᠷᠭᠡᠨ ᠬᠤᠷᠳᠤᠴᠠ 》 ᠵᠢ ᠪᠢᠴᠢᠭᠯᠡᠨ᠎ᠡ
2025-05-14 10:07:06
ᠵᠣᠬᠢᠶᠠᠭ᠍ᠴᠢ᠄
ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠺᠠᠢᠯᠦ᠍ ᠱᠢᠶᠠᠨ᠎ᠤ ᠱᠢᠤᠳᠠᠨ᠎ᠤ ᠶᠠᠪᠤᠳᠠᠯ᠎ᠤᠨ ᠬᠤᠪᠢᠶᠠᠷᠢ 

      ᠺᠣᠮᠫᠠᠨᠢ᠎ᠶ᠋ᠢᠨ  ᠬᠦᠷᠭᠡᠭ᠌ᠴᠢ ᠪᠥᠭᠡᠳ ᠲᠣᠨᠣᠭ ᠲᠥᠬᠥᠭᠡᠷᠦᠮᠵᠢ᠎ᠶ᠋ᠢᠨ ᠬᠠᠮᠠᠭᠠᠯᠠᠭ᠍ᠴᠢ ᠮᠸᠩ ᠹᠠᠨ ᠵᠢᠶᠠᠨ᠎ᠢ ᠰᠤᠷᠪᠤᠯᠵᠢᠯᠠᠭᠰᠠᠨ ᠨᠢ

 

4 ᠰᠠᠷ᠎ᠠ᠎ᠶ᠋ᠢᠨ 29᠎ᠤ᠋ ᠡᠳᠦᠷ᠂ ᠮᠸᠩ ᠹᠠᠨ ᠵᠢᠶᠠᠨ ᠱᠢᠦᠳᠠᠨ᠎ᠤ ᠵᠦᠢᠯ᠎ᠢ ᠢᠯᠭᠠᠪᠤᠷᠢᠯᠠᠨ ᠱᠢᠢᠳᠪᠦᠷᠢᠯᠡᠬᠦ᠌ ᠲᠥᠪ᠎ᠲᠦ ᠪᠡᠨ ᠬᠦᠷᠴᠦ᠍᠂ ᠠᠦ᠋ᠲ᠋ᠣ᠋ ᠢᠯᠭᠠᠨ ᠱᠢᠢᠳᠪᠦᠷᠢᠯᠡᠬᠦ᠌ ᠮᠠᠱᠢᠨ᠂ ᠰᠦᠯᠵᠢᠶ᠎ᠡ ᠪᠣᠯᠤᠨ ᠴᠠᠬᠢᠯᠭᠠᠨ ᠬᠠᠩᠭᠠᠬᠤ ᠱᠢᠰᠲ᠋ᠧᠮ᠎ᠢ ᠨᠢᠭᠡᠳ ᠨᠢᠭᠡ᠎ᠪᠡᠷ ᠪᠠᠢᠴᠠᠭᠠᠨ ᠦᠵᠡᠪᠡ᠃ ᠡᠨᠳᠡ᠂ ᠡᠳᠦᠷ ᠳᠤᠮᠳᠠᠴᠢ᠎ᠪᠠᠷ 2 ᠲᠦᠮᠡᠨ ᠱᠢᠦᠳᠠᠨ᠎ᠤ ᠵᠦᠢᠯ᠎ᠢ ᠢᠯᠭᠠᠪᠤᠷᠢᠯᠠᠨ ᠰᠠᠯᠭᠠᠵᠤ᠂ ᠲᠦᠭ ᠲᠦᠮᠡᠨ ᠭᠡᠷ ᠪᠦᠯᠢ᠎ᠶ᠋ᠢᠨ ᠠᠮᠢᠳᠤᠷᠠᠯ᠎ᠤᠨ ᠬᠡᠷᠡᠭ᠌ᠴᠡᠭᠡ᠎ᠳᠦ ᠬᠣᠯᠪᠣᠭ᠍ᠳᠠᠬᠤ ᠪᠤᠯᠬᠤᠷ ᠮᠸᠩ ᠹᠠᠨ ᠵᠢᠶᠠᠨ ᠶᠡᠷᠦ᠍᠎ᠡᠴᠡ ᠠᠵᠢᠯ ᠳ᠋ᠠᠭᠠᠨ ᠴᠠᠯᠠᠭᠠᠢᠳᠠᠳᠠᠭ ᠦᠭᠡᠢ᠃

《ᠬᠡᠷᠪᠡ ᠲᠤᠨᠤᠭ ᠲᠥᠬᠥᠭᠡᠷᠦᠮᠵᠢ ᠭᠡᠮ ᠭᠠᠷᠴᠤ᠌ ᠱᠢᠦᠳᠠᠨ᠎ᠤ ᠵᠦᠢᠯ᠎ᠢ ᠴᠠᠭ ᠲᠤᠬᠠᠢ᠎ᠳᠤᠨᠢ ᠢᠯᠭᠠᠨ ᠰᠠᠯᠭᠠᠵᠤ ᠳᠡᠢᠯᠬᠦ᠌ ᠦᠭᠡᠢ ᠪᠣᠯ ᠬᠦᠷᠭᠡᠬᠦ᠌᠎ᠶ᠋ᠢ ᠰᠠᠭᠠᠳᠠᠭᠠᠨ᠎ᠠ》᠃ ᠡᠢᠨᠬᠦ ᠲᠡᠷᠡ ᠠᠵᠢᠯ ᠵᠢᠡᠨ ᠣᠨᠴᠠᠭᠠᠢᠯᠠᠨ ᠴᠢᠬᠤᠯᠠᠴᠢᠯᠠᠵᠤ᠂ ᠲᠣᠭ᠍ᠲᠠᠭ᠍ᠰᠠᠨ ᠴᠠᠭ᠎ᠲᠤ  ᠪᠠᠨ ᠢᠷᠡᠵᠦ᠍ ᠲᠣᠭᠣᠷᠢᠨ ᠪᠠᠢᠴᠠᠭᠠᠵᠤ᠂ ᠲᠤᠨᠤᠭ ᠲᠥᠬᠥᠭᠡᠷᠦᠮᠵᠢ᠎ᠶ᠋ᠢᠨ ᠬᠡᠪ᠎ᠦᠨ ᠠᠵᠢᠯᠯᠠᠭᠠᠨ᠎ᠢ ᠪᠠᠲᠤᠯᠠᠨ᠎ᠠ᠃ ᠲᠡᠭᠦᠨ᠎ᠦ ᠠᠵᠢᠯ᠎ᠤᠨ ᠴᠢᠳᠠᠪᠤᠷᠢ᠂ ᠠᠵᠢᠯ᠎ᠦᠢᠯᠡᠰ ᠵᠢᠡᠨ ᠲᠡᠭᠡᠳᠦᠯᠡᠬᠦ ᠵᠣᠷᠢᠭ ᠰᠠᠨᠠᠭ᠎ᠠ ᠨᠢ  ᠨᠡᠭᠡᠷᠡᠨ ᠪᠢᠳᠡᠨ᠎ᠦ ᠰᠤᠷᠤᠯᠴᠠᠭᠤᠱᠢᠲᠠᠢ ᠲᠠᠭᠤᠷᠢᠶᠠᠯ ᠪᠤᠯᠤᠨ᠎ᠠ ᠭᠡᠵᠦ ᠬᠠᠮᠲᠤ ᠠᠵᠢᠯᠯᠠᠭ᠍ᠴᠢ  ᠶᠢᠦ ᠬᠠᠶ ᠪᠥᠸᠧ ᠡᠷᠡᠬᠡᠶ  ᠭᠠᠷᠭᠠᠨ ᠮᠠᠭᠲᠠᠨ᠎ᠠ᠃

