《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ ᠰᠣᠶᠣᠯ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠪᠣᠯᠤᠨ ᠠᠮᠲᠠᠲᠤ ᠢᠳᠡᠭᠡᠨ ᠢ᠋ ᠠᠭᠤᠰᠤᠯᠴᠠᠭᠤᠯᠤᠭᠰᠠᠨ ᠵᠠᠮ ᠬᠠᠷᠢᠯᠴᠠᠭᠠᠨ᠎ᠤ ᠵᠢᠭᠤᠯᠴᠢᠯᠠᠯ ᠤ᠋ᠨ ᠦᠪᠡᠳᠡᠭ᠌ᠰᠢ ᠳᠠᠢᠯᠠᠯᠭ᠎ᠠ ᠪᠤᠭᠤᠲᠤ᠎ᠶ᠋ᠢᠨ ᠵᠠᠮ ᠬᠠᠷᠢᠯᠴᠠᠭᠠᠨ ᠤ᠋ ᠦᠢᠯᠡᠴᠢᠯᠡᠭᠡᠨ᠎ᠦ ᠲᠣᠭᠣᠷᠢᠭ᠎ᠲᠤ ᠬᠥᠷ ᠬᠥᠭ᠌ᠵᠢᠶᠡᠨᠲᠡᠶ ᠡᠬᠢᠯᠡᠪᠡ᠃
5 ᠰᠠᠷ᠎ᠠ ᠵᠢᠨ 1 ᠤ᠋ ᠡᠳᠦᠷ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠦᠨ ᠪᠤᠭᠤᠲᠤ᠎ᠶ᠋ᠢᠨ ᠬᠤᠪᠢᠶᠠᠷᠢ ᠺᠣᠮᠫᠠᠨᠢ᠎ᠨᠢ ᠥᠪᠥᠷ ᠮᠣᠩᠭᠣᠯ᠎ᠤᠨ ᠤᠮᠠᠷᠠᠲᠤ ᠬᠢᠯᠢ᠎ᠶ᠋ᠢᠨ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ ᠨᠡᠭᠡᠭᠡᠨ ᠬᠥᠭ᠌ᠵᠢᠭᠦᠯᠦᠯᠳᠡ ᠵᠢᠨ ᠬᠢᠵᠠᠭᠠᠷᠲᠤ ᠺᠣᠮᠫᠠᠨᠢ᠂ ᠪᠤᠭᠤᠲᠤ ᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠂ ᠪᠤᠭᠤᠲᠤ ᠬᠣᠲᠠ᠎ᠶ᠋ᠢᠨ ᠮᠠᠯ ᠠᠵᠤ ᠠᠬᠤᠶ ᠲᠠᠷᠢᠶᠠᠯᠠᠩ ᠪᠠ ᠬᠦᠳᠡᠬᠡ ᠲᠤᠰᠬᠤᠨ ᠮᠠᠯᠵᠢᠬᠤ ᠤᠷᠤᠨ᠎ᠤ ᠲᠣᠪᠴᠢᠶ᠎ᠠ᠎ᠲᠠᠶ ᠬᠠᠮᠲᠤᠷᠠᠨ 《ᠵᠠᠮ ᠬᠠᠷᠢᠯᠴᠠᠭ᠎ᠠ ᠵᠢᠭᠤᠯᠴᠢᠯᠠᠯ᠎ᠢ ᠠᠭᠤᠰᠤᠯᠴᠠᠭᠤᠯᠵᠤ ᠵᠠᠮ ᠲᠠᠭᠠᠤ ᠠᠵᠤ ᠠᠬᠤᠢ ᠵᠢ ᠬᠥᠭ᠌ᠵᠢᠭᠦᠯᠬᠦ᠌》 ᠪᠠᠷ ᠭᠤᠤᠯ ᠰᠡᠳᠦᠪ ᠪᠣᠯᠭᠠᠵᠤ᠂ ᠲᠦᠷᠬᠡᠨ ᠤ᠋ ᠵᠠᠰᠠᠮᠠᠯ ᠵᠠᠮ᠎ᠤᠨ ᠰᠣᠶᠣᠯ ᠵᠢᠭᠤᠯᠴᠢᠯᠠᠯ᠎ᠤᠨ ᠶᠡᠷᠦᠩᠬᠡᠢᠯᠡᠭᠰᠡᠨ ᠴᠤᠭ᠍ᠯᠠᠭᠠᠨ᠎ᠢ ᠪᠠᠢᠭᠤᠯᠪᠠ᠃ ᠲᠣᠰ ᠴᠤᠭ᠍ᠯᠠᠭᠠᠨ ᠨᠢ ᠵᠢᠷᠭᠤᠭᠠᠨ ᠶᠡᠬᠡ ᠭᠤᠤᠯ ᠰᠡᠳᠦᠪᠲᠦ ᠦᠵᠡᠭᠦᠯᠭᠡ᠎ᠶ᠋ᠢᠨ ᠲᠣᠭᠣᠷᠢᠭ᠎ᠢᠶᠠᠷ ᠳᠠᠮᠵᠢᠨ ᠦᠶ᠋ᠯᠡᠴᠢᠯᠡᠭᠡᠨ᠎ᠦ ᠲᠣᠭᠣᠷᠢᠭ ᠨᠢ ᠲᠦᠷ ᠠᠮᠠᠷᠠᠬᠤ ᠭᠠᠵᠠᠷ ᠪᠠᠢᠭᠰᠠᠨ ᠡᠴᠡ ᠪᠠᠨ ᠰᠣᠶᠣᠯ ᠵᠢᠭᠤᠯᠴᠢᠯᠠᠯ᠎ᠤᠨ ᠬᠡᠷᠡᠭ᠌ᠯᠡᠭᠡᠨ᠎ᠦ ᠱᠢᠨ᠎ᠡ ᠭᠠᠵᠠᠷ ᠲᠡᠢᠰᠢ ᠬᠡᠯᠪᠡᠷᠢ ᠵᠢ ᠬᠤᠪᠢᠷᠠᠭᠤᠯᠬᠤ᠎ᠶ᠋ᠢ ᠠᠬᠢᠭᠤᠯᠵᠤ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠠᠭᠤᠰᠤᠯᠴᠠᠨ ᠬᠥᠭ᠌ᠵᠢᠬᠦ᠌᠎ᠳᠦ 《ᠪᠤᠭᠤᠲᠤ᠎ᠶ᠋ᠢᠨ ᠥᠯᠢᠭᠡᠷ ᠳᠠᠭᠤᠷᠢᠶᠠᠯ》 ᠢ᠋ ᠬᠠᠩᠭᠠᠪᠠ᠃
ᠰᠣᠶᠣᠯ ᠵᠢᠭᠤᠯᠴᠢᠯᠠᠯ᠎ᠤᠨ ᠦᠵᠡᠭᠦᠯᠭᠡ ᠵᠢᠨ ᠲᠣᠭᠣᠷᠢᠭ᠎ᠲᠤ ᠣᠷᠣᠬᠤ ᠳ᠋ᠤ ᠠᠵᠤ ᠦᠢᠯᠡᠳᠪᠦᠷᠢ ᠪᠠ ᠪᠠᠢᠭᠠᠯᠢ᠎ᠶ᠋ᠢ ᠠᠭᠤᠰᠤᠯᠴᠠᠭᠤᠯᠤᠭᠰᠠᠨ ᠰᠣᠶᠣᠯ᠎ᠤᠨ ᠦᠪᠡᠳᠡᠭ᠌ᠰᠢ ᠳᠠᠢᠯᠠᠯᠭ᠎ᠠ ᠨᠢᠳᠤᠨ ᠳ᠋ᠤ ᠳᠤᠳᠤᠷᠠᠨ᠎ᠠ᠃ ᠪᠤᠭᠤᠲᠤ᠎ᠶ᠋ᠢᠨ ᠪᠤᠯᠤᠳ ᠲᠡᠮᠦᠷ᠎ᠦᠨ ᠪᠦᠯᠦᠭ᠌ᠯᠡᠯ᠎ᠦᠨ ᠲᠡᠮᠤᠷ ᠪᠤᠯᠪᠠᠰᠤᠷᠠᠭᠤᠯᠬᠤ ᠰᠣᠶᠣᠯ᠎ᠤᠨ ᠦᠵᠡᠭᠦᠯᠭᠡ ᠨᠢ ᠪᠤᠯᠤᠳ ᠲᠡᠮᠦᠷ ᠤ᠋ᠨ ᠠᠵᠤ ᠦᠢᠯᠡᠳᠪᠦᠷᠢ᠎ᠶ᠋ᠢᠨ ᠭᠠᠢᠬᠠᠮᠱᠢᠭ᠎ᠢ ᠲᠠᠬᠢᠨ ᠢᠯᠡᠷᠡᠭᠦᠯᠪᠡ; ᠤᠮᠠᠷᠠᠲᠤ᠎ᠶ᠋ᠢᠨ ᠴᠡᠷᠢᠭ᠎ᠦᠨ ᠵᠡᠪᠰᠡᠭ᠎ᠦᠨ ᠬᠤᠳᠠ᠎ᠶ᠋ᠢᠨ ᠴᠡᠷᠢᠭ᠎ᠦᠨ ᠠᠵᠤ ᠦᠢᠯᠡᠳᠪᠦᠷᠢ᠎ᠶ᠋ᠢᠨ ᠵᠠᠭ᠍ᠪᠤᠷ ᠪᠣᠯᠤᠨ ᠲᠡᠦᠬᠡ᠎ᠶ᠋ᠢᠨ ᠦᠯᠢᠬᠡᠷ ᠨᠢ ᠪᠤᠭᠤᠲᠤ᠎ᠶ᠋ᠢᠨ 《ᠴᠡᠷᠢᠭ᠎ᠦᠨ ᠵᠡᠪᠰᠡᠭ᠎ᠤᠨ ᠠᠵᠤ ᠦᠢᠯᠡᠳᠪᠦᠷᠢ᠎ᠶ᠋ᠢᠨ ᠥᠯᠥᠭᠡᠢ》 ᠪᠣᠯᠤᠭ᠍ᠰᠠᠨ ᠪᠠᠢᠳᠠᠯ ᠢ᠋ ᠬᠠᠷᠠᠭᠤᠯᠪᠠ᠃ ᠡᠭᠦᠨ᠎ᠦ ᠬᠠᠮᠲᠤ ᠬᠣᠪᠣᠷ ᠱᠢᠷᠣᠶ᠎ᠶ᠋ᠢᠨ ᠰᠣᠶᠣᠯ᠎ᠤᠨ ᠰᠢᠨ᠎ᠠ ᠡᠭᠦᠳᠦᠯᠲᠡ᠎ᠶ᠋ᠢᠨ ᠪᠦᠲᠦᠭᠡᠭᠳᠡᠭᠦᠨ᠎ᠨᠢ ᠦᠵᠡᠭᠦᠯᠭᠡ᠎ᠶ᠋ᠢᠨ ᠭᠢᠯᠠᠰ ᠴᠡᠭ ᠪᠣᠯᠵᠣ᠂ ᠬᠣᠪᠣᠷ ᠱᠢᠷᠣᠶ᠎ᠶ᠋ᠢᠨ ᠡᠯᠧᠮᠧᠨ᠋ᠲ᠎ᠢᠶᠡᠷ ᠰᠡᠳᠦᠪᠯᠡᠵᠤ ᠲᠥᠯᠥᠪᠯᠡᠭ᠌ᠰᠡᠨ ᠨᠣᠮ᠎ᠤᠨ ᠱᠣᠱᠢᠭ᠎ᠠ᠂ ᠴᠢᠮᠡᠭᠯᠡᠯ᠂ ᠵᠠᠰᠠᠯ ᠤ᠋ᠨ ᠡᠳ᠋ ᠵᠡᠷᠭᠡ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠪᠣᠯᠤᠨ ᠤᠷᠠᠯᠢᠭ ᠢ᠋ ᠭᠦᠢᠴᠡᠳ ᠠᠭᠤᠰᠤᠯᠴᠠᠭᠤᠯᠪᠠ᠃
ᠵᠢᠭᠤᠯᠴᠢᠯᠠᠭ᠍ᠴᠢ ᠵᠠᠩ ᠯᠢᠨ ᠺᠦᠨ 4 ᠨᠠᠰᠤᠲᠠᠢ ᠬᠦᠦ᠍᠎ᠪᠡᠨ ᠳᠠᠭᠠᠭᠤᠯᠤᠨ ᠬᠥᠬᠡᠬᠣᠲᠠ᠎ᠡᠴᠡ ᠦᠬᠠᠢ ᠵᠦᠭ ᠶᠠᠪᠤᠬᠤ ᠵᠠᠮ ᠵᠠᠭᠤᠷ᠎ᠠ᠎ᠪᠠᠨ ᠪᠤᠭᠤᠲᠤ᠎ᠶ᠋ᠢᠨ ᠦᠢᠯᠡᠴᠢᠯᠡᠭᠡᠨ᠎ᠦ ᠲᠤᠭᠤᠷᠢᠭ᠎ᠢᠶᠠᠷ ᠥᠩᠭᠡᠷᠡᠵᠤ᠂ ᠲᠡᠷᠬᠡ ᠪᠠᠨ ᠵᠣᠭ᠍ᠰᠣᠭᠠᠵᠤ ᠵᠢᠭᠠᠬᠠᠨ ᠠᠮᠠᠷᠠᠪᠠ᠃ ᠵᠠᠩ ᠯᠢᠨ ᠺᠦᠨ᠄ 《ᠡᠨᠡᠬᠦ ᠶᠠᠷᠦᠩᠬᠡᠢᠯᠡᠭᠰᠡᠨ ᠵᠡᠭᠡᠯᠢ ᠲᠤᠭᠤᠷᠢᠭ᠎ᠨᠢ ᠮᠠᠰᠢ ᠰᠤᠨᠢᠷᠬᠠᠯᠳᠠᠢ᠂ ᠮᠠᠰᠢ ᠣᠯᠠᠨ ᠪᠤᠭᠤᠲᠤ᠎ᠶ᠋ᠢᠨ ᠣᠨᠴᠠᠯᠢᠭ᠍ᠲᠤ ᠰᠣᠶᠣᠯ᠎ᠤᠨ ᠰᠢᠨ᠎ᠠ ᠡᠭᠦᠳᠦᠯᠲᠡ ᠪᠣᠯᠤᠨ ᠪᠣᠳᠠᠰ᠎ᠤᠨ ᠪᠤᠰᠤ ᠰᠣᠶᠣᠯ᠎ᠤᠨ ᠥᠪᠲᠡᠶ᠂ ᠪᠦᠳᠦᠭᠡᠯᠴᠢ ᠰᠡᠳᠬᠢᠬᠦᠢ ᠪᠡᠷ ᠬᠦᠢᠴᠡᠳ ᠪᠠᠢᠨ᠎ᠠ》 ᠭᠡᠪᠡ᠃
ᠠᠮᠲᠠᠲᠤ ᠢᠳᠡᠭᠡᠨ᠎ᠦ ᠵᠡᠭᠡᠯᠢ ᠵᠢᠨ ᠲᠣᠭᠣᠷᠢᠭ᠎ᠲᠤ 30 ᠭᠠᠷᠤᠶ ᠵᠦᠶ᠋ᠯ᠎ᠦᠨ ᠤᠮᠠᠷᠠᠲᠤ ᠬᠢᠯᠢ᠎ᠶ᠋ᠢᠨ ᠣᠨᠴᠠᠯᠢᠭ᠍ᠲᠤ ᠦᠨᠦᠷ ᠠᠮᠲᠠ ᠴᠤᠬᠯᠠᠷᠠᠵᠤ᠂ ᠵᠢᠭᠤᠯᠴᠢᠯᠠᠭ᠍ᠰᠡᠳ᠎ᠤᠨ ᠵᠢᠭᠤᠯᠴᠢᠯᠡᠨ ᠲᠤᠭᠤᠷᠢᠬᠤ ᠭᠠᠵᠠᠷ ᠪᠣᠯᠪᠠ᠃ ᠵᠡᠭᠡᠯᠢ ᠲᠣᠭᠣᠷᠢᠭ᠎ᠲᠤ 《ᠠᠮᠲᠠᠲᠤ ᠢᠳᠡᠭᠡᠨ᠎ᠦ ᠰᠣᠶᠣᠯ᠎ᠤᠨ ᠬᠡᠷᠡᠮ》 ᠢ᠋ ᠣᠨᠴᠠᠭᠠᠢᠯᠠᠨ ᠪᠠᠢᠷᠢᠯᠠᠭᠤᠯᠵᠤ᠂ ᠵᠢᠷᠤᠭ ᠪᠢᠴᠢᠭ᠎ᠢ ᠬᠠᠪᠰᠤᠷᠭᠠᠭ᠍ᠰᠠᠨ ᠡᠯ᠎ᠡ ᠵᠦᠶ᠋ᠯ᠎ᠦᠨ ᠢᠳᠡᠱᠢᠨ ᠨᠣᠭᠣᠭ᠎ᠠ᠎ᠶ᠋ᠢᠨ ᠲᠡᠦᠬᠡ᠎ᠶ᠋ᠢᠨ ᠡᠬᠢ ᠰᠤᠷᠪᠤᠯᠵᠢ ᠪᠠ ᠦᠶ᠋ᠯᠡᠳᠬᠦ᠌ ᠤᠷ᠎ᠠ ᠮᠡᠷᠭᠡᠵᠢᠯ᠎ᠢ ᠲᠠᠨᠢᠯᠴᠠᠭᠤᠯᠵᠤ᠂ ᠵᠢᠭᠤᠯᠴᠢᠯᠠᠭ᠍ᠰᠠᠳ᠎ᠲᠤ ᠤᠮᠠᠷᠠᠲᠤ ᠬᠢᠯᠢ᠎ᠶ᠋ᠢᠨ ᠢᠳᠡᠭᠡᠨ ᠤᠮᠳᠠᠭᠠᠨ᠎ᠤ ᠰᠣᠶᠣᠯ᠎ᠢ ᠭᠦᠨᠵᠡᠭᠡᠶ ᠣᠢᠯᠠᠭᠠᠭᠤᠯᠪᠠ᠃ ᠬᠠᠢ ᠫᠸᠩ ᠪᠣᠭᠣᠷᠰᠣᠭ᠎ᠤᠨ ᠫᠦᠰᠡ᠎ᠳᠦ ᠣᠷᠣᠬᠤ᠎ᠳᠤ ᠬᠥᠮᠦᠰ᠎ᠦᠨ ᠠᠩᠬᠠᠷᠤᠯ᠎ᠢ ᠬᠠᠮᠤᠭ᠎ᠡᠴᠡ ᠢᠯᠡᠭᠦᠦ ᠲᠠᠲᠠᠳᠠᠭ ᠨᠢ ᠥᠪᠡᠷᠮᠢᠴᠡ ᠣᠨᠴᠠᠯᠢᠭ᠎ᠲᠠᠶ ᠬᠤᠨᠢᠨ ᠮᠢᠬᠠᠨ᠎ᠤ ᠽᠦᠩᠽᠢ ᠪᠣᠯᠤᠨ᠎ᠠ᠃ ᠵᠧᠵᠢᠶᠠᠩ ᠮᠤᠵᠢ᠎ᠶ᠋ᠢᠨ ᠵᠢᠶᠠᠱᠢᠩ ᠡᠴᠡ ᠢᠷᠡᠭ᠌ᠰᠡᠨ ᠵᠢᠭᠤᠯᠴᠢᠯᠠᠬᠴᠢ᠄ 《ᠥᠪᠥᠷ ᠮᠣᠩᠭᠣᠯ᠎ᠤᠨ ᠬᠤᠨᠢᠨ ᠮᠢᠬᠠᠨ ᠤ᠋ ᠽᠦᠩᠽᠢ ᠪᠣᠯᠤᠨ ᠮᠠᠨ᠎ᠤ ᠵᠢᠶᠠᠱᠢᠩ ᠤ᠋ᠨ ᠮᠢᠬᠠᠨ ᠽᠦᠩᠽᠢ ᠬᠢᠬᠦ᠌ ᠤᠷ᠎ᠠ ᠮᠡᠷᠭᠡᠵᠢᠯ ᠨᠢ ᠠᠳᠠᠯᠢᠬᠠᠨ ᠣᠨᠴᠠᠯᠢᠭ ᠲᠠᠶ ᠪᠠᠢᠬᠤ᠎ᠶ᠋ᠢ ᠪᠤᠳᠤᠵᠤ ᠣᠯᠤᠭ᠍ᠰᠠᠨ ᠦᠭᠡᠢ᠂ ᠠᠩᠬ᠎ᠠ ᠤᠳᠠᠭ᠎ᠠ ᠡᠢᠮᠦ᠍ ᠠᠮᠲᠠ᠎ᠶ᠋ᠢ ᠠᠮᠲᠠᠯᠠᠵᠤ ᠪᠠᠢᠨ᠎ᠠ᠂ ᠨᠠᠳᠠ ᠳ᠋ᠤ ᠮᠠᠰᠢ ᠣᠨᠴᠠᠭᠠᠢ ᠲᠦᠷᠦᠭ᠌ᠳᠡᠯ ᠥᠭ᠌ᠴᠡᠢ》 ᠭᠡᠵᠤ ᠪᠠᠶᠠᠷᠯᠡᠨ ᠬᠡᠯᠡᠪᠡ᠃
ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠷᠢᠶᠠᠴᠢᠳ ᠢ᠋ ᠲᠤᠰᠠᠯᠠᠬᠤ ᠳᠡᠯᠭᠡᠨ ᠪᠣᠷᠣᠯᠠᠭᠤᠯᠬᠤ ᠲᠤᠭᠤᠷᠢᠭ ᠨᠢ ᠭᠠᠷᠤᠯᠲᠠ᠎ᠶ᠋ᠢᠨ ᠣᠷᠣᠨ ᠪᠣᠯᠤᠨ ᠬᠡᠷᠡᠭ᠌ᠯᠡᠭᠡ᠎ᠶ᠋ᠢ ᠬᠣᠯᠪᠣᠬᠤ 《ᠲᠦᠷᠭᠡᠨ᠎ᠦ ᠰᠠᠭᠠᠳ ᠦᠭᠡᠢ ᠨᠡᠪᠳᠡᠷᠡᠬᠦ ᠵᠠᠮ》 ᠪᠣᠯᠪᠠ᠃ ᠬᠤᠨᠴᠢᠷ᠂ ᠶᠠᠮᠠ᠎ᠶ᠋ᠢᠨ ᠦᠷ᠎ᠡ᠎ᠶ᠋ᠢᠨ ᠨᠤᠨᠲᠠᠭ ᠵᠡᠷᠭᠡ 20 ᠭᠠᠷᠤᠶ ᠵᠦᠶ᠋ᠯ᠎ᠦᠨ ᠭᠠᠵᠠᠷ ᠵᠦᠢ ᠵᠢᠨ ᠢᠯᠡᠷᠭᠡᠢᠯᠡᠯᠳᠤ ᠲᠡᠮᠳᠡᠭ ᠪᠦᠬᠦᠢ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠡᠷᠢ ᠲᠡᠭ᠌ᠰᠢ ᠳᠡᠯᠭᠡᠨ ᠦᠵᠡᠭᠦᠯᠵᠦ᠍᠂ ᠳᠡᠯᠭᠡᠨ ᠦᠵᠡᠭᠦᠯᠬᠦ᠌ ᠪᠠᠢᠷᠢ ᠨᠢᠭᠡᠪᠦᠷᠢ᠎ᠳᠦ ᠴᠥᠮ ᠬᠣᠶᠠᠷ ᠬᠡᠮᠵᠢᠯᠳᠦ ᠺᠣᠳ᠋᠎ᠢᠶᠡᠷ ᠡᠬᠢ ᠡᠬᠦᠰᠤᠯ ᠢ᠋ ᠨᠢ ᠡᠷᠢᠬᠦ᠌ ᠱᠢᠰᠲ᠋ᠧᠮ ᠲᠡᠶ᠂ ᠬᠡᠷᠡᠭ᠌ᠯᠡᠭ᠌ᠴᠢᠳ ᠺᠣᠳ᠋᠎ᠢ ᠱᠢᠷᠪᠢᠪᠡᠯ ᠦᠶ᠋ᠯᠡᠳᠬᠦᠨ᠎ᠦ ᠭᠠᠷᠤᠯᠲᠠ᠎ᠶ᠋ᠢᠨ ᠣᠷᠣᠨ᠂ ᠥᠰᠥᠯᠲᠡ᠎ᠶ᠋ᠢᠨ ᠦᠶᠡᠯᠡᠯ᠎ᠦᠨ ᠬᠤᠭᠤᠴᠠᠭ᠎ᠠ ᠵᠡᠷᠭᠡ ᠮᠡᠳᠡᠭᠡ ᠵᠠᠩᠭᠢ᠎ᠶ᠋ᠢ ᠪᠠᠢᠴᠠᠭᠠᠨ ᠦᠵᠡᠵᠦ᠍ ᠪᠣᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠤᠨ ᠲᠣᠭᠣᠷᠢᠭ᠎ᠲᠤ ᠳᠠᠷᠬᠠᠳ ᠲᠤᠰᠭᠠᠢ ᠵᠣᠬᠢᠶᠠᠭ᠍ᠰᠠᠨ ᠪᠢᠷ᠎ᠢᠶᠡᠷ᠎ᠢᠶᠡᠨ ᠬᠦᠬᠦᠷ᠎ᠦᠨ ᠳᠣᠲᠣᠷ ᠬᠠᠨ᠎ᠠ ᠳᠡᠭᠡᠷ᠎ᠡ ᠠᠭᠤᠯᠠ ᠤᠰᠤ ᠴᠡᠴᠡᠭ ᠱᠢᠪᠠᠭᠤ᠎ᠶ᠋ᠢ ᠵᠢᠷᠤᠵᠤ ᠭᠠᠷᠭᠠᠭᠰᠠᠨ ᠨᠢ ᠬᠥᠮᠦᠰ᠎ᠢ ᠭᠠᠢᠬᠠᠰᠢ ᠠᠯᠳᠠᠭᠤᠯᠤᠨ᠎ᠠ; ᠴᠠᠭᠠᠰᠤᠨ ᠬᠠᠢᠴᠢᠯᠠᠮᠠᠯ᠎ᠤᠨ ᠦᠢᠯᠡᠳᠪᠦᠷᠢ᠎ᠳᠦ ᠵᠢᠭᠤᠯᠴᠢᠯᠠᠬᠰᠡᠳ ᠪᠠᠭ᠍ᠰᠢ᠎ᠶ᠋ᠢᠨ ᠵᠢᠯᠤᠭᠤᠳᠤᠯᠭ᠎ᠠ ᠳᠣᠣᠷ᠎ᠠ ᠲᠠᠯ᠎ᠠ ᠨᠤᠲᠤᠭ᠎ᠤᠨ ᠤᠨᠴᠠᠯᠢᠬ᠍ᠳᠤ ᠬᠡ ᠤᠭᠠᠯᠵᠠ᠎ᠶ᠋ᠢ ᠬᠠᠢᠴᠢᠯᠠᠨ ᠭᠠᠷᠭᠠᠵᠤ᠂ ᠬᠦᠮᠦᠰ ᠬᠤᠷᠤᠭᠤᠨ ᠦᠵᠦᠭᠦᠷᠲᠡᠬᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠷᠢᠳᠢ ᠱᠢᠳᠢ᠎ᠶ᠋ᠢ ᠪᠡᠶᠡᠴᠢᠯᠡᠨ ᠣᠢᠯᠠᠭᠠᠵᠤ ᠪᠠᠢᠯ᠎ᠠ᠃
