ᠪᠠᠷᠢᠯᠭ᠎ᠠ᠎ᠶ᠋ᠢᠨ ᠶᠠᠰᠤ ᠴᠢᠨᠠᠷ᠎ᠤᠨ ᠰᠠᠢᠨ 《ᠬᠠᠭᠠᠯᠭᠠᠴᠢᠨ》
2025-05-16 10:58:45
ᠵᠣᠬᠢᠶᠠᠭ᠍ᠴᠢ᠄
​ ᠱᠤᠸᠠᠢ ᠵᠧᠩ
ᠣᠩᠱᠢᠭ᠍ᠰᠠᠨ ᠣᠳᠠᠭ᠎ᠠ᠄
★★★☆☆

— ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠵᠢᠷᠭᠤᠳᠤᠭᠠᠷ ᠲᠣᠪᠴᠢᠶᠠᠨ᠎ᠤ ᠪᠦᠯᠦᠭ᠌ᠯᠡᠯ᠎ᠦᠨ ᠬᠥᠬᠡᠬᠣᠲᠠ᠎ᠶ᠋ᠢᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠪᠠᠢᠴᠠᠭᠠᠨ ᠬᠡᠮᠵᠢᠬᠦ ᠲᠤᠷᠱᠢᠯᠲᠠ᠎ᠶ᠋ᠢᠨ ᠪᠠᠷᠢᠯᠭ᠎ᠠ᠎ᠵᠢᠨ ᠮᠠᠲ᠋ᠧᠷᠢᠶᠠᠯ᠎ᠤᠨ ᠲᠥᠷᠥᠯ ᠵᠦᠶ᠋ᠯ᠎ᠦᠨ ᠬᠡᠯᠲᠡᠰ᠎ᠦᠨ ᠮᠡᠷᠭᠡᠵᠢᠯ᠎ᠦᠨ ᠬᠠᠷᠢᠭᠤᠴᠠᠯᠭᠠᠲᠠᠨ ᠰᠦᠨ ᠵᠢᠨ ᠯᠦᠩ ᠎ᠢ ᠲᠡᠮᠳᠡᠭ᠌ᠯᠡᠪᠡ

《 ᠮᠢᠨᠦ᠍ ᠠᠵᠢᠯ ᠪᠣᠯ ᠳᠠᠷᠤᠶ ᠰᠤᠳᠤᠯᠬᠤ ᠪᠠ ᠪᠠᠢᠴᠠᠭᠠᠨ ᠬᠡᠮᠵᠢᠬᠦ ᠶᠠᠪᠤᠳᠠᠯ ᠪᠣᠯᠤᠨ᠎ᠠ》᠂ ᠰᠦᠨ ᠵᠢᠨ ᠯᠦᠩ ᠥᠪᠡᠷ᠎ᠢᠶᠡᠨ ᠰᠤᠳᠤᠯᠤᠭ᠍ᠰᠠᠨ ᠪᠸᠲ᠋ᠤᠨ᠎ᠤ ᠴᠠᠬᠢᠯᠭᠠᠨ ᠨᠡᠪᠲᠡᠷᠡᠭᠦᠯᠬᠦ᠌ ᠬᠡᠮᠵᠢᠭᠦᠷ᠎ᠦᠨ ᠡᠮᠦᠨ᠎ᠡ ᠬᠥᠯᠥᠰᠥ᠎ᠴᠢᠬᠠᠷᠠᠭᠤᠯᠤᠨ᠂ 《ᠪᠸᠲ᠋ᠤᠨ᠎ᠤ ᠶᠠᠰᠤ ᠴᠢᠨᠠᠷ᠎ᠤᠨ ᠰᠠᠢᠨ ᠮᠠᠭᠤ᠎ᠨᠢ ᠪᠠᠷᠢᠯᠭ᠎ᠠ᠎ᠶ᠋ᠢᠨ ᠲᠥᠷᠥᠯ ᠵᠦᠶ᠋ᠯ᠎ᠦᠨ ᠶᠠᠰᠤ ᠴᠢᠨᠠᠷ᠎ᠤᠨ ᠥᠨᠳᠥᠷ ᠳᠤᠤᠷ᠎ᠠ᠎ᠶ᠋ᠢ  ᠲᠣᠭ᠍ᠲᠠᠭᠠᠵᠤ ᠪᠠᠢᠳᠠᠭ᠂ ᠥᠴᠦᠬᠡᠨ ᠴᠦ᠍ ᠬᠠᠰᠢ ᠶᠠᠰᠢ ᠪᠡᠷ ᠬᠠᠨᠳᠤᠵᠤ  ᠪᠣᠯᠬᠤ ᠥᠬᠡᠶ》 ᠭᠡᠵᠦ ᠶᠠᠷᠢᠨ᠎ᠠ᠃

4 ᠰᠠᠷ᠎ᠠ᠎ᠶ᠋ᠢᠨ 30 ᠎ᠤ᠋ ᠡᠳᠦᠷ᠂ ᠪᠡᠭᠡᠵᠢᠩ᠎ᠳᠦ  ᠪᠦᠬᠦ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠬᠥᠬᠢᠭᠦᠯᠦᠯ᠎ᠢ ᠭᠥᠷᠳᠡᠭ᠌ᠰᠡᠨ ᠰᠦᠨ ᠵᠢᠨ ᠯᠦᠩ ᠪᠤᠴᠠᠵᠤ ᠢᠷᠠᠮᠡᠭᠴᠡ ᠪᠡᠨ ᠲᠤᠷᠱᠢᠯᠲᠠ᠎ᠶ᠋ᠢᠨ ᠲᠠᠰᠤᠭ᠎ᠲᠠᠭᠠᠨ ᠬᠦᠷᠴᠦ᠂ ᠪᠸᠲ᠋ᠤᠨ᠎ᠢ ᠲᠤᠷᠱᠢᠨ ᠱᠢᠯᠭᠠᠬᠤ ᠠᠵᠢᠯ᠎ᠢᠶᠠᠨ ᠡᠬᠢᠯᠡᠭᠦᠯᠪᠡ᠃ 《 ᠪᠢ ᠪᠤᠯ ᠡᠩ᠎ᠦᠨ ᠨᠢᠭᠡᠨ ᠪᠠᠢᠴᠠᠭᠠᠨ ᠬᠡᠮᠵᠢᠭᠴᠢ》᠃ 16 ᠵᠢᠯ᠎ᠦᠨ ᠲᠤᠷᠰᠢ᠂ ᠰᠦᠨ ᠵᠢᠨ ᠯᠦᠩ ᠥᠪᠡᠷ᠎ᠢ᠎ᠪᠡᠨ ᠢᠩᠭᠢᠵᠦ᠍ ᠦᠨᠡᠯᠡᠭᠰᠠᠭᠡᠷ ᠢᠷᠡᠵᠡᠢ᠃