ᠮᠸᠩ ᠹᠠᠨ ᠵᠢᠶᠠᠨ 2011 ᠣᠨ᠎ᠳᠤ ᠺᠠᠢᠯᠦ᠍ ᠱᠢᠶᠠᠨ᠎ᠤ ᠱᠢᠤᠳᠠᠨ᠎ᠤ  ᠶᠠᠪᠤᠳᠠᠯ᠎ᠤᠨ ᠬᠤᠪᠢᠶᠠᠷᠢ ᠺᠣᠮᠫᠠᠨᠢ᠎ᠳᠤ ᠠᠵᠢᠯ᠎ᠤᠨ ᠭᠠᠷᠤᠭ᠎ᠠ ᠪᠠᠨ ᠠᠪᠴᠦ᠂ ᠲᠦᠷᠭᠡᠨ ᠬᠦᠷᠭᠡᠭ᠌ᠴᠢ᠂ ᠱᠢᠦᠳᠠᠨ᠎ᠤ ᠪᠠᠨᠭᠭᠢ᠎ᠶᠢᠨ ᠠᠵᠢᠯᠲᠠᠨ ᠪᠠ ᠰᠣᠨᠢᠨ ᠰᠡᠳᠬᠦᠯ ᠲᠠᠷᠬᠠᠭᠠᠬᠤ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠵᠡᠷᠭᠡ ᠵᠢ ᠪᠦᠷ ᠬᠢᠵᠦ ᠦᠩᠭᠡᠷᠡᠨ᠂ ᠱᠢᠤᠳᠠᠨ᠎ᠤ ᠬᠦᠷᠢᠶᠡᠨ᠎ᠳᠡᠬᠢ ᠲᠤᠬᠠᠢᠯᠠᠭ᠍ᠰᠠᠨ ᠠᠵᠢᠯ᠎ᠢ ᠪᠦᠷ ᠪᠤᠯᠪᠠᠰᠤᠷᠠᠨᠭᠭᠤᠢ ᠡᠵᠡᠮᠰᠢᠵᠡᠢ᠃ ᠡᠯᠪᠡᠭ ᠪᠠᠶᠠᠯᠢᠭ ᠠᠵᠢᠯ᠎ᠤᠨ ᠥᠩᠭᠡᠷᠡᠯᠲᠡ᠂ ᠦᠶ᠋ᠯᠡᠳᠦᠯᠭᠡ᠎ᠶ᠋ᠢᠨ ᠲᠤᠷᠱᠢᠯᠭ᠎ᠠ ᠨᠢ ᠤᠤᠯ᠎ᠠᠴᠠ᠎ᠪᠠᠨ ᠵᠣᠷᠢᠭ᠍ᠲᠠᠶ ᠲᠤᠷᠱᠢᠵᠤ᠂ ᠳᠤᠷᠠᠲᠠᠶ᠎ᠠ ᠰᠤᠳᠤᠯᠳᠠᠭ ᠮᠸᠩ ᠹᠠᠨ ᠵᠢᠶᠠᠨ᠎ᠢ ᠲᠣᠨᠣᠭ ᠲᠥᠬᠥᠭᠡᠷᠦᠮᠵᠢ᠎ᠶ᠋ᠢᠨ ᠬᠠᠮᠠᠭᠠᠯᠠᠯᠲᠠ᠎ᠳᠤ ᠮᠠᠰᠢ ᠶᠡᠬᠡ ᠳᠤᠷ᠎ᠠ ᠰᠣᠨᠢᠷᠬᠠᠯ᠎ᠲᠠᠶ ᠪᠣᠯᠭᠠᠵᠠᠶ᠃ ᠲᠡᠷᠡ ᠪᠡᠷ 2015 ᠣᠨ᠎ᠳᠤ ᠲᠣᠨᠣᠭ ᠲᠥᠬᠥᠭᠡᠷᠦᠮᠵᠢ᠎ᠶ᠋ᠢ ᠠᠵᠢᠯᠯᠠᠭᠤᠯᠤᠨ ᠬᠠᠮᠠᠭᠠᠯᠠᠬᠤ ᠠᠵᠢᠯ᠎ᠢ ᠭᠠᠷᠳᠠᠨ ᠬᠢᠭᠰᠡᠨ ᠡᠴᠡ 2018 ᠣᠨ᠎ᠳᠤ ᠵᠢᠩᠬᠢᠨᠢ ᠪᠡᠷ ᠲᠣᠨᠣᠭ ᠲᠥᠬᠥᠭᠡᠷᠦᠮᠵᠢ᠎ᠶ᠋ᠢ ᠠᠵᠢᠯᠯᠠᠭᠤᠯᠤᠨ ᠬᠠᠮᠠᠭᠠᠯᠠᠭ᠍ᠴᠢ ᠪᠣᠯᠵᠣ᠂ 3 ᠵᠢᠯ᠎ᠦᠨ ᠬᠤᠭᠤᠴᠠᠭᠠᠨ᠎ᠳᠤ ᠲᠤᠬᠠᠢᠯᠠᠭᠰᠠᠨ ᠠᠵᠢᠯ᠎ᠳᠦ ᠪᠡᠨ ᠮᠡᠷᠭᠡᠰᠢᠪᠡ᠃

