ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠵᠦ ᠬᠦᠰᠡᠯ ᠮᠦᠷᠦᠭᠡᠳᠦᠯ ᠵᠢᠡᠨ ᠪᠡᠶᠡᠯᠡᠭᠦᠯᠦᠨ᠎ᠡ
2025-05-15 10:55:48
ᠵᠣᠬᠢᠶᠠᠭ᠍ᠴᠢ᠄
​ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠥᠪᠥᠷ ᠮᠣᠩᠭᠤᠯ᠎ᠤᠨ ᠯᠦᠩ ᠶᠤᠸᠠᠨ ᠮᠧᠩ ᠳ᠋ᠦᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠮᠡᠷᠭᠡᠵᠢᠯ᠎ᠤᠨ ᠲᠥᠪ᠎ᠤᠨ ᠳᠠᠭᠠᠭᠠᠮᠠᠯ ᠢᠦᠢ ᠴᠦᠩ ᠶᠠᠩ᠎ᠢ ᠲᠡᠮᠲᠡᠭᠯᠡᠪᠡ

5 ᠰᠠᠷ᠎ᠠ᠎ᠶ᠋ᠢᠨ 12 ᠎ᠤ᠋ᠨ ᠡᠳᠦᠷ᠎ᠤᠨ ᠦᠳᠡ᠎ᠶ᠋ᠢᠨ ᠡᠮᠦᠨ᠎ᠡ᠂ ᠥᠪᠥᠷ ᠮᠣᠩᠭᠤᠯ᠎ᠤᠨ ᠯᠦᠩ ᠶᠤᠸᠠᠨ ᠮᠧᠩ ᠳ᠋ᠦᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠮᠡᠷᠭᠡᠵᠢᠯ᠎ᠤᠨ ᠲᠥᠪ᠎ᠤᠨ ᠳᠠᠭᠠᠭᠠᠮᠠᠯ ᠢᠦᠢ ᠴᠦᠩ ᠶᠠᠩ  ᠪᠡᠭᠡᠵᠢᠩ᠎ᠠᠴᠠ ᠤᠯᠠᠭᠠᠨᠬᠠᠳᠠ᠎ᠳᠤ ᠪᠤᠴᠠᠵᠤ ᠢᠷᠡᠮᠡᠭᠴᠡ ᠶᠠᠭᠠᠷᠠᠤ ᠰᠠᠨᠳᠤᠷᠤᠤ ᠠᠵᠢᠯᠯᠠᠬᠤ ᠲᠠᠰᠤᠭ᠎ᠲᠠᠭᠠᠨ ᠬᠦᠷᠴᠦ᠍᠂《ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠣᠶᠤᠨᠴᠢ ᠪᠡᠶ᠎ᠡ᠎ᠶ᠋ᠢᠨ ᠪᠠᠢᠴᠠᠭᠠᠯᠲᠠ᠎ᠶ᠋ᠢᠨ ᠱᠢᠰᠲ᠋ᠧᠮ》 ᠤ᠋ᠨ ᠰᠤᠳᠤᠯᠭᠠᠨ᠎ᠤ ᠪᠠᠢᠳᠠᠯ᠎ᠢ ᠪᠠᠢᠴᠠᠭᠠᠨ ᠦᠵᠡᠵᠦ᠂ ᠳᠠᠬᠢᠭᠠᠳ ᠠᠮᠠᠷᠠᠯ ᠦᠭᠡᠢ ᠪᠡᠷ ᠣᠩᠨᠢᠭᠤᠳ ᠬᠤᠱᠢᠭᠤᠨ᠎ᠤ ᠠᠵᠢᠯᠴᠢᠨ᠎ᠤ ᠡᠪᠯᠡᠯ᠎ᠤᠨ ᠠᠵᠢᠯᠯᠠᠭ᠎ᠠ᠎ᠳᠤ ᠣᠷᠣᠯᠴᠠᠬᠤ ᠪᠡᠷ ᠶᠠᠪᠤᠪᠠ᠃

ᠢᠦᠢ ᠴᠦᠩ ᠶᠠᠩ᠄《ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠵᠢᠨ ᠬᠡᠭᠡᠷ᠎ᠡ ᠭᠠᠳᠠᠨ᠎ᠠ ᠠᠮᠤᠷ ᠲᠦᠪᠰᠢᠨ ᠠᠵᠢᠯᠯᠠᠬᠤ ᠵᠢ ᠪᠠᠲᠤᠯᠠᠬᠤ ᠵᠢᠨ ᠲᠦᠯᠦᠭᠡ᠂ ᠡᠷᠬᠡᠪᠰᠢ ᠲᠤᠰᠬᠠᠢ ᠬᠦᠮᠦᠨ ᠲᠤᠮᠢᠯᠠᠨ ᠴᠠᠭ ᠢᠮᠠᠭᠲᠠ ᠲᠣᠭᠤᠷᠢᠨ ᠪᠠᠢᠴᠠᠭᠠᠵᠤ ᠦᠵᠡᠬᠦ ᠬᠡᠷᠡᠭᠲᠡᠢ᠂ ᠡᠨᠡ ᠨᠢ ᠬᠦᠮᠦᠨ᠎ᠤ ᠬᠦᠴᠦ ᠵᠢ ᠶᠡᠬᠡ ᠪᠡᠷ ᠵᠠᠷᠤᠴᠠᠭᠤᠯᠬᠤ ᠪᠡᠷ ᠪᠠᠷᠠᠬᠤ ᠦᠭᠡᠢ ᠪᠠᠰᠠ ᠠᠮᠠᠷᠬᠠᠨ ᠠᠯᠳᠠᠭ᠎ᠠ ᠭᠠᠷᠭᠠᠳᠠᠭ᠃ ᠣᠶᠤᠨᠴᠢ ᠪᠡᠶ᠎ᠡ᠎ᠶ᠋ᠢᠨ ᠪᠠᠢᠴᠠᠭᠠᠯᠲᠠ᠎ᠶ᠋ᠢᠨ ᠱᠢᠰᠲ᠋ᠧᠮ᠎ᠠᠯᠤᠰ ᠦᠵᠦᠭᠦᠷᠯᠢᠭ᠎ᠲᠠᠬᠢ ᠲᠤᠭ᠎ᠠ ᠪᠠᠷᠢᠮᠲᠠ᠎ᠶ᠋ᠢᠨ ᠣᠨᠣᠱᠢᠯᠠᠯᠲᠠ ᠳ᠋ᠤ ᠲᠦᠰᠢᠭᠯᠡᠵᠦ᠂ ᠰᠠᠯᠬᠢᠨ ᠬᠦᠴᠦᠨ ᠵᠢᠡᠷ ᠴᠠᠬᠢᠯᠭᠠᠨ ᠭᠠᠷᠭᠠᠬᠤ ᠮᠠᠰᠢᠨ ᠳ᠋ᠤ ᠠᠦ᠋ᠲ᠋ᠤ᠋ ᠪᠠᠢᠴᠠᠭᠠᠯᠲᠠ ᠬᠢᠵᠦ᠂ ᠦᠷ᠎ᠡ ᠳ᠋ᠦᠩ᠎ᠨᠢ ᠨᠠᠩ ᠣᠨᠣᠪᠴᠢᠲᠠᠶ ᠪᠤᠯᠳᠠᠭ᠃ ᠭᠡᠪᠡᠴᠦ ᠣᠳᠣᠬᠠᠨ᠎ᠳᠤ ᠲᠣᠰ ᠮᠡᠷᠭᠡᠵᠢᠯ ᠪᠦᠷᠢᠮᠦᠰᠦᠨ ᠬᠥᠮᠦᠨ᠎ᠤ ᠬᠦᠴᠦ᠍᠎ᠵᠢ ᠣᠷᠣᠯᠠᠭᠤᠯᠵᠤ ᠳᠡᠢᠯᠦᠭᠡ ᠥᠬᠡᠶ᠂ ᠪᠢᠳᠡ ᠶᠠᠭ ᠦᠷᠭᠦᠯᠵᠢᠯᠡᠨ ᠨᠡᠭᠡᠭᠡᠨ ᠬᠥᠭ᠌ᠵᠢᠭᠦᠯᠵᠦ᠍ ᠱᠢᠯᠢᠳᠡᠭ᠌ᠵᠢᠭᠦᠯᠵᠦ᠍ ᠪᠠᠢᠨ᠎ᠠ》 ᠭᠡᠵᠦ ᠰᠤᠷᠪᠤᠯᠵᠢᠯᠠᠭᠴᠢ᠎ᠳᠤ  ᠲᠠᠨᠢᠯᠴᠠᠭᠤᠯᠤᠨ᠎ᠠ᠃