ᠰᠢᠯᠤᠭᠤᠨ ᠱᠢᠳᠤᠷᠭᠤ ᠵᠠᠩ ᠲᠠᠢ ᠰᠦᠨ ᠵᠢᠨ ᠯᠦᠩ ᠥᠪᠡᠷ᠎ᠦᠨ ᠠᠩᠬ᠎ᠠ ᠠᠵᠢᠯ᠎ᠳᠤ ᠭᠠᠷᠬᠤ ᠦᠶ᠎ᠡ ᠵᠢᠨ ᠪᠠᠢᠳᠠᠯ᠎ᠢᠶᠡᠨ ᠡᠷᠬᠢᠴᠡᠭᠦᠯᠦᠨ᠂ ᠥᠪᠡᠷ᠎ᠦᠨ ᠥᠩᠭᠡᠷᠡᠯᠲᠡ᠎ᠪᠡᠨ ᠶᠠᠷᠢᠪᠠ᠃ 2009 ᠣᠨ᠎ᠳᠤ᠂ ᠰᠦᠨ ᠵᠢᠨ ᠯᠦᠩ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠣᠷᠭᠠᠨᠢᠭ ᠪᠤᠰᠤ ᠲᠡᠮᠦᠷᠯᠢᠭ ᠪᠤᠰᠤ ᠮᠠᠲ᠋ᠧᠷᠢᠶᠠᠯ᠎ᠤᠨ ᠪᠠᠷᠢᠯᠭ᠎ᠠ᠎ᠵᠢᠨ ᠲᠤᠰᠭᠠᠢ ᠮᠡᠷᠭᠡᠵᠢᠯ᠎ᠡᠴᠡ ᠲᠡᠭᠦᠰᠴᠦ᠍᠂ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠡᠷ ᠨᠤᠲᠤᠭ ᠤᠰᠤ ᠡᠴᠡ ᠪᠠᠨ 5000 ᠺᠢᠯᠤᠮᠸᠲᠷ ᠬᠤᠯᠠ ᠪᠠᠢᠭ᠎ᠠ ᠳᠤᠮᠳᠠᠳᠤ ᠤᠯᠤᠰ᠎ᠤᠨ ᠲᠡᠮᠤᠷ ᠵᠠᠮ᠎ᠤᠨ ᠵᠢᠷᠭᠤᠳᠤᠭᠠᠷ ᠲᠣᠪᠴᠢᠢ᠎ᠠ᠎ᠶ᠋ᠢᠨ ᠬᠥᠬᠡᠬᠣᠲᠠ᠎ᠶ᠋ᠢᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠱᠢᠨᠵᠢᠶᠠᠩ᠎ᠤᠨ ᠡᠮᠦᠨᠡᠲᠦ ᠬᠡᠰᠡᠭ᠎ᠤᠨ ᠲᠡᠮᠤᠷ ᠵᠠᠮ᠎ᠤᠨ ᠪᠠᠷᠢᠯᠭ᠎ᠠ᠎ᠶ᠋ᠢᠨ ᠲᠦᠷᠦᠯ ᠵᠦᠢᠯ᠎ᠦᠨ ᠬᠡᠯᠲᠡᠰ᠎ᠲᠦ ᠢᠷᠡᠪᠡ᠂ ᠭᠡᠲᠡᠯ᠎ᠡ ᠪᠣᠳᠠᠲᠤ ᠠᠵᠢᠯ ᠨᠢ ᠠᠵᠢᠯ᠎ᠤᠨ ᠪᠠᠢᠷᠢ᠎ᠳᠤ ᠠᠩᠬ᠎ᠠ ᠭᠠᠷᠴᠤ᠌ ᠪᠠᠢᠭ᠎ᠠ ᠵᠠᠯᠠᠭᠤ᠎ᠶ᠋ᠢ ᠬᠠᠳᠠᠭᠠᠰᠤ ᠮᠥᠷᠭᠥᠭᠦᠯᠪᠡ᠃

《ᠦᠨᠡᠨᠳᠡᠭᠡᠨ ᠲᠤᠷᠱᠢᠯᠲᠠ ᠬᠢᠵᠦ᠍ ᠪᠠᠢᠴᠠᠭᠠᠨ ᠬᠡᠮᠵᠢᠬᠦ ᠪᠣᠯ ᠮᠢᠨᠦ᠍ ᠲᠤᠬᠠᠢᠯᠠᠭ᠍ᠰᠠᠨ ᠠᠵᠢᠯ ᠮᠥᠨ᠂ ᠭᠡᠪᠡᠴᠦ᠍ ᠰᠤᠷᠤᠭᠰᠠᠨ ᠮᠡᠳᠡᠯᠭᠡ᠎ᠪᠠᠨ ᠠᠵᠢᠯ ᠲᠠᠢ ᠬᠡᠷᠬᠢᠨ ᠤᠶᠠᠯᠳᠤᠭᠤᠯᠬᠤ ᠶ᠋ᠢ ᠮᠡᠳᠡᠬᠦ᠌ ᠥᠬᠡᠶ᠂ ᠲᠡᠷᠡ ᠮᠥᠷᠲᠡᠭᠡᠨ ᠡᠳᠦᠷ ᠪᠦᠷᠢ ᠳᠠᠪᠬᠤᠷᠳᠠᠭ᠍ᠰᠠᠨ ᠠᠵᠢᠯ᠎ᠬᠢᠵᠦ᠂ ᠡᠰᠡ ᠯᠡ ᠵᠤᠷᠢᠬ ᠮᠢᠳᠠᠷᠠᠵᠤ ᠤᠬᠤᠷᠢᠬᠤ ᠱᠢᠬᠠᠵᠠᠶ》 ᠭᠡᠵᠦ ᠰᠦᠨ ᠵᠢᠨ ᠯᠦᠩ ᠬᠡᠯᠡᠪᠡ᠃

