ᠮᠡᠷᠭᠡᠵᠢᠯ ᠎ᠦᠨ ᠰᠢᠨ᠎ᠡ ᠎ᠶᠢ ᠡᠭᠦᠳᠬᠦ ᠪᠡᠷ ᠴᠦᠬᠦᠷᠡᠰᠢ ᠦᠭᠡᠢ ᠲᠡᠮᠡᠴᠡᠳᠡᠭ 《ᠦᠢᠯᠡᠳᠪᠦᠷᠢ᠎ᠶᠢᠨ ᠲᠠᠰᠤᠭ᠎ᠤᠨ ᠡᠷᠬᠢᠯᠡᠭᠴᠢ》
2025-05-18 13:40:49
ᠵᠣᠬᠢᠶᠠᠭ᠍ᠴᠢ᠄
ᠯᠢᠦ ᠴᠦᠨ ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

︱ᠥᠪᠡᠷᠲᠡᠭᠡᠨ ᠵᠠᠰᠠᠬᠤ ᠣᠷᠣᠨ ᠎ᠤ ᠬᠥᠳᠡᠯᠮᠦᠷᠢ᠎ᠶᠢᠨ ᠵᠢᠱ᠌ᠢᠶᠡᠴᠢ᠂ ᠥᠪᠥᠷ ᠮᠣᠩᠭᠣᠯ ᠎ᠤᠨ ᠲᠠᠢ ᠰᠢᠩ ᠎ᠲᠠᠢ ᠹᠧᠩ ᠬᠢᠮᠢ ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠺᠠᠯᠢ᠎ᠶᠢᠨ ᠳᠠᠪᠤᠰᠤᠨ᠎ᠤ ᠦᠢᠯᠡᠳᠪᠦᠷᠢ᠎ᠶᠢᠨ ᠲᠠᠰᠤᠭ ᠪᠣᠯᠣᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠳᠪᠦᠷᠢ ᠎ᠶᠢᠨ ᠲᠠᠰᠤᠭ ᠎ᠤᠨ ᠡᠷᠬᠢᠯᠡᠭᠴᠢ ᠴᠦ ᠵᠢᠶᠠᠨ ᠬᠤᠸᠠ ᠵᠢ ᠲᠡᠮᠳᠡᠭᠯᠡᠪᠡ


4 ᠰᠠᠷ᠎ᠠ᠎ᠶᠢᠨ 30 ᠎ᠤ᠋ ᠡᠳᠦᠷ᠂ ᠥᠪᠥᠷ ᠮᠣᠩᠭᠣᠯ᠎ᠤᠨ ᠲᠠᠢ ᠰᠢᠩ ᠲᠠᠢ ᠹᠧᠩ ᠬᠢᠮᠢ ᠎ᠶᠢᠨ ᠠᠵᠤ ᠦᠢᠯᠡᠳᠪᠦᠷᠢ᠎ᠶᠢᠨ ᠬᠢᠵᠠᠭᠠᠷᠲᠤ ᠺᠣᠮᠫᠠᠨᠢ᠎ᠶᠢᠨ ᠵᠢᠯ ᠎ᠳᠦ 5 ᠲᠦᠮᠡᠨ ᠲᠣᠨ ᠬᠦᠬᠡᠴᠦ᠎ᠶᠢ ᠲᠡᠰ ᠳᠡᠪᠰᠢᠭᠦᠯᠵᠦ ᠥᠭᠡᠷᠡᠴᠢᠯᠡᠨ ᠥᠷᠭᠡᠳᠬᠡᠬᠦ ᠲᠦᠷᠦᠯ ᠵᠦᠢᠯ᠎ᠦᠨ ᠺᠠᠯᠢ᠎ᠶᠢᠨ ᠳᠠᠪᠤᠰᠤᠨ᠎ᠤ ᠦᠢᠯᠡᠳᠪᠦᠷᠢ᠎ᠶᠢᠨ ᠲᠠᠰᠤᠭ  ᠲᠸ᠋ ᠮᠦᠨᠬᠦ ᠲᠤᠩ ᠶᠠᠭᠠᠷᠠᠯᠳᠠᠢ᠃ ᠮᠠᠰᠢᠨ ᠎ᠤ  ᠬᠦᠩᠭᠢᠨᠡᠬᠦ ᠲᠠᠭᠤᠨ ᠪᠠ ᠳᠠᠮᠵᠢᠭᠤᠯᠬᠤ ᠬᠣᠭᠣᠯᠠᠢ᠎ᠶᠢᠨ ᠬᠦᠩᠭᠢᠨᠡᠬᠦ ᠲᠠᠭᠤᠨ᠎ᠵᠢᠡᠷ᠂ ᠺᠣᠮᠫᠠᠨᠢ᠎ᠶᠢᠨ ᠺᠠᠯᠢ᠎ᠶᠢᠨ ᠳᠠᠪᠤᠰᠤᠨ᠎ᠤ ᠦᠢᠯᠡᠳᠪᠦᠷᠢ᠎ᠶᠢᠨ ᠲᠠᠰᠤᠭ ᠪᠣᠯᠣᠨ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠦᠢᠯᠡᠳᠪᠦᠷᠢ᠎ᠶᠢᠨ ᠲᠠᠰᠤᠭ᠎ᠤᠨ ᠡᠷᠬᠢᠯᠡᠭᠴᠢ ᠴᠦ ᠵᠢᠶᠠᠨ ᠬᠤᠸᠠ ᠬᠡᠳᠦᠨ ᠮᠡᠷᠭᠡᠵᠢᠯᠲᠡᠨ᠎ᠢ ᠳᠠᠭᠠᠭᠤᠯᠤᠨ ᠰᠢᠨ᠎ᠡ ᠲᠣᠨᠣᠭ ᠲᠥᠬᠦᠭᠡᠷᠦᠮᠵᠢ᠎ᠶᠢ ᠲᠤᠷᠰᠢᠨ ᠲᠣᠬᠢᠷᠠᠭᠤᠯᠬᠤ᠎ᠪᠠᠷ ᠶᠠᠭᠠᠷᠠᠯᠳᠤᠵᠤ ᠪᠠᠢᠯ᠎ᠠ᠃ ᠮᠠᠰᠢᠨ᠎ᠤ ᠲᠡᠭᠡᠭᠡᠪᠦᠷᠢ᠎ᠶᠢᠨ ᠪᠠᠢᠳᠠᠯ ᠎ᠢ ᠳᠠᠬᠢᠨ ᠳᠠᠪᠲᠠᠨ ᠪᠠᠢᠴᠠᠭᠠᠭᠰᠠᠨ᠎ᠤ ᠳᠠᠷᠠᠭ᠎ᠠ᠂ ᠲᠡᠷᠡ ᠪᠠᠰᠠ ᠠᠵᠢᠯᠯᠠᠬᠤ ᠲᠠᠢᠰᠠᠨ ᠎ᠤ ᠡᠮᠦᠨ᠎ᠡ ᠬᠦᠷᠴᠦ᠂ ᠳᠡᠯᠭᠡᠴᠡ᠎ᠶᠢ ᠰᠢᠷᠲᠡᠨ ᠤᠰᠤᠨ᠎ᠤ ᠴᠢᠨᠠᠷ᠎ᠤᠨ ᠲᠣᠭ᠎ᠠ ᠪᠠᠷᠢᠮᠲᠠ᠎ᠶᠢ ᠨᠠᠷᠢᠨ ᠬᠢᠨᠠᠮᠠᠭᠠᠢ ᠪᠠᠢᠴᠠᠭᠠᠨ ᠦᠵᠡᠪᠡ ᠁