ᠮᠠᠢ ᠱᠢᠨ ᠱᠢᠦᠳᠠᠨ᠎ᠤ ᠶᠠᠪᠤᠳᠠᠯ᠎ᠤᠨ ᠲᠤᠤᠷ ᠴᠡᠭ ᠨᠡᠭᠦᠬᠦ ᠳ᠋ᠤ ᠮᠸᠩ ᠹᠠᠨ ᠵᠢᠶᠠᠨ ᠪᠥᠳᠤᠨ ᠡᠳᠦᠷ ᠶᠠᠭᠠᠷᠠᠪᠠ᠃ ᠱᠢᠨ᠎ᠡ ᠲᠤᠤᠷ ᠴᠡᠭ᠎ᠦᠨ ᠡᠵᠡᠩᠨᠡᠯᠲᠡ᠎ᠶ᠋ᠢᠨ ᠠᠩᠬᠠᠨ᠎ᠤ ᠡᠳᠦᠷ᠂ ᠮᠧᠩ ᠹᠠᠨ ᠵᠢᠶᠠᠨ ᠱᠢᠦᠳᠠᠨ᠎ᠤ ᠵᠦᠢᠯ᠎ᠢ ᠢᠯᠭᠠᠨ ᠱᠢᠶ᠋ᠳᠪᠦᠷᠢᠯᠡᠬᠦ᠌ ᠲᠥᠪ᠎ᠦᠨ ᠲᠣᠭᠣᠷᠢᠨ ᠪᠠᠢᠴᠠᠭᠠᠬᠤ ᠠᠵᠢᠯ᠎ᠢᠶᠠᠨ ᠳᠠᠭᠤᠰᠭᠠᠭᠰᠠᠨ᠎ᠤ ᠲᠠᠷᠠᠭ᠎ᠠ ᠂ ᠮᠠᠱᠢᠨ ᠲᠡᠷᠭᠡ᠎ᠪᠡᠷ ᠮᠠᠶ ᠱᠢᠨ ᠪᠠᠯᠭᠠᠰᠤᠨ᠎ᠳᠤ ᠬᠦᠷᠴᠦ᠍᠂ ᠱᠢᠨ᠎ᠡ ᠲᠤᠤᠷ ᠴᠡᠭ᠎ᠦᠨ ᠲᠥᠬᠥᠭᠡᠷᠦᠮᠵᠢ᠎ᠶ᠋ᠢ ᠪᠠᠢᠴᠠᠭᠠᠵᠦ᠂ ᠬᠠᠭᠤᠴᠢᠨ ᠲᠤᠤᠷ ᠴᠡᠭ᠎ᠤ᠋ᠨ ᠬᠢᠨᠠᠨ ᠡᠵᠡᠮᠳᠡᠬᠦ᠌ ᠲᠥᠬᠥᠭᠡᠷᠦᠮᠵᠢ᠎ᠶ᠋ᠢ ᠰᠠᠯᠭᠠᠨ ᠪᠠᠭᠤᠯᠭᠠᠪᠠ᠃

ᠨᠢᠭᠡ ᠬᠥᠮᠦᠨ᠂ ᠨᠢᠭᠡ ᠲᠡᠷᠭᠡ᠂ ᠨᠢᠭᠡ ᠪᠤᠭᠴᠦ᠃ ᠮᠧᠩ ᠹᠠᠨ ᠵᠢᠶᠠᠨ ᠭᠠᠭ᠍ᠴᠠᠭᠠᠷ᠎ᠶ᠋ᠢᠡᠨ 13 ᠲᠤᠤᠷ ᠴᠡᠭ᠎ᠦᠨ ᠬᠣᠭᠣᠷᠣᠨᠳᠣ ᠪᠤᠷᠪᠢ ᠪᠤᠬᠢᠰᠬᠢᠯ ᠦᠭᠡᠢ ᠶᠠᠭᠠᠷᠠᠵᠤ᠂ ᠡᠯ᠎ᠡ ᠴᠡᠭ᠎ᠦᠨ ᠲᠥᠬᠥᠭᠡᠷᠦᠮᠵᠢ᠎ᠶ᠋ᠢᠨ ᠲᠣᠭ᠍ᠲᠠᠭᠤᠨ᠎ᠢᠶᠠᠷ ᠠᠵᠢᠯᠯᠠᠬᠤ᠂ ᠲᠤᠬᠠᠢᠯᠠᠭ᠍ᠰᠠᠨ ᠠᠵᠢᠯ᠎ᠤᠨ ᠡᠮᠬᠢ ᠵᠢᠷᠤᠮ᠎ᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠨ᠎ᠠ᠃ 《ᠶᠠᠭᠠᠷᠠᠤ ᠪᠠᠴᠢᠮ ᠡᠭᠦᠷᠭᠡ ᠲᠤᠬᠢᠶᠠᠯᠳᠤᠬᠤ ᠪᠦᠷᠢ  ᠪᠢ  ᠡᠳᠦᠷ ᠲᠸ᠋ ᠪᠠᠷᠤᠭ 500 ᠺᠢᠯᠣᠮᠧᠲ᠋ᠷ ᠵᠠᠮᠨᠠᠨ᠎ᠠ》 ᠭᠡᠵᠦ ᠮᠸᠩ ᠹᠠᠨ ᠵᠢᠶᠠᠨ ᠶᠠᠷᠢᠨ᠎ᠠ᠃