ᠡᠨᠡ ᠵᠢᠯ 34 ᠨᠠᠰᠤᠲᠠᠢ ᠢᠦᠢ ᠴᠦᠩ ᠶᠠᠩ ᠪᠤᠯ ᠤᠯᠠᠭᠠᠨᠬᠠᠳᠠ ᠬᠣᠲᠠ᠎ᠶᠢᠨ ᠰᠦᠩᠱᠠᠨ ᠲᠣᠭᠣᠷᠢᠭ᠎ᠤ᠋ᠨ ᠬᠠᠭᠤᠴᠢᠨ ᠬᠤᠷᠤᠭ᠎ᠠ ᠪᠠᠯᠭᠠᠰᠤᠨ᠎ᠳ᠋ᠤ ᠨᠤᠲᠤᠭ ᠲᠠᠢ᠃ ᠬᠠᠷᠠᠬᠠᠨ ᠪᠠᠭ᠎ᠠ᠎ᠠᠴᠠ᠎ᠪᠠᠨ ᠴᠠᠬᠢᠯᠭᠠᠨ ᠲᠥᠬᠦᠭᠡᠷᠦᠮᠵᠢ᠎ᠳᠤ ᠳᠤᠷᠠᠲᠠᠢ ᠲᠡᠷᠡ 2014 ᠣᠨ᠎ᠳᠤ ᠭᠢᠷᠢᠨ᠎ᠤ ᠪᠠᠷᠢᠯᠭ᠎ᠠ᠎ᠶ᠋ᠢᠨ ᠶᠡᠭᠡ ᠰᠤᠷᠭᠠᠭᠤᠯᠢ᠎ᠠᠴᠠ ᠲᠡᠭᠦᠰᠦᠭ᠌ᠰᠡᠨ᠎ᠤ ᠳᠠᠷᠠᠭ᠎ᠠ ᠥᠪᠥᠷ ᠮᠣᠩᠭᠤᠯ᠎ᠤᠨ ᠯᠦᠩ ᠶᠤᠸᠠᠨ ᠮᠧᠩ ᠳ᠋ᠦᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠳᠤ ᠠᠵᠢᠯᠯᠠᠵᠤ᠂ ᠰᠠᠯᠬᠢᠨ ᠬᠦᠴᠦᠨ᠎ᠤ ᠴᠠᠬᠢᠯᠭᠠᠨ᠎ᠤ ᠲᠠᠯᠠᠪᠠᠢ᠎ᠶ᠋ᠢᠨ ᠰᠡᠯᠪᠢᠨ ᠵᠠᠰᠠᠬᠤ ᠠᠵᠢᠯᠲᠠᠨ ᠪᠣᠯᠤᠭ᠍ᠰᠠᠨ ᠪᠠᠢᠨ᠎ᠠ᠃

ᠲᠡᠷᠡ ᠰᠠᠶᠢ ᠠᠵᠢᠯ᠎ᠳᠤ ᠭᠠᠷᠤᠭᠠᠳ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ ᠵᠢᠨ ᠲᠤᠬᠠᠢ ᠶᠠᠭᠤ ᠴᠤ᠌ ᠤᠢᠯᠠᠭᠠᠬᠤ ᠦᠭᠡᠢ᠂ ᠬᠠᠮᠢᠭ᠎ᠠ᠎ᠠᠴᠠ ᠨᠢ ᠭᠠᠷᠳᠠᠬᠤ᠎ᠶ᠋ᠢ ᠮᠡᠳᠡᠬᠦ᠌ ᠦᠭᠡᠢ ᠪᠠᠢᠯ᠎ᠠ᠃

ᠲᠡᠷᠡ ᠠᠵᠢᠯ᠎ᠤᠨ ᠴᠢᠯᠥᠭᠡ ᠪᠠᠨ ᠠᠱᠢᠭ᠍ᠯᠠᠨ᠂ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢ ᠰᠤᠳᠤᠯᠵᠤ᠂ ᠠᠵᠢᠯᠯᠠᠭᠠᠨ᠎ᠤ ᠤᠭ ᠶᠣᠰᠣ ᠬᠢᠭᠡᠳ ᠤᠭ᠍ᠰᠠᠷᠠᠭ᠎ᠠ ᠲᠣᠨᠤᠭ᠎ᠵᠢᠴᠢ ᠰᠡᠯᠪᠢᠨ ᠵᠠᠰᠠᠬᠤ ᠪᠠᠭᠠᠵᠢ ᠬᠡᠷᠡᠭᠰᠡᠯ ᠎ᠢ ᠤᠢᠯᠠᠭᠠᠵᠤ᠂ ᠳᠠᠬᠢᠨ ᠳᠠᠪᠲᠠᠨ ᠰᠤᠳᠤᠯᠬᠤ᠎ᠶ᠋ᠢᠨ ᠬᠠᠮᠲᠤ ᠨᠠᠷᠢᠨ ᠬᠤᠪᠢᠶᠠᠷᠢᠯᠠᠨ ᠲᠡᠮᠳᠡᠭ᠌ᠯᠡᠵᠦ᠍᠂ ᠮᠡᠷᠭᠡᠵᠢᠯ᠎ᠤᠨ ᠪᠠᠷᠢᠮᠵᠢᠶ᠎ᠠ᠎ᠶ᠋ᠢ ᠴᠡᠭᠡᠵᠢᠯᠡᠭᠰᠡᠨ ᠪᠠᠢᠯ᠎ᠠ᠃

《ᠮᠠᠨ᠎ᠳᠤ ᠮᠠᠰᠢᠨ ᠴᠤᠭᠴᠠᠯᠠᠪᠤᠷᠢ ᠵᠢᠨ ᠦᠢᠯᠡᠳᠪᠦᠷᠢ᠎ᠶ᠋ᠢᠨ ᠬᠠᠷᠢᠯᠴᠠᠬᠤ ᠤᠲᠠᠰᠤ ᠴᠤ᠌ ᠪᠠᠢᠬᠤ ᠦᠭᠡᠢ᠂ ᠲᠤᠰᠭᠠᠢ ᠮᠡᠷᠭᠡᠵᠢᠯᠲᠡᠨ᠎ᠢ ᠴᠤ᠌ ᠲᠠᠨᠢᠬᠤ ᠦᠭᠡᠢ᠂ ᠥᠪᠡᠷ᠎ᠢᠶᠠᠨ ᠰᠤᠳᠤᠯᠬᠤ ᠡᠴᠡ ᠦᠭᠡᠷ᠎ᠡ ᠵᠠᠮ ᠦᠭᠡᠢ》 ᠭᠡᠵᠦ ᠢᠦᠢ ᠴᠦᠩ ᠶᠠᠩ ᠶᠠᠷᠢᠨ᠎ᠠ᠃ ᠢᠩᠭᠢᠭᠡᠳ᠂ ᠲᠡᠷᠡ ᠬᠠᠮᠲᠤ ᠠᠵᠢᠯᠯᠠᠬᠰᠠᠤᠨ ᠎ᠲᠠᠢ᠎ᠪᠠᠨ ᠵᠢᠷᠤᠭ ᠶᠣᠰᠣᠭᠠᠷ ᠤᠷᠤᠰᠭᠠᠯ ᠥᠭᠡᠷᠡᠴᠢᠯᠡᠭ᠌ᠴᠢ ᠵᠢ ᠪᠦᠬᠦᠨ᠎ᠢ ᠵᠠᠳᠠᠯᠵᠤ᠂ ᠤᠨᠳᠤᠤ ᠲᠦᠷᠦᠯ ᠲᠡᠮᠲᠡᠭ᠌᠎ᠤᠨ ᠤᠷᠤᠰᠭᠠᠯ ᠥᠭᠡᠷᠡᠴᠢᠯᠡᠭ᠌ᠴᠢ ᠲᠠᠢ ᠬᠠᠷᠢᠴᠠᠭᠤᠯᠤᠨ ᠰᠤᠳᠤᠯᠵᠠᠢ᠃ ᠲᠡᠭᠡᠭᠡᠳ 5 ᠡᠳᠦᠷ᠎ᠲᠦ ᠮᠠᠱᠢᠨ ᠴᠣᠭ᠍ᠴᠠᠯᠠᠪᠤᠷᠢ᠎ᠶ᠋ᠢᠨ ᠤᠭ ᠶᠣᠰᠣ᠎ᠶ᠋ᠢ ᠣᠢᠯᠠᠭᠠᠵᠤ᠂ ᠤᠭ᠍ᠰᠠᠷᠠᠭ᠎ᠠ ᠲᠣᠨᠣᠭ᠎ᠢ ᠨᠢ ᠤᠷᠤᠭ᠍ᠰᠢᠲᠠᠢ ᠰᠣᠯᠢᠭ᠍ᠰᠠᠨ ᠪᠠᠢᠨ᠎ᠠ᠃

《ᠲᠡᠷᠡ ᠤᠳᠠᠭᠠᠨ᠎ᠤ ᠬᠡᠷᠡᠭ ᠨᠠᠳᠠᠳᠤ ᠠᠪᠴᠤ᠌ ᠬᠡᠯᠡᠪᠡᠯ ᠬᠠᠳᠠᠭᠤ ᠰᠢᠯᠭᠠᠯᠲᠠ ᠪᠤᠯᠤᠭᠰᠠᠨ ᠪᠦᠭᠡᠳ ᠨᠡᠩ ᠴᠦ᠍ ᠠᠵᠠ ᠲᠣᠬᠢᠶᠠᠯ ᠪᠤᠯᠵᠠᠢ᠃ ᠤᠷᠤᠰᠭᠠᠯ ᠥᠭᠡᠷᠡᠴᠢᠯᠡᠭ᠌ᠴᠢ᠎ᠵᠢᠨ ᠠᠵᠢᠯᠯᠠᠬᠤ ᠤᠭ ᠶᠣᠰᠣ ᠪᠠ ᠳᠣᠲᠣᠭᠠᠳᠤ ᠲᠣᠨᠣᠭ᠎ᠤᠨ ᠪᠦᠷᠢᠯᠳᠦᠯ ᠪᠠᠢᠷᠢᠯᠠᠭᠤᠯᠤᠯᠲᠠ᠎ᠶ᠋ᠢ ᠱᠢᠯᠤᠭᠤᠳᠭᠠᠭ᠍ᠰᠠᠨ᠎ᠠᠴᠠ ᠪᠣᠯᠵᠤ᠂ ᠮᠢᠨᠦ᠍ ᠮᠡᠷᠭᠡᠵᠢᠯ ᠶᠡᠬᠡ ᠪᠡᠷ ᠳᠡᠭᠡᠭ᠌ᠱᠢᠯᠡᠵᠡᠢ᠃ ᠲᠡᠭᠦᠨ ᠡᠴᠡ ᠰᠡᠭᠦᠯᠡᠷ᠂ ᠪᠢ ᠰᠠᠯᠬᠢᠨ ᠬᠦᠴᠦᠨ᠎ᠦ ᠴᠠᠬᠢᠯᠭᠠᠨ᠎ᠤ ᠮᠡᠷᠭᠡᠵᠢᠯ᠎ᠢ ᠬᠣᠵᠢᠮ᠎ᠤᠨ ᠠᠵᠢᠯ᠎ᠤᠨ ᠭᠣᠣᠯ ᠰᠤᠳᠤᠯᠬᠤ ᠴᠢᠭ᠌ᠯᠡᠯ᠎ᠢᠶᠡᠨ ᠪᠣᠯᠭᠠᠬᠤ᠎ᠪᠠᠷ ᠱᠢᠢᠳᠤᠯ᠎ᠠ》 ᠭᠡᠵᠦ ᠢᠦᠢ ᠴᠦᠩ ᠶᠠᠩ ᠡᠷᠭᠢᠴᠡᠭᠦᠯᠦᠨ᠎ᠡ᠃

