ᠤᠯᠠᠭᠠᠨ ᠢᠳᠡᠬᠡᠨ ᠪᠤᠯᠪᠠᠰᠤᠷᠠᠭᠤᠯᠬᠤ ᠦᠢᠯᠡᠰ ᠢ᠋ ᠬᠦᠭᠵᠢᠬᠦᠯᠬᠦ ᠭᠤᠤᠯᠳᠠᠯᠭ᠎ᠠ
2025-05-16 15:25:44
ᠵᠣᠬᠢᠶᠠᠭ᠍ᠴᠢ᠄
ᠼᠠᠢ ᠬᠤᠩ
ᠣᠩᠱᠢᠭ᠍ᠰᠠᠨ ᠣᠳᠠᠭ᠎ᠠ᠄
★★★☆☆

— ᠦᠪᠤᠷ ᠮᠤᠩᠭᠤᠯ ᠤ᠋ᠨ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢᠨ 10 ᠭᠤᠤᠯᠳᠠᠯᠭᠠᠳᠤ ᠲᠦᠷᠦᠯ ᠵᠦᠢᠯ ② 


ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠵᠦᠪᠰᠢᠶᠡᠷᠡᠯ ᠶ᠋ᠢᠡᠷ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠩᠬᠢᠮ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ ᠤ᠋ ᠲᠦᠰᠦᠯ (2025 — 2027)》 ᠢ᠋ ᠳᠠᠷᠤᠮᠠᠯᠯᠠᠨ ᠲᠠᠷᠬᠠᠭᠠᠵᠤ᠂ 3 ᠵᠢᠯ ᠤ᠋ᠨ ᠬᠤᠭᠤᠴᠠᠭ᠎ᠠ ᠪᠦᠬᠦᠢ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢ ᠡᠬᠢᠯᠡᠭᠦᠯᠪᠡ᠃ ᠡᠬᠦᠨ ᠳ᠋ᠤ ᠤᠯᠠᠭᠠᠨ ᠢᠳᠡᠬᠡᠨ ᠪᠤᠯᠪᠠᠰᠤᠷᠠᠭᠤᠯᠬᠤ ᠦᠢᠯᠡᠰ ᠢ᠋ ᠭᠤᠤᠯᠳᠠᠯᠭ᠎ᠠ ᠲᠠᠢ ᠬᠦᠭᠵᠢᠬᠦᠯᠬᠦ 10 ᠲᠦᠷᠦᠯ ᠵᠤᠢᠯ ᠤ᠋ᠨ ᠨᠢᠬᠡ ᠪᠤᠯᠭᠠᠵᠤ᠂ ᠤᠷᠤᠨ ᠪᠦᠰᠡ ᠵᠢᠨ ᠪᠠᠢᠷᠢᠰᠢᠭᠤᠯᠤᠯᠳᠠ ᠪᠠ ᠭᠤᠤᠯ ᠰᠢᠪᠳᠤᠯᠤᠯᠳᠠ ᠵᠢᠨ ᠴᠢᠭᠯᠡᠯ ᠢ᠋ ᠲᠤᠳᠤᠷᠬᠠᠢᠯᠠᠨ᠂ ᠬᠦᠭᠵᠢᠯᠳᠡ ᠵᠢᠨ ᠵᠠᠮ ᠱᠤᠭᠤᠮ ᠤ᠋ᠨ ᠵᠢᠷᠤᠭ ᠢ᠋ ᠲᠤᠳᠤᠷᠬᠠᠢ ᠲᠤᠭᠳᠠᠭᠠᠭᠰᠠᠨ ᠪᠠᠢᠨ᠎ᠠ᠃

ᠤᠷᠤᠨ ᠪᠦᠰᠡ ᠵᠢᠨ ᠪᠠᠢᠷᠢᠰᠢᠭᠤᠯᠤᠯᠳᠠ᠄ ᠬᠥᠯᠥᠨ ᠪᠣᠢᠷ ᠬᠣᠲᠠ᠂ ᠬᠢᠩᠭᠠᠨ ᠠᠢᠮᠠᠭ᠂ ᠲᠦᠩᠯᠢᠶᠣᠤ ᠬᠣᠲᠠ᠂ ᠤᠯᠠᠭᠠᠨᠬᠠᠳᠠ ᠬᠣᠲᠠ᠂ ᠱᠢᠯᠢ ᠶ᠋ᠢᠨ ᠭᠤᠤᠯ ᠠᠢᠮᠠᠭ᠂ ᠪᠠᠶᠠᠨᠨᠠᠭᠤᠷ ᠬᠣᠲᠠ ᠵᠡᠷᠭᠡ ᠠᠢᠮᠠᠭ ᠬᠣᠲᠠ ᠪᠠᠷ ᠭᠣᠣᠯᠳᠠᠯᠭ᠎ᠠ ᠪᠣᠯᠭᠠᠨ᠎ᠠ᠃

ᠭᠤᠤᠯ ᠰᠢᠪᠳᠤᠯᠤᠯᠳᠠ ᠵᠢᠨ ᠴᠢᠭᠯᠡᠯ᠄ ᠠᠮᠢᠳᠤ ᠮᠠᠯ ᠢ᠋ ᠭᠠᠳᠠᠭᠰᠢ ᠪᠤᠷᠤᠯᠠᠭᠤᠯᠬᠤ ᠪᠡᠷ ᠭᠤᠤᠯᠯᠠᠨ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠪᠦᠳᠦᠭᠦᠯᠢᠭ ᠶ᠋ᠢᠡᠷ ᠢᠵᠢᠯ ᠴᠢᠨᠠᠷᠳᠤ ᠦᠷᠢᠰᠦᠯᠳᠦᠭᠡᠨ ᠬᠢᠵᠦ᠂ ᠨᠠᠷᠢᠯᠢᠭ ᠪᠤᠯᠪᠠᠰᠤᠷᠠᠭᠤᠯᠬᠤ ᠲᠠᠯ᠎ᠠ ᠪᠡᠷ ᠬᠦᠷᠦᠯᠴᠡᠬᠦ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤ᠋ᠨ ᠲᠤᠯᠭᠠᠭᠤᠷᠢᠯᠠᠯ ᠵᠢᠡᠷ ᠳᠤᠲᠠᠮᠠᠭ ᠪᠠᠢᠬᠤ ᠵᠡᠷᠭᠡ ᠠᠰᠠᠭᠤᠳᠠᠯ ᠳ᠋ᠦ ᠴᠢᠭᠯᠡᠭᠦᠯᠵᠤ᠂ ᠦᠬᠡᠷ ᠬᠤᠨᠢᠨ ᠮᠢᠬ᠎ᠠ ᠵᠢ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠤ᠋ᠨ ᠬᠤᠳᠠᠯᠳᠤᠨ ᠠᠪᠬᠤ᠂ ᠬᠤᠪᠢ ᠡᠵᠡᠮᠳᠡᠬᠦ᠂ ᠨᠡᠢᠯᠡᠭᠦᠯᠬᠦ ᠵᠡᠷᠭᠡ ᠠᠷᠭ᠎ᠠ ᠬᠡᠯᠪᠡᠷᠢ ᠪᠡᠷ ᠨᠡᠢᠳᠬᠡᠵᠤ ᠳᠠᠬᠢᠨ ᠵᠤᠬᠢᠶᠠᠨ ᠪᠠᠢᠭᠤᠯᠤᠯᠴᠠᠬᠤ ᠵᠢ ᠳᠡᠮᠵᠢᠨ᠎ᠡ᠃ ᠰᠢᠨᠵᠢᠯᠡᠬᠦ ᠤᠬᠠᠭᠠᠨ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠰᠢᠭᠤᠯᠬᠤ ᠪᠠ ᠪᠦᠲᠦᠭᠡᠭᠳᠡᠭᠦᠨ ᠤ᠋ ᠰᠢᠨ᠎ᠡ ᠵᠢ ᠡᠭᠦᠳᠬᠦ ᠠᠵᠢᠯᠯᠠᠭ᠎ᠠ ᠵᠢ ᠢᠳᠡᠪᠬᠢᠲᠡᠢ ᠦᠷᠨᠢᠭᠦᠯᠵᠦ᠂ ᠠᠵᠤ ᠦᠢᠯᠡᠰ ᠤ᠋ᠨ ᠬᠡᠯᠬᠢᠶ᠎ᠡ ᠵᠢ ᠤᠷᠳᠤᠳᠬᠠᠬᠤ ᠨᠦᠬᠦᠪᠦᠷᠢᠯᠡᠬᠦ ᠪᠠ ᠴᠢᠡᠭᠭᠠᠳᠬᠠᠬᠤ ᠵᠢ ᠲᠦᠷᠭᠡᠳᠭᠡᠨ᠂ ᠦᠬᠡᠷ ᠬᠤᠨᠢᠨ ᠮᠢᠬ᠎ᠠ ᠵᠢ ᠨᠠᠷᠢᠯᠢᠭ ᠰᠠᠯᠭᠠᠭᠰᠠᠨ ᠪᠦᠲᠦᠭᠡᠭᠳᠡᠭᠦᠨ ᠪᠤᠯᠤᠨ ᠵᠢᠶᠠᠡᠭᠨᠠᠭᠰᠠᠨ ᠰᠢᠭᠦᠰᠦᠯᠡᠭᠰᠡᠨ ᠤᠳᠤᠭᠰᠠᠨ ᠰᠢᠷᠠᠭᠰᠠᠨ ᠮᠢᠬ᠎ᠠ ᠵᠡᠷᠭᠡ ᠪᠤᠯᠭᠤᠭᠰᠠᠨ ᠢᠳᠡᠭᠡᠨ ᠵᠢᠴᠢ ᠪᠡᠯᠡᠨ ᠵᠠᠭᠤᠰᠢ ᠵᠢ ᠭᠤᠤᠯᠳᠠᠯᠭ᠎ᠠ ᠲᠠᠢ ᠬᠦᠭᠵᠢᠭᠦᠯᠵᠤ᠂ ᠬᠤᠨᠢᠨ ᠠᠷᠠᠰᠤᠨ ᠤ᠋ ᠴᠠᠪᠠᠤᠯᠢᠭ ᠤᠭᠤᠷᠠᠭ᠂ ᠶᠠᠰᠤᠯᠢᠭ ᠡᠳ᠋ ᠤ᠋ᠨ ᠲᠤᠡᠭᠭᠠᠯᠠᠭ ᠴᠠᠪᠠᠤ᠂ ᠴᠢᠰᠤᠨ ᠤ᠋ ᠤᠯᠠᠭᠠᠨ ᠡᠳ᠋᠂ ᠠᠮᠢᠳᠤ ᠪᠤᠳᠠᠰ ᠤ᠋ᠨ ᠢᠳᠡᠪᠬᠢ ᠫᠸᠫᠲ᠋ᠢᠳ᠋ ᠵᠡᠷᠬᠡ ᠦᠬᠡᠷ ᠬᠤᠨᠢ ᠵᠢᠨ ᠠᠷᠠᠰᠤ᠂ ᠶᠠᠰᠤ᠂ ᠴᠢᠰᠤ᠂ ᠳᠤᠲᠤᠷ ᠡᠷᠬᠡᠲᠡᠨ ᠵᠡᠷᠭᠡ ᠪᠡᠷ ᠪᠤᠯᠪᠠᠰᠤᠷᠠᠭᠤᠯᠤᠭᠰᠠᠨ ᠦᠨᠳᠦᠷ ᠦᠷᠲᠡᠭ ᠪᠦᠬᠦᠢ ᠰᠢᠷᠢᠰ ᠢᠳᠡᠭᠡᠨ ᠢ᠋ ᠨᠡᠬᠡᠬᠡᠨ ᠬᠦᠭᠵᠢᠬᠦᠯᠦᠨ᠎ᠠ᠃

ᠤᠨᠴᠠᠯᠢᠭᠳᠤ ᠪᠦᠲᠦᠭᠡᠭᠳᠡᠭᠦᠨ᠄   

ᠬᠤᠨᠢᠨ ᠠᠷᠠᠰᠤᠨ ᠤ᠋ ᠴᠠᠪᠠᠤᠯᠢᠭ ᠤᠭᠤᠷᠠᠭ ᠪᠤᠯ ᠬᠤᠨᠢᠨ ᠠᠷᠠᠰᠤ ᠪᠠᠷ ᠲᠦᠭᠦᠬᠡᠢ ᠮᠠᠲ᠋ᠧᠷᠢᠶᠠᠯ ᠪᠤᠯᠭᠠᠨ ᠪᠤᠯᠪᠠᠰᠤᠷᠠᠭᠤᠯᠵᠤ ᠭᠠᠷᠭᠠᠭᠰᠠᠨ ᠴᠠᠪᠠᠤᠯᠢᠭ ᠤᠭᠤᠷᠠᠭ᠂ ᠬᠦᠮᠦᠨ ᠤ᠋ ᠪᠡᠶ᠎ᠠ ᠶ᠋ᠢᠨ ᠬᠡᠷᠡᠭ᠌ᠰᠡᠬᠦ᠌ ᠱᠢᠮ᠎ᠡ ᠲᠡᠵᠢᠭᠡᠯ ᠢ᠋ ᠨᠥᠬᠥᠪᠥᠷᠢᠯᠡᠨ᠂ ᠱᠢᠨ᠎ᠡ ᠬᠠᠭᠤᠴᠢᠨ ᠤ᠋ ᠰᠣᠯᠢᠯᠴᠠᠭ᠎ᠠ ᠶ᠋ᠢ ᠠᠬᠢᠭᠤᠯᠵᠤ᠂ ᠠᠳᠤᠷᠢᠶ᠎ᠠ ᠶ᠋ᠢ ᠪᠠᠭᠠᠰᠬᠠᠨ ᠵᠢᠰᠤ ᠭᠤᠶᠤᠯᠠᠬᠤ ᠦᠢᠯᠡᠳᠦᠯ ᠲᠠᠢ ᠪᠦᠭᠡᠳ ᠱᠢᠷᠬ᠎ᠠ ᠶ᠋ᠢ ᠡᠳᠡᠭᠡᠷᠡᠬᠦᠯᠵᠤ᠂ ᠠᠷᠠᠰᠤ᠂ ᠠᠷᠤᠭ ᠶᠠᠰᠤ᠂ ᠦᠶ᠎ᠡ ᠭᠡᠱᠢᠭᠦᠦ ᠵᠡᠷᠭᠡ ᠡᠷᠬᠡᠲᠡᠨ ᠤ᠋ ᠡᠷᠡᠭᠦᠯ ᠮᠡᠨᠳᠦ᠍ ᠳ᠋ᠦ ᠰᠠᠢᠨ ᠪᠠᠢᠳᠠᠭ᠃

ᠶᠠᠰᠤᠯᠢᠭ ᠡᠳ᠋ ᠤ᠋ᠨ ᠲᠤᠡᠭᠭᠠᠯᠠᠭ ᠴᠠᠪᠠᠤ ᠪᠣᠯ ᠦᠬᠡᠷ ᠬᠤᠨᠢ ᠵᠢᠨ ᠶᠠᠰᠤ ᠪᠠᠷ ᠲᠦᠭᠦᠬᠡᠶ ᠮᠠᠲ᠋ᠧᠷᠢᠶᠠᠯ ᠪᠣᠯᠭᠠᠨ ᠪᠤᠯᠪᠠᠰᠤᠷᠠᠭᠤᠯᠤᠭᠰᠠᠨ ᠴᠠᠪᠠᠸ᠋ᠯᠢᠭ ᠪᠦᠲᠦᠭᠡᠭ᠌ᠳᠡᠬᠦᠨ᠂ ᠵᠢᠰᠦ ᠴᠢᠷᠠᠢ ᠶ᠋ᠢ ᠭᠤᠶᠤᠯᠠᠬᠤ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠶ᠋ᠢ ᠳᠡᠭᠡᠭᠰᠢᠯᠡᠭᠦᠯᠬᠦ᠂ ᠶᠠᠰᠤᠨ ᠤ᠋ ᠡᠳ᠋ ᠰᠡᠢᠷᠡᠭᠰᠢᠬᠦ ᠶ᠋ᠢ ᠰᠡᠷᠭᠡᠢᠯᠡᠬᠦ᠂ ᠬᠤᠳᠤᠭᠤᠳᠤ ᠶ᠋ᠢ ᠬᠠᠮᠠᠭᠠᠯᠠᠬᠤ᠂ ᠺᠠᠯᠼ ᠨᠦᠬᠦᠪᠤᠷᠢᠯᠡᠬᠦ ᠵᠡᠷᠭᠡ ᠦᠢᠯᠡᠳᠦᠯ ᠲᠠᠢ᠃

ᠴᠢᠰᠤᠨ ᠤ᠋ ᠤᠯᠠᠭᠠᠨ ᠡᠳ᠋ ᠪᠤᠯ ᠴᠢᠰᠤᠨ ᠤ᠋ ᠤᠯᠠᠭᠠᠨ ᠤᠭᠤᠷᠠᠭ᠂ ᠪᠤᠯᠴᠢᠩ ᠤ᠋ᠨ ᠤᠯᠠᠭᠠᠨ ᠤᠭᠤᠷᠠᠭ ᠤ᠋ᠨ ᠴᠢᠬᠤᠯᠠ ᠪᠦᠷᠢᠯᠳᠦᠭᠦᠨ ᠪᠠᠢᠵᠤ᠂ ᠬᠦᠴᠢᠯᠳᠦ᠋ᠷᠦᠭᠴᠢ ᠵᠦᠭᠡᠭᠡᠪᠤᠷᠢᠯᠡᠬᠦ᠂ ᠡᠨᠧᠷᠬᠢ ᠶ᠋ᠢᠨ ᠰᠤᠯᠢᠯᠴᠠᠭ᠎ᠠ ᠶ᠋ᠢ ᠠᠬᠢᠭᠤᠯᠬᠤ ᠵᠡᠷᠭᠡ ᠴᠢᠬᠤᠯᠠ ᠠᠮᠢᠳᠤ ᠪᠤᠳᠠᠰ ᠤ᠋ᠨ ᠴᠢᠳᠠᠮᠵᠢ ᠲᠠᠢ᠃ ᠦᠬᠡᠷ ᠬᠤᠨᠢ ᠵᠢᠨ ᠴᠢᠰᠦᠨ ᠡᠴᠡ ᠢᠯᠭᠠᠷᠠᠭᠤᠯᠵᠤ ᠭᠠᠷᠭᠠᠭᠰᠠᠨ ᠴᠢᠰᠦᠨ ᠤ᠋ ᠤᠯᠠᠭᠠᠨ ᠡᠳ᠋ ᠨᠢ ᠬᠦᠮᠦᠨ ᠤ᠋ ᠪᠡᠶ᠎ᠠ ᠶ᠋ᠢᠨ ᠴᠢᠰᠦ ᠪᠦᠲᠦᠭᠡᠬᠦ ᠡᠳ᠋ ᠢ᠋ ᠨᠦᠬᠦᠪᠤᠷᠢᠯᠡᠨ ᠲᠡᠮᠦᠷ ᠳᠤᠳᠠᠭᠳᠠᠬᠤ ᠴᠢᠨᠠᠷᠳᠠᠢ ᠴᠢᠰᠤ ᠲᠤᠳᠠᠬᠤ ᠶ᠋ᠢ ᠰᠡᠷᠭᠡᠢᠯᠡᠬᠦ᠂ ᠬᠡᠪ ᠤ᠋ᠨ ᠰᠢᠨ᠎ᠠ ᠬᠠᠭᠤᠴᠢᠨ ᠤ᠋ ᠰᠤᠯᠢᠯᠴᠠᠭ᠎ᠠ ᠶ᠋ᠢ ᠪᠠᠳᠤᠯᠠᠬᠤ᠂ ᠴᠢᠰᠦᠨ ᠤ᠋ ᠬᠦᠴᠢᠯ ᠱᠦᠯᠳᠦ ᠶ᠋ᠢᠨ ᠬᠡᠮᠵᠢᠶ᠎ᠠ ᠶ᠋ᠢ ᠲᠡᠩᠴᠡᠭᠦᠷᠢᠰᠢᠭᠦᠯᠬᠦ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠶ᠋ᠢ ᠰᠠᠢᠵᠢᠷᠠᠭᠤᠯᠬᠤ ᠵᠡᠷᠭᠡ ᠦᠢᠯᠡᠳᠦᠯ ᠲᠠᠢ ᠪᠠᠢᠵᠤ᠂ ᠪᠠᠰᠠ ᠦᠮᠡᠨ ᠢ᠋ ᠡᠰᠡᠷᠭᠦᠴᠡᠬᠦ ᠡᠮ ᠦᠢᠯᠡᠳᠬᠦ ᠳ᠋ᠤ ᠬᠡᠷᠡᠭᠯᠡᠵᠦ ᠪᠤᠢ᠃

ᠠᠮᠢᠳᠤ ᠪᠤᠳᠠᠰ ᠤ᠋ᠨ ᠢᠳᠡᠪᠬᠢ ᠫᠸᠫᠲ᠋ᠢᠳ᠋ ᠪᠤᠯ 2 — 50 ᠠᠮᠢᠨᠤ᠋ ᠬᠦᠴᠢᠯ ᠤ᠋ᠨ ᠫᠸᠫᠲ᠋ᠢᠳ᠋ ᠬᠤᠯᠪᠤᠭᠠᠰᠤ ᠪᠡᠷ ᠳᠠᠮᠵᠢᠨ ᠬᠤᠯᠪᠤᠯᠳᠤᠨ ᠪᠦᠲᠦᠭᠰᠡᠨ ᠴᠢᠳᠠᠮᠵᠢ ᠶ᠋ᠢᠨ ᠴᠢᠨᠠᠷᠳᠠᠢ ᠤᠯᠠᠨᠴᠢ ᠫᠸᠫᠲ᠋ᠢᠳ᠋ ᠤ᠋ᠨ ᠲᠠᠰᠤᠯᠪᠤᠷᠢ᠃ ᠦᠬᠡᠷ ᠬᠤᠨᠢ ᠵᠢᠨ ᠳᠣᠲᠣᠷ ᠡᠷᠬᠡᠲᠡᠨ᠂ ᠠᠷᠤᠭ ᠶᠠᠰᠤ᠂ ᠠᠷᠠᠰᠤ ᠵᠡᠷᠭᠡ ᠡᠴᠡ ᠢᠯᠭᠠᠷᠠᠭᠤᠯᠵᠤ ᠭᠠᠷᠭᠠᠭᠰᠠᠨ ᠠᠮᠢᠳᠤ ᠪᠤᠳᠠᠰ ᠤ᠋ᠨ ᠢᠳᠡᠪᠬᠢ ᠫᠸᠫᠲ᠋ᠢᠳ᠋ ᠨᠢ ᠬᠦᠮᠦᠨ ᠤ᠋ ᠦᠳᠡᠯᠵᠦ ᠬᠦᠭᠰᠢᠷᠡᠬᠦ ᠶ᠋ᠢ ᠤᠳᠠᠭᠠᠰᠢᠷᠠᠭᠤᠯᠬᠤ᠂ ᠵᠢᠷᠦᠭᠡ ᠴᠢᠰᠦᠨ ᠰᠤᠳᠠᠯ ᠢ᠋ ᠬᠠᠮᠠᠭᠠᠯᠠᠬᠤ᠂ ᠪᠠᠺᠲᠧᠷᠢ ᠶ᠋ᠢ ᠳᠠᠷᠤᠬᠤ᠂ ᠰᠢᠷᠬ᠎ᠠ ᠶ᠋ᠢ ᠡᠳᠡᠭᠡᠷᠡᠭᠦᠯᠬᠦ ᠵᠡᠷᠭᠡ ᠦᠢᠯᠡᠳᠦᠯ ᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号