ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠬᠠᠭᠤᠴᠢ ᠰᠤᠳᠤᠯᠤᠯ ᠤ᠋ᠨ ᠬᠦᠷᠢᠶᠡᠯᠡᠩ ᠡᠴᠡ ᠤᠢᠯᠠᠭᠠᠭᠰᠠᠨ ᠵᠢᠡᠷ᠂ 5 ᠰᠠᠷ᠎ᠠ ᠶ᠋ᠢᠨ 14 ᠤ᠋ ᠡᠳᠦᠷ᠂ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠪᠠᠭᠤᠷᠢ ᠶ᠋ᠢᠨ 2025 ᠣᠨ ᠤ᠋ ᠬᠠᠭᠤᠴᠢ ᠰᠤᠳᠤᠯᠤᠯ ᠤ᠋ᠨ ᠠᠭᠤᠳᠠᠯᠤᠨ ᠮᠠᠯᠲᠠᠬᠤ ᠠᠵᠢᠯ ᠡᠬᠢᠯᠡᠪᠡ᠃ ᠬᠠᠭᠤᠴᠢ ᠰᠤᠳᠤᠯᠤᠭ᠍ᠴᠢᠳ ᠬᠠᠭᠠᠨ ᠤ᠋ ᠬᠣᠲᠠ ᠶ᠋ᠢᠨ ᠡᠮᠦᠨᠡᠲᠦ ᠬᠡᠰᠡᠭ ᠲᠦ᠍ 5 ᠰᠠᠷ᠎ᠠ ᠶ᠋ᠢᠨ ᠬᠤᠭᠤᠴᠠᠭ᠎ᠠ ᠲᠠᠶ ᠬᠠᠭᠤᠴᠢ ᠰᠤᠳᠤᠯᠤᠯ ᠤ᠋ᠨ ᠠᠭᠤᠳᠠᠯᠤᠨ ᠮᠠᠯᠲᠠᠬᠤ ᠠᠵᠢᠯ ᠥᠷᠨᠢᠭᠦᠯᠵᠦ᠍᠂ ᠲᠣᠰ ᠬᠡᠰᠡᠭ ᠲᠡᠬᠢ ᠲᠣᠮᠣ ᠬᠡᠯᠪᠡᠷᠢ ᠶ᠋ᠢᠨ ᠪᠠᠷᠢᠯᠭ᠎ᠠ ᠶ᠋ᠢᠨ ᠰᠠᠭᠤᠷᠢ ᠭᠠᠵᠠᠷ ᠤ᠋ᠨ ᠦᠢᠯᠡᠳᠦᠯ ᠬᠡᠷᠡᠭᠴᠡᠭᠡ ᠪᠠ ᠱᠢᠨᠵᠢ ᠴᠢᠨᠠᠷ ᠢ᠋ ᠭᠤᠤᠯᠳᠠᠯᠭ᠎ᠠ ᠲᠠᠶ ᠰᠦᠪᠡᠭ᠌ᠴᠢᠯᠡᠨᠡ᠃
ᠤᠳᠤᠬᠠᠨ ᠳ᠋ᠦ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠬᠠᠭᠠᠨ ᠤ᠋ ᠬᠣᠲᠠ ᠶ᠋ᠢᠨ ᠡᠮᠦᠨ᠎ᠠ ᠬᠡᠰᠡᠭ ᠤ᠋ᠨ ᠠᠭᠤᠳᠠᠯᠤᠨ ᠮᠠᠯᠲᠠᠯᠳᠠ ᠶ᠋ᠢᠨ ᠭᠠᠵᠠᠷ ᠲᠦ᠍ ᠬᠠᠭᠤᠴᠢ ᠰᠤᠳᠤᠯᠤᠯ ᠤ᠋ᠨ ᠠᠵᠢᠯᠲᠠᠳ ᠬᠠᠢᠨ ᠱᠢᠨᠵᠢᠯᠡᠬᠦ᠌ ᠪᠠ ᠠᠭᠤᠳᠠᠯᠤᠨ ᠮᠠᠯᠲᠠᠬᠤ ᠠᠵᠢᠯ ᠢ᠋ ᠡᠮᠬᠢ ᠵᠢᠷᠤᠮ ᠲᠠᠶ ᠥᠷᠨᠢᠭᠦᠯᠵᠦ᠍ ᠪᠠᠢᠬᠤ ᠪᠥᠭᠡᠳ ᠠᠭᠤᠳᠠᠯᠵᠦ ᠢᠯᠡᠷᠡᠬᠦᠯᠦᠭᠰᠡᠨ ᠪᠠᠭᠤᠷᠢ ᠪᠠ ᠲᠤᠷᠠᠰᠬᠠᠯᠳᠦ ᠪᠣᠳᠠᠰ ᠢ᠋ ᠱᠢᠰᠲ᠋ᠧᠮ ᠲᠡᠶ ᠡᠮᠬᠢᠯᠡᠨ ᠲᠡᠮᠳᠡᠭ᠌ᠯᠡᠵᠦ᠍ ᠪᠠᠢᠨ᠎ᠠ᠃ ᠡᠮᠦᠨᠡᠬᠢ ᠬᠤᠭᠤᠴᠠᠭᠠᠨ ᠤ᠋ ᠬᠠᠢᠨ ᠱᠢᠨᠵᠢᠯᠡᠯᠲᠡ ᠡᠴᠡ ᠮᠡᠳᠡᠭᠰᠡᠨ ᠨᠢ᠂ ᠲᠣᠰ ᠬᠡᠰᠡᠭ ᠲᠦ᠍ ᠨᠢᠭᠡᠨ ᠲᠣᠮᠣ ᠬᠡᠪᠴᠢᠶᠡᠨ ᠤ᠋ ᠪᠠᠷᠢᠯᠭ᠎ᠠ ᠶ᠋ᠢᠨ ᠪᠠᠭᠤᠷᠢ ᠲᠠᠢ ᠪᠠᠢᠵᠦ᠂ ᠬᠠᠭᠤᠴᠢ ᠰᠤᠳᠤᠯᠤᠭ᠍ᠴᠢᠳ ᠶᠠᠭ ᠣᠷᠣᠨ ᠪᠠᠢᠷᠢ ᠵᠢ ᠨᠢ ᠣᠨᠣᠪᠴᠢᠲᠠᠶ ᠬᠠᠢᠨ ᠲᠣᠭ᠍ᠲᠠᠭᠠᠵᠤ ᠪᠠᠢᠨ᠎ᠠ᠃ ᠤᠢᠯᠠᠭᠠᠭᠰᠠᠨ ᠢ᠋ᠶ᠋ᠡᠷ᠂ ᠲᠦᠷᠦᠭᠦᠦ ᠬᠡᠳᠦᠨ ᠵᠢᠯ ᠤ᠋ᠨ ᠬᠠᠭᠤᠴᠢ ᠰᠤᠳᠤᠯᠤᠯ ᠤ᠋ᠨ ᠠᠵᠢᠯ ᠢ᠋ᠶ᠋ᠠᠷ ᠳᠡᠮᠵᠢᠨ ᠰᠤᠳᠤᠯᠭᠠᠨ ᠤ᠋ ᠪᠦᠯᠬᠦᠮ ᠨᠢᠭᠡᠨᠲᠡ ᠲᠣᠰ ᠬᠡᠰᠡᠭ ᠤ᠋ᠨ ᠪᠠᠭᠤᠷᠢ ᠶ᠋ᠢᠨ ᠴᠠᠭ ᠦᠶ᠎ᠡ ᠶ᠋ᠢᠨ ᠣᠨᠴᠠᠯᠢᠭ ᠪᠠ ᠪᠠᠢᠷᠢᠯᠠᠭᠤᠯᠤᠯᠲᠠ ᠶ᠋ᠢᠨ ᠬᠡᠯᠪᠡᠷᠢ ᠵᠢ ᠦᠨᠳᠦᠰᠦᠨ ᠳ᠋ᠡᠬᠡᠨ ᠡᠵᠡᠮᠰᠢᠵᠡᠢ᠃ ᠡᠨᠡ ᠵᠢᠯ ᠲᠤᠰ ᠬᠡᠰᠡᠭ ᠢ᠋ ᠦᠷᠭᠦᠯᠵᠢᠯᠡᠨ ᠭᠤᠤᠯᠳᠠᠯᠭ᠎ᠠ ᠲᠠᠶ ᠠᠭᠤᠳᠠᠯᠵᠤ᠂ ᠬᠦᠷᠢᠶ᠎ᠡ ᠬᠠᠱᠢᠶᠠ ᠶ᠋ᠢᠨ ᠪᠠᠢᠷᠢᠱᠢᠯ ᠵᠢᠴᠢ ᠬᠤᠪᠢᠷᠠᠯᠲᠠ ᠶ᠋ᠢᠨ ᠶᠠᠪᠤᠴᠠ ᠵᠢ ᠭᠤᠤᠯᠳᠠᠯᠭ᠎ᠠ ᠲᠠᠶ ᠰᠦᠪᠡᠭ᠌ᠴᠢᠯᠡᠬᠦ᠌ ᠶ᠋ᠢᠨ ᠬᠠᠮᠲᠤ ᠪᠠᠷᠢᠯᠭ᠎ᠠ ᠶ᠋ᠢᠨ ᠱᠢᠨᠵᠢ ᠴᠢᠨᠠᠷ ᠪᠣᠯᠤᠨ ᠦᠢᠯᠡᠳᠦᠯ ᠬᠡᠷᠡᠭᠴᠡᠬᠡ ᠵᠢ ᠨᠢ ᠲᠣᠳᠣᠷᠬᠠᠢᠯᠠᠬᠤ ᠪᠤᠯᠤᠨ᠎ᠠ᠃
ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠪᠠᠭᠤᠷᠢ ᠤᠯᠠᠭᠠᠨᠬᠠᠳᠠ ᠬᠣᠲᠠ ᠶ᠋ᠢᠨ ᠪᠠᠭᠠᠷᠢᠨ ᠵᠡᠭᠦᠨ ᠬᠣᠱᠢᠭᠤᠨ ᠤ᠋ ᠯᠢᠨᠳᠦ᠋ᠩ ᠪᠠᠯᠭᠠᠰᠤ ᠵᠢᠨ ᠵᠡᠭᠦᠨ ᠡᠮᠦᠨ᠎ᠡ ᠪᠠᠢᠷᠢᠯᠠᠵᠤ᠂ ᠤᠮᠠᠷᠠᠲᠤ ᠬᠡᠰᠡᠭ ᠤ᠋ᠨ ᠬᠠᠭᠠᠨ ᠤ᠋ ᠬᠣᠲᠠ ᠪᠠ ᠡᠮᠦᠨᠡᠲᠦ ᠬᠡᠰᠡᠭ ᠤ᠋ᠨ ᠢᠷᠭᠡᠨ ᠤ᠋ ᠬᠣᠲᠠ ᠪᠡᠷ ᠪᠦᠷᠢᠯᠳᠦᠵᠦ᠍᠂ ᠪᠥᠬᠥ᠌ ᠤᠯᠤᠰ ᠤ᠋ᠨ ᠲᠦᠷᠦᠬᠦᠤ ᠪᠦᠯᠦᠭ ᠤ᠋ᠨ ᠭᠤᠤᠯᠳᠠᠯᠭ᠎ᠠ ᠲᠠᠶ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠲᠠ ᠶ᠋ᠢᠨ ᠨᠢᠭᠡᠴᠢ ᠪᠣᠯᠤᠨ᠎ᠠ᠃ 2021 ᠣᠨ ᠳ᠋ᠦ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠪᠠᠭᠤᠷᠢ ᠮᠠᠨ ᠤ᠋ ᠤᠯᠤᠰ ᠤ᠋ᠨ《ᠵᠠᠭᠤᠨ ᠵᠢᠯ ᠤ᠋ᠨ ᠵᠠᠭᠤᠨ ᠬᠠᠭᠤᠴᠢ ᠰᠤᠳᠤᠯᠤᠯ ᠤ᠋ᠨ ᠴᠢᠬᠤᠯᠠ ᠢᠯᠡᠷᠡᠭᠦᠯᠦᠯᠲᠡ》 ᠳ᠋ᠤ ᠰᠣᠩᠭᠣᠭ᠍ᠳᠠᠵᠤ᠂ 2024 ᠣᠨ ᠳ᠋ᠦ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠬᠠᠭᠠᠨ ᠤ᠋ ᠬᠣᠲᠠ ᠶ᠋ᠢᠨ ᠡᠮᠦᠨᠡᠲᠦ ᠬᠡᠰᠡᠭ ᠤ᠋ᠨ ᠪᠠᠷᠢᠯᠭ᠎ᠠ ᠶ᠋ᠢᠨ ᠪᠠᠭᠤᠷᠢ ᠨᠢ ᠳᠤᠮᠳᠠᠳᠤ ᠤᠯᠤᠰ ᠤ᠋ᠨ 6 ᠴᠢᠬᠤᠯᠠ ᠬᠠᠭᠤᠴᠢ ᠰᠤᠳᠤᠯᠤᠯ ᠤ᠋ᠨ ᠱᠢᠨ᠎ᠡ ᠢᠯᠡᠷᠡᠭᠦᠯᠦᠯᠲᠡ ᠳ᠋ᠦ ᠰᠣᠩᠭᠣᠭ᠍ᠳᠠᠪᠠ᠃ ᠡᠨᠡ ᠵᠢᠯ ᠤ᠋ᠨ ᠬᠠᠭᠤᠴᠢ ᠰᠤᠳᠤᠯᠤᠯ ᠤ᠋ᠨ ᠠᠵᠢᠯ ᠢ᠋ ᠳᠤᠮᠳᠠᠳᠤ ᠤᠯᠤᠰ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠬᠠᠭᠤᠴᠢ ᠰᠤᠳᠤᠯᠤᠯ ᠤ᠋ᠨ ᠰᠤᠳᠤᠯᠭᠠᠨ ᠤ᠋ ᠭᠠᠵᠠᠷ ᠤ᠋ᠨ ᠥᠪᠥᠷ ᠮᠣᠩᠭᠣᠯ ᠤ᠋ᠨ ᠬᠣᠶᠠᠳᠤᠭᠠᠷ ᠠᠵᠢᠯᠯᠠᠬᠤ ᠠᠩᠬᠢ ᠪᠣᠯᠤᠨ ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠤ᠋ᠨ ᠬᠠᠭᠤᠴᠢ ᠰᠤᠳᠤᠯᠤᠯ ᠤ᠋ᠨ ᠬᠦᠷᠢᠶᠡᠯᠡᠩ ᠡᠴᠡ ᠬᠠᠮᠲᠤᠷᠠᠨ ᠥᠷᠨᠢᠭᠦᠯᠵᠦ᠍ ᠂ 2000 ᠲᠡᠭ᠌ᠰᠢ ᠳᠥᠷᠪᠡᠯᠵᠢᠨ ᠮᠸᠲᠷ ᠲᠠᠯᠠᠪᠠᠢ ᠪᠦᠬᠦᠢ ᠭᠠᠵᠠᠷ ᠢ᠋ ᠠᠭᠤᠳᠠᠯᠬᠤᠪᠠᠷ ᠲᠥᠯᠥᠪᠯᠡᠵᠦ᠍᠂ ᠵᠢᠱ᠌ᠢᠯᠲᠡ ᠪᠡᠷ 10 ᠰᠠᠷ᠎ᠠ ᠶ᠋ᠢᠨ ᠳᠤᠮᠳᠠᠴᠢ ᠪᠠᠷ ᠬᠡᠭᠡᠷ᠎ᠡ ᠶ᠋ᠢᠨ ᠬᠠᠭᠤᠴᠢ ᠰᠤᠳᠤᠯᠤᠯ ᠤ᠋ᠨ ᠠᠵᠢᠯ ᠢ᠋ ᠳᠠᠭᠤᠰᠭᠠᠬᠤ ᠪᠡᠷ ᠪᠤᠢ᠃
《ᠯᠢᠶᠣᠤ ᠤᠯᠤᠰ ᠤ᠋ᠨ ᠲᠡᠦᠬᠡ》 ᠳ᠋ᠦ ᠲᠡᠮᠳᠡᠭ᠌ᠯᠡᠭ᠌ᠰᠡᠨ ᠢ᠋ ᠦᠨᠳᠦᠰᠦᠯᠡᠪᠡᠯ᠂ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠬᠠᠭᠠᠨ ᠤ᠋ ᠬᠣᠲᠠ ᠶ᠋ᠢᠨ ᠡᠮᠦᠨᠡᠲᠦ ᠬᠡᠰᠡᠭ ᠲᠦ᠍ ᠶᠠᠮᠤᠨ᠂ ᠰᠦᠮ᠎ᠡ ᠬᠡᠢᠳ᠂ ᠺᠦᠩᠽᠢ ᠶ᠋ᠢᠨ ᠰᠦᠮ᠎ᠡ᠂ ᠤᠯᠤᠰ ᠤ᠋ᠨ ᠬᠦᠮᠦᠵᠢᠯ ᠤ᠋ᠨ ᠵᠤᠷᠭᠠᠨ ᠵᠡᠷᠭᠡ ᠯᠢᠶᠣᠤ ᠤᠯᠤᠰ ᠤ᠋ᠨ ᠦᠶ᠎ᠡ ᠶ᠋ᠢᠨ ᠴᠢᠬᠤᠯᠠ ᠪᠠᠷᠢᠯᠭ᠎ᠠ ᠶ᠋ᠢᠨ ᠪᠠᠭᠤᠷᠢ ᠲᠠᠷᠬᠠᠵᠤ ᠪᠠᠢᠨ᠎ᠠ᠃ ᠳᠤᠮᠳᠠᠳᠤ ᠤᠯᠤᠰ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠬᠠᠭᠤᠴᠢ ᠰᠤᠳᠤᠯᠤᠯ ᠤ᠋ᠨ ᠭᠠᠵᠠᠷ ᠤ᠋ᠨ ᠳᠡᠳ᠋ ᠰᠤᠳᠤᠯᠤᠭ᠍ᠴᠢ᠂ ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠬᠠᠭᠤᠴᠢ ᠰᠤᠳᠤᠯᠤᠯ ᠤ᠋ᠨ ᠠᠩᠭᠢ ᠶ᠋ᠢᠨ ᠲᠥᠷᠥᠯ ᠵᠦᠶ᠋ᠯ ᠤ᠋ᠨ ᠬᠠᠷᠢᠭᠤᠴᠠᠯᠭᠠᠲᠠᠨ ᠸᠠᠩ ᠶᠢᠩ ᠄ 《ᠲᠣᠰ ᠣᠷᠣᠨ ᠪᠦᠰᠡ ᠨᠢ ᠬᠠᠭᠠᠨ ᠤ᠋ ᠬᠣᠲᠠ ᠳ᠋ᠦ ᠴᠢᠬᠤᠯᠠ ᠪᠠᠢᠷᠢ ᠰᠠᠭᠤᠷᠢ ᠲᠠᠶ ᠪᠠᠢᠵᠤ᠂ ᠪᠠᠷᠢᠯᠭ᠎ᠠ ᠶ᠋ᠢᠨ ᠬᠡᠪᠴᠢᠶ᠎ᠡ ᠨᠢ ᠯᠤᠲᠤ ᠶᠡᠬᠡ᠂ ᠵᠡᠷᠭᠡ ᠳᠡᠰ ᠨᠢ ᠨᠡᠯᠢᠶᠡᠳ ᠥᠨᠳᠥᠷ ᠪᠠᠢᠳᠠᠭ᠃ ᠪᠢᠳᠡ ᠱᠢᠰᠲ᠋ᠧᠮ ᠲᠡᠶ ᠠᠭᠤᠳᠠᠯᠬᠤᠪᠠᠷ ᠳᠡᠮᠵᠢᠨ ᠲᠤᠰ ᠪᠠᠷᠢᠯᠭ᠎ᠠ ᠶ᠋ᠢᠨ ᠪᠣᠳᠠᠲᠠᠶ ᠱᠢᠨᠵᠢ ᠴᠢᠨᠠᠷ ᠢ᠋ ᠨᠤᠲᠠᠯᠠᠵᠤ᠂ ᠯᠢᠶᠣᠤ ᠤᠯᠤᠰ ᠤ᠋ᠨ ᠦᠶ᠎ᠡ ᠶ᠋ᠢᠨ ᠨᠡᠢᠰᠯᠡᠯ ᠬᠣᠲᠠ ᠶ᠋ᠢᠨ ᠲᠦᠷᠢᠮ ᠢ᠋ ᠰᠤᠳᠤᠯᠬᠤ ᠳ᠋ᠦ ᠱᠢᠨ᠎ᠡ ᠭᠡᠷᠡᠴᠢ ᠤᠯᠬᠤ ᠵᠢ ᠬᠦᠰᠡᠵᠦ᠍ ᠪᠠᠢᠨ᠎ᠠ》 ᠭᠡᠵᠤ ᠲᠠᠨᠢᠯᠴᠠᠭᠤᠯᠵᠤ ᠪᠠᠢᠯ᠎ᠠ᠃