ᠲᠤᠬᠠᠢ᠎ᠶ᠋ᠢᠨ ᠦᠶ᠎ᠡ᠎ᠳᠦ᠂ ᠰᠦᠨ ᠵᠢᠨ ᠯᠦᠩ ᠭᠣᠣᠯᠳᠠᠭᠤ ᠱᠢᠨᠵᠢᠶᠠᠩ᠎ᠤᠨ ᠡᠮᠦᠨᠡᠲᠦ ᠬᠡᠰᠡᠭ᠎ᠦᠨ ᠲᠡᠮᠦᠷ ᠵᠠᠮ᠎ᠤᠨ ᠲᠦᠷᠦᠯ ᠵᠦᠢᠯ᠎ᠦᠨ ᠪᠸᠲ᠋ᠤᠨ᠎ᠤ ᠲᠤᠷᠱᠢᠯᠲᠠ᠎ᠶ᠋ᠢᠨ ᠪᠠᠢᠴᠠᠭᠠᠨ ᠬᠡᠮᠵᠢᠯᠲᠡ᠎ᠶ᠋ᠢ ᠬᠠᠷᠢᠭᠤᠴᠠᠵᠤ᠂ ᠬᠡᠳᠦᠨ ᠰᠠᠷ᠎ᠠ ᠳᠠᠷᠠᠭᠠᠯᠠᠨ ᠦᠯᠢᠭᠡᠷ ᠠᠪᠬᠤ᠂ ᠦᠯᠢᠭᠡᠷ ᠦᠢᠯᠡᠳᠬᠦ᠌ ᠵᠢᠴᠢ ᠪᠠᠢᠴᠠᠭᠠᠨ ᠬᠡᠮᠵᠢᠯᠲᠡ ᠬᠢᠵᠦ᠍᠂ ᠡᠳᠦᠷ  ᠪᠤᠯᠭᠠᠨ ᠠᠳᠠᠯᠢᠬᠠᠨ ᠠᠵᠢᠯ ᠎ᠢ ᠲᠠᠪᠳᠠᠨ ᠬᠢᠭᠰᠡᠭᠡᠷ ᠪᠠᠢᠵᠤ ᠲᠡᠷᠡ ᠭᠤᠢᠪᠢᠯᠵᠠᠬᠤ ᠪᠤᠳᠤᠯ ᠤᠷᠤᠪᠠ᠃

ᠲᠡᠭᠦᠨ᠎ᠦ ᠪᠠᠢᠳᠠᠯ᠎ᠢ᠎ᠤᠢᠯᠠᠭᠠᠭᠰᠠᠨ ᠪᠠᠭ᠍ᠰᠢ᠎ᠨᠢ᠄ 《ᠴᠢ ᠡᠨᠡ ᠲᠤᠷᠱᠢᠯᠲᠠ᠎ᠶ᠋ᠢᠨ ᠪᠠᠢᠴᠠᠭᠠᠨ ᠬᠡᠮᠵᠢᠯᠲᠡ᠎ᠶ᠋ᠢ ᠪᠠᠰᠤᠵᠤ ᠪᠣᠯᠬᠤ ᠦᠭᠡᠢ ᠱᠢᠤ᠂ ᠪᠢᠳᠡ ᠪᠣᠯ ᠪᠠᠷᠢᠯᠭ᠎ᠠ᠎ᠶ᠋ᠢᠨ ᠶᠠᠰᠤ ᠴᠢᠨᠠᠷ᠎ᠤᠨ 〈ᠬᠠᠭᠠᠯᠭᠠᠴᠢᠨ〉 ᠮᠥᠨ᠂ ᠲᠤᠷᠱᠢᠯᠲᠠ᠎ᠶ᠋ᠢᠨ ᠰᠠᠭᠤᠷᠢ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠳᠤᠲᠠᠭ᠍ᠳᠠᠪᠠᠯ ᠵᠠᠮ᠎ᠢ ᠪᠠᠢᠭᠤᠯᠵᠤ ᠳᠡᠢᠯᠬᠦ᠌ ᠦᠭᠡᠢ 》 ᠭᠡᠪᠡ᠃

ᠰᠦᠨ ᠵᠢᠨ ᠯᠦᠩ᠂ ᠶᠠᠭᠠᠬᠢᠭ᠍ᠰᠠᠨ ᠴᠤ᠌ ᠳᠤᠲᠠᠭᠤ ᠲᠤᠷᠭᠤᠨ ᠵᠣᠭ᠍ᠰᠣᠵᠤ ᠪᠣᠯᠬᠤ ᠦᠭᠡᠢ ᠭᠡᠵᠦ ᠪᠤᠳᠤᠪᠠ᠃ ᠲᠡᠷᠡ ᠵᠤᠷᠢᠭ ᠱᠢᠭᠤᠳᠤᠨ᠂ ᠬᠡᠮᠵᠢᠭᠦᠷᠯᠢᠭ᠎ᠢ ᠤᠨᠤᠪᠴᠢᠯᠠᠨ ᠱᠢᠯᠭᠠᠬᠤ᠎ᠠᠴᠠ ᠡᠬᠢᠯᠡᠨ ᠰᠤᠷᠤᠯᠴᠠᠵᠤ᠂ ᠡᠳᠦᠷᠵᠢᠨ ᠲᠤᠬᠠᠢ᠎ᠶ᠋ᠢᠨ ᠲᠠᠯᠠᠪᠠᠢ᠎ᠳᠤ ᠭᠦᠶᠦᠵᠦ᠍᠂ ᠰᠥᠨᠢ᠎ᠳᠡᠭᠡᠨ ᠨᠣᠮ ᠪᠢᠴᠢᠭ ᠤᠷᠪᠠᠭᠤᠯᠤᠨ᠂ ᠲᠡᠮᠤᠷ ᠵᠠᠮ᠂ ᠵᠠᠰᠠᠮᠠᠯ ᠵᠠᠮ᠂ ᠬᠤᠳᠠ᠎ᠶ᠋ᠢᠨ ᠶᠠᠪᠤᠳᠠᠯ ᠵᠡᠷᠭᠡ ᠤᠯᠠᠨ ᠬᠦᠷᠢᠶᠡᠨ ᠎ᠦ ᠪᠠᠢᠴᠠᠭᠠᠨ ᠬᠡᠮᠵᠢᠯᠲᠡ᠎ᠶ᠋ᠢᠨ ᠮᠡᠳᠡᠯᠭᠡ᠎ᠶ᠋ᠢ ᠱᠢᠰᠲ᠋ᠧᠮ᠎ᠲᠡᠶ ᠡᠵᠡᠮᠱᠢᠵᠦ᠍᠂ ᠪᠧᠲ᠋ᠤᠨ᠎ᠤ ᠵᠤᠬᠢᠴᠠᠭᠤᠯᠬᠤ ᠬᠠᠷᠢᠴᠠᠯ᠂ ᠲᠦᠭᠦᠬᠡᠢ ᠮᠠᠲ᠋ᠧᠷᠢᠶᠠᠯ᠎ᠤᠨ ᠪᠠᠢᠴᠠᠭᠠᠨ ᠬᠡᠮᠵᠢᠯᠲᠡ ᠵᠡᠷᠭᠡ ᠮᠡᠷᠭᠡᠵᠢᠯ᠎ᠦᠨ ᠬᠦᠴᠢᠷᠳᠡᠯ᠎ᠢ ᠠᠯᠬᠤᠮ ᠠᠯᠬᠤᠮ᠎ᠢᠶᠠᠷ ᠱᠢᠢᠳᠪᠦᠷᠢᠯᠡᠪᠡ᠃ ᠡᠭᠦᠨ᠎ᠦ ᠬᠠᠮᠲᠤ᠂ ᠲᠡᠷᠡ ᠠᠵᠢᠯ᠎ᠤᠨ ᠴᠢᠯᠥᠭᠡᠨ᠎ᠦ ᠴᠠᠭ᠎ᠢᠶᠠᠨ ᠠᠱᠢᠭ᠍ᠯᠠᠨ ᠪᠠᠷᠢᠯᠭ᠎ᠠ᠎ᠵᠢᠨ ᠬᠦᠷᠢᠶᠡᠨ᠎ᠦ ᠪᠠᠢᠴᠠᠭᠠᠨ ᠬᠡᠮᠵᠢᠯᠲᠡ᠎ᠶ᠋ᠢᠨ ᠮᠡᠳᠡᠯᠭᠡ᠎ᠶ᠋ᠢ ᠱᠢᠰᠲ᠋ᠧᠮ᠎ᠲᠡᠶ ᠰᠤᠷᠤᠯᠴᠠᠵᠦ᠍᠂ ᠵᠠᠮ᠎ᠤᠨ ᠰᠠᠭᠤᠷᠢ᠎ᠵᠢ ᠳᠠᠭ᠍ᠰᠢᠷᠠᠭᠤᠯᠬᠤ ᠬᠡᠮᠵᠢᠶ᠎ᠡ ᠬᠦᠷᠦᠯᠴᠡᠬᠦ᠌ ᠦᠭᠡᠢ᠂ ᠪᠸᠲ᠋ᠤᠨ᠎ᠤ ᠵᠤᠬᠢᠴᠠᠭᠤᠯᠬᠤ ᠴᠢᠳᠠᠪᠤᠷᠢ ᠠᠨᠠᠢ ᠵᠡᠷᠭᠡ ᠤᠯᠠᠨ ᠵᠦᠢᠯ᠎ᠦᠨ ᠬᠦᠴᠢᠷ ᠠᠰᠠᠭᠤᠳᠠᠯ ᠎ᠢ ᠱᠢᠢᠳᠪᠦᠷᠢᠯᠡᠵᠦ᠍᠂ ᠡᠭᠦᠨ᠎ᠡᠴᠡ ᠡᠬᠢᠯᠡᠨ ᠮᠡᠷᠭᠡᠵᠢᠯ᠎ᠢ ᠰᠤᠳᠤᠯᠬᠤ ᠡᠭᠦᠳᠡ᠎ᠶ᠋ᠢ ᠨᠡᠭᠡᠭᠡᠪᠡ᠃