《ᠰᠠᠯᠬᠢᠨ ᠬᠦᠴᠦᠨ᠎ᠤ ᠴᠠᠬᠢᠯᠭᠠᠨ᠎ᠭᠠᠷᠭᠠᠬᠤ ᠲᠠᠯᠠᠪᠠᠢ᠎ᠶ᠋ᠢᠨ ᠰᠠᠯᠬᠢᠨ᠎ᠤ ᠴᠢᠳᠠᠮᠵᠢ ᠵᠢ ᠮᠡᠳᠡᠭᠦᠯᠬᠦ᠌ ᠬᠦᠰᠦᠨᠦᠭ᠌᠎ᠤᠨ ᠵᠥᠭᠡᠯᠡᠨ ᠲᠣᠨᠤᠭ 》 ᠢ᠋ ᠨᠡᠭᠡᠭᠡᠨ ᠬᠥᠭ᠌ᠵᠢᠭᠦᠯᠵᠦ᠍᠂ ᠰᠠᠯᠬᠢᠨ ᠬᠦᠴᠦᠨ᠎ᠤ ᠴᠠᠬᠢᠯᠭᠠᠨ᠎ᠭᠠᠷᠭᠠᠬᠤ ᠲᠠᠯᠠᠪᠠᠢ᠎ᠶ᠋ᠢᠨ ᠮᠡᠳᠡᠭᠦᠯᠬᠦ᠌ ᠬᠦᠰᠦᠨᠦᠭ᠌᠎ᠤᠨ ᠪᠦᠷᠢᠳᠭᠡᠬᠦ᠌᠎ᠳᠤ ᠬᠦᠴᠢᠷ᠂ ᠠᠵᠢᠯ᠎ᠤᠨ ᠬᠡᠮᠵᠢᠶ᠎ᠡ᠎ᠨᠢ ᠶᠡᠭᠡ ᠵᠡᠷᠭᠡ ᠠᠰᠠᠭᠤᠳᠠᠯ᠎ᠢ ᠱᠢᠢᠳᠪᠦᠷᠢᠯᠡᠪᠡ; 《ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ ᠵᠢᠨ UPS ᠲᠣᠬᠢᠷᠠᠭᠤᠯᠬᠤ ᠵᠥᠭᠡᠯᠡᠨ ᠲᠣᠨᠤᠭ》ᠢ᠋ ᠨᠡᠭᠡᠭᠡᠨ ᠬᠥᠭ᠌ᠵᠢᠭᠦᠯᠵᠦ᠍᠂ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠬᠦᠴᠦᠳᠡᠯ ᠬᠤᠪᠢᠷᠠᠭᠤᠯᠬᠤ UPS ᠪᠣᠯᠵᠣᠯᠲᠤ ᠲᠤᠭ᠎ᠠ ᠵᠢ ᠲᠤᠬᠢᠷᠠᠭᠤᠯᠬᠤ ᠳ᠋ᠤ ᠲᠦᠪᠡᠭ᠎ᠲᠠᠢ ᠠᠰᠠᠭᠤᠳᠠᠯ᠎ᠢ ᠱᠢᠢᠳᠪᠦᠷᠢᠯᠡᠪᠡ; 《ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠡᠵᠡᠮᠳᠡᠯ᠎ᠤᠨ ᠮᠠᠱᠢᠨ ᠵᠢᠴᠢ FTP ᠰᠤᠷᠪᠤᠯᠵᠢᠯᠠᠬᠤ ᠵᠥᠭᠡᠯᠡᠨ ᠲᠣᠨᠤᠭ》 ᠢ᠋ ᠰᠤᠳᠤᠯᠤᠨ ᠭᠠᠷᠭᠠᠵᠤ᠂ ᠠᠵᠢᠯᠲᠠᠨ᠎ᠤ ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠠᠵᠢᠯ᠎ᠤᠨ ᠡᠵᠡᠮᠳᠡᠯ᠎ᠤᠨ ᠮᠠᠱᠢᠨ᠎ᠢ ᠰᠤᠷᠪᠤᠯᠵᠢᠯᠠᠬᠤ ᠪᠠ PIC ᠵᠢᠨ ᠠᠰᠠᠭᠤᠳᠠᠯ ᠭᠠᠷᠤᠭᠰᠠᠨ ᠪᠢᠴᠢᠭ ᠮᠠᠲ᠋ᠧᠷᠢᠶᠠᠯ᠎ᠢ ᠪᠠᠭᠤᠯᠭᠠᠨ ᠠᠪᠬᠤ ᠵᠢ ᠲᠦᠷᠭᠡᠨ ᠪᠦᠭᠡᠳ ᠳᠦᠭᠦᠮ ᠪᠤᠯᠭᠠᠪᠠ ᠁

ᠲᠠᠰᠤᠷᠠᠯᠲᠠ ᠦᠭᠡᠢ ᠬᠠᠢᠨ ᠰᠥᠪᠡᠭ᠌ᠴᠢᠯᠡᠬᠦ ᠪᠠ ᠳᠠᠪᠲᠠᠭ᠍ᠳᠠᠬᠤ ᠶᠠᠪᠤᠴᠠ᠎ᠳᠤ ᠢᠦᠢ ᠴᠦᠩ ᠶᠠᠩ 11 ᠵᠦᠢᠯ᠎ᠤᠨ ᠮᠠᠱᠢᠨ᠎ᠤ ᠠᠵᠢᠯᠯᠠᠭᠠᠨ᠎ᠤ ᠤᠭ ᠶᠣᠰᠣ ᠪᠠ ᠪᠠᠢᠴᠠᠭᠠᠨ ᠵᠠᠰᠠᠬᠤ ᠮᠡᠷᠭᠡᠵᠢᠯ ᠴᠢᠳᠠᠪᠤᠷᠢ᠎ᠶ᠋ᠢ ᠪᠣᠯᠪᠠᠰᠤᠷᠠᠩᠭᠤᠢ ᠡᠵᠡᠮᠱᠢᠭᠡᠳ ᠂ ᠺᠣᠮᠫᠠᠨᠢ᠎ᠶ᠋ᠢᠨ ᠵᠠᠯᠠᠭᠤᠴᠤᠳ᠎ᠤᠨ ᠵᠢᠡᠨ ᠲᠤᠳᠤᠷ᠎ᠠ ᠤᠷᠤᠢᠯᠠᠬᠤ ᠪᠤᠯᠵᠠᠢ᠃

2021 ᠣᠨ᠎ᠳᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠴᠠᠬᠢᠯᠭᠠᠨ ᠬᠦᠴᠦᠨ᠎ᠤ ᠠᠵᠢᠯ ᠲᠥᠷᠥᠯ᠎ᠤᠨ ᠮᠡᠷᠭᠡᠵᠢᠯ ᠴᠢᠳᠠᠪᠤᠷᠢ᠎ᠶ᠋ᠢᠨ ᠤᠷᠤᠯᠳᠤᠭᠠᠨ᠎ᠤ ᠠᠯᠤᠰ ᠡᠵᠡᠮᠰᠢᠯᠲᠦ ᠮᠠᠱᠢᠨ ᠴᠣᠭ᠍ᠴᠠᠯᠠᠪᠤᠷᠢ᠎ᠶ᠋ᠢᠨ ᠤᠷᠤᠯᠳᠤᠭᠠᠨ ᠳᠦᠬᠦᠬᠦ᠎ᠳᠤ ᠮᠠᠰᠢ ᠣᠯᠠᠨ ᠬᠥᠮᠦᠨ ᠲᠡᠭᠦᠨ᠎ᠢ ᠰᠠᠢᠨ ᠮᠡᠳᠡᠳᠡᠭ ᠮᠠᠱᠢᠨ᠎ᠤ ᠬᠡᠯᠪᠡᠷᠢ ᠪᠠᠢᠬᠤ ᠥᠬᠡᠶ ᠪᠤᠯ ᠪᠢᠳᠡᠬᠡᠢ ᠤᠷᠤᠯᠴᠠᠭᠠᠷᠠᠢ ᠭᠡᠵᠦ ᠢᠳᠬᠠᠵᠠᠢ᠃ ᠢᠦᠢ ᠴᠦᠩ ᠶᠠᠩ ᠬᠠᠷᠢᠨ ᠡᠷᠡᠰ ᠱᠢᠭᠤᠷᠬᠠᠶ᠎ᠨᠡᠷ᠎ᠡ ᠮᠡᠳᠡᠭᠦᠯᠦᠨ ᠤᠷᠤᠯᠴᠠᠪᠠ᠃

ᠢᠦᠢ ᠴᠦᠩ ᠶᠠᠩ᠎ᠤᠨ ᠬᠠᠮᠲᠤ ᠠᠵᠢᠯᠲᠠᠨ ᠬᠤ᠌ ᠵᠢᠶᠠ ᠴᠢ᠄《ᠬᠡᠳᠦᠢ ᠬᠦᠴᠢᠷ ᠪᠡᠷᠬᠡᠱᠢᠶᠡᠯ᠎ᠲᠠᠢ ᠪᠣᠯ ᠲᠡᠷᠡ ᠲᠡᠳᠦᠢ ᠰᠥᠷᠦᠨ ᠤᠷᠤᠭ᠍ᠰᠢᠯᠠᠵᠤ᠂ ᠬᠡᠳᠦᠢ ᠲᠦᠪᠡᠭ᠌ᠲᠡᠢ ᠪᠣᠯ ᠲᠡᠳᠦᠢ ᠰᠢᠭᠤᠷᠬᠠᠢᠯᠠᠨ ᠠᠵᠢᠯᠯᠠᠳᠠᠭ》 ᠭᠡᠵᠦ ᠰᠤᠷᠪᠤᠯᠵᠢᠯᠠᠭᠴᠢ᠎ᠳᠤ ᠶᠠᠷᠢᠨ᠎ᠠ᠃ ᠢᠦᠢ ᠴᠦᠩ ᠶᠠᠩ  ᠪᠦᠬᠦ ᠰᠡᠳᠭᠢᠯ ᠵᠢᠡᠷ ᠤᠷᠤᠯᠳᠤᠭᠠᠨ᠎ᠳᠤ ᠪᠡᠯᠡᠳᠭᠡᠨ᠂  ᠮᠠᠰᠢᠨ᠎ᠤ ᠬᠡᠯᠪᠡᠷᠢ ᠵᠢ ᠤᠢᠯᠠᠭᠠᠬᠤ ᠦᠭᠡᠢ᠂ ᠰᠤᠷᠤᠯᠴᠠᠬᠤ ᠡᠭᠦᠷᠭᠡ ᠬᠦᠨᠳᠦ ᠵᠡᠷᠭᠡ ᠬᠦᠴᠢᠷ ᠪᠡᠷᠬᠡᠱᠢᠶᠡᠯ᠎ᠢ ᠨᠢᠭᠡ ᠨᠢᠭᠡ ᠪᠡᠷ ᠢᠯᠠᠨ ᠳᠠᠪᠠᠵᠠᠶ᠃

《ᠡᠵᠡᠨ ᠬᠢᠴᠢᠶᠡᠪᠡᠯ ᠵᠠᠶᠠᠭ᠎ᠠ ᠬᠢᠴᠢᠶᠠᠨ᠎ᠡ》 ᠭᠡᠳᠡᠭ ᠵᠢᠡᠷ᠂ ᠢᠦᠢ ᠴᠦᠩ ᠶᠠᠩ ᠠᠷᠪᠠᠨ ᠭᠤᠷᠪᠠᠳᠤᠭᠠᠷ ᠬᠤᠭᠤᠴᠠᠭᠠᠨ᠎ᠤ᠋ ᠪᠦᠬᠦ᠌ ᠤᠯᠤᠰ᠎ᠤ᠋ᠨ ᠴᠠᠬᠢᠯᠭᠠᠨ ᠬᠦᠴᠦᠨ᠎ᠦ᠌ ᠠᠵᠢᠯ ᠲᠥᠷᠥᠯ᠎ᠦ᠋ᠨ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠎ᠤ᠋ ᠬᠤᠪᠢ ᠬᠥᠮᠦᠨ᠎ᠦ᠌ ᠲᠡᠷᠢᠭᠦᠨ ᠳ᠋ᠤ ᠲᠤᠳᠤᠷᠠᠵᠤ᠂ 《ᠴᠠᠬᠢᠯᠭᠠᠨ ᠬᠦᠴᠦᠨ᠎ᠦ᠌ ᠠᠵᠢᠯ ᠲᠥᠷᠥᠯ᠎ᠦ᠋ᠨ ᠮᠡᠷᠭᠡᠵᠢᠯ᠎ᠦ᠋ᠨ ᠴᠢᠳᠠᠪᠤᠷᠢᠲᠠᠨ》 ᠭᠡᠬᠦ᠌ ᠴᠣᠯᠠ ᠬᠦᠷᠲᠡᠵᠡᠢ᠃

ᠢᠦᠢ ᠴᠦᠩ ᠶᠠᠩ᠎ᠤᠨ ᠮᠡᠷᠭᠡᠵᠢᠯ ᠤᠯᠠᠮ ᠡᠴᠡ ᠤᠯᠠᠮ ᠳᠡᠭᠡᠭᠰᠢᠯᠡᠵᠦ᠂ 2020 ᠣᠨ ᠳ᠋ᠤ ᠯᠦᠩ ᠶᠤᠸᠠᠨ ᠴᠠᠬᠢᠯᠭᠠᠨ ᠬᠦᠴᠦᠨ᠎ᠤ《ᠢᠦᠢ ᠴᠦᠩ ᠶᠠᠩ᠎ᠬᠦᠳᠡᠯᠮᠦᠷᠢ ᠵᠢᠨ ᠵᠢᠱ᠌ᠢᠶᠡᠴᠢ ᠪᠣᠯᠤᠨ ᠤᠷᠠᠨ ᠳᠠᠷᠬᠠᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ》ᠪᠠᠢᠭᠤᠯᠤᠭ᠍ᠳᠠᠵᠤ᠂ 2023 ᠣᠨ᠎ᠳᠤ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠤᠨ 《 ᠢᠦᠢ ᠴᠦᠩ ᠶᠠᠩ᠎ᠤᠨ ᠵᠠᠯᠠᠭᠤᠴᠤᠳ᠎ᠤᠨ ᠱᠢᠨ᠎ᠡ᠎ᠶ᠋ᠢ ᠡᠭᠦᠳᠴᠤ ᠠᠮᠵᠢᠯᠲᠠ ᠪᠦᠲᠦᠮᠵᠢ ᠭᠠᠷᠭᠠᠬᠤ ᠠᠵᠢᠯ᠎ᠤᠨ ᠲᠠᠰᠤᠭ》 ᠫᠠᠢᠰᠠ ᠡᠯᠭᠦᠵᠦ᠍᠂ ᠠᠳᠠᠯᠢ ᠪᠤᠰᠤ ᠠᠵᠢᠯ᠎ᠤᠨ ᠪᠠᠢᠷᠢ ᠡᠴᠡ ᠢᠷᠡᠭᠰᠡᠨ ᠬᠠᠮᠲᠤ ᠠᠵᠢᠯᠲᠠᠳ ᠢᠦᠢ ᠴᠦᠩ ᠶᠠᠩ᠎ᠤᠨ ᠵᠣᠬᠢᠶᠠᠨ ᠪᠠᠢᠭᠤᠯᠤᠯᠲᠠ ᠳᠣᠣᠷ᠎ᠠ ᠴᠤᠭᠭᠠᠷ ᠮᠡᠷᠭᠡᠵᠢᠯ᠎ᠤᠨ  ᠪᠡᠷᠬᠡ ᠰᠡᠳᠦᠪ᠎ᠤᠳ᠎ᠢ ᠰᠢᠢᠳᠪᠦᠷᠢᠯᠡᠵᠡᠢ᠃

ᠲᠡᠳᠡᠨ᠎ᠤ ᠰᠤᠳᠤᠯᠤᠨ ᠡᠭᠦᠳᠦᠭᠰᠡᠨ 《ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠱᠢᠩᠭᠡᠨ ᠳᠠᠷᠤᠯᠲᠠ ᠵᠢᠨ ᠱᠢᠰᠲ᠋ᠧᠮ᠎ᠤᠨ ᠣᠶᠤᠨᠴᠢ ᠣᠨᠣᠱᠢᠯᠠᠬᠤ ᠪᠠᠭᠠᠵᠢ》ᠨᠢ ᠱᠢᠰᠲ᠋ᠧᠮ᠎ᠤᠨ ᠳᠤᠲᠠᠭ᠍ᠳᠠᠯ᠎ᠢ ᠠᠯᠤᠰ᠎ᠠᠴᠠ ᠨᠠᠷᠢᠯᠢᠭ ᠣᠨᠣᠪᠴᠢᠲᠠᠶ ᠪᠠᠢᠴᠠᠭᠠᠨ ᠤᠯᠵᠤ᠂ ᠵᠠᠰᠠᠨ ᠰᠡᠯᠪᠢᠬᠦ ᠦᠷ᠎ᠡ ᠪᠦᠲᠦᠮᠵᠢ᠎ᠵᠢ 260 ᠳᠠᠬᠢᠨ ᠳᠡᠭᠡᠭ᠌ᠰᠢᠯᠡᠭᠦᠯᠪᠡ;《AI ᠶᠡᠭᠡ ᠵᠠᠭ᠍ᠪᠤᠷ᠎ᠤᠨ ᠰᠠᠯᠬᠢᠨ ᠬᠦᠴᠦᠨ᠎ᠤ ᠴᠠᠬᠢᠯᠭᠠᠨ᠎ᠤ ᠲᠤᠰᠭᠠᠶ ᠮᠡᠷᠭᠡᠵᠢᠯᠲᠡᠨ᠎ᠤ ᠮᠡᠳᠡᠯᠭᠡ᠎ᠶ᠋ᠢᠨ ᠬᠥᠮᠥᠷᠭᠡ》 ᠨᠢ ᠪᠠᠢᠴᠠᠭᠠᠨ ᠰᠡᠯᠪᠢᠬᠦ ᠵᠢ ᠵᠢᠯᠣᠭᠤᠳᠬᠤ᠂ ᠮᠡᠷᠭᠡᠵᠢᠯ᠎ᠤᠨ ᠲᠠᠯ᠎ᠠ ᠵᠢᠨ ᠬᠠᠷᠢᠭᠤᠯᠲᠠ᠎ᠦᠭᠬᠦ ᠵᠢ ᠠᠦ᠋ᠲ᠋ᠤ᠋ ᠪᠡᠷ ᠪᠡᠶᠡᠯᠡᠭᠦᠯᠵᠦ᠂ ᠠᠵᠢᠯ᠎ᠤᠨ ᠦᠷ᠎ᠡ ᠪᠦᠲᠦᠮᠵᠢ᠎ᠶ᠋ᠢ 30% ᠎ᠪᠠᠷ ᠳᠡᠭᠡᠭ᠌ᠰᠢᠯᠡᠭᠦᠯᠪᠡ; 《ᠰᠠᠯᠬᠢᠨ ᠬᠦᠴᠦᠨ᠎ᠤ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ AI ᠲᠣᠭᠤᠷᠢᠨ ᠪᠠᠢᠴᠠᠭᠠᠬᠤ ᠱᠢᠰᠲ᠋ᠧᠮ 》 ᠨᠢ ᠳᠠᠯᠳᠠ ᠳᠤᠲᠠᠭᠳᠠᠯ ᠎ᠢ ᠠᠯᠤᠰ᠎ᠠᠴᠠ ᠣᠨᠣᠱᠢᠯᠠᠨ ᠪᠡᠶᠡᠯᠡᠭᠦᠯᠵᠦ᠍᠂ ᠲᠣᠭᠤᠷᠢᠨ ᠪᠠᠢᠴᠠᠭᠠᠬᠤ ᠦᠷ᠎ᠡ ᠪᠦᠲᠦᠮᠵᠢ᠎ᠶ᠋ᠢ 710 ᠳᠠᠬᠢᠨ ᠳᠡᠭᠡᠭ᠌ᠰᠢᠯᠡᠭᠦᠯᠪᠡ᠁ ᠠᠵᠢᠯᠯᠠᠬᠤ ᠲᠠᠰᠤᠭ ᠤᠷᠢᠳ ᠬᠤᠵᠢᠳ 34 ᠵᠦᠢᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠢᠯ ᠎ᠢ ᠪᠡᠶᠡᠯᠡᠭᠦᠯᠵᠦ᠍᠂ 1500 ᠭᠠᠷᠤᠶ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ 20 ᠲᠤᠰᠭᠠᠶ ᠠᠱᠢᠭ᠎ᠤᠨ ᠡᠷᠬᠡ ᠵᠢ ᠳᠠᠩᠰᠠᠯᠠᠭᠤᠯᠵᠤ᠂ 2 ᠵᠦᠢᠯ᠎ᠤᠨ ᠵᠥᠭᠡᠯᠡᠨ ᠲᠣᠨᠤᠭ᠎ᠤᠨ ᠪᠦᠲᠦᠭᠡᠯ᠎ᠢ ᠳᠠᠩᠰᠠᠯᠠᠭᠤᠯᠤᠨ᠂ 4690 ᠲᠦᠮᠡᠨ ᠲᠥᠭᠦᠷᠢᠭ᠎ᠤᠨ ᠦᠷ᠎ᠡ ᠠᠰᠢᠬ ᠡᠭᠦᠳᠴᠦ᠂ 11 ᠵᠦᠢᠯ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠨᠢ ᠮᠤᠵᠢ ᠶᠠᠮᠤᠨ᠎ᠤ ᠲᠠᠰ᠎ᠠᠴᠠ ᠳᠡᠭᠡᠭ᠌ᠰᠢᠬᠢ ᠱᠠᠩᠨᠠᠯ᠎ᠢ ᠭᠥᠷᠳᠡᠪᠡ᠃

2023 ᠣᠨ᠎ᠳᠤ᠂ 《ᠢᠦᠢ ᠴᠦᠩ ᠶᠠᠩ᠎ᠤᠨ ᠵᠠᠯᠠᠭᠤᠴᠣᠳ᠎ᠤᠨ ᠱᠢᠨ᠎ᠡ᠎ᠶ᠋ᠢ ᠡᠭᠦᠳᠴᠦ ᠠᠮᠵᠢᠯᠲᠠ ᠪᠦᠲᠦᠮᠵᠢ ᠭᠠᠷᠭᠠᠬᠤ ᠠᠵᠢᠯᠯᠠᠬᠤ ᠲᠠᠰᠤᠭ》ᠪᠥᠬᠦ᠌ ᠤᠯᠤᠰ᠎ᠤᠨ ᠴᠠᠬᠢᠯᠭᠠᠨ ᠬᠦᠴᠦᠨ᠎ᠤ ᠠᠵᠤ ᠠᠬᠤᠢᠯᠠᠯ᠎ᠤᠨ 《ᠭᠠᠷᠮᠠᠭᠠᠢ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ》 ᠭᠡᠬᠦ ᠢᠷᠠᠭᠤ ᠠᠯᠳᠠᠷ᠎ᠢ ᠭᠥᠷᠳᠡᠪᠡ᠃ 2024 ᠣᠨ᠎ᠳᠤ᠂ ᠲᠣᠰ ᠠᠵᠢᠯᠯᠠᠬᠤ ᠲᠠᠰᠤᠭ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ᠎ᠤᠨ ᠭᠤᠤᠯᠳᠠᠯᠭ᠎ᠠ᠎ᠲᠠᠢ ᠳᠡᠮᠵᠢᠬᠦ᠌ ᠨᠡᠷᠡᠰ᠎ᠲᠤ ᠵᠢᠭ᠍ᠰᠠᠭᠠᠭ᠍ᠳᠠᠪᠠ᠃

《ᠣᠲᠣ ᠠᠵᠢᠯᠯᠠᠬᠤ ᠲᠠᠰᠤᠭ᠎ᠲᠤ  6 ᠭᠡᠱᠢᠭᠦᠨ᠎ᠠᠴᠠ ᠭᠠᠳᠠᠨ᠎ᠠ ᠪᠠᠰᠠ 6 ᠣᠨᠴᠠᠭᠠᠶ ᠬᠥᠮᠥᠵᠢᠭᠦᠯᠬᠦ᠌ ᠡᠲᠡᠭᠡᠳ ᠪᠠᠢᠨ᠎ᠠ᠃ ᠢᠦᠢ ᠴᠦᠩ ᠶᠠᠩ᠎ᠤᠨ ᠳᠠᠭᠠᠭᠤᠯᠭ᠎ᠠ ᠪᠡᠷ ᠮᠠᠨ᠎ᠤ ᠪᠦᠯᠬᠦᠮ ᠤᠯᠠᠮ᠎ᠠᠴᠠ ᠤᠯᠠᠮ ᠬᠦᠴᠦᠷᠬᠡᠭ᠌ᠵᠢᠨ᠎ᠡ ᠭᠡᠳᠡᠭ ᠎ᠢ ᠢᠲᠡᠭᠡᠵᠦ᠍ ᠪᠠᠢᠨ᠎ᠠ》ᠭᠡᠵᠦ᠍ ᠠᠵᠢᠯᠯᠠᠬᠤ ᠲᠠᠰᠤᠭ᠎ᠤᠨ ᠭᠡᠰᠢᠭᠦᠨ ᠰᠢᠦᠢ ᠸᠸᠨ ᠯᠦᠩ ᠬᠡᠯᠡᠪᠡ᠃

ᠢᠦᠢ ᠴᠦᠩ ᠶᠠᠩ ᠪᠦᠯᠬᠦᠮ᠎ᠢᠶᠠᠨ ᠳᠠᠭᠠᠭᠤᠯᠤᠨ ᠱᠢᠨ᠎ᠡ᠎ᠶ᠋ᠢ ᠡᠭᠦᠳᠴᠦ᠍ ᠦᠷ᠎ᠡ ᠪᠦᠲᠦᠮᠵᠢ᠎ᠭᠠᠷᠭᠠᠬᠤ ᠵᠢᠨ ᠬᠠᠮᠲᠤ᠌᠂ ᠰᠣᠷᠣᠭ᠍ᠰᠠᠨ ᠵᠦᠢᠯ᠎ᠢᠶᠠᠨ ᠳᠡᠷᠭᠡᠳᠡᠬᠢ ᠵᠠᠯᠠᠭᠤᠴᠤᠳ᠎ᠲᠠᠭᠠᠨ ᠤᠯᠠᠮᠵᠢᠯᠠᠬᠤ᠎ᠶ᠋ᠢ ᠪᠠᠷᠢᠮᠲᠠᠯᠠᠵᠤ᠂ ᠵᠠᠯᠠᠭᠤ ᠴᠢᠳᠠᠪᠤᠷᠢᠲᠠᠨ᠎ᠢ ᠬᠦᠮᠦᠵᠢᠭᠦᠯᠬᠦ᠎ᠳᠤ ᠬᠦᠴᠦᠨ ᠨᠡᠮᠡᠷᠢᠯᠡᠵᠦ ᠶᠠᠪᠤᠨ᠎ᠠ᠃

ᠲᠡᠷᠡ《ᠰᠤᠳᠤᠨ》 ᠪᠦᠯᠬᠦᠮ ᠎ᠢ ᠵᠣᠬᠢᠶᠠᠨ ᠪᠠᠢᠭᠤᠯᠵᠤ᠂ ᠨᠡᠢᠲᠡ 27 ᠵᠦᠶ᠋ᠯ᠎ᠤᠨ ᠵᠢᠭᠠᠨ ᠰᠤᠷᠭᠠᠯᠲᠠ᠎ᠶ᠋ᠢᠨ ᠬᠢᠴᠢᠶᠡᠯ᠎ᠢ ᠨᠡᠭᠡᠭᠡᠨ ᠬᠥᠭ᠌ᠵᠢᠭᠦᠯᠵᠦ᠍᠂ 4 ᠪᠦᠯᠦᠭ᠎ᠤᠨ ᠱᠢᠨ᠎ᠡ ᠡᠨᠧᠷᠭᠢ᠎ᠶ᠋ᠢᠨ ᠵᠢᠭᠠᠬᠤ ᠮᠠᠲ᠋ᠧᠷᠢᠶᠠᠯ᠎ᠢ ᠨᠠᠢᠷᠠᠭᠤᠯᠤᠨ ᠪᠢᠴᠢᠬᠦ᠌᠎ᠳᠤ ᠣᠷᠣᠯᠴᠠᠵᠤ᠂ ᠬᠢᠴᠢᠶᠠᠯ ᠡᠤᠷᠤᠭᠰᠠᠨ ᠴᠠᠭ ᠨᠢ 3500 ᠴᠠᠭ ᠲᠦ᠍ ᠬᠦᠷᠴᠦ᠂ ᠪᠣᠯᠪᠠᠰᠤᠷᠠᠯ ᠬᠦᠷᠲᠡᠭ᠌ᠰᠡᠨ ᠰᠤᠷᠤᠯᠭᠠᠲᠠᠨ᠎ᠤ ᠲᠤᠭ᠎ᠠ 1.5 ᠲᠦᠮᠡᠨ ᠬᠥᠮᠦᠨ ᠤᠳᠠᠭ᠎ᠠ᠎ᠳᠤ ᠬᠦᠷᠴᠡᠶ᠃ ᠨᠡᠢᠲᠡ 34 ᠮᠡᠷᠭᠡᠵᠢᠯ ᠴᠢᠳᠠᠪᠤᠷᠢ᠎ᠶ᠋ᠢᠨ ᠬᠤᠱᠢᠭᠤᠴᠢ ᠴᠡᠷᠢᠭ᠎ᠢ ᠬᠥᠮᠦᠵᠢᠭᠦᠯᠵᠦ᠍᠂ ᠡᠭᠦᠨ᠎ᠳᠤ 3 ᠬᠥᠮᠦᠨ᠎ᠨᠢ ᠤᠯᠤᠰ᠎ᠤᠨ ᠲᠤᠮᠤ ᠱᠠᠩᠨᠠᠯ᠎ᠢ ᠭᠥᠷᠳᠡᠪᠡ᠃