ᠲᠦᠷᠭᠡᠨ ᠬᠦᠷᠭᠡᠭ᠌ᠴᠢ ᠎ᠶᠢᠨ ᠠᠵᠢᠯ᠎ᠢ  ᠬᠢᠵᠦ ᠪᠠᠢᠭᠰᠠᠨ ᠦᠶ᠎ᠡ ᠳ᠋ᠤ᠂ ᠵᠢᠯ ᠪᠦᠷᠢ᠎ᠶ᠋ᠢᠨ 10 ᠰᠠᠷ᠎ᠠ᠎ᠠᠴᠠ 12 ᠰᠠᠷ᠎ᠠ ᠪᠣᠯ ᠰᠣᠨᠢᠨ ᠰᠡᠳᠬᠦᠯ ᠵᠠᠬᠢᠶᠠᠯᠠᠭ᠎ᠠ ᠵᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠮᠸᠩ ᠹᠠᠨ ᠵᠢᠶᠠᠨ ᠰᠠᠨᠠᠭᠠᠴᠢᠯᠠᠭ᠎ᠠ᠎ᠠᠴᠠ᠎ᠪᠠᠨ ᠰᠣᠨᠢᠨ ᠰᠡᠳᠬᠦᠯ ᠲᠠᠷᠬᠠᠭᠠᠬᠤ ᠭᠠᠵᠠᠷ᠎ᠲᠤ ᠬᠦᠷᠴᠦ᠍᠂ ᠦᠷᠭᠦᠯᠵᠢ ᠰᠥᠨᠢ ᠳᠦᠯᠢ ᠪᠣᠯᠲᠠᠯ᠎ᠠ ᠶᠠᠭᠠᠷᠠᠳᠠᠭ ᠪᠠᠢᠯ᠎ᠠ᠃ ᠭᠡᠳᠦᠢᠪᠡᠷ ᠲᠦᠭᠦᠭᠡᠷᠦᠮᠵᠢ᠎ᠵᠢ ᠠᠵᠢᠯᠯᠠᠭᠤᠯᠤᠨ ᠬᠠᠮᠠᠭᠠᠯᠠᠬᠤ ᠠᠵᠢᠯ᠎ᠢ ᠭᠠᠷᠳᠠᠭᠰᠠᠨ ᠪᠤᠯᠪᠠᠴᠤ᠂ ᠢᠯᠭᠠᠨ ᠰᠠᠯᠭᠠᠬᠤ ᠠᠵᠢᠯ ᠶᠠᠭᠠᠷᠠᠤ ᠦᠶ᠎ᠡ᠂ ᠬᠦᠷᠭᠡᠬᠦ᠌ ᠬᠥᠮᠦᠨ ᠴᠥᠭᠡᠨ ᠪᠠᠢᠪᠠᠯ ᠲᠡᠷᠡ ᠪᠡᠷ  ᠪᠠᠰᠠ ᠭᠤᠷᠪᠠᠨ ᠬᠦᠷᠳᠦᠲᠦ ᠲᠡᠷᠭᠡ ᠪᠠᠨ ᠵᠢᠯᠤᠭᠤᠳᠤᠨ ᠶᠠᠭᠤᠮ᠎ᠠ ᠬᠡᠦᠮ᠎ᠡ ᠵᠢ ᠨᠠᠭᠠᠰᠢ ᠴᠠᠭᠠᠰᠢ ᠬᠦᠷᠭᠡᠵᠦ ᠦᠭᠬᠦᠨ᠎ᠡ᠃ 《ᠠᠵᠢᠯ ᠶᠠᠭᠠᠷᠠᠯᠳᠠᠢ ᠪᠤᠯᠪᠠᠴᠤ ᠬᠤᠪᠢ ᠪᠡᠶ᠎ᠡ ᠵᠢᠨ ᠦᠨ᠎ᠡ ᠥᠷᠲᠡᠭ᠎ᠵᠢᠡᠨ ᠨᠠᠩ ᠢᠯᠡᠭᠦᠦ ᠢᠯᠡᠷᠡᠭᠦᠯᠵᠦ᠍ ᠴᠢᠳᠠᠨ᠎ᠠ》 ᠭᠡᠵᠦ ᠮᠸᠩ ᠹᠠᠨ ᠵᠢᠶᠠᠨ ᠪᠠᠶᠠᠷᠲᠠᠢᠬᠠᠨ ᠶᠠᠷᠢᠨ᠎ᠠ᠃

12 ᠪᠠᠯᠭᠠᠰᠤ᠎ᠳ᠋ᠤ ᠬᠤᠯᠪᠤᠭᠳᠠᠬᠤ ᠠᠵᠢᠯ᠎ᠤᠨ ᠹᠷᠣᠨᠲ ᠳᠡᠭᠡᠷ᠎ᠡ ᠭᠠᠭ᠍ᠴᠠᠭᠠᠷ ᠵᠢᠳᠭᠦᠵᠦ ᠶᠠᠪᠤᠬᠤ ᠳ᠋ᠠᠭᠠᠨ  ᠮᠧᠩ ᠹᠠᠨ ᠵᠢᠶᠠᠨ ᠶᠡᠷᠦ᠍᠎ᠡᠴᠡ ᠬᠤᠢᠰᠢ ᠤᠬᠤᠷᠢᠭ᠎ᠠ ᠦᠭᠡᠢ᠃ ᠮᠠᠢ ᠱᠢᠨ ᠪᠠᠯᠭᠠᠰᠤ᠎ᠠᠴᠠ ᠱᠢᠶᠠᠨ᠎ᠤ ᠲᠦᠪ᠎ᠲᠤ ᠪᠤᠴᠠᠵᠤ ᠢᠷᠡᠭᠰᠡᠨ ᠮᠸᠩ ᠹᠠᠨ ᠵᠢᠶᠠᠨ ᠪᠠᠰᠠ ᠱᠢᠦᠳᠠᠨ᠎ᠤ ᠵᠦᠢᠯ᠎ᠢ ᠢᠯᠭᠠᠨ ᠱᠢᠢᠳᠪᠦᠷᠢᠯᠡᠬᠦ᠌ ᠲᠥᠪ᠎ᠲᠦ ᠬᠦᠷᠴᠦ᠍᠂ 4 ᠰᠠᠷ᠎ᠠ ᠵᠢᠨ 4 ᠲᠦᠷᠭᠡᠨ ᠬᠦᠷᠭᠡᠭ᠌ᠴᠢ᠎ᠳᠦ ᠲᠦᠷᠦᠭ᠌ᠰᠡᠨ ᠡᠳᠦᠷ᠎ᠤᠨ ᠪᠠᠶᠠᠷ᠎ᠢ ᠨᠢ ᠪᠡᠯᠭᠡᠯᠡᠵᠦ᠍ ᠦᠭᠪᠡ᠃ ᠰᠠᠶᠢᠬᠠᠨ  ᠢᠯᠭᠠᠨ ᠰᠢᠢᠳᠪᠦᠷᠢᠯᠡᠬᠦ ᠱᠤᠭᠤᠮ ᠳᠡᠭᠡᠷ᠎ᠡ ᠶᠠᠭᠠᠷᠠᠵᠤ ᠪᠠᠷᠠᠭ᠍ᠰᠠᠨ ᠲᠦᠷᠭᠡᠨ ᠬᠦᠷᠭᠡᠭ᠌ᠴᠢᠳ ᠨᠢᠭᠡ ᠳᠤᠤᠷ᠎ᠠ ᠴᠤᠭ᠍ᠯᠠᠷᠠᠨ  ᠪᠠᠶᠠᠷ ᠬᠥᠷ᠎ᠲᠡᠶ ᠪᠡᠷ ᠲᠦᠷᠦᠭᠰᠡᠨ ᠡᠳᠦᠷ᠎ᠶ᠋ᠢᠡᠨ ᠳᠡᠮᠳᠡᠭᠯᠡᠪᠡ᠃ ᠲᠦᠷᠭᠡᠨ ᠬᠦᠷᠭᠡᠭ᠌ᠴᠢ ᠴᠢ ᠪᠦᠦ ᠯᠦᠩ ᠬᠡᠦᠬᠡᠳ ᠱᠢᠭ ᠪᠠᠶᠠᠷᠯᠠᠵᠤ ᠄ 《 ᠡᠨᠡ ᠲᠤᠮᠤ ᠭᠡᠷ ᠪᠦᠯᠢ᠎ᠳᠦ ᠂ ᠪᠢᠳᠡ ᠪᠦᠷ ᠲᠤᠨᠭ᠌ ᠵᠢᠷᠭᠠᠯ ᠲᠠᠢ ᠪᠠᠢᠨ᠎ᠠ 》 ᠭᠡᠪᠡ᠃

2022 ᠣᠨ᠎ᠳᠤ᠂ ᠺᠠᠢᠯᠤ ᠰᠢᠶᠠᠨ᠎ᠤ ᠲᠦᠷᠭᠡᠨ ᠬᠦᠷᠭᠡᠯᠲᠡ᠎ᠶᠢᠨ ᠠᠵᠢᠯ ᠲᠦᠷᠦᠯ᠎ᠦᠨ ᠠᠵᠢᠯᠴᠢᠨ᠎ᠤ ᠡᠪᠯᠡᠯ᠎ᠦᠨ ᠬᠤᠯᠪᠤᠭ᠎ᠠ ᠪᠠᠢᠭᠤᠯᠤᠭᠳᠠᠵᠤ᠂ ᠮᠧᠩ ᠹᠠᠨ ᠵᠢᠶᠠᠨ ᠠᠵᠢᠯᠴᠢᠨ᠎ᠤ ᠡᠪᠯᠡᠯ᠎ᠦᠨ ᠬᠤᠯᠪᠤᠭ᠎ᠠ ᠵᠢᠨ ᠲᠡᠷᠢᠭᠦᠯᠡᠭᠴᠢ᠎ᠪᠡᠷ ᠰᠣᠩᠭᠣᠭᠳᠠᠪᠠ᠃ ᠠᠵᠢᠯᠴᠢᠨ᠎ᠤ ᠡᠪᠯᠡᠯ ᠪᠣᠯ ᠨᠠᠮ᠎ᠤᠨ ᠠᠵᠢᠯᠲᠠᠨ ᠠᠵᠢᠯᠴᠢᠨ ᠤᠯᠠᠨ ᠲᠦᠮᠡᠨ᠎ᠲᠠᠢ ᠬᠠᠷᠢᠯᠴᠠᠬᠤ ᠬᠥᠭᠥᠷᠭᠡ ᠪᠠ ᠬᠣᠯᠪᠣᠭᠠᠰᠤ ᠮᠥᠨ᠂ ᠠᠵᠢᠯᠲᠠᠨ ᠠᠵᠢᠯᠴᠢᠨ᠎ᠤ ᠠᠰᠢᠭ᠋ ᠲᠤᠰᠠ᠎ᠶᠢᠨ ᠲᠥᠯᠥᠭᠡᠯᠡᠭᠴᠢ ᠪᠠ ᠬᠠᠮᠠᠭᠠᠯᠠᠭ᠍ᠴᠢ ᠮᠥᠨ᠂ ᠮᠧᠩ ᠹᠠᠨ ᠵᠢᠶᠠᠨ ᠡᠭᠦᠷᠭᠡᠯᠡᠵᠦ ᠪᠠᠢᠭ᠎ᠠ ᠬᠠᠷᠢᠭᠤᠴᠠᠯᠭ᠎ᠠ ᠬᠦᠨᠳᠦ ᠶᠡᠬᠡ ᠭᠡᠳᠡᠭ ᠵᠢᠡᠨ ᠭᠦᠨᠵᠡᠭᠡᠢ ᠣᠢᠯᠠᠭᠠᠳᠠᠭ᠃ ᠲᠡᠷᠡ ᠺᠠᠢᠯᠤ ᠰᠢᠶᠠᠨ᠎ᠤ ᠠᠵᠢᠯᠴᠢᠨ᠎ᠤ ᠶᠡᠷᠦᠩᠬᠡᠢ ᠡᠪᠯᠡᠯ᠎ᠲᠠᠢ ᠢᠳᠡᠪᠬᠢᠲᠡᠢ ᠵᠣᠯᠭᠠᠭᠤᠯᠵᠤ᠂ ᠠᠵᠢᠯᠲᠠᠨ ᠠᠵᠢᠯᠴᠢᠨ᠎ᠤ ᠦᠷᠲᠡᠭᠡ ᠳ᠋ᠡᠭᠡᠨ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ᠎ᠦᠨ ᠲᠥᠬᠦᠭᠡᠷᠦᠮᠵᠢ ᠣᠯᠵᠤ ᠦᠭᠴᠦ ᠂ ᠲᠦᠷᠭᠡᠨ ᠬᠦᠷᠭᠡᠭᠴᠢ ᠵᠢᠨ ᠤᠯᠠᠭ᠎ᠠ ᠥᠷᠲᠡᠭᠡ᠎ᠳᠦ ᠨᠣᠮ ᠪᠢᠴᠢᠭ᠎ᠦᠨ ᠪᠤᠯᠤᠩ ᠭᠠᠷᠭᠠᠭᠰᠠᠨ ᠪᠥᠭᠡᠳ ᠲᠦᠷᠭᠡᠨ ᠬᠦᠷᠭᠡᠯᠲᠡ᠎ᠶᠢᠨ 8 ᠠᠵᠤ ᠠᠬᠤᠢᠯᠠᠯ᠎ᠤᠨ 240 ᠭᠡᠰᠢᠭᠦᠨ᠎ᠳᠦ ᠠᠰᠠᠷᠠᠮᠵᠢ ᠣᠯᠭᠣᠵᠤ᠂  ᠲᠡᠳᠡᠨ ᠳ᠋ᠤ ᠰᠠᠢᠨ ᠰᠠᠢᠬᠠᠨ ᠠᠵᠢᠯ ᠠᠮᠢᠳᠤᠷᠠᠯ᠎ᠤᠨ ᠣᠷᠴᠢᠨ ᠲᠣᠭᠣᠷᠢᠨ᠎ᠢ ᠡᠭᠦᠳᠦᠨ ᠥᠭᠴᠦ ᠂ ᠦᠨᠡᠨ᠎ᠬᠦ ᠵᠤᠯ ᠵᠢᠷᠭᠠᠯ᠎ᠢ ᠡᠳ᠋ᠯᠡᠭᠦᠯᠪᠡ᠃