ᠣᠳᠣᠬᠠᠨ ᠪᠣᠯᠲᠠᠯ᠎ᠠ᠂ ᠰᠦᠨ ᠵᠢᠨ ᠯᠦᠩ ᠪᠠᠷᠢᠯᠭ᠎ᠠ᠎ᠶ᠋ᠢᠨ ᠠᠬᠤᠶ ᠲᠠᠯᠠᠪᠠᠶ᠎ᠳᠤ ᠬᠦᠷᠴᠦ᠍ ᠬᠡᠲᠦ ᠲᠠᠭᠤᠨ ᠳᠣᠯᠭᠢᠶᠠᠨ᠂ ᠳᠤᠤᠷ᠎ᠠ ᠬᠤᠪᠢᠷᠠᠭᠠᠭ᠍ᠳᠠᠯ᠎ᠤᠨ ᠪᠠᠢᠴᠠᠭᠠᠯᠲᠠ ᠵᠢᠴᠢ ᠳᠣᠯᠭᠢᠶᠠᠨ᠎ᠤ ᠬᠡᠯᠪᠡᠷᠢ᠎ᠶ᠋ᠢᠨ ᠵᠠᠳᠠᠯᠤᠯᠲᠠ᠎ᠪᠠᠷ ᠮᠠᠭᠠᠳᠯᠠᠨ ᠲᠣᠭ᠍ᠲᠠᠭᠠᠭ᠍ᠰᠠᠨ ᠪᠠᠭᠠᠨ᠎ᠠ᠎ᠶ᠋ᠢᠨ ᠰᠠᠭᠤᠷᠢ᠎ᠨᠢ 3 ᠲᠦᠮᠡ ᠭᠠᠷᠤᠶ ᠱᠢᠷᠬᠡᠭ᠎ᠲᠦ ᠬᠦᠷᠴᠦ᠍᠂ ᠬᠢᠨᠠᠨ ᠬᠠᠷᠭᠤᠭᠤᠯᠤᠭ᠍ᠰᠠᠨ ᠬᠠᠮᠢᠶ᠎ᠠ ᠪᠥᠬᠥᠶ ᠮᠡᠳᠡᠭᠦᠯᠦᠯᠲᠡ᠎ᠨᠢ 100 ᠲᠦᠮᠡᠨ ᠬᠤᠪᠢ᠎ᠠᠴᠠ ᠳᠡᠭᠡᠭ᠌ᠰᠢ᠎ᠳᠦ ᠬᠦᠷᠴᠡᠶ᠃

《 ᠳᠥᠭᠥᠮᠬᠡᠨ ᠶᠠᠪᠤᠳᠠᠯ᠎ᠢ ᠲᠠᠬᠢᠨ ᠳᠠᠪᠲᠠᠨ ᠬᠢᠵᠦ᠍᠂ ᠲᠠᠬᠢᠨ ᠳᠠᠪᠲᠠᠨ ᠬᠢᠬᠦ᠌ ᠶᠠᠪᠤᠳᠠᠯ ᠎ᠢ ᠰᠡᠳᠭᠢᠯ ᠲᠠᠯᠪᠢᠨ ᠬᠢᠨ᠎ᠠ》᠃ ᠡᠨᠡ ᠪᠣᠯ ᠲᠤᠬᠠᠢ᠎ᠶ᠋ᠢᠨ ᠵᠢᠯ᠎ᠳᠦ ᠰᠦᠨ ᠵᠢᠨ ᠯᠦᠩ᠎ᠤᠨ ᠲᠡᠮᠳᠡᠭ᠌ᠯᠡᠯ᠎ᠦᠨ ᠳᠡᠪᠲᠡᠷ ᠳᠡᠭᠡᠷ᠎ᠡ ᠪᠠᠨ ᠪᠢᠴᠢᠭ᠌ᠰᠡᠨ ᠨᠢᠭᠡ ᠪᠠᠳᠠᠭ ᠦᠭᠡ ᠪᠣᠯᠤᠨ᠎ᠠ᠃

