ᠤᠷᠳᠤᠰ ᠲᠤ᠌ ᠪᠡᠶ᠎ᠡ ᠴᠢᠭᠢᠷᠠᠭ᠍ᠵᠢᠭᠤᠯᠬᠤ ᠬᠠᠯᠠᠮᠰᠢᠯ ᠪᠤᠯᠵᠤ ᠪᠤᠢ
2025-05-03 10:26:00
ᠵᠣᠬᠢᠶᠠᠭ᠍ᠴᠢ᠄
​ᠮᠤᠤ ᠺᠠᠶ ᠶᠠᠨ
ᠣᠩᠱᠢᠭ᠍ᠰᠠᠨ ᠣᠳᠠᠭ᠎ᠠ᠄
★★★☆☆

ᠡᠳᠡᠬᠡᠳ ᠰᠦᠷᠯᠢᠭ ᠬᠠᠷᠠᠬᠳᠠᠬᠤ ᠲᠠᠮᠢᠷ᠎ᠤᠨ ᠲᠠᠯᠠᠪᠤᠷ ᠣᠷᠳᠣᠨ᠂ ᠭᠤᠶᠤ ᠰᠠᠢᠬᠠᠨ ᠪᠡᠶ᠎ᠡ ᠴᠢᠭᠢᠷᠠᠭ᠍ᠵᠢᠭᠤᠯᠬᠤ ᠲᠥᠪ ᠨᠤᠭᠦᠳ ᠨᠢ ᠶᠡᠷᠦ ᠳ᠋ᠡᠭᠡᠨ ᠨᠢᠬᠡ ᠬᠣᠲᠠ᠎ᠶ᠋ᠢᠨ ᠪᠡᠯᠭᠡ ᠲᠡᠮᠳᠡᠭ ᠪᠣᠯᠵᠤ ᠪᠠᠢᠳᠠᠭ᠃ 《5·1》 ᠤ᠋ ᠠᠮᠠᠷᠠᠯᠳᠠ ᠵᠢᠨ ᠬᠤᠭᠤᠴᠠᠭᠠᠨ᠎ᠳᠤ ᠤᠷᠳᠤᠰ ᠬᠤᠳᠠ᠎ᠨᠢ 57 ᠵᠦᠢᠯ᠎ᠦᠨ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠦᠨ ᠠᠵᠢᠯᠯᠠᠭ᠎ᠠ ᠲᠤᠬᠢᠷᠠᠭᠤᠯᠵᠥ᠍᠂ ᠡᠯ᠎ᠡ ᠭᠠᠵᠠᠷ᠎ᠲᠡᠬᠢ ᠪᠡᠶ᠎ᠡ ᠴᠢᠭᠢᠷᠠᠭ᠍ᠵᠢᠭᠤᠯᠬᠤ ᠲᠠᠯᠠᠪᠤᠷ ᠣᠷᠳᠣᠨ ᠶᠡᠷᠦ᠍ ᠪᠤᠰᠤ᠎ᠶ᠋ᠢᠨ ᠬᠦᠷ ᠬᠥᠭ᠌ᠵᠢᠶᠡᠨ᠎ᠲᠡᠶ ᠪᠤᠯᠵᠥ᠍᠂ ᠬᠥᠮᠦᠰ᠎ᠦᠨ ᠰᠡᠯᠡᠭᠦᠴᠡᠨ ᠴᠡᠩᠭᠡᠬᠦ᠂ ᠲᠦᠷᠦᠯ ᠰᠠᠳᠤᠨ ᠨᠠᠢᠵᠠ ᠨᠥᠬᠥᠳ᠎ᠦᠨ ᠴᠤᠭ᠍ᠯᠠᠭᠠᠨ ᠪᠣᠯᠬᠤ ᠰᠠᠢ᠌ᠨ ᠭᠠᠵᠠᠷ ᠪᠣᠯᠪᠠ᠂ ᠡᠳᠡᠬᠡᠷ ᠪᠠᠷᠢᠯᠭ᠎ᠠ᠎ᠨᠤᠭᠤᠳ ᠨᠢ ᠬᠦᠮᠦᠰ ᠤ᠋ᠨ ᠰᠡᠳᠭᠢᠯ᠎ᠳᠡᠬᠢ 《ᠬᠠᠯᠠᠮᠰᠢᠯ ᠭᠠᠵᠠᠷ》 ᠪᠤᠯᠵᠤ ᠬᠤᠪᠢᠷᠠᠪᠠ᠃