《5 ᠲᠦᠮᠡᠨ ᠲᠣᠨ ᠬᠦᠬᠡᠴᠦ᠎ᠶᠢ ᠲᠡᠰ ᠳᠡᠪᠰᠢᠭᠦᠯᠵᠦ ᠥᠭᠡᠷᠡᠴᠢᠯᠡᠨ ᠥᠷᠭᠡᠳᠬᠡᠬᠦ ᠲᠦᠷᠦᠯ ᠵᠦᠢᠯ ᠤᠳᠠᠯ ᠦᠭᠡᠢ ᠵᠢᠩᠬᠢᠨᠢ᠎ᠪᠡᠷ ᠠᠰᠢᠭ᠍ᠯᠠᠯᠲᠠ᠎ᠳᠤ ᠣᠷᠣᠬᠤ ᠪᠣᠯᠣᠯ᠎ᠠ᠂ ᠡᠨᠡ ᠬᠤᠭᠤᠴᠠᠭᠠᠨ᠎ᠳᠤ᠂ ᠪᠢᠳᠡ ᠡᠳᠦᠷ ᠪᠦᠷᠢ ᠡᠭᠡᠯᠵᠢ ᠨᠡᠮᠡᠵᠦ ᠴᠠᠭ ᠨᠡᠮᠡᠵᠦ ᠲᠤᠨᠤᠭ ᠲᠥᠬᠦᠭᠡᠷᠦᠮᠵᠢ᠎ᠶᠢ ᠠᠵᠢᠯᠯᠠᠭᠤᠯᠤᠨ ᠲᠤᠷᠰᠢᠨ ᠦᠢᠯᠡᠳᠪᠦᠷᠢᠯᠡᠬᠦ᠎ᠶᠢ ᠰᠢᠯᠭᠠᠨ ᠪᠠᠢᠴᠠᠭᠠᠵᠤ ᠪᠠᠢᠨ᠎ᠠ᠂ ᠰᠢᠨ᠎ᠡ ᠲᠤᠨᠤᠭ ᠲᠥᠬᠦᠭᠡᠷᠦᠮᠵᠢ᠎ᠶᠢ ᠲᠣᠬᠢᠷᠠᠭᠤᠯᠵᠤ ᠲᠣᠭᠲᠠᠭᠤᠨ᠎ᠢᠶᠠᠷ ᠠᠵᠢᠯᠯᠠᠭᠤᠯᠬᠤ᠎ᠶᠢᠨ ᠲᠥᠯᠥᠭᠡ᠂ ᠪᠢᠳᠡ ᠦᠢᠯᠡᠳᠪᠦᠷᠢᠯᠡᠯ᠎ᠦᠨ ᠬᠠᠶᠠᠭᠳᠠᠮᠠᠯ ᠤᠰᠤ᠎ᠶᠢ  ᠭᠠᠳᠠᠭᠰᠢᠯᠠᠭᠤᠯᠬᠤ ᠦᠭᠡᠢ ᠪᠠᠢᠬᠤ ᠰᠠᠭᠤᠷᠢᠨ ᠳᠡᠭᠡᠷ᠎ᠡ᠂ ᠦᠢᠯᠡᠳᠪᠦᠷᠢᠯᠡᠯ᠎ᠦᠨ ᠤᠰᠤ ᠵᠢ ᠡᠷᠬᠢᠯᠳᠦᠬᠦᠯᠦᠨ ᠬᠡᠷᠡᠭᠯᠡᠵᠦ ᠤᠰᠤᠨ᠎ᠤ ᠴᠢᠨᠠᠷ᠎ᠢ ᠬᠡᠷᠬᠢᠨ ᠨᠡᠩ ᠰᠢᠯᠢᠳᠡᠭᠵᠢᠭᠦᠯᠬᠦ ᠲᠤᠬᠠᠢ ᠬᠠᠢᠨ ᠰᠦᠪᠡᠭᠴᠢᠯᠡᠵᠦ ᠪᠠᠢᠨ᠎ᠠ》 ᠭᠡᠵᠦ ᠴᠦ ᠵᠢᠶᠠᠨ ᠬᠤᠸᠠ ᠬᠡᠯᠡᠪᠡ᠃

19 ᠵᠢᠯ᠎ᠦᠨ ᠡᠮᠦᠨ᠎ᠡ᠂ ᠴᠦ ᠵᠢᠶᠠᠨ ᠬᠤᠸᠠ  ᠬᠥᠭᠵᠢᠶᠡᠨ ᠨᠠᠷᠭᠢᠶᠠᠨ᠎ᠲᠠᠢ ᠵᠢᠶᠠᠩᠰᠤ ᠵᠧᠵᠢᠶᠠᠩ᠎ᠠᠴᠠ ᠠᠯᠠᠱᠠ ᠠᠢᠮᠠᠭ ᠎ᠤᠨ ᠠᠯᠠᠱᠠ ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠤ ᠢᠷᠡᠵᠤ᠂ ᠭᠣᠪᠢ  ᠨᠤᠲᠤᠭ ᠎ᠲᠦ ᠪᠦᠬᠦ ᠪᠥᠮᠪᠥᠷᠴᠡᠭ᠎ᠦᠨ ᠬᠠᠮᠤᠭ᠎ᠤᠨ ᠲᠣᠮᠣ᠌ ᠬᠦᠬᠡᠴᠦ  ᠵᠢᠨ ᠠᠵᠤ ᠦᠢᠯᠡᠰ᠎ᠦᠨ ᠰᠠᠭᠤᠷᠢᠨ᠎ᠤ ᠪᠦᠲᠦᠭᠡᠨ ᠪᠠᠢᠭᠤᠯᠤᠭ᠍ᠴᠢ ᠪᠣᠯᠵᠠᠢ᠃ 19 ᠵᠢᠯ᠎ᠦᠨ ᠲᠤᠷᠰᠢ᠂ ᠲᠡᠷᠡ ᠢᠮᠠᠭᠳᠠ ᠦᠢᠯᠡᠳᠪᠦᠷᠢᠯᠡᠯ᠎ᠦᠨ ᠡᠮᠦᠨ᠎ᠡ ᠹᠷᠣᠨᠲ᠎ᠢ ᠪᠠᠲᠤ ᠰᠠᠬᠢᠵᠤ᠂ ᠠᠵᠢᠯ᠎ᠤᠨ ᠪᠠᠢᠷᠢ᠎ᠪᠠᠨ ᠬᠠᠢᠷᠠᠯᠠᠨ ᠠᠵᠢᠯ ᠦᠢᠯᠡᠰ᠎ᠢᠶᠡᠨ ᠳᠡᠭᠡᠳᠦᠯᠡᠵᠦ᠂ ᠭᠦᠨᠵᠡᠭᠡᠢ ᠰᠤᠳᠤᠯᠵᠤ᠂ ᠵᠣᠷᠢᠭ᠍ᠲᠠᠢ᠎ᠪᠠᠷ ᠰᠢᠨ᠎ᠡ᠎ᠶᠢ ᠡᠭᠦᠳᠴᠦ᠂ ᠪᠣᠳᠠᠲᠤ ᠠᠵᠢᠯᠯᠠᠭ᠎ᠠ᠎ᠪᠠᠷ᠎ᠢᠶᠠᠨ 《ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠯᠳᠡ》 ᠵᠢᠨ ᠣᠢᠯᠠᠭᠠᠭᠳᠠᠬᠤᠨ᠎ᠢ ᠦᠢᠯᠡᠳᠦᠯᠭᠡᠵᠢᠭᠦᠯᠵᠦ᠂ ᠵᠠᠯᠠᠭᠤ ᠨᠠᠰᠤ ᠪᠠ ᠬᠦᠴᠦ ᠬᠥᠯᠥᠰᠦ᠎ᠪᠡᠷ᠎ᠢᠶᠡᠨ《ᠬᠣᠶᠠᠳᠡᠬᠢ ᠨᠤᠲᠤᠭ》 ᠠᠯᠠᠱᠠ᠎ᠶᠢᠨ ᠠᠵᠤ ᠦᠢᠯᠡᠳᠪᠦᠷᠢ᠎ᠶᠢᠨ ᠪᠣᠬᠢᠷᠲᠤᠯ ᠦᠭᠡᠢ ᠬᠥᠭᠵᠢᠯᠲᠡ᠎ᠳᠦ ᠶᠡᠷᠦ ᠪᠤᠰᠤ ᠵᠢᠨ ᠬᠤᠪᠢ ᠨᠡᠮᠡᠷᠢ ᠪᠡᠨ ᠦᠵᠡᠬᠦᠯᠪᠡ᠃