ᠬᠠᠮᠢ ᠡᠴᠡ ᠡᠵᠡᠨ᠎ᠡ ᠬᠦᠷᠬᠦ ᠲᠡᠮᠦᠷ ᠵᠠᠮ ᠤ᠋ᠨ ᠱᠤᠭᠤᠮ᠎ᠤᠨ ᠰᠠᠯᠬᠢ ᠡᠯᠡᠰᠦ᠎ᠵᠢ ᠰᠡᠷᠭᠡᠢᠯᠡᠬᠦ ᠬᠠᠮᠠᠭᠠᠯᠠᠯᠲᠠ᠎ᠶ᠋ᠢᠨ ᠢᠨᠵᠧᠨᠧᠷᠢᠩ᠎ᠳᠦ᠂ ᠤᠶᠠᠨ ᠴᠢᠨᠠᠷ ᠲᠠᠢ ᠨᠤᠨᠲᠠᠭ ᠨᠡᠮᠡᠭᠰᠡᠨ ᠨᠠᠷᠢᠨ ᠡᠯᠡᠰᠦᠳᠤ ᠱᠢᠷᠬᠡᠭ᠌ᠯᠢᠭ ᠬᠠᠪᠲᠠᠰᠤ᠎ᠶ᠋ᠢ ᠳᠡᠪᠢᠰᠬᠦ ᠨᠠᠷᠢᠯᠢᠭ᠎ᠤᠨ ᠬᠡᠮᠵᠢᠶᠡᠨ᠎ᠦ ᠬᠦᠴᠢᠷ ᠠᠰᠠᠭᠤᠳᠠᠯ ᠨᠢ ᠨᠢᠭᠡ ᠦᠶ᠎ᠡ ᠪᠠᠷᠢᠯᠭ᠎ᠠ᠎ᠶ᠋ᠢᠨ ᠠᠵᠢᠯ᠎ᠢ ᠵᠣᠭ᠍ᠰᠣᠩᠭᠢᠷᠠᠭᠤᠯᠪᠠ᠃ ᠰᠦᠨ ᠵᠢᠨ ᠯᠦᠩ ᠲᠤᠬᠠᠶ᠎ᠶ᠋ᠢᠨ ᠲᠠᠯᠠᠪᠤᠷ᠎ᠲᠤ ᠬᠦᠷᠴᠤ᠂ ᠲᠠᠰᠤᠷᠠᠯᠲᠠ ᠥᠬᠡᠶ ᠤᠯᠠᠷᠢᠭᠤᠯᠤᠨ ᠪᠤᠳᠤᠵᠤ᠂ ᠳᠠᠬᠢᠨ ᠳᠠᠪᠲᠠᠨ ᠲᠤᠷᠱᠢᠯᠲᠠ ᠬᠢᠵᠦ᠍᠂ ᠬᠣᠶᠠᠷ ᠰᠠᠷ᠎ᠠ ᠭᠠᠷᠤᠶ᠎ᠶ᠋ᠢᠨ ᠴᠠᠭ ᠵᠠᠷᠤᠴᠠᠭᠤᠯᠤᠨ ᠪᠠᠢᠵᠤ ᠡᠴᠦᠰ᠎ᠲᠡᠬᠡᠨ ᠤᠶᠠᠨ ᠴᠢᠨᠠᠷ ᠲᠠᠢ ᠨᠤᠨᠲᠠᠭ ᠨᠡᠮᠡᠭᠰᠡᠨ ᠨᠠᠷᠢᠨ ᠡᠯᠡᠰᠦᠳᠤ ᠱᠢᠷᠬᠡᠭ᠌ᠯᠢᠭ ᠬᠠᠪᠲᠠᠰᠤ᠎ᠶ᠋ᠢ ᠪᠦᠬᠦᠯᠢ ᠴᠣᠭ᠍ᠴᠠ᠎ᠪᠠᠷ ᠤᠷᠢᠳᠴᠢᠯᠠᠨ ᠦᠶ᠋ᠯᠡᠳᠬᠦ᠌ ᠲᠥᠬᠥᠭᠡᠷᠦᠮᠵᠢ᠎ᠶ᠋ᠢ ᠰᠤᠳᠤᠯᠤᠨ ᠦᠶ᠋ᠯᠡᠳᠴᠦ᠍᠂ ᠤᠶᠠᠨ ᠴᠢᠨᠠᠷ ᠲᠠᠢ ᠨᠤᠨᠲᠠᠭ ᠨᠡᠮᠡᠭᠰᠡᠨ ᠨᠠᠷᠢᠨ ᠡᠯᠡᠰᠦᠳᠤ ᠱᠢᠷᠬᠡᠭ᠌ᠯᠢᠭ ᠬᠠᠪᠲᠠᠰᠤ᠎ᠶ᠋ᠢ ᠦᠶ᠋ᠯᠡᠳᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠭ᠌ᠰᠡᠨ ᠪᠥᠭᠡᠳ ᠡᠭᠦᠳᠦᠨ ᠪᠦᠲᠦᠭᠡᠯᠲᠡ᠎ᠶ᠋ᠢᠨ ᠲᠤᠰᠭᠠᠶ ᠠᠱᠢᠭ᠎ᠢ ᠣᠯᠤᠭ᠍ᠰᠠᠨ ᠪᠠᠢᠨ᠎ᠠ᠃

ᠰᠦᠨ ᠵᠢᠨ ᠯᠦᠩ᠎ᠳᠤ ᠠᠪᠴᠤ᠌ ᠬᠡᠯᠡᠪᠡᠯ᠂ ᠲᠡᠷᠡ ᠪᠣᠯ 《ᠡᠮᠦᠨ᠎ᠡ ᠹᠷᠣᠨᠲ》 ᠲᠤ᠌ ᠭᠦᠶᠦᠵᠦ᠍ ᠪᠠᠢᠭ᠎ᠠ ᠬᠥᠮᠦᠨ ᠪᠣᠯᠤᠨ᠎ᠠ᠂ ᠺᠠᠩ ᠳ᠋ᠢᠩ ᠡᠴᠡ ᠱᠢᠨ ᠳᠦ ᠴᠢᠶᠤᠤ ᠬᠦᠷᠬᠦ ᠲᠦᠷᠭᠡᠨ᠎ᠦ ᠵᠠᠮ᠎ᠤᠨ ᠲᠦᠷᠦᠯ ᠵᠦᠢᠯ᠎ᠦᠨ ᠬᠡᠯᠲᠡᠰ᠎ᠲᠡᠬᠢ ᠨᠢᠭᠡ ᠤᠳᠠᠭ᠎ᠠ᠎ᠶ᠋ᠢᠨ《ᠲᠤᠰᠠᠯᠠᠯᠳᠠ》ᠵᠢᠨ ᠠᠵᠢᠯᠯᠠᠭ᠎ᠠ ᠨᠢ ᠲᠡᠭᠦᠨ᠎ᠳᠦ ᠲᠣᠪ ᠲᠣᠳᠣᠷᠬᠠᠢ ᠰᠠᠭᠤᠭ᠍ᠳᠠᠯ ᠦᠯᠡᠳᠡᠭᠡᠵᠡᠢ᠃