5 ᠰᠠᠷ᠎ᠠ᠎ᠶ᠋ᠢᠨ 2 ᠤ᠋ᠨ ᠦᠳᠡ᠎ᠶ᠋ᠢᠨ ᠡᠮᠦᠨ᠎ᠡ ᠣᠷᠳᠣᠰ ᠬᠣᠲᠠ᠎ᠶ᠋ᠢᠨ ᠣᠲᠣᠭ᠎ᠤᠨ ᠡᠮᠦᠨᠡᠲᠦ ᠬᠣᠱᠢᠭᠤᠨ᠎ᠤ ᠨᠠᠩᠰᠤ ᠪᠠᠯᠭᠠᠰᠤᠨ᠎ᠤ ᠮᠤᠭᠠᠢᠳᠤ ᠨᠡᠢᠭᠡᠮ ᠲᠣᠭᠣᠷᠢᠭ᠎ᠤᠨ ᠠᠯᠠᠭᠠᠳᠠᠬᠤ ᠪᠥᠮᠪᠥᠭᠡ᠎ᠶ᠋ᠢᠨ ᠲᠠᠯᠠᠪᠠᠶ ᠳᠡᠭᠡᠷ᠎ᠠ ᠪᠠᠶᠠᠨᠱᠢᠯᠢ ᠭᠠᠴᠠᠭ᠎ᠠ ᠪᠣᠯᠤᠨ ᠬᠡᠩᠭᠡᠷᠭᠡᠳᠤ ᠭᠠᠴᠠᠭ᠎ᠠ ᠵᠢᠨ ᠠᠷᠠᠳ᠎ᠤᠨ ᠠᠯᠠᠭᠠᠳᠠᠬᠤ ᠪᠥᠮᠪᠥᠭᠡ᠎ᠶ᠋ᠢᠨ ᠤᠷᠤᠯᠳᠤᠭᠠᠨ ᠬᠥᠷ ᠬᠥᠭ᠌ᠵᠢᠶᠡᠨ᠎ᠲᠠᠢ ᠶᠠᠪᠤᠭ᠍ᠳᠠᠨ᠎ᠠ᠃

2023 ᠣᠨ᠎ᠳᠤ ᠪᠠᠢᠭᠤᠯᠤᠭ᠍ᠰᠠᠨ ᠨᠠᠩᠰᠤ ᠪᠠᠯᠭᠠᠰᠤᠨ᠎ᠤ ᠨᠡᠢᠭᠡᠮ ᠲᠣᠭᠣᠷᠢᠭ ᠤ᠋ᠨ 6 ᠪᠠᠷᠢᠮᠵᠢᠶᠠᠲᠤ ᠠᠯᠠᠭᠠᠳᠠᠬᠤ ᠪᠥᠮᠪᠥᠭᠡ᠎ᠶ᠋ᠢᠨ ᠤᠷᠤᠯᠳᠤᠭᠠᠨ᠎ᠤ ᠲᠠᠯᠠᠪᠤᠷ ᠤ᠋ᠨ ᠡᠷᠭᠢᠨ ᠲᠣᠭᠣᠷᠢᠨ ᠳ᠋ᠤ ᠦᠵᠡᠭ᠌ᠴᠢᠳ᠎ᠦᠨ ᠲᠠᠢᠰᠠ᠂ ᠳ᠋ᠧᠩ᠂ ᠡᠷᠡᠭᠦᠯ ᠬᠠᠮᠠᠭᠠᠯᠠᠯ᠎ᠤᠨ ᠲᠥᠬᠥᠭᠡᠷᠦᠮᠵᠢ ᠪᠦᠷᠢᠨ ᠲᠦᠬᠦᠷ ᠪᠤᠢ᠃

ᠲᠤᠬᠠᠶ᠎ᠶ᠋ᠢᠨ ᠡᠳᠦᠷ 6 ᠤᠷᠤᠯᠳᠤᠭᠠᠨ᠎ᠤ ᠲᠠᠯᠠᠪᠤᠷ ᠲᠤ᠌ ᠴᠥᠮ ᠤᠷᠤᠯᠳᠤᠭᠠᠨ᠎ᠲᠠᠶ ᠪᠠᠢᠵᠤ᠂ ᠤᠷᠤᠯᠳᠤᠭᠠᠨ᠎ᠳᠤ ᠣᠷᠣᠯᠴᠠᠭᠰᠠᠨ ᠠᠩᠭᠢ ᠳ᠋ᠤ ᠭᠠᠴᠠᠭᠠᠨ᠎ᠤ ᠠᠩᠭᠢ᠂ ᠬᠥᠷᠰᠢ ᠵᠡᠷᠭᠡᠯᠡᠳᠡᠭᠡ᠎ᠶ᠋ᠢᠨ ᠠᠩᠭᠢ᠂ ᠲᠥᠷᠥᠯ ᠰᠠᠳᠤᠨ ᠨᠠᠢᠵᠠ ᠨᠥᠬᠥᠳ᠎ᠦᠨ ᠠᠩᠭᠢ᠂ ᠬᠣᠷᠱᠢᠶ᠎ᠠ᠎ᠶ᠋ᠢᠨ ᠠᠩᠭᠢ᠂ ᠨᠠᠰᠤᠲᠠᠢᠴᠤᠳ᠎ᠤᠨ ᠠᠩᠭᠢ ᠵᠡᠷᠭᠡ ᠪᠤᠢ᠃ ᠦᠵᠡᠭ᠌ᠴᠢᠳ᠎ᠦᠨ ᠲᠠᠢᠰᠠᠨ ᠳᠡᠭᠡᠷ᠎ᠡ ᠲᠠᠯᠠᠪᠤᠷ ᠤ᠋ᠨ ᠬᠠᠵᠠᠭᠤ᠎ᠳᠤ ᠤᠯᠠᠨ ᠲᠦᠮᠡᠨ ᠳᠦᠭᠦᠷᠲᠡᠯ᠎ᠡ ᠰᠠᠭᠤᠯᠴᠠᠵᠤ᠂ ᠤᠯᠠᠨ᠎ᠢᠶᠠᠷ᠎ᠢᠶᠠᠨ ᠡᠢᠮᠦᠷᠬᠦᠦ ᠤᠨᠴᠠᠭᠠᠢ ᠬᠡᠯᠪᠡᠷᠢ᠎ᠪᠡᠷ 《5·1》 ᠤ᠋ ᠠᠮᠠᠷᠠᠯᠲᠠ᠎ᠶ᠋ᠢᠨ ᠬᠤᠭᠤᠴᠠᠭ᠎ᠠ᠎ᠪᠠᠨ ᠪᠠᠶᠠᠷ ᠬᠦᠷ᠎ᠲᠡᠶ ᠥᠩᠭᠡᠷᠡᠭᠦᠯᠵᠤ ᠪᠠᠢᠨ᠎ᠠ᠃

ᠨᠠᠩ ᠣᠯᠠᠨ ᠬᠥᠮᠦᠨ᠎ᠢ ᠤᠷᠤᠯᠴᠠᠭᠤᠯᠬᠤ ᠵᠢᠨ ᠲᠥᠯᠥᠭᠡ ᠤᠳᠠᠭ᠎ᠠ ᠪᠦᠷᠢ᠎ᠶ᠋ᠢᠨ ᠤᠷᠤᠯᠳᠤᠭᠠᠨ ᠳᠠᠭᠤᠰᠤᠭ᠍ᠰᠠᠨ᠎ᠤ ᠳᠠᠷᠠᠭ᠎ᠠ ᠢᠯᠠᠭ᠍ᠳᠠᠭ᠍ᠰᠠᠨ ᠲᠠᠯ᠎ᠠ ᠨᠢ ᠪᠠᠭᠤᠵᠤ᠂ ᠢᠯᠠᠭ᠍ᠰᠠᠨ ᠲᠠᠯ᠎ᠠ ᠨᠢ ᠢᠷᠡᠭᠰᠡᠨ ᠨᠦᠬᠦᠬᠡ ᠠᠩᠬᠢ ᠲᠠᠢ ᠦᠷᠬᠦᠯᠵᠢᠯᠡᠨ ᠤᠷᠤᠯᠳᠤᠨ᠎ᠠ; ᠬᠡᠷᠪᠡ ᠵᠠᠯᠭᠠᠭ᠎ᠠ ᠪᠠᠷ ᠬᠣᠶᠠᠷ ᠤᠳᠠᠭ᠎ᠠ ᠢᠯᠠᠪᠠᠯ ᠪᠠᠭᠤᠵᠤ ᠠᠮᠠᠷᠠᠬᠤ ᠪᠡᠷ ᠲᠤᠭᠳᠠᠪᠠ᠃

65 ᠨᠠᠰᠤᠲᠠᠶ ᠡᠦ ᠷᠧᠨ ᠱᠠᠨ ᠤᠷᠤᠯᠳᠤᠭᠠᠨ᠎ᠤ ᠠᠩᠭᠢ᠎ᠶ᠋ᠢᠨ ᠨᠥᠬᠥᠳ᠎ᠲᠡᠶ᠎ᠪᠡᠨ ᠵᠠᠯᠭᠠᠭ᠎ᠠ᠎ᠪᠠᠷ ᠬᠣᠶᠠᠷ ᠤᠳᠠᠭ᠎ᠠ ᠢᠯᠠᠵᠤ ᠲᠠᠯᠠᠪᠤᠷ ᠡᠴᠡ ᠪᠠᠭᠤᠵᠤ ᠬᠤᠪᠢ ᠲᠡᠮᠳᠡᠭ᠌ᠯᠡᠭ᠌ᠴᠢ ᠪᠣᠯᠪᠠ᠃ 《ᠪᠢ ᠠᠯᠠᠭᠠᠳᠠᠬᠤ ᠪᠥᠮᠪᠥᠭᠡ ᠨᠠᠭᠠᠳᠭᠤ ᠳᠤᠷᠠᠲᠠᠶ᠂ ᠭᠡᠪᠡᠴᠦ᠍ ᠥᠩᠭᠡᠷᠡᠭᠡᠭ᠌ᠰᠡᠨ᠎ᠳᠦ ᠲᠣᠬᠢᠶᠠᠯ ᠴᠥᠭᠡᠨ ᠪᠠᠢᠪᠠ᠃ ᠣᠳᠣ ᠭᠠᠴᠠᠭ᠎ᠠ᠎ᠳᠤ ᠠᠯᠠᠭᠠᠳᠠᠬᠤ ᠪᠥᠮᠪᠥᠭᠡ᠎ᠶ᠋ᠢᠨ ᠲᠠᠯᠠᠪᠤᠷ ᠲᠠᠢ ᠪᠤᠯᠪᠠ᠂ ᠪᠠᠰᠠ ᠬᠣᠶᠠᠷ ᠮᠠᠯᠴᠢᠨ ᠡᠷᠦᠬᠡ ᠥᠪᠡᠷ᠎ᠢᠶᠡᠨ ᠠᠯᠠᠭᠠᠳᠠᠬᠤ ᠪᠥᠮᠪᠥᠭᠡ᠎ᠶ᠋ᠢᠨ ᠲᠠᠯᠠᠪᠤᠷ ᠪᠠᠢᠭᠤᠯᠵᠤ᠂ ᠬᠡᠵᠢᠶ᠎ᠡ ᠴᠦ᠍ ᠬᠡᠰᠡᠨ ᠤᠴᠢᠵᠤ ᠨᠠᠭᠠᠳᠴᠤ᠌ ᠪᠣᠯᠤᠨ᠎ᠠ》 ᠭᠡᠵᠤ ᠲᠡᠷᠡ ᠬᠡᠯᠡᠪᠡ᠃

