ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠢ᠋ᠢᠡᠷ ᠂ 5 ᠰᠠᠷ᠎ᠠ ᠢ᠋ᠢᠨ 21 — 23 ᠤ᠋ ᠡᠳᠦᠷ ᠪᠣᠯᠲᠠᠯ᠎ᠠ ᠮᠠᠨ ᠤ᠋ ᠣᠷᠣᠨ ᠤ᠋ ᠳᠤᠮᠳᠠ ᠪᠡᠶ᠎ᠠ ᠪᠤᠯᠤᠨ ᠪᠠᠷᠠᠭᠤᠨ ᠪᠡᠶ᠎ᠠ ᠵᠢᠴᠢ ᠵᠡᠭᠦᠨ ᠬᠣᠢᠲᠤ ᠪᠡᠶ᠎ᠠ ᠳ᠋ᠤ ᠨᠡᠢᠳᠡᠮ ᠪᠤᠷᠤᠭᠠᠨ ᠤᠷᠤᠵᠤ᠂ ᠨᠡᠯᠢᠶᠡᠳ ᠭᠠᠵᠠᠷ ᠲᠦ᠍ ᠲᠤᠮᠳᠠ ᠡᠴᠡ ᠶᠡᠬᠡ ᠪᠤᠷᠤᠭᠠᠨ ᠤᠷᠤᠨ᠎ᠠ᠃
21 ᠤ᠋ ᠡᠳᠦᠷ ᠤ᠋ᠨ 20 ᠴᠠᠭ ᠡᠴᠡ 23 ᠤ᠋ ᠡᠳᠦᠷ ᠤ᠋ᠨ 8 ᠴᠠᠭ ᠪᠣᠯᠲᠠᠯ᠎ᠠ᠂ ᠠᠯᠠᠱᠠ ᠠᠢᠮᠠᠭ᠂ ᠪᠠᠶᠠᠨᠨᠠᠭᠤᠷ ᠬᠣᠲᠠ᠂ ᠦᠬᠠᠶ ᠬᠣᠲᠠ᠂ ᠣᠷᠳᠣᠰ ᠬᠣᠲᠠ᠂ ᠪᠤᠭᠤᠲᠤ ᠬᠣᠲᠠ᠂ ᠬᠥᠬᠡᠬᠣᠲᠠ᠂ ᠤᠯᠠᠭᠠᠨᠴᠠᠪ ᠬᠣᠲᠠ᠂ ᠱᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠡᠮᠦᠨ᠎ᠠ ᠪᠡᠶ᠎ᠠ᠂ ᠬᠢᠩᠭᠠᠨ ᠠᠢᠮᠠᠭ ᠤ᠋ᠨ ᠳᠤᠮᠳᠠ ᠪᠡᠶ᠎ᠠ ᠪᠠ ᠬᠣᠢᠲᠤ ᠪᠡᠶ᠎ᠠ᠂ ᠬᠥᠯᠥᠨ ᠪᠣᠢᠷ ᠬᠣᠲᠠ ᠢ᠋ᠢᠨ ᠶᠡᠬᠡᠩᠬᠢ ᠭᠠᠵᠠᠷ ᠲᠦ᠍ ᠪᠣᠷᠣᠭᠠᠨ ᠤᠷᠤᠨ᠎ᠠ᠃ ᠡᠭᠦᠨ ᠳ᠋ᠤ ᠪᠠᠶᠠᠨᠨᠠᠭᠤᠷ ᠬᠣᠲᠠ ᠢ᠋ᠢᠨ ᠵᠡᠭᠦᠨ ᠪᠡᠶ᠎ᠠ᠂ ᠣᠷᠳᠣᠰ ᠬᠣᠲᠠ ᠢ᠋ᠢᠨ ᠵᠡᠭᠦᠨ ᠬᠣᠢᠲᠤ ᠪᠡᠶ᠎ᠠ᠂ ᠪᠤᠭᠤᠲᠤ ᠬᠣᠲᠠ ᠢ᠋ᠢᠨ ᠶᠡᠬᠡᠩᠬᠢ ᠭᠠᠵᠠᠷ᠂ ᠬᠥᠬᠡᠬᠣᠲᠠ᠂ ᠤᠯᠠᠭᠠᠨᠴᠠᠪ ᠬᠣᠲᠠ ᠢ᠋ᠢᠨ ᠶᠡᠬᠡᠩᠬᠢ ᠭᠠᠵᠠᠷ ᠲᠤ᠌ ᠳᠤᠮᠳᠠ ᠡᠴᠡ ᠶᠡᠬᠡ ᠪᠣᠷᠣᠭᠠᠨ ᠣᠷᠣᠵᠤ᠂ ᠣᠬᠣᠷ ᠬᠤᠭᠤᠴᠠᠭᠠᠨ ᠤ᠋ ᠱᠢᠷᠦᠭᠦᠨ ᠪᠣᠷᠣᠭᠠᠨ᠂ ᠠᠶᠤᠩᠭᠠᠲᠤ ᠪᠣᠷᠣᠭᠠᠨ ᠶᠡᠬᠡ ᠰᠠᠯᠬᠢ ᠵᠡᠷᠭᠡ ᠬᠦᠴᠦᠲᠡᠶ ᠰᠣᠯᠢᠭ ᠤᠷᠤᠰᠭᠠᠯᠲᠤ ᠴᠠᠭ ᠠᠭᠤᠷ ᠳᠠᠭᠠᠯᠳᠤᠨ᠎ᠠ ᠃
21 ᠤ᠋ ᠡᠳᠦᠷ ᠤ᠋ᠨ 8 ᠴᠠᠭ ᠡᠴᠡ 22 ᠤ᠋ᠨ ᠡᠳᠦᠷ ᠤ᠋ᠨ 20 ᠴᠠᠭ ᠪᠣᠯᠲᠠᠯ᠎ᠠ᠂ ᠪᠥᠬᠥ᠌ ᠣᠷᠣᠨ ᠤ᠋ ᠶᠡᠬᠡᠩᠬᠢ ᠭᠠᠵᠠᠷ ᠲᠦ᠍ ᠪᠠᠷᠠᠭᠤᠨ ᠬᠤᠢᠨ᠎ᠠ ᠪᠤᠶᠤ ᠬᠤᠢᠨ᠎ᠠ ᠡᠴᠡ 4 — 5 ᠲᠠᠰ᠂ ᠣᠬᠣᠷ ᠬᠤᠭᠤᠴᠠᠭᠠᠨ ᠳ᠋ᠤ 6 — 7 ᠲᠠᠰ ᠤ᠋ᠨ ᠶᠡᠬᠡ ᠰᠠᠯᠬᠢ ᠰᠠᠯᠬᠢᠯᠠᠵᠤ᠂ ᠠᠯᠠᠱᠠ ᠠᠢᠮᠠᠭ ᠤ᠋ᠨ ᠵᠡᠭᠦᠨ ᠪᠡᠶ᠎ᠠ᠂ ᠪᠠᠶᠠᠨᠨᠠᠭᠤᠷ ᠬᠣᠲᠠ ᠢ᠋ᠢᠨ ᠪᠠᠷᠠᠭᠤᠨ ᠪᠡᠶ᠎ᠠ᠂ ᠦᠬᠠᠶ ᠬᠣᠲᠠ᠂ ᠣᠷᠳᠣᠰ ᠬᠣᠲᠠ ᠢ᠋ᠢᠨ ᠪᠠᠷᠠᠭᠤᠨ ᠪᠡᠶ᠎ᠠ᠂ ᠱᠢᠯᠢ ᠢ᠋ᠢᠨ ᠭᠤᠤᠯ ᠠᠢᠮᠠᠭ ᠤ᠋ᠨ ᠵᠡᠭᠦᠨ ᠬᠣᠢᠲᠤ ᠪᠡᠶ᠎ᠠ᠂ ᠤᠯᠠᠭᠠᠨᠬᠠᠳᠠ ᠬᠣᠲᠠ ᠢ᠋ᠢᠨ ᠬᠣᠢᠲᠤ ᠪᠡᠶ᠎ᠠ᠂ ᠲᠦᠩᠯᠢᠶᠣᠤ ᠬᠣᠲᠠ ᠢ᠋ᠢᠨ ᠪᠠᠷᠠᠭᠤᠨ ᠬᠣᠢᠲᠤ ᠪᠡᠶ᠎ᠠ᠂ ᠬᠢᠩᠭᠠᠨ ᠠᠢᠮᠠᠭ ᠤ᠋ᠨ ᠪᠠᠷᠠᠭᠤᠨ ᠪᠡᠶ᠎ᠠ ᠢ᠋ᠢᠨ ᠬᠡᠰᠡᠭ ᠭᠠᠵᠠᠷ ᠲᠤ᠌ 8 — 9 ᠲᠠᠰ ᠤ᠋ᠨ ᠶᠡᠬᠡ ᠰᠠᠯᠬᠢ ᠰᠠᠯᠬᠢᠯᠡᠨᠠ᠃