《ᠰᠦᠷᠴᠢᠭ᠌ᠰᠡᠨ ᠪᠸᠲ᠋ᠤᠨ᠎ᠤ ᠬᠠᠷᠢᠮᠠᠬᠠᠶ ᠨᠣᠷᠮ᠎ᠠ᠎ᠨᠢ 35% ᠎ᠡᠴᠡ ᠳᠡᠭᠡᠭ᠌ᠰᠢ ᠪᠠᠢᠨ᠎ᠠ᠃ ᠬᠠᠷᠢᠮᠠᠬᠠᠶ ᠨᠣᠷᠮ᠎ᠠ ᠨᠢ ᠥᠨᠳᠥᠷ ᠪᠠᠢᠪᠠᠯ᠂ ᠪᠸᠲ᠋ᠤᠨ ᠨᠢ ᠶᠡᠬᠡ ᠬᠡᠮᠵᠢᠶᠡᠨ᠎ᠦ ᠪᠦᠷᠢᠯᠭᠡᠯᠲᠡ᠎ᠶ᠋ᠢ ᠪᠣᠶ ᠪᠣᠯᠭᠠᠵᠤ᠂ ᠡᠭᠦᠨ᠎ᠦ ᠤᠯᠠᠮ᠎ᠡᠴᠡ ᠪᠠᠷᠢᠯᠭ᠎ᠠ᠎ᠶ᠋ᠢᠨ ᠥᠪᠡᠷ᠎ᠦᠨ ᠥᠷᠲᠡᠭ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠪᠣᠯᠤᠨ᠎ᠠ》᠃ ᠠᠵᠢᠯ᠎ᠤᠨ ᠪᠠᠢᠷᠢ᠎ᠳᠤ ᠭᠠᠷᠤᠭ᠍ᠰᠠᠨ ᠠᠩᠬᠠᠨ᠎ᠤ ᠡᠳᠦᠷ᠂ ᠡᠨᠡ ᠬᠦ᠌ ᠠᠰᠠᠭᠤᠳᠠᠯ ᠨᠢ ᠰᠦᠨ ᠵᠢᠨ ᠯᠦᠩ᠎ᠤᠨ ᠲᠣᠯᠣᠭᠠᠢ ᠵᠢ ᠡᠪᠡᠳᠭᠡᠪᠡ᠃

ᠺᠠᠩ ᠳ᠋ᠢᠩ ᠡᠴᠡ ᠱᠢᠨ ᠳᠦ ᠴᠢᠶᠤᠤ ᠬᠦᠷᠬᠦ ᠲᠦᠷᠭᠡᠨ᠎ᠦ ᠵᠠᠮ᠎ᠤᠨ ᠲᠦᠷᠦᠯ ᠵᠦᠢᠯ᠎ᠦᠨ ᠪᠠᠢᠭ᠎ᠠ ᠭᠠᠵᠠᠷ ᠨᠢ ᠰᠸᠴᠤᠸᠠᠨ ᠲᠥᠪᠡᠳ᠎ᠦᠨ ᠥᠨᠳᠥᠷᠯᠢᠭ᠎ᠦᠨ ᠣᠷᠣᠨ᠎ᠳᠤ ᠪᠠᠢᠷᠢᠯᠠᠵᠤ᠂ ᠲᠠᠯᠠᠢ᠎ᠶ᠋ᠢᠨ ᠲᠦᠪᠱᠢᠨ᠎ᠡᠴᠡ 3600 ᠭᠠᠷᠤᠢ ᠮᠸᠲᠷ ᠥᠨᠳᠥᠷ ᠡᠷᠭᠦᠭᠳᠡᠵᠦ᠂ ᠰᠦᠨ ᠵᠢᠨ ᠯᠦᠩ ᠥᠨᠳᠥᠷᠯᠢᠭ᠎ᠲᠦ ᠬᠦᠴᠢᠯᠲᠥ᠋ᠷᠥᠭ᠌ᠴᠢ ᠳᠤᠲᠠᠭ᠍ᠳᠠᠬᠤ᠎ᠡᠴᠡ ᠪᠣᠯᠵᠤ ᠠᠮᠢᠰᠭᠤᠯ ᠨᠢ ᠬᠦᠴᠢᠷᠳᠡᠵᠦ ᠪᠠᠢᠭᠰᠠᠨ ᠴᠤ᠌ 《ᠡᠳᠦᠷ ᠨᠢ ᠪᠠᠷᠢᠯᠭ᠎ᠠ᠎ᠶ᠋ᠢᠨ ᠭᠠᠵᠠᠷ᠎ᠢᠶᠠᠷ ᠭᠦᠶᠦᠵᠦ᠍᠂ ᠤᠷᠤᠢ ᠨᠢ ᠲᠤᠷᠱᠢᠯᠲᠠ ᠬᠢᠬᠦ᠌》 ᠪᠠᠴᠢᠮ ᠠᠵᠢᠯ᠎ᠢ ᠡᠬᠢᠯᠡᠭᠦᠯᠵᠡᠢ᠃

ᠰᠠᠷ᠎ᠠ ᠭᠠᠷᠤᠶ ᠳᠠᠬᠢᠨ ᠳᠠᠪᠲᠠᠨ ᠲᠤᠷᠱᠢᠯᠲᠠ ᠬᠢᠬᠦ᠎ᠪᠠᠷ ᠳᠡᠮᠵᠢᠨ᠂ ᠰᠦᠨ ᠵᠢᠨ ᠯᠦᠩ ᠬᠠᠮᠤᠭ᠎ᠤᠨ ᠰᠠᠢᠨ ᠪᠸᠲ᠋ᠤᠨ᠎ᠤ ᠨᠡᠮᠡᠯᠲᠡ ᠡᠳ᠋ ᠵᠢᠴᠢ ᠬᠠᠮᠤᠭ᠎ᠤᠨ ᠱᠢᠯᠢᠳᠡᠭ ᠪᠸᠲ᠋ᠤᠨ᠎ᠤ ᠵᠤᠬᠢᠴᠠᠭᠤᠯᠬᠤ ᠬᠠᠷᠢᠴᠠᠯ ᠎ᠢ ᠨᠠᠢᠷᠠᠭᠤᠯᠤᠨ ᠭᠠᠷᠭᠠᠵᠤ᠂ ᠪᠸᠲ᠋ᠤᠨ᠎ᠤ ᠬᠠᠷᠢᠮᠠᠬᠠᠶ ᠨᠣᠷᠮ᠎ᠠ᠎ᠶ᠋ᠢ 20 % ᠳᠣᠲᠣᠷ᠎ᠠ ᠪᠤᠯᠭᠠᠨ ᠪᠠᠭᠤᠷᠠᠭᠤᠯᠪᠠ᠃