ᠵᠡᠭᠦᠨᠭᠠᠷ ᠬᠣᠱᠢᠭᠤᠨ᠎ᠤ ᠪᠥᠬᠥ᠌ ᠠᠷᠠᠳ᠎ᠤᠨ ᠰᠣᠶᠣᠯ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠦ ᠲᠥᠪ — ᠱᠧᠨ ᠬᠤᠸᠠ ᠵᠡᠭᠦᠨᠭᠠᠷ᠎ᠤᠨ ᠡᠨᠧᠷᠭᠢ᠎ᠶ᠋ᠢᠨ ᠬᠢᠵᠠᠭᠠᠷᠳᠤ ᠺᠤᠮᠫᠠᠨᠢ ᠵᠢᠨ ᠰᠣᠶᠣᠯ ᠪᠡᠶ᠎ᠡ ᠵᠢᠨ ᠲᠠᠮᠢᠷ᠎ᠤᠨ ᠲᠥᠪ᠎ᠲᠦ ᠪᠡᠶ᠎ᠡ ᠪᠣᠯᠪᠠᠰᠤᠷᠠᠬᠤ᠎ᠪᠠᠷ ᠢᠷᠡᠭ᠌ᠰᠡᠨ ᠬᠣᠲᠠ᠎ᠶ᠋ᠢᠨ ᠠᠷᠠᠳ ᠲᠠᠰᠤᠷᠠᠯᠲᠠ ᠥᠬᠡᠶ ᠴᠤᠪᠤᠷᠠᠨ᠎ᠠ᠃ ᠲᠤᠰ ᠲᠥᠪ᠎ᠲᠦ ᠫᠢᠩᠫᠠᠩ ᠪᠥᠮᠪᠥᠭᠡ᠂ ᠥᠳᠥᠨ ᠪᠥᠮᠪᠥᠭᠡ᠂ ᠰᠠᠭ᠍ᠰᠤᠨ ᠪᠥᠮᠪᠥᠭᠡ᠎ᠶ᠋ᠢᠨ ᠬᠥᠳᠡᠯᠭᠡᠭᠡᠨ᠎ᠨᠢ ᠬᠣᠲᠠ᠎ᠶ᠋ᠢᠨ ᠠᠷᠠᠳ᠎ᠤᠨ ᠬᠦᠷᠢᠶᠡᠯᠡᠯ᠎ᠢ ᠣᠯᠵᠤ᠂ ᠭᠦᠶᠦᠯᠲᠠ ᠦᠰᠦᠷᠦᠯᠲᠡ ᠵᠢᠨ ᠬᠦᠭᠵᠢᠶᠡᠨ᠎ᠳᠦ ᠪᠥᠮᠪᠥᠭᠡᠨ ᠫᠠᠢᠰᠠ᠎ᠶ᠋ᠢᠨ ᠴᠣᠬᠢᠯᠲᠠ ᠵᠢᠨ ᠳᠠᠭᠤᠨ ᠪᠣᠯᠤᠨ ᠬᠣᠲᠠ᠎ᠶ᠋ᠢᠨ ᠠᠷᠠᠳ᠎ᠤᠨ ᠬᠠᠰᠭᠢᠷᠤᠯᠳᠤᠬᠤ ᠳᠠᠭᠤᠨ ᠨᠡᠢᠯᠡᠯᠳᠦᠵᠦ᠂ ᠲᠠᠮᠢᠷ᠎ᠤᠨ ᠬᠥᠳᠡᠯᠭᠡᠭᠡᠨ᠎ᠳᠦ ᠤᠷᠤᠯᠴᠠᠬᠤ ᠡᠴᠡ ᠪᠣᠯᠵᠤ ᠲᠠᠨᠢᠯᠴᠠᠭ᠍ᠰᠠᠨ ᠬᠣᠲᠠ᠎ᠶ᠋ᠢᠨ ᠠᠷᠠᠳ ᠤ᠋ᠳ ᠬᠠᠮᠤᠭ᠎ᠤᠨ ᠡᠶ᠎ᠡ ᠵᠣᠬᠢᠴᠠᠯ᠎ᠲᠠᠶ ᠭᠤᠢᠳᠠ ᠰᠠᠢᠬᠠᠨ ᠦᠵᠡᠮᠵᠢ᠎ᠶ᠋ᠢ ᠪᠦᠷᠢᠯᠳᠦᠭᠦᠯᠵᠡᠢ᠃