2006 ᠣᠨ᠎ᠳᠤ ᠵᠢᠶᠠᠩᠰᠤ᠎ᠶᠢᠨ᠎ᠲᠠᠢ ᠹᠧᠩ ᠺᠣᠮᠫᠠᠨᠢ ᠬᠦᠬᠡᠴᠦ ᠵᠢᠨ ᠦᠢᠯᠡᠳᠪᠦᠷᠢᠯᠡᠯ᠎ᠦᠨ ᠱᠤᠭᠤᠮ ᠎ᠢ ᠵᠢᠶᠠᠩᠰᠤ᠎ᠡᠴᠡ ᠠᠯᠠᠱᠠ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠤ ᠰᠢᠯᠵᠢᠭᠦᠯᠬᠦ ᠎ᠪᠡᠷ ᠲᠣᠭᠲᠠᠵᠤ᠂ ᠴᠦ ᠵᠢᠶᠠᠨ ᠬᠤᠸᠠ ᠺᠣᠮᠫᠠᠨᠢ᠎ᠶᠢᠨ ᠮᠡᠷᠭᠡᠵᠢᠯ᠎ᠦᠨ ᠭᠣᠣᠯᠯᠠᠭ᠍ᠴᠢ ᠬᠦᠴᠦᠨ᠎ᠤ ᠬᠤᠪᠢ ᠪᠡᠷ ᠥᠪᠥᠷ ᠮᠣᠩᠭᠣᠯ᠎ᠤᠨ᠎ᠲᠠᠢ ᠹᠧᠩ ᠺᠣᠮᠫᠠᠨᠢ᠎ᠳᠤ ᠲᠣᠮᠢᠯᠠᠭᠳᠠᠪᠠ᠃ ᠡᠯᠡᠰᠦᠨ ᠴᠦᠯ ᠭᠣᠪᠢ ᠨᠤᠳᠤᠭ ᠲᠸ᠋ ᠢᠷᠡᠭᠰᠡᠨ᠎ᠦ ᠲᠠᠷᠠᠭ᠎ᠠ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠴᠠᠭ ᠪᠠᠴᠢᠮ᠂ ᠡᠭᠦᠷᠭᠡ ᠬᠦᠨᠳᠦ ᠪᠠᠢᠳᠠᠯ ᠲᠤᠤᠷ᠎ᠠ ᠲᠡᠷᠡ ᠪᠠᠷᠢᠯᠭ᠎ᠠ ᠵᠢᠨ ᠭᠠᠵᠠᠷ ᠎ᠤᠨ ᠲᠦᠬᠦᠮ ᠪᠦᠳᠦᠴᠡᠳᠦ ᠬᠡᠷ ᠪᠠᠢᠰᠢᠩ ᠳ᠋ᠤ ᠢᠳᠡᠵᠦ ᠤᠤᠭᠤᠵᠤ ᠬᠣᠨᠣᠵᠤ ᠬᠡᠪᠲᠡᠨ᠂  ᠰᠠᠯᠬᠢ ᠰᠢᠭᠤᠷᠭ᠎ᠠ ᠵᠢ   ᠦᠯᠦ ᠬᠠᠢᠬᠤᠷᠤᠨ  ᠪᠠᠷᠢᠯᠭ᠎ᠠ᠎ᠶᠢᠨ ᠨᠢᠭᠡᠳᠦᠭᠡᠷ ᠹᠷᠤᠨᠲ ᠲᠸ᠋ ᠪᠤᠷᠪᠢ ᠪᠤᠬᠢᠰᠬᠢᠯ ᠦᠭᠡᠢ ᠶᠠᠭᠠᠷᠠᠵᠤ ᠪᠠᠢᠪᠠ᠃ ᠲᠦᠷᠦᠯ ᠵᠦᠢᠯ ᠪᠠᠢᠭᠤᠯᠤᠭᠳᠠᠭᠰᠠᠨ᠎ᠤ ᠳᠠᠷᠠᠭ᠎ᠠ᠂ ᠲᠡᠷᠡ ᠪᠠᠰᠠ ᠮᠠᠰᠢ ᠲᠦᠷᠭᠡᠨ᠎ᠢᠶᠡᠷ ᠦᠢᠯᠡᠳᠪᠦᠷᠢᠯᠡᠯ᠎ᠢ ᠪᠠᠲᠤᠯᠠᠬᠤ ᠠᠵᠢᠯ᠎ᠳᠤ ᠣᠷᠣᠯᠴᠠᠵᠤ᠂ ᠲᠥᠬᠦᠭᠡᠷᠦᠮᠵᠢ᠎ᠶᠢᠨ ᠲᠠᠰᠤᠭ᠂ ᠮᠡᠷᠭᠡᠵᠢᠯ᠎ᠦᠨ ᠲᠤᠬᠠᠢ᠎ᠶᠢᠨ ᠲᠠᠯᠠᠪᠤᠷ᠎ᠲᠤ ᠲᠠᠰᠤᠷᠠᠯᠲᠠ ᠦᠭᠡᠢ ᠨᠠᠭᠠᠰᠢ ᠴᠠᠭᠠᠰᠢ ᠭᠦᠶᠦᠵᠦ ᠦᠢᠯᠡᠳᠪᠦᠷᠢᠯᠡᠯ᠎ᠢ ᠠᠳᠬᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ ᠪᠠᠢᠪᠠ᠃

ᠠᠵᠢᠯ᠎ᠳ᠋ᠠᠭᠠᠨ ᠯᠠᠪᠳᠠᠭᠤᠨ ᠪᠠᠲᠤᠲᠠᠢ ᠡᠬᠦᠷᠭᠡᠯᠡᠯ ᠬᠠᠷᠢᠭᠤᠴᠠᠯᠭ᠎ᠠ ᠲᠠᠢ ᠡᠴᠨ  ᠪᠣᠯᠵᠤ᠂ 2010 ᠣᠨ᠎ᠳᠤ ᠴᠦ ᠵᠢᠶᠠᠨ ᠬᠤᠸᠠ ᠺᠣᠮᠫᠠᠨᠢ᠎ᠶᠢᠨ ᠺᠠᠯᠢ᠎ᠶᠢᠨ ᠳᠠᠪᠤᠰᠤᠨ᠎ᠤ ᠦᠢᠯᠡᠳᠪᠦᠷᠢ᠎ᠶᠢᠨ ᠲᠠᠰᠤᠭ ᠎ᠤᠨ ᠡᠷᠬᠢᠯᠡᠭᠴᠢ᠎ᠪᠡᠷ ᠲᠣᠮᠢᠯᠠᠭᠳᠠᠪᠠ᠃  ᠡᠨᠡᠬᠦ ᠲᠤᠰᠢᠶᠠᠯ ᠳ᠋ᠤ ᠭᠠᠷᠤᠮᠠᠭᠴᠠ ᠪᠠᠨ ᠲᠡᠷᠡ ᠨᠢᠭᠡᠨ ᠬᠦᠴᠢᠷ ᠠᠰᠠᠭᠤᠳᠠᠯ᠎ᠳᠤ ᠲᠤᠯᠭᠠᠷᠠᠪᠠ᠃ ᠲᠠᠷᠤᠢ ᠦᠢᠯᠡᠳᠪᠦᠷᠢ᠎ᠶᠢᠨ ᠲᠠᠰᠤᠬ᠎ᠤᠨ ᠬᠢᠨ ᠵᠢᠯ ᠪᠦᠷᠢ 7 ᠲᠦᠮᠡ ᠭᠠᠷᠤᠢ ᠲᠣᠨ᠎ᠤ ᠪᠣᠬᠢᠷ ᠤᠰᠤ᠎ᠶᠢ ᠰᠢᠢᠳᠪᠦᠷᠢᠯᠡᠬᠦ ᠬᠡᠷᠡᠭᠳᠡᠢ ᠪᠢᠯᠡ᠃ 《ᠬᠡᠷᠪᠡ ᠡᠨᠡ ᠠᠰᠠᠭᠤᠳᠠᠯ᠎ᠢ ᠰᠢᠢᠳᠪᠦᠷᠢᠯᠡᠬᠦ ᠦᠭᠡᠢ ᠪᠣᠯ ᠦᠢᠯᠡᠳᠪᠦᠷᠢᠯᠡᠯ ᠪᠠ ᠣᠷᠴᠢᠨ ᠲᠣᠭᠣᠷᠢᠨ᠎ᠢ ᠯᠠᠪᠲᠠᠢ ᠨᠥᠯᠥᠭᠡᠯᠡᠨ᠎ᠡ》᠃  ᠡᠢᠨᠬᠦ ᠲᠡᠷᠡ100 ᠰᠢᠬᠠᠮ ᠤᠳᠠᠭᠠᠨ᠎ᠤ ᠳᠠᠬᠢᠨ ᠳᠠᠪᠲᠠᠨ ᠲᠠᠭᠤᠷᠢᠶᠠᠮᠠᠯ ᠲᠤᠷᠰᠢᠯᠲᠠ᠎ᠬᠢᠬᠦ ᠪᠡᠷ  ᠳᠡᠮᠵᠢᠨ ᠡᠴᠦᠰ ᠲᠡᠭᠡᠨ 《ᠢᠯᠡᠭᠦᠴᠡ ᠤᠰᠤ ᠎ᠶᠢ ᠡᠷᠭᠢᠯᠳᠦᠭᠦᠯᠦᠨ ᠠᠰᠢᠬᠯᠠᠵᠤ ᠺᠠᠯᠢ᠎ᠶᠢᠨ ᠳᠠᠪᠤᠰᠤ ᠦᠢᠯᠡᠳᠪᠦᠷᠢᠯᠡᠬᠦ᠎ᠳᠦ ᠳᠠᠬᠢᠨ ᠬᠡᠷᠡᠭᠯᠡᠬᠦ》 ᠮᠡᠷᠭᠡᠵᠢᠯ᠎ᠦᠨ ᠰᠢᠪᠲᠤᠯᠤᠯᠲᠠ᠎ᠶᠢ   ᠪᠡᠶᠡᠯᠡᠭᠦᠯᠵᠡᠢ᠂ ᠲᠣᠰ ᠰᠤᠳᠤᠯᠭᠠᠨ᠎ᠤ ᠦᠷ᠎ᠡ ᠪᠦᠲᠦᠭᠡᠯ ᠨᠢ ᠠᠵᠤ ᠠᠬᠤᠢᠯᠠᠯ᠎ᠳᠤ ᠵᠢᠯ ᠪᠦᠷᠢ ᠦᠢᠯᠡᠳᠪᠦᠷᠢᠯᠡᠯ᠎ᠦᠨ ᠥᠪᠡᠷ᠎ᠦᠨ ᠥᠷᠲᠡᠭ ᠪᠠ ᠣᠷᠴᠢᠨ ᠲᠤᠭᠤᠷᠢᠨ ᠤ᠋  ᠬᠠᠮᠠᠭᠠᠯᠠᠯᠲᠠ᠎ᠶᠢᠨ ᠵᠠᠷᠤᠳᠠᠯ᠎ᠢ 200 ᠲᠦᠮᠡᠨ ᠲᠥᠭᠥᠷᠢᠭ᠎ᠡᠴᠡ ᠳᠡᠭᠡᠭᠰᠢ ᠠᠷᠪᠢᠯᠠᠵᠤ ᠥᠭᠭᠦᠭᠰᠡᠨ ᠪᠠᠢᠨ᠎ᠠ᠃

ᠴᠦ ᠵᠢᠶᠠᠨ ᠬᠤᠸᠠ ᠰᠢᠨ᠎ᠡ ᠮᠡᠷᠭᠡᠵᠢᠯ᠎ᠢ ᠰᠤᠳᠤᠯᠬᠤ᠎ᠳᠠᠭᠠᠨ ᠴᠢᠳᠠᠮᠠᠭᠠᠢ ᠪᠦᠭᠡᠳ ᠬᠦᠴᠢᠷ᠎ᠢ ᠲᠡᠰᠪᠦᠷᠢᠯᠡᠵᠦ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ ᠵᠣᠷᠢᠭ᠋ ᠰᠠᠨᠠᠭ᠎ᠠ ᠨᠢ ᠺᠣᠮᠫᠠᠨᠢ᠎ᠶᠢᠨ ᠤᠳᠤᠷᠢᠳᠤᠯᠭ᠎ᠠ ᠵᠢᠨ ᠦᠨᠳᠦᠷ ᠦᠨᠡᠯᠡᠯᠳᠡ ᠵᠢ ᠤᠯᠵᠤ᠂ 2020 ᠣᠨ᠎ᠳᠤ ᠰᠢᠨ᠎ᠡ᠎ᠪᠡᠷ  ᠪᠠᠢᠭᠤᠯᠤᠭᠰᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠳᠪᠦᠷᠢ᠎ᠶᠢᠨ ᠲᠠᠰᠤᠬ᠎ᠤᠨ ᠡᠷᠬᠢᠯᠡᠭᠴᠢ᠎ᠶᠢᠨ ᠲᠤᠰᠢᠶᠠᠯ᠎ᠢ ᠬᠠᠪᠰᠤᠷᠭᠠᠨ ᠬᠠᠷᠢᠭᠤᠴᠠᠭᠤᠯᠪᠠ᠃ 《ᠬᠣᠶᠠᠷ ᠦᠢᠯᠡᠳᠪᠦᠷᠢ᠎ᠶᠢᠨ ᠲᠠᠰᠤᠭ ᠎ᠤᠨ ᠬᠠᠷᠢᠭᠤᠴᠠᠯᠭᠠᠲᠠᠨ ᠵᠢᠡᠷ ᠲᠤᠮᠢᠯᠠᠭᠰᠠᠨ ᠨᠢ ᠺᠣᠮᠫᠠᠨᠢ᠎ᠶᠢᠨ ᠢᠲᠡᠭᠡᠯ ᠨᠠᠢᠳᠠᠯᠭ᠎ᠠ ᠪᠤᠯᠤᠨ᠎ᠠ》 ᠭᠡᠵᠦ ᠴᠦ ᠵᠢᠶᠠᠨ ᠬᠤᠸᠠ ᠬᠡᠯᠡᠨ᠎ᠡ᠃

ᠰᠢᠨ᠎ᠡ ᠦᠢᠯᠡᠳᠪᠦᠷᠢ᠎ᠶᠢᠨ ᠲᠠᠰᠤᠬ᠎ᠤᠨ ᠠᠵᠢᠯ᠎ᠢ ᠠᠯᠢ ᠲᠦᠷᠭᠡᠨ᠎ᠢᠶᠡᠷ ᠪᠦᠬᠦ ᠲᠠᠯ᠎ᠠ᠎ᠪᠠᠷ ᠡᠵᠡᠮᠰᠢᠵᠦ᠂ ᠠᠮᠤᠷ ᠲᠦᠪᠰᠢᠨ᠂ ᠣᠷᠴᠢᠨ ᠲᠣᠭᠣᠷᠢᠨ᠎ᠢ ᠬᠠᠮᠠᠭᠠᠯᠠᠬᠤ ᠬᠡᠯᠪᠡᠷᠢ᠎ᠶᠢᠨ ᠦᠢᠯᠡᠳᠪᠦᠷᠢ᠎ᠶᠢᠨ ᠲᠠᠰᠤᠬ᠎ᠢ ᠡᠭᠦᠳᠦᠨ ᠪᠠᠢᠭᠤᠯᠵᠤ᠂ ᠡᠯ᠎ᠡ ᠵᠦᠢᠯ᠎ᠦᠨ ᠠᠰᠠᠭᠤᠳᠠᠯ᠎ᠤᠨ ᠬᠡᠮ ᠰᠣᠭᠣᠭ᠎ᠢ ᠠᠷᠢᠯᠭᠠᠬᠤ᠎ᠶᠢᠨ ᠲᠥᠯᠥᠭᠡ᠂ ᠲᠡᠷᠡ ᠴᠠᠭ ᠭᠠᠷᠭᠠᠵᠤ᠂ ᠥᠪᠡᠷ᠎ᠦᠨ ᠡᠵᠡᠮᠰᠢᠭᠰᠡᠨ ᠤᠨᠤᠯ᠎ᠤᠨ ᠮᠡᠳᠡᠯᠭᠡ᠎ᠪᠡᠨ ᠦᠢᠯᠡᠳᠪᠦᠷᠢᠯᠡᠯ᠎ᠦᠨ ᠪᠣᠳᠠᠲᠠᠢ᠎ᠲᠠᠢ ᠤᠶᠠᠯᠳᠤᠭᠤᠯᠵᠤ᠂ ᠤᠷ᠎ᠠ ᠮᠡᠷᠭᠡᠵᠢᠯ᠎ᠦᠨ ᠶᠠᠪᠤᠴᠠ᠂ ᠲᠥᠬᠦᠭᠡᠷᠦᠮᠵᠢ᠎ᠶᠢᠨ ᠠᠵᠢᠯᠯᠠᠭᠠᠨ ᠵᠡᠷᠭᠡ ᠡᠯ᠎ᠡ ᠭᠣᠭᠴᠣᠭ᠎ᠠ᠎ᠳᠤ ᠡᠮᠬᠢᠯᠡᠯᠲᠡ ᠪᠠ ᠪᠠᠢᠴᠠᠭᠠᠯᠲᠠ ᠬᠢᠵᠦ᠂ ᠨᠢᠭᠡ ᠯᠡ ᠰᠠᠷ᠎ᠠ ᠵᠢᠨ ᠬᠤᠭᠤᠴᠠᠭᠠᠨ ᠳ᠋ᠤ ᠺᠣᠮᠫᠠᠨᠢ᠎ᠶᠢᠨ 3 ᠳ᠋ᠦᠩᠰᠢᠭᠤᠷ ᠲᠥᠭᠥᠷᠢᠭ ᠎ᠦᠨ ᠪᠡᠯᠡ ᠣᠷᠣᠭᠤᠯᠤᠭᠰᠠᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠦᠷᠦᠯ ᠵᠦᠢᠯ᠎ᠦᠨ ᠠᠵᠢᠯᠯᠠᠭᠠᠨ᠎ᠤ ᠶᠠᠪᠤᠴᠠ᠎ᠶᠢ ᠪᠦᠬᠦ ᠲᠠᠯ᠎ᠠ᠎ᠪᠠᠷ ᠡᠵᠡᠮᠰᠢᠭᠰᠡᠨ ᠪᠥᠭᠡᠳ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢ ᠳ᠋ᠤᠨᠢ ᠴᠡᠭᠴᠡᠯᠡᠨ ᠰᠠᠢᠵᠢᠷᠠᠭᠤᠯᠵᠤ᠂ ᠠᠵᠤ ᠠᠬᠤᠢᠯᠠᠯ᠎ᠤᠨ ᠦᠢᠯᠡᠳᠪᠦᠷᠢᠯᠡᠯ᠎ᠢ ᠨᠡᠩ ᠲᠣᠭᠲᠠᠭᠤᠨ ᠡᠮᠬᠢ ᠳᠢᠭ᠌ᠯᠢᠮ᠎ᠲᠠᠢ ᠪᠣᠯᠭᠠᠵᠠᠢ᠃

2022 ᠣᠨ᠎ᠳᠤ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠨᠠᠢᠳᠠᠪᠤᠷᠢᠵᠢᠭᠤᠯᠬᠤ᠎ᠶᠢᠨ ᠲᠥᠯᠥᠭᠡ᠂ ᠺᠣᠮᠫᠠᠨᠢ᠎ᠡᠴᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠦᠢᠯᠡᠳᠪᠦᠷᠢ᠎ᠶᠢᠨ ᠲᠠᠰᠤᠭ᠎ᠲᠤ ᠪᠣᠬᠢᠷ ᠤᠰᠤ ᠭᠠᠳᠠᠭᠰᠢᠯᠠᠭᠤᠯᠬᠤ ᠦᠭᠡᠢ  ᠪᠠᠢᠬᠤ ᠬᠠᠷᠠᠯᠲᠠᠳᠤ ᠡᠭᠦᠷᠭᠡ᠎ᠶᠢ ᠪᠠᠭᠤᠯᠭᠠᠪᠠ᠃ ᠰᠢᠨ᠎ᠡ ᠡᠭᠦᠷᠭᠡ᠎ᠶᠢᠨ ᠡᠮᠦᠨ᠎ᠡ ᠂ ᠲᠡᠷᠡ ᠳᠡᠳ᠋ ᠾᠯᠣᠷ ᠬᠦᠴᠢᠯ᠎ᠦᠨ ᠨᠠᠲᠷᠢ᠎ᠪᠠᠷ ᠪᠣᠬᠢᠷ ᠤᠰᠤ᠎ᠶᠢ ᠰᠢᠢᠳᠪᠦᠷᠢᠯᠡᠬᠦ ᠤᠷ᠎ᠠ ᠮᠡᠷᠭᠡᠵᠢᠯ᠎ᠢ ᠬᠦᠴᠦᠨ ᠦᠭᠡᠢ ᠪᠣᠯᠭᠠᠵᠤ᠂ ᠪᠣᠬᠢᠷ ᠤᠰᠤ᠎ᠶᠢ ᠪᠦᠬᠦᠨ᠎ᠢ ᠰᠢᠢᠳᠪᠦᠷᠢᠯᠡᠵᠦ ᠬᠢᠷᠢ ᠲᠡᠩᠴᠡᠭᠦᠯᠦᠨ ᠳᠠᠬᠢᠨ ᠠᠰᠢᠭ᠍ᠯᠠᠬᠤ ᠲᠥᠰᠥᠪᠯᠡᠯ᠎ᠢ ᠵᠣᠷᠢᠭ᠍ᠲᠠᠢ ᠪᠡᠷ ᠳᠤᠷᠠᠳᠤᠨ ᠭᠠᠷᠭᠠᠪᠠ᠃ ᠲᠥᠰᠥᠪᠯᠡᠯ᠎ᠢᠶᠡᠨ ᠪᠣᠳᠠᠲᠠᠢᠵᠢᠭᠤᠯᠬᠤ᠎ᠶᠢᠨ ᠲᠥᠯᠥᠭᠡ᠂ ᠲᠡᠷᠡ ᠮᠡᠷᠭᠡᠵᠢᠯ᠎ᠦᠨ ᠠᠵᠢᠯᠲᠠᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠤᠰᠬᠠᠢ ᠮᠡᠷᠭᠡᠵᠢᠯᠲᠡᠨ᠎ᠲᠠᠢ ᠢᠳᠡᠪᠬᠢᠲᠡᠢ ᠬᠠᠮᠲᠤᠷᠠᠨ ᠰᠤᠳᠤᠯᠤᠨ ᠶᠠᠷᠢᠯᠴᠠᠵᠤ᠂ ᠲᠠᠰᠤᠷᠠᠯᠲᠠ ᠦᠭᠡᠢ ᠪᠣᠭᠣᠮᠲᠠ ᠰᠢᠪᠲᠤᠯᠬᠤ ᠲᠤᠷᠰᠢᠯᠲᠠ ᠬᠢᠬᠦ᠎ᠪᠡᠷ ᠳᠡᠮᠵᠢᠨ᠂ ᠪᠥᠬᠥ ᠪᠣᠬᠢᠷ ᠤᠰᠤ᠎ᠶᠢ ᠴᠥᠮ ᠬᠢᠷᠢ ᠲᠡᠩᠴᠡᠭᠰᠡᠨ ᠠᠵᠤ ᠦᠢᠯᠡᠳᠪᠦᠷᠢ᠎ᠶᠢᠨ ᠬᠡᠷᠡᠭᠯᠡᠭᠡᠨ᠎ᠤ ᠤᠰᠤ ᠪᠣᠯᠭᠠᠨ ᠰᠢᠢᠳᠪᠦᠷᠢᠯᠡᠵᠦ᠂  ᠺᠣᠮᠫᠠᠨᠢ᠎ᠵᠢᠨ ᠠᠵᠤ ᠠᠬᠤᠢ᠎ᠶᠢᠨ ᠦᠷ᠎ᠡ ᠠᠰᠢᠭ᠋ ᠎ᠢ ᠵᠢᠯ ᠪᠦᠷᠢ 400 ᠲᠦᠮᠡᠨ ᠲᠥᠭᠥᠷᠢᠭ᠎ᠡᠴᠡ ᠳᠡᠭᠡᠭᠰᠢ ᠨᠡᠮᠡᠭᠳᠡᠭᠦᠯᠦᠭᠰᠡᠨ᠎ᠢᠶᠡᠷ ᠪᠠᠷᠠᠬᠤ ᠦᠭᠡᠢ᠂ ᠪᠠᠰᠠ ᠺᠤᠮᠫᠠᠨᠢ ᠵᠢᠨ  ᠬᠢᠨ᠎ᠤ  ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠠᠵᠤ ᠠᠬᠤᠢᠯᠠᠯ᠎ᠡᠴᠨ  ᠪᠣᠬᠢᠷ ᠤᠰᠤ ᠭᠠᠳᠠᠭᠰᠢᠯᠠᠭᠤᠯᠬᠤ ᠦᠭᠡᠢ ᠪᠣᠬᠢᠷᠲᠤᠯ ᠦᠭᠡᠢ ᠦᠢᠯᠡᠳᠪᠦᠷᠢ ᠵᠢ ᠪᠦᠳᠦᠭᠡᠨ ᠪᠠᠢᠭᠤᠯᠬᠤ ᠴᠢᠬᠤᠯᠠ ᠶᠡᠬᠡ ᠳᠠᠪᠠᠯᠲᠠ᠎ᠶᠢ ᠪᠡᠶᠡᠯᠡᠭᠦᠯᠪᠡ᠃