ᠡᠢᠮᠤᠷᠬᠦᠤ ᠦᠯᠢᠭᠡᠷ ᠲᠣᠭᠠᠯᠠᠰᠢ ᠦᠭᠡᠢ ᠣᠯᠠᠨ ᠪᠠᠢᠭᠰᠠᠨ ᠴᠤ᠌ ᠰᠦᠨ ᠵᠢᠨ ᠯᠦᠩ ᠥᠪᠡᠷ᠎ᠦᠨ ᠬᠤᠪᠢ ᠬᠥᠮᠦᠨ᠎ᠦ ᠳᠠᠪᠱᠢᠯᠲᠠ᠎ᠳᠠᠭᠠᠨ ᠰᠡᠳᠭᠢᠯ ᠬᠠᠨᠭᠬᠤ ᠦᠭᠡᠢ ᠪᠠᠢᠵᠤ᠂ ᠲᠡᠷᠡ ᠬᠤᠪᠢ ᠬᠥᠮᠦᠨ᠎ᠦ ᠮᠡᠷᠭᠡᠵᠢᠯ ᠬᠡᠳᠦᠶ ᠰᠠᠢᠨ ᠪᠠᠢᠭ᠍ᠰᠠᠨ ᠴᠤ᠌ ᠪᠦᠯᠬᠦᠮ᠎ᠦᠨ ᠬᠦᠴᠦᠨ᠎ᠢ ᠬᠦᠷᠬᠦ᠌ ᠦᠭᠡᠢ ᠭᠡᠳᠡᠭ᠎ᠢ ᠰᠠᠢᠨ ᠮᠡᠳᠡᠨ᠎ᠡ᠃

2019 ᠣᠨ᠎ᠳᠤ᠂ ᠰᠦᠨ ᠵᠢᠨ ᠯᠦᠩ ᠲᠦᠷᠦᠭᠦᠯᠡᠨ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ ᠪᠠᠢᠭᠤᠯᠵᠤ᠂ 《ᠨᠢᠭᠡ ᠲᠦᠷᠦᠯ ᠵᠦᠢᠯ᠎ᠢ ᠨᠠᠢᠳᠠᠪᠤᠷᠢᠵᠢᠭᠤᠯᠬᠤ᠂ ᠨᠢᠭᠡ ᠪᠦᠯᠬᠦᠮ᠎ᠢ ᠳᠠᠢᠴᠢᠯᠠᠬᠤ᠂ ᠨᠢᠭᠡ ᠪᠦᠯᠦᠭ ᠴᠢᠳᠠᠪᠤᠷᠢᠲᠠᠨ᠎ᠢ ᠬᠥᠮᠦᠵᠢᠭᠦᠯᠬᠦ᠌ 》 ᠵᠠᠭ᠍ᠪᠤᠷ ᠎ᠢ ᠠᠩᠬ᠎ᠠ ᠡᠭᠦᠳᠴᠦ᠍᠂ ᠠᠵᠢᠯᠯᠠᠬᠤ ᠲᠠᠰᠤᠭ᠎ᠢᠶᠠᠨ ᠴᠢᠳᠠᠪᠤᠷᠢᠲᠠᠨ ᠬᠥᠮᠦᠵᠢᠭᠦᠯᠬᠦ᠌ ᠨᠡᠪᠴᠢᠭᠦᠯᠦᠭᠦᠷ ᠪᠣᠯᠭᠠᠪᠠ᠃ ᠲᠡᠷᠡ ᠰᠤᠷᠤᠭ᠍ᠴᠢᠳ᠎ᠤᠨ ᠣᠨᠴᠠᠯᠢᠭ᠎ᠢ ᠦᠨᠳᠦᠰᠦᠯᠡᠨ ᠬᠢᠴᠢᠶᠡᠯ ᠲᠣᠭ᠍ᠲᠠᠭᠠᠵᠤ᠂ ᠬᠡᠮᠵᠢᠭᠦᠷᠯᠢᠭ᠎ᠦᠨ ᠠᠵᠢᠯᠯᠠᠭᠠᠨ᠎ᠡᠴᠡ ᠲᠣᠭ᠎ᠠ ᠪᠠᠷᠢᠮᠲᠠ᠎ᠶ᠋ᠢᠨ ᠵᠠᠳᠠᠯᠤᠯᠲᠠ ᠬᠦᠷᠲᠡᠯ᠎ᠡ ᠪᠦᠬᠦᠨ᠎ᠢ ᠵᠢᠭᠠᠵᠤ᠂ 300 ᠭᠠᠷᠤᠶ ᠮᠡᠷᠭᠡᠵᠢᠯ᠎ᠦᠨ ᠭᠤᠤᠯᠯᠠᠭ᠍ᠴᠢ᠎ᠶ᠋ᠢ ᠬᠥᠮᠦᠵᠢᠭᠦᠯᠵᠦ᠍᠂ ᠬᠣᠲᠠ᠎ᠶ᠋ᠢᠨ ᠲᠠᠰ᠎ᠤᠨ ᠤᠷ᠎ᠠ ᠴᠢᠳᠠᠪᠤᠷᠢ᠎ᠶ᠋ᠢᠨ ᠮᠡᠷᠭᠡᠵᠢᠯ ᠤ᠋ᠨ ᠤᠷᠤᠯᠳᠤᠭᠠᠨ᠎ᠤ ᠮᠠᠩᠯᠠᠶ᠂ ᠳᠤᠮᠳᠠᠳᠤ ᠤᠯᠤᠰ᠎ᠤᠨ ᠲᠡᠮᠦᠷ ᠵᠠᠮ ᠤ᠋ᠨ ᠪᠠᠷᠢᠯᠭ᠎ᠠ ᠵᠢᠨ ᠪᠦᠯᠦᠭᠯᠡᠯ ᠤ᠋ᠨ ᠬᠢᠵᠠᠭᠠᠷᠳᠤ ᠺᠣᠮᠫᠠᠨᠢ᠎ᠶ᠋ᠢᠨ 《ᠵᠠᠯᠠᠭᠤ ᠠᠵᠢᠯ᠎ᠤᠨ ᠪᠠᠢᠷᠢ᠎ᠶ᠋ᠢᠨ ᠴᠢᠳᠠᠪᠤᠷᠢᠲᠠᠨ》 ᠵᠡᠷᠭᠡ ᠦᠶ ᠣᠯᠠᠨ ᠣᠷᠣᠢᠯᠠᠭ᠍ᠰᠠᠳ ᠴᠣᠯᠭᠣᠷᠠᠨ ᠭᠠᠷᠴᠠᠶ᠃