《ᠠᠩᠬ᠎ᠠ ᠤᠳᠠᠭ᠎ᠠ ᠡᠨᠳᠡ ᠢᠷᠡᠵᠦ ᠪᠤᠢ᠂ ᠣᠷᠴᠢᠨ ᠲᠣᠭᠣᠷᠢᠨ ᠲᠥᠬᠥᠭᠡᠷᠦᠮᠵᠢ ᠪᠦᠷ ᠨᠡᠯᠢᠶᠡᠳ ᠰᠠᠢᠨ᠂ ᠠᠮᠠᠷᠠᠯᠲᠠ᠎ᠶ᠋ᠢᠨ ᠬᠤᠭᠤᠴᠠᠭᠠᠨ᠎ᠳᠤ ᠭᠡᠷ᠎ᠦᠨ ᠬᠥᠮᠦᠰ ᠨᠠᠢᠵᠠ᠎ᠨᠠᠷ᠎ᠢᠶᠠᠨ ᠳᠠᠭᠠᠭᠤᠯᠤᠨ ᠢᠷᠡᠵᠦ᠍ ᠪᠡᠶ᠎ᠡ ᠴᠢᠭᠢᠷᠠᠭ᠍ᠵᠢᠭᠤᠯᠬᠤ᠎ᠨᠢ ᠨᠡᠯᠢᠶᠡᠳ ᠵᠦᠭᠡᠷ ᠰᠣᠩᠭᠣᠯᠲᠠ ᠪᠣᠯᠤᠨ᠎ᠠ》 ᠭᠡᠵᠦ᠍ ᠱᠠᠵᠢᠨᠳᠤᠬᠤᠢ ᠪᠠᠯᠭᠠᠰᠤᠨ᠎ᠤ ᠰᠠᠭᠤᠭᠠᠯᠢ ᠠᠷᠠᠳ ᠹᠸᠩ ᠠᠪᠠᠬᠠᠢ ᠬᠡᠯᠡᠪᠡ᠃

5 ᠰᠠᠷ᠎ᠠ᠎ᠶ᠋ᠢᠨ 1᠎ᠤ᠋ ᠡᠳᠦᠷ᠎ᠡᠴᠡ 3᠎ᠤ᠋ ᠡᠳᠦᠷ ᠪᠣᠯᠲᠠᠯ᠎ᠠ᠂ ᠬᠢᠶ᠎ᠠ ᠪᠠᠭ᠍ᠰᠢ ᠲᠣᠭᠣᠷᠢᠭ᠎ᠤᠨ ᠤᠷᠤᠯᠳᠤᠭᠠᠨ ᠤ᠋ ᠲᠡᠷᠭᠡ ᠵᠢᠨ ᠵᠢᠵᠢᠭ ᠪᠠᠯᠭᠠᠰᠤᠨ᠎ᠤ ᠰᠣᠶᠣᠯ ᠵᠢᠭᠤᠯᠴᠢᠯᠠᠯ᠎ᠤᠨ ᠲᠣᠭᠣᠷᠢᠭ᠎ᠲᠤ 《ᠪᠢ ᠬᠢᠶ᠎ᠠ ᠪᠠᠭ᠍ᠰᠢ ᠬᠤᠳᠠ᠎ᠳᠦ ᠬᠠᠢᠷᠠᠳᠠᠢ ᠳᠤᠭᠤᠶ ᠲᠡᠷᠭᠡᠨ᠎ᠦ ᠤᠷᠤᠯᠳᠤᠭᠠᠨ》 ᠶᠠᠪᠤᠭ᠍ᠳᠠᠵᠤ᠂ ᠡᠷᠬᠢᠨ ᠲᠣᠭᠣᠷᠢᠨ᠎ᠤ ᠮᠤᠵᠢ ᠬᠣᠲᠠ᠎ᠶ᠋ᠢᠨ ᠳᠤᠭᠤᠶ ᠲᠡᠷᠭᠡᠨ᠎ᠦ ᠤᠷᠤᠯᠳᠤᠭᠠᠨ᠎ᠤ ᠪᠠᠬᠠᠳᠠᠨ ᠮᠢᠩᠭ᠎ᠠ ᠭᠠᠷᠤᠶ ᠬᠥᠮᠦᠰ ᠲᠣᠰ ᠤᠷᠤᠯᠳᠤᠭᠠᠨ᠎ᠳᠤ ᠣᠷᠣᠯᠴᠠᠬᠤ᠎ᠪᠠᠷ ᠨᠡᠷ᠎ᠡ ᠮᠡᠳᠡᠭᠦᠯᠪᠡ᠃

ᠵᠢᠶᠠ ᠵᠢᠶᠦ᠋ᠨ ᠭᠤᠸᠠᠢ ᠳᠤᠮᠳᠠᠳᠤ ᠰᠤᠷᠭᠠᠭᠤᠯᠢ᠎ᠳᠤ ᠰᠤᠷᠤᠯᠴᠠᠵᠤ ᠪᠠᠢᠭ᠎ᠠ ᠬᠦᠦ᠍᠎ᠪᠡᠨ ᠳᠠᠭᠠᠭᠤᠯᠤᠨ ᠲᠦᠷᠬᠡᠨ ᠲᠤᠭᠤᠷᠢᠯᠳᠠ ᠵᠢᠨ  ᠤᠷᠤᠯᠳᠤᠭᠠᠨ᠎ᠳᠦ ᠣᠷᠣᠯᠴᠠᠪᠠ᠂ ᠲᠡᠳᠡ ᠬᠡᠳᠦᠢᠪᠡᠷ ᠡᠮᠦᠨ᠎ᠡ ᠬᠡᠳᠦᠨ ᠨᠡᠷ᠎ᠡ᠎ᠳᠦ ᠤᠷᠤᠭᠰᠠᠨ ᠦᠭᠡᠢ ᠪᠣᠯᠪᠠᠴᠤ᠌ ᠤᠷᠤᠯᠳᠤᠭᠠᠨ᠎ᠤ ᠪᠠᠶᠠᠷ ᠪᠠᠬᠠᠳᠤᠯ᠎ᠢ ᠡᠳ᠋ᠯᠡᠪᠡ᠃ 《ᠮᠢᠨᠦ᠍ ᠦᠵᠡᠬᠦ᠌᠎ᠪᠡᠷ ᠡᠢᠮᠦᠷᠬᠦᠦ ᠤᠷᠤᠯᠳᠤᠭᠠᠨ᠎ᠨᠢ ᠤᠷᠤᠯᠳᠤᠭᠠᠨ᠎ᠤ ᠴᠢᠨᠠᠷᠲᠠᠶ ᠮᠥᠷᠲᠡᠭᠡᠨ ᠵᠤᠭ᠎ᠠ ᠴᠡᠩᠭᠡᠯ᠎ᠦᠨ ᠴᠢᠨᠠᠷᠲᠠᠶ ᠪᠠᠢᠵᠤ᠂ ᠬᠣᠲᠠ᠎ᠶ᠋ᠢᠨ ᠠᠷᠠᠳ᠎ᠲᠤ ᠳᠤᠭᠤᠶ ᠲᠡᠷᠭᠡᠨ᠎ᠦ ᠤᠷᠤᠯᠳᠤᠭᠠᠨ᠎ᠳᠤ ᠣᠢᠷ᠎ᠠ ᠵᠠᠶ᠎ᠡᠴᠡ ᠣᠷᠣᠯᠴᠠᠬᠤ ᠪᠠ ᠲᠤᠭᠤᠢ ᠲᠡᠷᠭᠡᠨ᠎ᠤ ᠤᠷᠤᠯᠳᠤᠭᠠᠨ᠎ᠢ ᠪᠡᠶ᠎ᠡ ᠪᠡᠷ ᠵᠢᠡᠨ ᠤᠢᠯᠠᠭᠠᠬᠤ ᠲᠣᠬᠢᠶᠠᠯ᠎ᠢ ᠡᠭᠦᠳᠴᠦ᠍ ᠥᠭ᠌ᠴᠡᠶ》 ᠭᠡᠵᠦ᠍ ᠵᠢᠶᠠ ᠵᠢᠶᠦ᠋ᠨ ᠬᠡᠯᠡᠪᠡ᠃

ᠨᠢᠳᠤᠨᠤᠨ᠂ ᠣᠷᠳᠣᠰ ᠬᠣᠲᠠ 《ᠪᠥᠬᠥ᠌ ᠤᠯᠤᠰ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ ᠲᠤᠬᠠᠢ ᠬᠡᠷᠡᠭ᠌ᠵᠢᠭᠦᠯᠬᠦ᠌ ᠲᠥᠰᠦᠯ》 ᠢ᠋ ᠨᠡᠢᠲᠡᠯᠡᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠠᠯᠠᠪᠤᠷ ᠭᠠᠵᠠᠷ᠎ᠤᠨ ᠲᠦᠬᠦᠭᠡᠷᠦᠮᠵᠢ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠪᠡᠶ᠎ᠡ᠎ᠶ᠋ᠢᠨ ᠲᠠᠮᠢᠷ᠎ᠤᠨ ᠴᠡᠴᠡᠷᠯᠢᠭ 1᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ 3᠂ ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ 10 ᠺᠢᠯᠣᠮᠧᠲ᠋ᠷ᠂ ᠣᠯᠠᠨ ᠴᠢᠳᠠᠮᠵᠢᠲᠤ ᠪᠡᠶ᠎ᠡ᠎ᠶ᠋ᠢᠨ ᠲᠠᠮᠢᠷ᠎ᠤᠨ ᠲᠠᠯᠠᠪᠤᠷ 3᠎ᠶ᠋ᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠪᠠᠢᠭᠤᠯᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠠᠯᠠᠪᠤᠷ ᠭᠠᠵᠠᠷ᠎ᠤᠨ ᠲᠦᠬᠦᠭᠡᠷᠦᠮᠵᠢ᠎ᠶ᠋ᠢᠨ ᠲᠠᠰ ᠳᠡᠪᠱᠢᠬᠦ᠌᠎ᠶ᠋ᠢ ᠪᠡᠶᠡᠯᠡᠭᠦᠯᠪᠡ᠃ ᠣᠳᠣᠬᠠᠨ᠎ᠳᠤ  ᠪᠥᠬᠥ᠌ ᠬᠣᠲᠠ᠎ᠶ᠋ᠢᠨ ᠬᠥᠮᠦᠨ ᠳᠤᠮᠳᠠᠴᠢ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠤᠨ ᠲᠠᠯᠠᠪᠠᠶ 3.4 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠬᠣᠲᠠ᠎ᠶ᠋ᠢᠨ ᠱᠠᠲᠤᠨ᠎ᠤ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠦᠬᠦᠭᠡᠷᠦᠮᠵᠢ᠎ᠨᠢ ᠤᠯᠤᠰ᠎ᠤᠨ 《ᠲᠠᠪᠤᠨ ᠨᠢᠭᠡ》 ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠳᠤ ᠪᠥᠬᠥ᠌ ᠲᠠᠯ᠎ᠠ᠎ᠪᠠᠷ ᠬᠦᠷᠴᠦ᠍᠂ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠵᠢᠯ ᠲᠤᠷᠰᠢ ᠨᠡᠢᠭᠡᠮ᠎ᠳᠦ ᠬᠠᠨᠳᠤᠭᠤᠯᠤᠨ ᠰᠦᠶ᠋ᠳᠭᠡᠯ ᠬᠤᠷᠢᠶᠠᠬᠤ ᠥᠬᠡᠶ᠎ᠪᠡᠷ ᠴᠢᠯᠥᠭᠡᠲᠡᠶ ᠨᠡᠭᠡᠭᠡᠵᠦ᠍᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠢ ᠨᠡᠢᠭᠡᠮ᠎ᠳᠦ ᠴᠢᠯᠥᠭᠡᠲᠡᠶ ᠨᠡᠭᠡᠭᠡᠬᠦ᠌ ᠬᠠᠷᠢᠴᠠᠯ᠎ᠨᠢ 60%᠎ᠡᠴᠡ ᠳᠤᠤᠷ᠎ᠠ ᠥᠬᠡᠶ ᠪᠠᠢᠬᠤ ᠵᠢ ᠪᠠᠳᠤᠯᠠᠪᠠ᠃