ᠦᠶ᠋ᠯᠡᠴᠢᠯᠡᠭᠡᠨ᠎ᠦ ᠲᠣᠭᠣᠷᠢᠭ᠎ᠲᠠᠬᠢ ᠪᠡᠶᠡᠴᠢᠯᠡᠨ ᠤᠢᠯᠠᠭᠠᠯᠲᠠ ᠨᠢ ᠮᠠᠷᠲᠠᠭ᠍ᠳᠠᠰᠢ ᠥᠬᠡᠶ ᠰᠠᠭᠤᠭ᠍ᠳᠠᠯ ᠦᠯᠡᠳᠡᠭᠡᠵᠡᠶ ᠭᠡᠵᠦ ᠵᠢᠭᠤᠯᠴᠢᠯᠠᠭ᠍ᠰᠡᠳ ᠶᠡᠷᠢᠵᠦ ᠪᠠᠢᠯ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠤᠯᠭᠤᠬᠤ ᠦᠵᠡᠭᠦᠯᠭᠡ᠎ᠶ᠋ᠢᠨ ᠲᠣᠭᠣᠷᠢᠭ ᠨᠢ ᠱᠢᠨ᠎ᠡ᠎ᠶ᠋ᠢ ᠡᠭᠦᠳᠬᠦ᠌ ᠲᠠᠯᠠᠪᠤᠷ ᠦᠵᠡᠮᠵᠢ᠎ᠪᠡᠷ ᠵᠢᠭᠤᠯᠴᠢᠯᠠᠭᠰᠠᠳ᠎ᠤᠨ ᠬᠠᠯᠠᠭᠤᠨ ᠰᠡᠳᠭᠢᠯᠭᠡ᠎ᠶ᠋ᠢ ᠬᠥᠭ᠌ᠵᠢᠭᠡᠪᠡ᠃ ᠵᠢᠶ ᠯᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠤᠷᠱᠢᠨ ᠵᠢᠯᠣᠭᠣᠳᠭᠤ ᠲᠣᠭᠣᠷᠢᠭ ᠨᠢ ᠰᠦᠶ᠋ᠳᠭᠡᠯ ᠬᠤᠷᠢᠶᠠᠬᠤ ᠥᠬᠡᠶ᠎ᠪᠡᠷ ᠲᠤᠷᠱᠢᠨ ᠵᠢᠯᠣᠭᠣᠳᠭᠤ ᠦᠶ᠋ᠯᠡᠴᠢᠯᠡᠭᠡ ᠬᠠᠩᠭᠠᠵᠤ᠂ ᠲᠤᠰᠭᠠᠶ ᠮᠡᠷᠭᠡᠵᠢᠯ᠎ᠦᠨ ᠲᠠᠢᠯᠪᠤᠷᠢᠯᠠᠭ᠍ᠴᠢ᠎ᠡᠴᠡ ᠮᠠᠱᠢᠨ ᠲᠡᠷᠭᠡᠨ᠎ᠦ ᠴᠢᠳᠠᠮᠵᠢ ᠪᠠ ᠪᠣᠬᠢᠷᠲᠤᠯ ᠥᠬᠡᠶ ᠶᠠᠪᠤᠵᠤ ᠰᠠᠭᠤᠬᠤ ᠣᠢᠯᠠᠭᠠᠭ᠍ᠳᠠᠬᠤᠨ᠎ᠢ ᠲᠠᠨᠢᠯᠴᠠᠭᠤᠯᠪᠠ; ᠤᠶᠤᠨᠲᠤ ᠮᠠᠱᠢᠨ ᠬᠥᠮᠦᠨ 《ᠱᠢᠶᠤᠤ ᠵᠢᠶᠤᠤ》 ᠨᠢ ᠦᠵᠡᠭᠦᠯᠭᠡ᠎ᠶ᠋ᠢᠨ ᠲᠣᠭᠣᠷᠢᠭ᠎ᠲᠠᠬᠢ ᠤᠨᠴᠠᠭᠠᠢ ᠣᠳᠣᠨ ᠪᠣᠯᠵᠣ᠂ ᠵᠢᠭᠤᠯᠴᠢᠯᠠᠯ᠎ᠤᠨ ᠲᠤᠬᠠᠢ ᠠᠰᠠᠭᠤᠨ ᠯᠠᠪᠯᠠᠭ᠎ᠠ᠎ᠶ᠋ᠢ ᠬᠠᠷᠢᠭᠤᠯᠵᠤ ᠴᠢᠳᠠᠬᠤ᠎ᠪᠠᠷ ᠪᠠᠷᠠᠬᠤ ᠥᠬᠡᠶ ᠪᠠᠰᠠ ᠵᠢᠭᠤᠯᠴᠢᠯᠠᠭᠰᠠᠳ᠎ᠲᠠᠶ ᠲᠣᠭ᠍ᠯᠠᠭᠠᠮ ᠬᠢᠵᠦ᠍ ᠴᠢᠳᠠᠨ᠎ᠠ᠃