ᠠᠵᠢᠯ ᠲᠦᠷᠦᠯ᠎ᠦᠨ ᠬᠠᠷᠰᠢ ᠰᠠᠭᠠᠳ᠎ᠢ ᠡᠪᠳᠡᠬᠦ᠌᠎ᠶ᠋ᠢᠨ ᠲᠥᠯᠥᠭᠡ᠂ ᠲᠡᠷᠡ ᠪᠠᠰᠠ 《ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ᠎ᠤᠨ ᠬᠣᠯᠪᠣᠭ᠎ᠠ》 ᠪᠠᠢᠭᠤᠯᠬᠤ᠎ᠶ᠋ᠢ ᠠᠬᠢᠭᠤᠯᠵᠤ᠂ 40 ᠭᠠᠷᠤᠢ ᠪᠠᠷᠢᠯᠭ᠎ᠠ᠎ᠶ᠋ᠢᠨ ᠠᠵᠤ ᠠᠬᠤᠢᠯᠠᠯ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠶᠡᠬᠡ ᠳᠡᠭᠡᠳᠦ ᠰᠤᠷᠭᠠᠭᠤᠯᠢ᠎ᠶ᠋ᠢ ᠬᠣᠯᠪᠣᠭᠠᠯᠠᠨ᠂ ᠬᠦᠷᠢᠶ᠎ᠡ ᠴᠠᠷᠠᠭ᠎ᠠ ᠠᠯᠤᠰᠯᠠᠭ᠍ᠰᠠᠨ ᠬᠠᠮᠵᠢᠯᠴᠠᠭᠠᠨ᠎ᠤ ᠲᠣᠣᠷ᠎ᠢ ᠪᠠᠢᠭᠤᠯᠪᠠ᠃ ᠬᠣᠯᠪᠣᠭ᠎ᠠ ᠪᠠᠢᠭᠤᠯᠤᠭ᠍ᠳᠠᠭ᠍ᠰᠠᠨ᠎ᠤ ᠳᠠᠷᠠᠭ᠎ᠠ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠣᠨᠳᠣᠣᠱᠢᠭᠤᠯᠬᠤ ᠦᠷ᠎ᠡ ᠪᠦᠲᠦᠮᠵᠢ 30 % ᠪᠡᠷ ᠳᠡᠭᠡᠭ᠌ᠰᠢᠯᠡᠵᠦ᠍᠂ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ 《ᠱᠢᠨ᠎ᠡ ᠰᠠᠭᠤᠷᠢᠨ》 ᠪᠣᠯᠪᠠ᠃ ᠥᠨᠥᠳᠦᠷ᠂ ᠰᠦᠨ ᠵᠢᠨ ᠯᠦᠩ᠎ᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠨᠢᠭᠡᠨᠲᠡ 《ᠨᠢᠭᠡ ᠪᠦᠰᠡ ᠨᠢᠭᠡ ᠵᠠᠮ》 ᠤ᠋ᠨ ᠲᠦᠷᠦᠯ ᠵᠦᠢᠯ᠎ᠢ ᠳᠠᠭᠠᠯᠳᠤᠨ ᠭᠠᠳᠠᠭᠠᠳᠤ᠎ᠳᠤ ᠭᠠᠷᠪᠠ᠃

ᠥᠪᠥᠷ ᠮᠣᠩᠭᠣᠯ᠎ᠤᠨ ᠥᠷᠭᠡᠨ ᠠᠭᠤᠳᠠᠮ ᠭᠣᠪᠢ ᠴᠦᠯ ᠳ᠋ᠦ ᠵᠣᠭ᠍ᠰᠣᠭᠠᠳ ᠰᠦᠨ ᠵᠢᠨ ᠯᠦᠩ ᠦᠷᠭᠦᠯᠵᠢ᠄ 《ᠡᠨᠳᠡᠬᠢ ᠡᠯᠡᠰᠦᠨ ᠰᠢᠷᠭᠡᠭ ᠪᠦᠷᠢ ᠨᠢ ᠴᠥᠮ ᠱᠢᠯᠭᠠᠯᠲᠠ᠎ᠶ᠋ᠢᠨ ᠰᠡᠳᠦᠪ ᠮᠥᠨ᠂ ᠵᠠᠮ ᠲᠡᠮᠦᠷ ᠨᠢᠭᠡ ᠪᠦᠷᠢ ᠨᠢ ᠴᠥᠮ ᠬᠠᠷᠢᠭᠤᠯᠲᠠ᠎ᠶ᠋ᠢᠨ ᠬᠠᠭᠤᠳᠠᠰᠤ ᠮᠥᠨ》 ᠭᠡᠵᠦ ᠱᠠᠪᠢ ᠨᠠᠷ ᠲᠠᠭᠠᠨ ᠵᠠᠬᠢᠨ᠎ᠠ᠃ ᠰᠥᠨᠢ᠎ᠶ᠋ᠢᠨ ᠬᠥᠱᠢᠭᠡ ᠪᠠᠭᠤᠬᠤ᠎ᠳᠤ᠂ ᠲᠤᠷᠱᠢᠯᠲᠠ᠎ᠶ᠋ᠢᠨ ᠲᠠᠰᠤᠭ᠎ᠤᠨ ᠳ᠋ᠧᠩ᠎ᠦᠨ ᠬᠡᠷᠡᠯ ᠮᠥᠨ ᠯᠡ ᠲᠤᠸᠠᠯᠠᠵᠤ᠂ ᠬᠡᠷᠡᠮ ᠳᠡᠭᠡᠷᠡᠬᠢ 《ᠠᠩᠬᠠᠷᠤᠯ᠎ᠢᠶᠠᠨ ᠲᠥᠪᠯᠡᠷᠡᠭᠦᠯᠵᠦ᠍᠂ ᠨᠢᠭ᠍ᠲᠠ᠎ᠡᠴᠡ ᠨᠢᠭ᠍ᠲᠠ ᠪᠠᠢᠬᠤ》 ᠤᠷᠢᠶ᠎ᠠ᠎ᠨᠢ ᠲᠤᠳᠤᠬᠠᠨ ᠬᠠᠷᠠᠭᠳᠠᠨ᠎ᠠ᠃ ᠡᠨᠡ ᠬᠦ᠌ ᠮᠣᠩᠭᠣᠯ ᠡᠷ᠎ᠡ ᠶᠠᠭ ᠭᠣᠪᠢ ᠨᠤᠲᠤᠭ᠎ᠤᠨ ᠲᠣᠣᠷᠠᠢ ᠱᠢᠭ᠋᠂ ᠱᠢᠨ᠎ᠡ᠎ᠶ᠋ᠢ ᠡᠭᠦᠳᠬᠦ᠌᠎ᠪᠡᠷ ᠦᠨᠳᠦᠰᠦ ᠪᠣᠯᠭᠠᠵᠤ᠂ ᠤᠷᠠᠨ ᠲᠠᠷᠬᠠᠨ᠎ᠤ ᠵᠣᠷᠢᠭ ᠰᠠᠨᠠᠭ᠎ᠠ᠎ᠪᠠᠷ ᠰᠦᠭ ᠰᠦᠨᠡᠰᠦ᠎ᠪᠡᠨ ᠪᠣᠯᠭᠠᠵᠤ᠂ ᠴᠠᠭ ᠦᠶ᠎ᠡ᠎ᠶ᠋ᠢᠨ ᠵᠠᠮ ᠲᠡᠮᠦᠷ ᠳᠡᠭᠡᠷ᠎ᠡ ᠰᠢᠨᠳᠠᠷᠠᠰᠢ ᠦᠭᠡᠢ ᠵᠢᠳᠭᠦᠯ᠎ᠢᠶᠡᠨ ᠲᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号