《ᠥᠩᠭᠡᠷᠡᠭᠰᠡᠨ᠎ᠳᠦ ᠪᠢ ᠪᠠᠰᠠ ᠲᠦᠷᠭᠡᠨ ᠬᠦᠷᠭᠡᠭᠴᠢ ᠪᠠᠢᠭᠰᠠᠨ ᠪᠣᠯᠬᠣᠷ ᠲᠦᠷᠭᠡᠨ ᠬᠦᠷᠭᠡᠭᠴᠢ᠎ᠶᠢᠨ ᠵᠦᠳᠡᠷᠡᠯ᠎ᠢ ᠰᠠᠢᠨ ᠮᠡᠳᠡᠨ᠎ᠡ᠃ ᠠᠵᠢᠯᠴᠢᠨ᠎ᠤ ᠡᠪᠯᠡᠯ᠎ᠦᠨ ᠬᠤᠯᠪᠤᠭ᠎ᠠ ᠵᠢᠨ ᠲᠡᠷᠢᠭᠦᠯᠡᠭᠴᠢ ᠪᠣᠯᠤᠭᠰᠠᠨ᠎ᠤ ᠳᠠᠷᠠᠭ᠎ᠠ᠂ ᠪᠢ ᠥᠪᠡᠷ᠎ᠦᠨ ᠬᠠᠮᠤᠭ᠎ᠤᠨ ᠶᠡᠬᠡ ᠴᠢᠷᠮᠠᠢᠯᠭ᠎ᠠ ᠪᠡᠷ ᠵᠢᠡᠨ ᠲᠡᠳᠡᠨ᠎ᠳᠦ ᠨᠠᠩ ᠣᠯᠠᠨ ᠠᠰᠠᠷᠠᠮᠵᠢ ᠪᠠ ᠬᠠᠷᠠᠭᠠᠯᠵᠠᠯ ᠣᠯᠭᠣᠵᠤ᠂ ᠨᠠᠩ ᠣᠯᠠᠨ ᠬᠠᠢᠷ᠎ᠠ ᠬᠠᠯᠠᠮᠵᠢ ᠵᠢ ᠬᠦᠷᠲᠡᠭᠡᠬᠦ ᠪᠡᠷ ᠴᠢᠷᠮᠠᠢᠵᠤ ᠪᠠᠢᠨ᠎ᠡ》 ᠭᠡᠵᠦ ᠮᠧᠩ ᠹᠠᠨ ᠵᠢᠶᠠᠨ ᠰᠡᠳᠬᠢᠯ ᠎ᠤᠨ ᠥᠭᠡ  ᠪᠠᠨ ᠬᠡᠯᠡᠪᠡ᠃

ᠵᠢᠳᠬᠦᠯ ᠴᠢᠷᠮᠠᠢᠯᠭ᠎ᠠ ᠬᠦᠮᠦᠨ᠎ᠢ ᠭᠤᠮᠤᠳᠠᠭᠠᠳᠠᠭ ᠦᠭᠡᠢ᠃ ᠮᠧᠩ ᠹᠠᠨ ᠵᠢᠶᠠᠨ ᠪᠠᠢᠭᠤᠯᠭ᠎ᠠ᠎ᠶᠢᠨ ᠤᠳᠤᠷᠢᠳᠤᠯᠭ᠎ᠠ ᠵᠢᠨ ᠵᠢᠡᠨ ᠰᠠᠢᠨ ᠦᠨᠡᠯᠡᠯᠲᠡ᠎ᠶᠢ ᠣᠯᠵᠠᠢ᠃ 《ᠲᠤᠨᠤᠭ ᠲᠦᠬᠦᠭᠡᠷᠦᠮᠵᠢ ᠵᠢ ᠠᠵᠢᠯᠯᠠᠭᠤᠯᠤᠨ ᠬᠠᠮᠠᠭᠠᠯᠠᠬᠤ ᠠᠵᠢᠯᠳᠠᠨ ᠪᠣᠯᠤᠭᠰᠠᠨ᠎ᠤ ᠬᠤᠪᠢ᠎ᠳᠤ᠂ ᠮᠧᠩ ᠹᠠᠨ ᠵᠢᠶᠠᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠠᠷᠢᠨ ᠨᠢᠮᠪᠠᠢ ᠠᠵᠢᠯᠯᠠᠵᠤ᠂ ᠰᠢᠤᠳᠠᠨ᠎ᠤ ᠠᠵᠤ ᠠᠬᠤᠢᠯᠠᠯ᠎ᠤᠨ ᠡᠷᠡᠭᠦᠯ᠎ᠢᠶᠡᠷ ᠬᠥᠭᠵᠢᠬᠦ᠎ᠶᠢ ᠪᠠᠲᠤᠯᠠᠵᠠᠢ᠃ ᠲᠦᠷᠭᠡᠨ ᠬᠦᠷᠭᠡᠯᠲᠡ᠎ᠶᠢᠨ ᠠᠵᠢᠯ ᠲᠥᠷᠥᠯ᠎ᠦᠨ ᠠᠵᠢᠯᠴᠢᠨ᠎ᠤ ᠡᠪᠯᠡᠯ᠎ᠦᠨ ᠬᠤᠯᠪᠤᠭ᠎ᠠ ᠵᠢᠨ ᠲᠡᠷᠢᠭᠦᠯᠡᠭᠴᠢ ᠪᠣᠯᠤᠭᠰᠠᠨ᠎ᠤ ᠬᠤᠪᠢ᠎ᠳᠤ᠂ ᠲᠡᠷᠡ ᠢᠳᠡᠪᠬᠢᠲᠡᠢ ᠠᠵᠢᠯᠯᠠᠵᠤ᠂ ᠥᠷᠭᠡᠨ ᠣᠯᠠᠨ ᠲᠦᠷᠭᠡᠨ ᠬᠦᠷᠭᠡᠯᠲᠡ ᠵᠢᠨ ᠠᠵᠢᠯᠲᠠᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ᠎ᠶᠢᠨ ᠬᠠᠮᠲᠤ ᠡᠯ᠎ᠡ ᠲᠥᠷᠥᠯ᠎ᠦᠨ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠡᠷᠬᠢᠯᠡᠵᠦ ᠲᠡᠳᠡᠨ᠎ᠦ ᠲᠤᠬᠠᠢᠯᠠᠭᠰᠠᠨ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠪᠡ᠃ ᠮᠧᠩ ᠹᠠᠨ ᠵᠢᠶᠠᠨ ᠺᠠᠢᠯᠤ ᠰᠢᠶᠠᠨ᠎ᠤ ᠲᠦᠷᠭᠡᠨ ᠬᠦᠷᠭᠡᠯᠲᠡ᠎ᠶᠢᠨ ᠠᠵᠢᠯ ᠲᠥᠷᠥᠯ᠎ᠦᠨ ᠬᠥᠭᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠬᠡᠯᠡᠵᠦ ᠪᠣᠯᠣᠨ᠎ᠠ》 ᠭᠡᠵᠦ ᠺᠠᠢᠯᠤ ᠰᠢᠶᠠᠨ᠎ᠤ ᠰᠢᠤᠳᠠᠨ᠎ᠤ ᠬᠤᠪᠢᠶᠠᠷᠢ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠰᠢᠦᠢ ᠰᠢᠨ ᠦᠨᠡᠯᠡᠪᠡ᠃