ᠣᠷᠳᠣᠰ ᠬᠣᠲᠠ 《ᠪᠥᠬᠥ᠌ ᠣᠷᠣᠨ ᠪᠦᠰᠡ᠎ᠵᠢ ᠬᠠᠮᠤᠷᠤᠭ᠍ᠰᠠᠨ᠂ ᠪᠥᠬᠥ᠌ ᠨᠡᠢᠭᠡᠮ᠎ᠢᠶᠡᠷ᠎ᠢᠶᠡᠨ ᠣᠷᠣᠯᠴᠠᠭ᠍ᠰᠠᠨ᠂ ᠪᠥᠬᠥ᠌ ᠬᠥᠮᠦᠰ ᠬᠠᠮᠲᠤ ᠪᠠᠷ ᠡᠳ᠋ᠯᠡᠭ᠌ᠰᠡᠨ》 ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠤ ᠠᠵᠢᠯᠯᠠᠭ᠎ᠠ᠎ᠶ᠋ᠢᠨ ᠱᠢᠰᠲ᠋ᠧᠮ᠎ᠢ ᠪᠠᠢᠭᠤᠯᠤᠨ ᠪᠦᠷᠢᠨᠱᠢᠭᠦᠯᠬᠦ᠌᠎ᠪᠡᠷ ᠳᠠᠮᠵᠢᠨ ᠣᠯᠠᠨ ᠲᠦᠮᠡᠨ᠎ᠢ ᠬᠥᠲᠥᠯᠦᠨ ᠵᠢᠯᠣᠭᠣᠳᠴᠤ᠌ ᠪᠡᠶ᠎ᠡ ᠴᠢᠭᠢᠷᠠᠭ᠍ᠵᠢᠭᠤᠯᠬᠤ ᠰᠠᠢᠨ ᠰᠠᠢᠬᠠᠨ ᠳᠠᠳᠭᠠᠯ᠎ᠲᠠᠶ ᠪᠣᠯᠭᠠᠵᠤ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠦ ᠲᠣᠭ᠎ᠠ᠎ᠶ᠋ᠢᠨ ᠬᠠᠷᠢᠴᠠᠯ᠎ᠢ 38.5%᠎ᠡᠴᠡ ᠳᠤᠤᠷ᠎ᠠ ᠪᠠᠢᠯᠭᠠᠬᠤ ᠥᠬᠡᠶ ᠵᠢ ᠪᠠᠳᠤᠯᠠᠵᠤ᠂ ᠣᠯᠠᠨ ᠲᠦᠮᠡᠨ᠎ᠦ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯ᠎ᠳᠤ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠶ᠋ᠢ 80% ᠡᠴᠡ ᠳᠠᠪᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号