《〈5·1〉᠎ᠤ᠋ ᠠᠮᠠᠷᠠᠯᠲᠠ᠎ᠶ᠋ᠢᠨ ᠬᠤᠭᠤᠴᠠᠭᠠᠨ᠎ᠳᠤ ᠪᠤᠭᠤᠲᠤ᠎ᠶ᠋ᠢᠨ ᠵᠠᠮ ᠬᠠᠷᠢᠯᠴᠠᠭᠠᠨ᠎ᠤ ᠦᠶ᠋ᠯᠡᠴᠢᠯᠡᠭᠡᠨ᠎ᠦ ᠲᠣᠭᠣᠷᠢᠭ᠎ᠲᠤ ᠠᠶᠠᠨᠴᠢᠳ᠎ᠤᠨ ᠤᠷᠤᠰᠴᠠ ᠣᠷᠭᠢᠯ᠎ᠳᠠᠭᠠᠨ ᠲᠤᠯᠪᠠ᠃ ᠡᠨᠡ ᠨᠢ ᠶᠠᠭ ᠤᠢᠷ᠎ᠠ ᠤᠭᠲᠠᠷᠭᠤᠢ᠎ᠶᠢᠨ ᠠᠵᠤ ᠠᠬᠤᠶ᠎ᠶ᠋ᠢᠨ ᠣᠢᠯᠠᠭᠠᠭ᠍ᠳᠠᠬᠤᠨ᠎ᠢ ᠳᠡᠯᠭᠡᠷᠡᠭᠦᠯᠬᠦ᠌ ᠬᠠᠮᠤᠭ᠎ᠤᠨ ᠰᠠᠢᠨ ᠴᠠᠭ ᠲᠣᠬᠢᠶᠠᠯ ᠪᠣᠯᠤᠨ᠎ᠠ᠃ ᠪᠢᠳᠡ ᠡᠨᠳᠡ ᠤᠢᠷ᠎ᠠ ᠤᠭᠲᠠᠷᠭᠤᠢ᠎ᠶᠢᠨ ᠠᠵᠤ ᠠᠬᠤᠶ᠎ᠶ᠋ᠢᠨ ᠬᠦᠷᠢᠶᠡᠨ᠎ᠳᠡᠬᠢ ᠲᠡᠷᠢᠭᠦᠨ᠎ᠦ ᠵᠢᠯᠣᠭᠣᠴᠢ ᠥᠬᠡᠶ ᠨᠢᠰᠭᠡᠯ᠎ᠦᠨ ᠲᠥᠬᠥᠭᠡᠷᠦᠮᠵᠢ᠎ᠶ᠋ᠢ ᠳᠡᠯᠭᠡᠨ ᠦᠵᠡᠭᠦᠯᠦᠭ᠌ᠰᠡᠨ᠎ᠢᠶᠡᠷ ᠪᠠᠷᠠᠬᠤ ᠥᠬᠡᠶ ᠢᠷᠡᠵᠦ᠍ ᠶᠠᠪᠤᠬᠤ ᠠᠶᠠᠨᠴᠢᠳᠵᠢᠭᠠᠬᠠᠨ ᠠᠮᠠᠷᠠᠬᠤ ᠦᠶ᠎ᠡ᠎ᠳᠦ ᠤᠢᠷ᠎ᠠ ᠤᠭᠲᠠᠷᠭᠤᠢ᠎ᠶᠢᠨ ᠠᠵᠤ ᠠᠬᠤᠶ ᠭᠡᠬᠦ᠌ ᠡᠨᠡ ᠬᠦ᠌ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠢ ᠣᠢᠷ᠎ᠠ ᠵᠠᠶ᠎ᠡᠴᠡ ᠣᠢᠯᠠᠭᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠷᠢᠳᠢ ᠱᠢᠳᠢ᠎ᠶ᠋ᠢ ᠮᠡᠳᠡᠷᠡᠭᠦᠯᠬᠦ᠌᠎ᠶ᠋ᠢ ᠬᠦᠰᠡᠵᠦ᠍ ᠪᠠᠢᠨ᠎ᠠ》 ᠭᠡᠵᠦ ᠪᠤᠭᠤᠲᠤ᠎ᠶ᠋ᠢᠨ ᠮᠸᠩ ᠵᠢᠶ ᠺᠦᠩ ᠲᠢᠶᠠᠨ ᠣᠶᠤᠨᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠬᠠᠷᠢᠭᠤᠴᠠᠯᠭᠠᠲᠠᠨ ᠬᠤ᠌ ᠷᠦᠩ ᠸᠧᠶ ᠲᠠᠨᠢᠯᠴᠠᠭᠤᠯᠤᠨ᠎ᠠ᠃
ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭ᠌ᠯᠡᠯ᠎ᠦᠨ ᠪᠤᠭᠤᠲᠤ᠎ᠶ᠋ᠢᠨ ᠬᠤᠪᠢᠶᠠᠷᠢ ᠺᠣᠮᠫᠠᠨᠢ᠎ᠶ᠋ᠢᠨ ᠳᠡᠳ᠋ ᠳᠠᠭᠠᠭᠠᠮᠠᠯ ᠵᠢᠶᠸ ᠶᠦᠩ᠄ 《ᠲᠣᠰ ᠤᠳᠠᠭ᠎ᠠ ᠪᠤᠭᠤᠲᠤ᠎ᠶ᠋ᠢᠨ ᠦᠶ᠋ᠯᠡᠴᠢᠯᠡᠭᠡᠨ᠎ᠦ ᠲᠣᠭᠣᠷᠢᠭ᠎ᠲᠤ ᠴᠠᠭ᠎ᠤᠨ ᠤᠷᠤᠰᠬᠠᠯ ᠪᠤᠯᠬᠤ ᠲᠤᠭᠯᠠᠭᠠᠮ᠎ᠤᠨ ᠵᠦᠢᠯ᠎ᠤᠨ ᠴᠤᠭ᠍ᠯᠠᠭᠠᠨ᠎ᠢ ᠨᠡᠭᠡᠭᠡᠭ᠌ᠰᠡᠨ ᠶᠠᠪᠤᠳᠠᠯ ᠪᠣᠯ ᠪᠢᠳᠡᠡ᠎ᠤ ᠪᠤᠭᠤᠲᠤ ᠬᠣᠲᠠ᠎ᠶ᠋ᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠂ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨᠤᠲᠣᠪᠴᠢᠶᠠ ᠯᠤᠭ᠎ᠠ ᠵᠢᠨ ᠰᠣᠶᠣᠯ ᠵᠢᠭᠤᠯᠴᠢᠯᠠᠯ ᠪᠠ ᠬᠤᠳᠠᠯᠳᠤᠭᠠᠨ᠎ᠤ ᠠᠭᠤᠰᠤᠯᠴᠠᠯ᠎ᠢ ᠤᠯᠠᠮ ᠨᠢᠭᠡ ᠠᠯᠬᠤᠮ ᠴᠢᠩᠭᠠᠳᠭᠠᠵᠤ᠂ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠦᠶ᠋ᠯᠡᠴᠢᠯᠡᠭᠡᠨ᠎ᠦ ᠲᠣᠭᠣᠷᠢᠭ᠎ᠢ ᠴᠣᠭ᠍ᠴᠠᠯᠠᠬᠤ ᠱᠢᠨ᠎ᠡ᠎ᠶ᠋ᠢ ᠡᠭᠦᠳᠬᠦ᠌ ᠦᠶ᠋ᠯᠡᠳᠦᠯᠭᠡ ᠪᠣᠯᠤᠨ᠎ᠠ᠃ ᠴᠤᠭ᠍ᠯᠠᠭᠠᠨ ᠳ᠋ᠤ ᠰᠣᠶᠣᠯ ᠵᠢᠭᠤᠯᠴᠢᠯᠠᠯ᠂ ᠪᠣᠳᠠᠰ᠎ᠤᠨ ᠪᠤᠰᠤ ᠰᠣᠶᠣᠯ᠎ᠤᠨ ᠥᠪ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠤᠢᠷ᠎ᠠ ᠤᠭᠲᠠᠷᠭᠤᠢ᠎ᠶᠢᠨ ᠠᠵᠤ ᠠᠬᠤᠶ᠂ ᠢᠳᠡᠭᠡᠨ ᠤᠮᠳᠠᠭᠠᠨ ᠵᠡᠷᠭᠡ ᠣᠯᠠᠨ ᠬᠡᠰᠡᠭᠯᠡᠯ ᠲᠤᠭᠤᠷᠢᠭ ᠭᠠᠷᠭᠠᠵᠤ᠂ ᠨᠠᠭᠠᠰᠢ ᠴᠠᠭᠠᠰᠢ ᠵᠤᠷᠴᠢᠬᠤ ᠠᠶᠠᠨᠴᠢᠳ᠎ᠲᠤ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠬᠦ᠌ ᠮᠥᠷᠲᠡᠭᠡᠨ ᠪᠠᠰᠠ 〈ᠵᠠᠮ ᠬᠠᠷᠢᠯᠴᠠᠭ᠎ᠠ + ᠰᠣᠶᠣᠯ ᠵᠢᠭᠤᠯᠴᠢᠯᠠᠯ + ᠠᠵᠤ ᠦᠶ᠋ᠯᠡᠰ〉᠎ᠤ᠋ᠨ ᠠᠭᠤᠰᠤᠯᠴᠠᠯ᠎ᠤᠨ ᠠᠪᠴᠢᠷᠠᠭ᠍ᠰᠠᠨ ᠱᠢᠨ᠎ᠡ ᠦᠶ᠋ᠯᠡᠴᠢᠯᠡᠭᠡ ᠱᠢᠨ᠎ᠡ ᠪᠡᠶᠡᠴᠢᠯᠡᠨ ᠣᠢᠯᠠᠭᠠᠯᠲᠠ᠎ᠶ᠋ᠢ ᠮᠡᠳᠡᠷᠡᠭᠦᠯᠬᠦ᠌ ᠪᠣᠯᠤᠨ᠎ᠠ》 ᠭᠡᠵᠦ ᠢᠯᠡᠳᠭᠡᠪᠡ᠃