ᠵᠠᠯᠠᠭᠤ ᠬᠦᠮᠦᠨ ᠵᠤᠷᠢᠭᠰᠠᠨ ᠳ᠋ᠠᠭᠠᠨ᠃ ᠮᠧᠩ ᠹᠠᠨ ᠵᠢᠶᠠᠨ 《ᠰᠡᠳᠬᠢᠯ ᠲᠠᠯᠪᠢᠨ ᠨᠠᠷᠢᠨ ᠨᠢᠮᠪᠠᠢ ᠠᠵᠢᠯᠯᠠᠬᠤ᠂ ᠭᠠᠷᠮᠠᠭᠠᠢ ᠠᠮᠵᠢᠯᠲᠠ ᠭᠠᠷᠭᠠᠬᠤ ᠪᠡᠷ ᠠᠯᠭᠠᠰᠠᠯ ᠦᠭᠡᠢ ᠬᠦᠭᠡᠭᠡᠴᠡᠯᠳᠦᠬᠦ》 ᠤᠷᠠᠨ ᠳᠠᠷᠬᠠᠨ᠎ᠤ ᠵᠣᠷᠢᠭ᠋ ᠰᠠᠨᠠᠭ᠎ᠠ᠎ᠵᠢ ᠪᠠᠷᠢᠮᠳᠠᠯᠠᠨ᠂ ᠤᠯᠠᠨ ᠤᠳᠠᠭᠠᠨ᠎ᠤ  ᠠᠵᠢᠯ᠎ᠤᠨ ᠰᠣᠯᠢᠭ᠍ᠳᠠᠯ᠎ᠢ ᠤᠷᠤᠭᠰᠢᠳᠠᠢ ᠪᠡᠶᠡᠯᠡᠭᠦᠯᠵᠦ᠂ ᠠᠵᠢᠯᠯᠠᠭᠰᠠᠨ14 ᠵᠢᠯ᠎ᠦᠨ ᠲᠤᠷᠰᠢ ᠮᠠᠭᠤ ᠦᠨᠡᠯᠡᠯᠲᠡ  ᠦᠭᠡᠢ᠂ ᠵᠠᠭᠠᠯᠳᠤᠯᠭ᠎ᠠ ᠦᠭᠡᠢ᠂ ᠠᠮᠤᠷ ᠲᠦᠪᠰᠢᠨ᠎ᠦ ᠡᠨᠳᠡᠯ ᠦᠭᠡᠢ ᠰᠢᠯᠢᠳᠡᠭ ᠠᠮᠵᠢᠯᠲᠠ ᠪᠦᠲᠦᠮᠵᠢ᠎ᠪᠡᠷ ᠨᠡᠢᠭᠡᠮ᠎ᠦᠨ ᠥᠷᠭᠡᠨ ᠳᠡᠯᠭᠡᠷ ᠦᠨᠡᠯᠡᠯᠳᠡ ᠪᠠ ᠮᠠᠭᠲᠠᠭᠠᠯ ᠰᠠᠢᠰᠢᠶᠠᠯ᠎ᠢ ᠣᠯᠪᠠ᠃ ᠲᠡᠷᠡ ᠪᠠᠰᠠ ᠤᠷᠢᠳ ᠬᠣᠵᠢᠳ ᠪᠦᠬᠦ ᠰᠢᠶᠠᠨ᠎ᠤ ᠰᠢᠤᠳᠠᠨ᠎ᠤ ᠰᠢᠰᠲᠧᠮ᠎ᠦᠨ ᠲᠡᠷᠢᠭᠦᠨ᠎ᠦ ᠬᠤᠪᠢ ᠬᠥᠮᠥᠨ᠂ ᠺᠠᠢᠯᠤ ᠰᠢᠶᠠᠨ᠎ᠤ ᠠᠷᠪᠠᠨ ᠰᠢᠯᠢᠳᠡᠭ ᠠᠵᠢᠯᠴᠢᠨ᠎ᠤ ᠡᠪᠯᠡᠯ᠎ᠦᠨ ᠲᠡᠷᠢᠭᠦᠯᠡᠭᠴᠢ᠂ ᠺᠠᠢᠯᠤ ᠰᠢᠶᠠᠨ᠎ᠤ 《ᠬᠠᠮᠤᠭ᠎ᠤᠨ ᠭᠤᠶᠤ ᠲᠦᠷᠭᠡᠨ ᠬᠦᠷᠭᠡᠭᠴᠢ》᠂ ᠲᠦᠩᠯᠢᠶᠣᠣ ᠬᠤᠳᠠ᠎ᠶᠢᠨ ᠰᠢᠤᠳᠠᠨ᠎ᠤ ᠰᠢᠰᠲᠧᠮ᠎ᠦᠨ ᠲᠡᠷᠢᠭᠦᠨ᠎ᠦ ᠬᠤᠪᠢ ᠬᠥᠮᠥᠨ᠂ ᠲᠦᠩᠯᠢᠶᠣᠣ ᠬᠤᠳᠠ᠎ᠶᠢᠨ ᠬᠥᠳᠡᠯᠮᠦᠷᠢ᠎ᠶᠢᠨ ᠵᠢᠱ᠌ᠢᠶᠡᠴᠢ ᠵᠡᠷᠭᠡ ᠤᠯᠠᠨ ᠵᠦᠢᠯ᠎ᠦᠨ ᠢᠷᠠᠭᠤ ᠠᠯᠳᠠᠷ᠎ᠢ ᠬᠦᠷᠲᠡᠵᠡᠢ᠃

ᠢᠷᠠᠭᠤ ᠠᠯᠳᠠᠷ᠎ᠤᠨ ᠬᠢᠨᠢ ᠠᠷᠤ᠎ᠳᠤ ᠮᠧᠩ ᠹᠠᠨ ᠵᠢᠶᠠᠨ᠎ᠤ ᠴᠠᠭᠯᠠᠰᠢ ᠦᠭᠡᠢ ᠰᠢᠷᠭᠠᠭᠤ ᠴᠢᠷᠮᠠᠢᠯᠭ᠎ᠠ ᠪᠠ ᠠᠵᠢᠯ ᠮᠡᠷᠭᠡᠵᠢᠯ ᠳ᠋ᠡᠭᠡᠨ ᠰᠢᠩᠭᠡᠭᠡᠭᠰᠡᠨ ᠭᠦᠨ ᠵᠤᠵᠠᠭᠠᠨ ᠬᠠᠢᠷ᠎ᠠ ᠰᠡᠳᠬᠢᠯᠭᠡ ᠪᠣᠶ᠃ ᠡᠨᠡ ᠵᠢᠯ᠎ᠦᠨ 《 5·1 》 ᠎ᠤ᠋ ᠳᠡᠯᠡᠬᠡᠢ᠎ᠶᠢᠨ ᠬᠥᠳᠡᠯᠮᠦᠷᠢᠴᠢᠳ᠎ᠦᠨ ᠪᠠᠶᠠᠷ᠎ᠠᠴᠠ ᠡᠮᠦᠨᠡᠬᠡᠨ ᠮᠧᠩ ᠹᠠᠨ ᠵᠢᠶᠠᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ᠎ᠶᠢᠨ ᠴᠣᠯᠠ᠎ᠶᠢ ᠬᠦᠷᠳᠡᠪᠡ᠃

《ᠬᠣᠢᠰᠢᠳᠠ᠎ᠶᠢᠨ ᠠᠵᠢᠯ᠎ᠤᠨ ᠳᠤᠮᠳᠠ ᠪᠠᠨ ᠪᠢ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠦᠷᠭᠦᠯᠵᠢᠯᠡᠨ ᠪᠠᠳᠠᠷᠠᠭᠤᠯᠵᠤ᠂ ᠥᠯᠢᠭᠡᠷ ᠳᠠᠭᠤᠷᠢᠶᠠᠯ᠎ᠤᠨ ᠬᠦᠴᠦᠨ᠎ᠢ ᠪᠠᠳᠠᠷᠠᠭᠤᠯᠤᠨ᠂ ᠪᠥᠬᠥ ᠰᠡᠳᠬᠢᠯ ᠪᠥᠬᠥ ᠴᠢᠳᠠᠯ᠎ᠢᠶᠠᠷ᠎ᠢᠶᠠᠨ ᠲᠤᠬᠠᠢᠯᠠᠭᠰᠠᠨ ᠠᠵᠢᠯ᠎ᠢᠶᠠᠨ ᠰᠠᠢᠲᠤᠷ ᠬᠢᠬᠦ᠎ᠶᠢᠨ ᠬᠠᠮᠲᠤ ᠠᠵᠢᠯᠴᠢᠨ᠎ᠤ ᠡᠪᠯᠡᠯ᠎ᠦᠨ ᠬᠤᠯᠪᠤᠭ᠎ᠠ ᠵᠢᠨ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠠᠵᠢᠯᠲᠠᠨ ᠠᠵᠢᠯᠴᠢᠨ᠎ᠤ ᠰᠠᠨᠠᠯ ᠱᠠᠭᠠᠷᠳᠠᠯᠭ᠎ᠠ᠎ᠶᠢ ᠥᠷᠭᠡᠨ᠎ᠢᠶᠡᠷ ᠰᠣᠨᠣᠰᠤᠨ ᠲᠤᠰᠬᠠᠵᠤ᠂ ᠠᠵᠢᠯᠲᠠᠨ ᠠᠵᠢᠯᠴᠢᠨ᠎ᠳᠤ ᠨᠠᠩ ᠣᠯᠠᠨ ᠬᠠᠢᠷ᠎ᠠ ᠬᠠᠯᠠᠮᠵᠢ ᠬᠦᠷᠲᠡᠭᠡᠵᠦ᠂ ᠠᠵᠢᠯᠴᠢᠨ᠎ᠤ ᠡᠪᠯᠡᠯ᠎ᠦᠨ ᠬᠤᠯᠪᠤᠭ᠎ᠠ ᠵᠢ ᠳᠠᠭᠠᠭᠤᠯᠤᠨ ᠲᠦᠷᠭᠡᠨ ᠬᠦᠷᠭᠡᠯᠲᠡ ᠵᠢᠨ ᠠᠵᠢᠯᠲᠠᠳ᠎ᠲᠤ ᠨᠠᠩ ᠰᠠᠢᠲᠤᠷ ᠦᠢᠯᠡᠴᠢᠯᠡᠵᠦ᠂ ᠠᠵᠢᠯ ᠲᠥᠷᠥᠯ᠎ᠦᠨ ᠬᠥᠭᠵᠢᠯᠲᠡ᠎ᠳᠦ ᠨᠠᠩ ᠣᠯᠠᠨ ᠬᠤᠪᠢ ᠨᠡᠮᠡᠷᠢ ᠦᠵᠡᠭᠦᠯᠦᠨ᠎ᠡ》 ᠭᠡᠵᠦ ᠮᠧᠩ ᠹᠠᠨ ᠵᠢᠶᠠᠨ ᠬᠡᠯᠡᠨ᠎ᠡ᠂ ᠢᠷᠠᠭᠤ ᠠᠯᠳᠠᠷ ᠪᠣᠯ ᠰᠠᠢᠰᠢᠶᠠᠯ᠂ ᠨᠠᠩ ᠴᠤ᠌ ᠱᠠᠭᠠᠷᠳᠠᠯᠭ᠎ᠠ ᠮᠦᠨ᠂ ᠲᠡᠷᠡ ᠬᠡᠵᠢᠶᠡᠳᠡ ᠬᠠᠢᠷ᠎ᠠ ᠰᠡᠳᠬᠢᠯᠭᠡ᠎ᠲᠠᠢ ᠪᠡᠷ ᠲᠦᠷᠭᠡᠨ ᠬᠦᠷᠭᠡᠯᠲᠡ᠎ᠶᠢᠨ ᠠᠵᠢᠯ ᠲᠥᠷᠥᠯ᠎ᠦᠨ ᠡᠮᠦᠨ᠎ᠡ ᠡᠩᠨᠡᠭᠡᠨ᠎ᠳᠦ ᠦᠷᠭᠦᠯᠵᠢᠯᠡᠨ ᠲᠡᠮᠡᠦᠯᠵᠦ᠂ ᠲᠦᠷᠭᠡᠨ ᠬᠦᠷᠭᠡᠯᠲᠡ᠎ᠶᠢᠨ ᠦᠢᠯᠡᠴᠢᠯᠡᠭᠡ ᠪᠠᠨ ᠨᠡᠩ ᠰᠠᠢᠲᠤᠷ ᠬᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号