ᠢᠦᠢ ᠴᠦᠩ ᠶᠠᠩ᠎ᠤᠨ ᠳᠠᠭᠠᠭᠤᠯᠭ᠎ᠠ ᠪᠡᠷ ᠺᠣᠮᠫᠠᠨᠢ᠎ᠶ᠋ᠢᠨ ᠵᠠᠯᠠᠭᠤ ᠴᠢᠳᠠᠪᠤᠷᠢᠲᠠᠨ᠎ᠤ ᠪᠦᠯᠬᠦᠮ ᠲᠦᠷᠭᠡᠨ ᠪᠤᠵᠠᠭᠠᠢᠷᠠᠵᠤ᠂ ᠬᠦᠴᠢᠷ ᠲᠦᠪᠡᠭ᠌ᠲᠡᠢ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ ᠨᠢ ᠦᠳᠲᠡᠷ ᠲᠦᠷᠭᠡᠨ ᠳᠡᠭᠡᠭ᠌ᠰᠢᠯᠡᠨ᠂ ᠲᠥᠬᠦᠭᠡᠷᠦᠮᠵᠢ᠎ᠶ᠋ᠢᠨ ᠠᠵᠢᠯᠯᠠᠭᠠᠨ᠎ᠤ ᠭᠦᠢᠴᠡᠳᠭᠡᠯ ᠲᠤᠭ᠎ᠠ ᠢᠯᠡᠳᠲᠡ ᠰᠠᠢᠵᠢᠷᠠᠪᠠ᠃ ᠣᠢᠷ᠎ᠠ᠎ᠶ᠋ᠢᠨ 3 ᠵᠢᠯ᠎ᠳᠤ ᠲᠤᠰ ᠺᠣᠮᠫᠠᠨᠢ ᠲᠥᠬᠦᠭᠡᠷᠦᠮᠵᠢ᠎ᠶ᠋ᠢᠨ ᠵᠠᠰᠠᠯᠲᠠ᠎ᠪᠠᠷ ᠳᠠᠮᠵᠢᠭᠤᠯᠤᠨ᠂ 1.2 ᠳ᠋ᠦᠩᠱᠢᠭᠤᠷ ᠲᠥᠭᠦᠷᠢᠭ᠎ᠤᠨ ᠤᠷᠤᠯᠭ᠎ᠠ ᠡᠭᠦᠳᠦᠨ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ 38 ᠲᠦᠮᠡᠨ ᠲᠣᠨ ᠪᠠᠭᠠᠰᠭᠠᠪᠠ᠃

11 ᠵᠢᠯ᠎ᠤᠨ ᠬᠤᠭᠤᠴᠠᠭᠠᠨ᠎ᠳᠤ᠂ ᠢᠦᠢ ᠴᠦᠩ ᠶᠠᠩ ᠤᠷᠢᠳ ᠬᠤᠵᠢᠳ ᠪᠦᠬᠦ᠌ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ᠂ ᠤᠮᠠᠷᠠᠲᠤ ᠬᠢᠯᠢ᠎ᠶ᠋ᠢᠨ ᠤᠷᠠᠨ ᠲᠠᠷᠬᠠᠨ᠂ ᠲᠥᠪ᠎ᠤᠨ ᠠᠵᠤ ᠠᠬᠤᠢᠯᠠᠯ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ ᠵᠢᠨ ᠱᠢᠨ᠎ᠡ ᠴᠠᠭ ᠦᠶ᠎ᠡ᠎ᠶ᠋ᠢᠨ ᠵᠠᠯᠠᠭᠤ ᠬᠤᠱᠢᠭᠤᠴᠢ ᠵᠡᠷᠭᠡ ᠢᠷᠠᠭᠤ ᠠᠯᠳᠠᠷ᠎ᠢ ᠬᠦᠷᠲᠡᠪᠡ᠃ ᠡᠨᠡ ᠵᠢᠯ᠎ᠤᠨ 《5·1》 ᠤ᠋᠎ᠳᠡᠯᠡᠬᠡᠶ᠎ᠶ᠋ᠢᠨ ᠬᠥᠳᠡᠯᠮᠦᠷᠢᠴᠢᠳ᠎ᠤᠨ ᠪᠠᠶᠠᠷ᠎ᠤᠨ ᠡᠳᠦᠷ᠎ᠠᠴᠠ ᠡᠮᠦᠨᠡᠬᠡᠨ᠂ ᠢᠦᠢ ᠴᠦᠩ ᠶᠠᠩ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠢᠷᠠᠭᠤ ᠠᠯᠳᠠᠷ᠎ᠢ ᠬᠦᠷᠲᠡᠵᠡᠢ᠃

ᠮᠡᠷᠭᠡᠵᠢᠯ᠎ᠤᠨ ᠪᠣᠭᠤᠮᠲᠠ ᠱᠢᠪᠲᠤᠯᠬᠤ᠎ᠠᠴᠠ ᠱᠢᠨ᠎ᠡ᠎ᠶ᠋ᠢ ᠡᠭᠦᠳᠬᠦ᠌ ᠬᠦᠷᠲᠡᠯ᠎ᠡ᠂ ᠰᠠᠯᠬᠢᠨ ᠬᠦᠴᠦᠨ᠎ᠤ ᠴᠠᠬᠢᠯᠭᠠᠨ ᠭᠠᠷᠭᠠᠬᠤ ᠮᠠᠱᠢᠨ᠎ᠢ ᠵᠠᠰᠠᠨ ᠰᠠᠯᠪᠢᠬᠥ ᠡᠴᠡ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ᠌ ᠬᠦᠷᠲᠡᠯ᠎ᠡ᠂ ᠢᠦᠢ ᠴᠦᠩ ᠶᠠᠩ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠵᠠᠯᠠᠭᠤ ᠬᠤᠱᠢᠭᠤᠴᠢ ᠵᠢᠨ ᠴᠤᠭ ᠵᠢᠪᠬᠤᠭ᠎ᠠ ᠪᠣᠯᠤᠨ ᠡᠭᠦᠷᠭᠡᠯᠡᠯ᠎ᠢ ᠬᠠᠷᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号