ᠦᠢᠯᠡᠳᠪᠦᠷᠢᠯᠡᠯ᠎ᠤᠨ ᠥᠪᠡᠷ᠎ᠦᠨ ᠦᠷᠳᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ᠎ᠶᠢᠨ ᠲᠥᠯᠥᠭᠡ  2024 ᠣᠨ᠎ᠳᠤ ᠴᠦ ᠵᠢᠶᠠᠨ ᠬᠤᠸᠠ ᠪᠦᠯᠬᠦᠮ᠎ᠢᠶᠡᠨ ᠳᠠᠭᠠᠭᠤᠯᠤᠨ  ᠮᠠᠲᠧᠷᠢᠶᠠᠯ ᠡᠷᠢᠬᠦ ᠪᠠ ᠲᠠᠬᠢᠨ ᠳᠠᠪᠲᠠᠨ ᠨᠤᠲᠠᠯᠠᠬᠤ᠎ᠪᠠᠷ ᠳᠠᠮᠵᠢᠨ᠂ 《ᠮᠧᠲ᠋ᠢᠯ ᠠᠯᠺᠣᠣᠯ᠎ᠠᠭᠤᠯᠤᠬᠰᠠᠨ ᠨᠠᠷᠢᠯᠢᠭ᠋ ᠨᠡᠷᠡᠭᠰᠡᠨ ᠬᠠᠶᠠᠭᠳᠠᠮᠠᠯ ᠰᠢᠩᠭᠡᠨ᠎ᠢᠶᠡᠷ ᠦᠵᠦᠮ᠎ᠦᠨ ᠰᠢᠬᠢᠷ᠎ᠢ ᠣᠷᠣᠯᠠᠭᠤᠯᠬᠤ》 ᠲᠥᠰᠥᠪᠯᠡᠯ᠎ᠢ ᠳᠤᠷᠠᠳᠪᠠ᠃ ᠲᠡᠷᠡ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠡᠴᠡ ᠳᠠᠬᠢᠨ ᠳᠠᠪᠲᠠᠨ ᠠᠰᠠᠭᠤᠨ ᠯᠠᠪᠯᠠᠵᠤ᠂ ᠪᠣᠬᠢᠷ ᠤᠰᠤ᠎ᠶᠢ ᠠᠮᠢᠳᠤ ᠪᠣᠳᠠᠰ᠎ᠤᠨ ᠬᠢᠮᠢ᠎ᠶᠢᠨ ᠠᠷᠭ᠎ᠠ᠎ᠪᠠᠷ ᠰᠢᠢᠳᠪᠦᠷᠢᠯᠡᠬᠦ ᠲᠥᠬᠦᠭᠡᠷᠦᠮᠵᠢ ᠵᠢ ᠬᠡᠷᠡᠭᠯᠡᠨ ᠳᠠᠬᠢᠨ ᠳᠠᠪᠲᠠᠨ ᠪᠠᠭ᠎ᠠ ᠬᠡᠪᠴᠢᠶᠡᠨ᠎ᠦ ᠲᠤᠷᠰᠢᠯᠲᠠ ᠬᠢᠵᠦ᠂ ᠲᠤᠷᠰᠢᠯᠲᠠ ᠠᠮᠵᠢᠯᠲᠠ ᠣᠯᠣᠭᠰᠠᠨ᠎ᠤ ᠳᠠᠷᠠᠭ᠎ᠠ  ᠪᠠᠰᠠ ᠶᠡᠬᠡ ᠦᠢᠯᠡᠳᠪᠦᠷᠢᠯᠡᠯ᠎ᠦᠨ ᠲᠥᠬᠦᠭᠡᠷᠦᠮᠵᠢ ᠳᠡᠭᠡᠷ᠎ᠡ ᠰᠢᠯᠭᠠᠨ ᠪᠠᠲᠤᠯᠠᠯᠲᠠ ᠬᠢᠵᠦ᠂ ᠡᠴᠦᠰ᠎ᠲᠡᠬᠡᠨ ᠦᠵᠦᠮ᠎ᠦᠨ ᠰᠢᠬᠢᠷ᠎ᠦᠨ ᠬᠡᠷᠡᠭᠯᠡᠬᠦ ᠬᠡᠮᠵᠢᠶ᠎ᠡ᠎ᠶᠢ 93% ᠪᠡᠷ ᠪᠠᠭᠠᠰᠬᠠᠭᠰᠠᠨ᠎ᠤ ᠬᠠᠮᠲᠤ ᠬᠠᠶᠠᠭᠳᠠᠮᠠᠯ ᠰᠢᠩᠭᠡᠨ᠎ᠢ ᠰᠢᠲᠠᠭᠠᠬᠤ ᠥᠪᠡᠷ᠎ᠦᠨ ᠦᠷᠲᠡᠭ᠎ᠢ ᠨᠢ ᠪᠠᠭᠠᠰᠬᠠᠵᠤ᠂ ᠺᠣᠮᠫᠠᠨᠢ ᠎ᠵᠢᠨ ᠠᠵᠤ ᠠᠬᠤᠢ᠎ᠶᠢᠨ ᠦᠷ᠎ᠡ ᠠᠰᠢᠭ᠋᠎ᠢ ᠵᠢᠯ ᠪᠦᠷᠢ 500 ᠲᠦᠮᠡᠨ ᠲᠥᠭᠥᠷᠢᠭ᠎ᠡᠴᠡ ᠳᠡᠭᠡᠭᠰᠢ ᠨᠡᠮᠡᠭᠳᠡᠭᠦᠯᠦᠭᠰᠡᠨ ᠪᠠᠢᠨ᠎ᠠ᠃

ᠤᠯᠠᠨ ᠵᠢᠯ᠎ᠦᠨ ᠲᠤᠷᠰᠢ᠂ ᠴᠦ ᠵᠢᠶᠠᠨ ᠬᠤᠸᠠ᠎ᠠᠵᠢᠯ ᠶᠠᠭᠠᠷᠠᠤ᠎ᠠᠴᠠ ᠪᠤᠯᠵᠤ  ᠵᠢᠶᠠᠩᠰᠦ᠎ᠨᠤᠳᠤᠭ ᠲᠠᠭᠠᠨ ᠬᠠᠷᠢᠵᠤ ᠭᠡᠷ᠎ᠦᠨ ᠬᠥᠮᠦᠰ᠎ᠲᠡᠶ᠎ᠪᠡᠨ ᠠᠭᠤᠯᠵᠠᠬᠤ ᠵᠠᠪᠰᠢᠶᠠᠨ ᠶᠡᠷᠦᠨᠢ ᠲᠤᠩ ᠴᠦᠬᠡᠨ ᠪᠠᠢᠯ᠎ᠠ᠃ 2020 ᠣᠨ᠎ᠤ ᠵᠢᠯ᠎ᠤᠨ ᠡᠴᠦᠰ ᠵᠢᠡᠷ ᠲᠡᠷᠡ ᠴᠠᠭ ᠭᠠᠷᠭᠠᠵᠤ ᠭᠡᠷ᠎ᠲᠡᠬᠡᠨ ᠬᠠᠷᠢᠵᠤ ᠲᠦᠷᠦᠯ ᠰᠠᠳᠤᠨ᠎ᠢᠶᠠᠨ ᠡᠷᠭᠢᠵᠦ᠍ ᠦᠵᠡᠪᠡ᠂ ᠭᠡᠪᠡᠴᠦ᠍ ᠰᠠᠨᠠᠭᠠᠨ ᠡᠴᠡ ᠭᠠᠳᠠᠭᠤᠷ ᠭᠡᠷ᠎ᠲᠡᠬᠡᠨ ᠬᠦᠷᠦᠭᠡᠳ ᠠᠷᠠᠢ 4 ᠴᠠᠭ ᠪᠣᠯᠤᠭ᠎ᠠ ᠦᠭᠡᠢ᠎ᠪᠠᠢᠳᠠᠯ᠎ᠠ ᠺᠣᠮᠫᠠᠨᠢ᠎ᠶ᠋ᠢᠨ ᠱᠢᠲᠠᠭᠠᠯᠭ᠎ᠠ ᠵᠢᠨ ᠵᠤᠤᠬᠠᠨ᠎ᠳᠤ ᠠᠰᠠᠭᠤᠳᠠᠯ ᠭᠠᠷᠤᠭᠰᠠᠨ ᠤᠳᠠᠰᠤ ᠵᠢ ᠲᠤᠰᠴᠤ᠂ ᠲᠡᠷᠡ ᠪᠡᠷ ᠲᠠᠷᠤᠢᠬᠠᠨ ᠬᠠᠷᠢᠵᠤ  ᠱᠢᠢᠳᠪᠦᠷᠢᠯᠡᠬᠦ᠌ ᠴᠢᠬᠤᠯᠠᠲᠠᠢ ᠪᠤᠯᠪᠠ᠃ ᠲᠡᠷᠡ ᠭᠡᠷ᠎ᠦᠨ ᠬᠥᠮᠦᠰ᠎ᠲᠡᠬᠡᠨ ᠲᠠᠢᠯᠪᠤᠷᠢᠯᠠᠬᠤ ᠵᠠᠪ ᠦᠭᠡᠢ᠂ ᠰᠠᠶᠢᠬᠠᠨ ᠲᠠᠯᠪᠢᠬᠰᠠᠨ ᠪᠤᠬᠴᠤ ᠪᠤᠭᠤᠳᠠᠯ᠎ᠢᠶᠡᠨ ᠡᠭᠦᠷᠦᠭᠡᠳ ᠶᠠᠭᠠᠷᠠᠤᠬᠠᠨ ᠠᠵᠢᠯ᠎ᠤᠨ ᠪᠠᠢᠷᠢ᠎ᠳᠠᠭᠠᠨ ᠪᠤᠴᠠᠪᠠ᠃ ᠭᠡᠮ ᠰᠤᠭᠤᠭ ᠲᠸ᠋ ᠴᠢᠭ᠌ᠯᠡᠭᠦᠯᠦᠨ᠂ ᠲᠡᠷᠡ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠦᠨ᠂《ᠦᠨᠡᠰᠦ ᠪᠣᠯᠤᠨ ᠪᠣᠬᠢᠷ ᠱᠢᠪᠠᠷ᠎ᠢ 1᠄ 3 ᠵᠢᠨ ᠬᠠᠷᠢᠴᠠᠯ᠎ᠢᠶᠠᠷ ᠵᠢᠭᠤᠷᠠᠭ᠍ᠰᠠᠨ᠎ᠤ ᠳᠠᠷᠠᠭ᠎ᠠ ᠳᠠᠬᠢᠨ ᠱᠢᠲᠠᠭᠠᠬᠤ》 ᠲᠥᠰᠦᠯ᠎ᠢ ᠳᠤᠷᠠᠳᠴᠤ᠌᠂ ᠲᠠᠰᠤᠷᠠᠯᠲᠠ ᠦᠭᠡᠢ ᠰᠦᠪᠡᠭ᠌ᠴᠢᠯᠡᠬᠦ᠌ ᠪᠠ ᠳᠠᠬᠢᠨ ᠳᠠᠪᠲᠠᠨ ᠲᠤᠷᠱᠢᠬᠤ᠎ᠪᠠᠷ ᠳᠠᠮᠵᠢᠨ᠂ ᠱᠢᠲᠠᠭᠠᠯᠭ᠎ᠠ ᠵᠢᠨ ᠵᠤᠤᠬ᠎ᠠ᠎ᠶ᠋ᠢᠨ ᠬᠡᠦᠷᠱᠢᠮᠡᠯ᠎ᠢ ᠱᠢᠢᠳᠪᠦᠷᠢᠯᠡᠬᠦ᠌ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠭ᠌ᠰᠡᠨ᠎ᠦ ᠬᠠᠮᠲᠤ ᠱᠢᠲᠠᠭᠠᠯᠭ᠎ᠠ ᠵᠢᠨ ᠵᠤᠤᠬ᠎ᠠ᠎ᠶ᠋ᠢᠨ ᠱᠢᠢᠳᠪᠦᠷᠢᠯᠡᠬᠦ᠌ ᠴᠢᠳᠠᠪᠤᠷᠢ᠎ᠶ᠋ᠢ 3 ᠳᠠᠬᠢᠨ ᠳᠡᠭᠡᠭ᠌ᠰᠢᠯᠡᠭᠦᠯᠵᠦ᠍᠂ ᠦᠨᠡᠰᠦ᠎ᠶ᠋ᠢᠨ ᠡᠭᠦᠰᠭᠦ ᠨᠤᠷᠮ᠎ᠠ᠎ᠶ᠋ᠢ 7% ᠪᠣᠯᠲᠠᠯ᠎ᠠ ᠪᠠᠭᠤᠷᠠᠭᠤᠯᠵᠤ ᠂ ᠺᠣᠮᠫᠠᠨᠢ᠎ᠶ᠋ᠢᠨ ᠡᠨᠧᠷᠭᠢ ᠠᠷᠪᠢᠯᠠᠬᠤ ᠪᠠ ᠦᠨᠡᠰᠦ ᠱᠢᠢᠳᠪᠦᠷᠢᠯᠡᠬᠦ ᠬᠠᠮᠢᠶ᠎ᠠ ᠪᠦᠬᠦᠢ ᠵᠠᠷᠤᠳᠠᠯ᠎ᠢ 200 ᠭᠠᠷᠤᠢ ᠲᠦᠮᠡᠨ ᠲᠥᠭᠥᠷᠢᠭ ᠪᠠᠭᠤᠷᠠᠭᠤᠯᠤᠭ᠍ᠰᠠᠨ ᠪᠠᠢᠨ᠎ᠠ᠃

19 ᠵᠢᠯ᠎ᠦᠨ ᠲᠤᠷᠰᠢ᠂ ᠴᠦ ᠵᠢᠶᠠᠨ ᠬᠤᠸᠠ ᠠᠵᠤ ᠠᠬᠤᠢᠯᠠᠯ᠎ᠤᠨ ᠥᠪᠡᠷ᠎ᠦᠨ ᠦᠷᠳᠡᠭ᠎ᠢ ᠪᠠᠭᠤᠷᠠᠭᠤᠯᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠠᠬᠢᠭᠤᠯᠵᠤ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ᠎ᠪᠡᠷ ᠬᠠᠯᠠᠱᠢᠷᠠᠯ ᠦᠭᠡᠢ ᠵᠢᠳᠬᠦᠭᠰᠡᠭᠡᠷ ᠢᠷᠡᠵᠡᠢ᠃ ᠬᠠᠮᠲᠤ ᠠᠵᠢᠯᠯᠠᠭ᠍ᠰᠠᠳ ᠨᠢ ᠲᠡᠭᠦᠨ᠎ᠢ ᠮᠠᠰᠢ ᠪᠢᠱᠢᠷᠡᠨ᠎ᠡ᠃《ᠴᠦ ᠡᠷᠬᠢᠯᠡᠭ᠌ᠴᠢ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠷ ᠵᠢᠡᠨ ᠤᠯᠠᠨ ᠡᠴᠡ ᠣᠷᠣᠢᠯᠠᠳᠠᠭ ᠵᠢᠡᠷ ᠪᠠᠷᠠᠬᠤ ᠦᠭᠡᠢ᠂ ᠠᠵᠢᠯ᠎ᠤᠨ ᠳᠤᠮᠳᠠ  ᠨᠡᠩ ᠴᠤ᠌ ᠪᠡᠶ᠎ᠡ᠎ᠪᠡᠷ᠎ᠢᠶᠡᠨ ᠬᠡᠪ ᠳᠠᠭᠤᠷᠢᠶᠠᠯ ᠪᠤᠯᠵᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ᠎ᠶ᠋ᠢᠨ ᠡᠮᠦᠨ᠎ᠡ ᠬᠡᠵᠢᠶᠡᠳᠡ ᠡᠮᠦᠨ᠎ᠡ ᠨᠢ ᠬᠣᠱᠢᠭᠤᠷᠠᠵᠤ᠂ ᠦᠷᠭᠦᠯᠵᠢ ᠰᠥᠨᠢ ᠳᠦᠯᠢ ᠪᠣᠯᠲᠠᠯ᠎ᠠ ᠠᠵᠢᠯᠯᠠᠳᠠᠭ᠂ ᠲᠡᠭᠦᠨ᠎ᠦ ᠡᠢᠮᠦᠷᠬᠦᠦ ᠱᠢᠷᠭᠠᠭᠤ ᠴᠢᠷᠮᠠᠢᠯᠭ᠎ᠠ ᠨᠢ ᠤᠯᠠᠨ᠎ᠤ ᠬᠦᠨᠳᠦᠳᠭᠡᠯ᠎ᠢ ᠤᠯᠤᠨ᠎ᠠ》 ᠭᠡᠵᠦ᠍ ᠺᠣᠮᠫᠠᠨᠢ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠦᠢᠯᠡᠳᠪᠦᠷᠢ᠎ᠶ᠋ᠢᠨ ᠲᠠᠰᠤᠭ᠎ᠤᠨ ᠳᠠᠷᠤᠭ᠎ᠠ ᠯᠢᠦ ᠬᠣᠩ ᠪᠢᠨ ᠬᠡᠯᠡᠪᠡ᠃

ᠡᠷᠬᠢᠮ ᠳᠡᠭᠡᠳᠦ ᠦᠢᠯᠡᠰ᠎ᠢ ᠪᠦᠲᠦᠭᠡᠬᠦ᠌᠎ᠳᠦ ᠢᠲᠡᠭᠡᠯ ᠵᠣᠷᠢᠭ᠎ᠲᠠᠶ᠂ ᠠᠵᠢᠯᠴᠢ ᠬᠥᠳᠡᠯᠮᠦᠷᠢᠴᠢ ᠪᠠᠢᠬᠤ ᠬᠡᠷᠡᠭ᠌ᠲᠡᠢ᠃ ᠴᠦ ᠵᠢᠶᠠᠨ ᠬᠤᠸᠠ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦ ᠰᠡᠳᠬᠢᠯ ᠪᠦᠬᠦ ᠵᠤᠷᠢᠭ ᠵᠢᠡᠷ ᠵᠢᠳᠬᠦᠬᠦ᠂ ᠨᠢᠭ᠍ᠲᠠ᠎ᠠᠴᠠ ᠨᠢᠭ᠍ᠲᠠ ᠪᠠᠢᠬᠤ᠂ ᠥᠴᠦᠬᠡᠨ ᠴᠦ᠍ ᠴᠠᠯᠠᠭᠠᠢᠳᠠᠬᠤ  ᠦᠭᠡᠢ ᠪᠠᠢᠬᠤ᠂ ᠤᠷᠠᠨ ᠲᠠᠷᠬᠠᠨ᠎ᠤ ᠵᠣᠷᠢᠭ ᠰᠠᠨᠠᠭ᠎ᠠ᠎ᠶ᠋ᠢ ᠲᠠᠢᠯᠪᠤᠷᠢᠯᠠᠪᠠ᠃   ᠲᠡᠭᠦᠨ᠎ᠦ ᠬᠠᠷᠢᠭᠤᠴᠠᠨ ᠬᠠᠮᠢᠶᠠᠷᠴᠤ᠌ ᠪᠦᠬᠦᠢ ᠬᠣᠶᠠᠷ ᠦᠢᠯᠡᠳᠪᠦᠷᠢ᠎ᠶ᠋ᠢᠨ ᠲᠠᠰᠤᠭ ᠨᠢ ᠺᠣᠮᠫᠠᠨᠢ᠎ᠳᠤ ᠤᠯᠠᠨ ᠤᠳᠠᠭ᠎ᠠ  《ᠲᠡᠷᠢᠭᠦᠨ᠎ᠦ ᠬᠠᠮᠲᠤ ᠨᠢᠭᠡᠴᠢ》 ᠪᠡᠷ ᠦᠨᠡᠯᠡᠭ᠌ᠳᠡᠪᠡ; ᠲᠡᠷᠡ 2022 ᠣᠨ᠎ᠳᠤ ᠨᠠᠢ᠍ᠮᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠎ᠪᠡᠷ ᠰᠣᠩᠭᠣᠭ᠍ᠳᠠᠵᠤ᠂ ᠡᠨᠡ ᠵᠢᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ》 ᠵᠢᠨ ᠢᠷᠠᠭᠤ ᠠᠯᠳᠠᠷ᠎ᠢ ᠬᠦᠷᠳᠡᠪᠡ᠃

《ᠡᠨᠡ ᠬᠦ᠌ ᠢᠷᠠᠭᠤ ᠠᠯᠳᠠᠷ ᠨᠢ ᠨᠤᠲᠠᠯᠠᠯᠲᠠ ᠪᠤᠯᠬᠤ ᠪᠠᠷ ᠪᠠᠷᠠᠬᠤ ᠦᠭᠡᠢ ᠨᠡᠩ ᠴᠤ᠌ ᠬᠦᠨᠳᠦ ᠬᠠᠷᠢᠭᠤᠴᠠᠯᠭ᠎ᠠ ᠪᠣᠯᠬᠤ ᠶᠤᠮ᠃ ᠬᠣᠢᠱᠢᠳᠠ᠎ᠶ᠋ᠢᠨ ᠠᠵᠢᠯ᠎ᠤᠨ ᠳᠤᠮᠳᠠ ᠪᠠᠨ ᠪᠢ ᠨᠢᠭ᠍ᠲᠠ᠎ᠠᠴᠠ ᠨᠢᠭ᠍ᠲᠠ ᠪᠠᠢᠬᠤ ᠣᠪᠣᠷ᠎ᠢᠶᠠᠨ ᠦᠷᠭᠦᠯᠵᠢᠯᠡᠨ ᠪᠠᠷᠢᠮᠲᠠᠯᠠᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠮᠡᠷᠭᠡᠵᠢᠯ᠎ᠦᠨ ᠱᠢᠨ᠎ᠡ᠎ᠶ᠋ᠢ ᠡᠭᠦᠳᠴᠦ᠍᠂ ᠺᠣᠮᠫᠠᠨᠢ᠎ᠶ᠋ᠢᠨ ᠬᠥᠭ᠌ᠵᠢᠯᠲᠡ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠨ᠎ᠡ》  ᠭᠡᠵᠦ᠍ ᠴᠦ ᠵᠢᠶᠠᠨ ᠬᠤᠸᠠ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号