ᠦᠬᠠᠶ᠎ᠶ᠋ᠢᠨ ᠰᠤᠨᠢᠷᠬᠠᠯᠳᠤ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠢᠳᠡ ᠬᠦᠭ ᠳᠠᠢ ᠶᠠᠪᠤᠭᠳᠠᠨ᠎ᠠ
2025-05-04 11:57:13
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

 《 ᠬᠡᠭᠡᠷᠡᠯᠡᠬᠦ ᠮᠠᠰᠢᠨ ᠲᠡᠷᠭᠡ ᠵᠢᠯᠣᠭᠣᠳᠴᠤ᠌ ᠡᠯᠡᠰᠦᠨ ᠳᠠᠯᠠᠢ᠎ᠪᠡᠷ ᠳᠠᠪᠬᠢᠭᠤᠯᠬᠤ ᠨᠢ ᠦᠨᠡᠬᠡᠷ ᠪᠠᠬᠠᠳᠠᠢ ᠰᠠᠨᠠᠬᠳᠠᠭᠤᠯᠤᠨ᠎ᠠ》᠂ 《 ᠡᠯᠡᠰᠦᠨ ᠴᠦᠯ ᠵᠢᠡᠷ ᠲᠤᠭᠤᠷᠢᠵᠤ ᠡᠳᠡᠭᠡᠳ ᠭᠠᠢᠬᠠᠯᠳᠠᠢ ᠦᠵᠡᠮᠵᠢ ᠵᠢ ᠪᠠᠬᠠᠷᠬᠠᠯ᠎ᠠ》᠂ 《5·1 》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠦᠬᠠᠢ ᠬᠤᠳᠠ᠎ᠶ᠋ᠢᠨ ᠬᠢᠨ ᠥᠪᠡᠷᠮᠢᠴᠡ ᠣᠨᠴᠠᠯᠢᠭ᠎ᠲᠠᠶ ᠵᠢᠭᠤᠯᠴᠢᠯᠠᠯ᠎ᠤᠨ ᠡᠬᠢ ᠪᠠᠶᠠᠯᠢᠭ ᠪᠣᠯᠤᠨ ᠪᠠᠶᠠᠯᠢᠭ ᠰᠠᠢᠬᠠᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠪᠠᠷ᠎ᠢᠶᠠᠨ ᠳᠠᠬᠢᠨᠲᠠ ᠤᠯᠠᠨ᠎ᠠ ᠲᠠᠨᠢᠬᠳᠠᠪᠠ᠃ ᠪᠦᠬᠦ᠌ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠰᠠᠳ ᠡᠨᠳᠡ ᠬᠤᠷᠠᠨ ᠴᠤᠭ᠍ᠯᠠᠷᠠᠵᠤ᠂ 《ᠡᠯᠡᠰᠦᠨ ᠳᠠᠯᠠᠢ ᠰᠤᠨᠢᠷᠬᠠᠬᠤᠢ· ᠳᠤᠮᠳᠠᠳᠤ ᠤᠯᠤᠰ᠎ᠤᠨ ᠦᠬᠠᠢ 》 ᠵᠢᠨ ᠥᠪᠡᠷᠮᠢᠴᠡ ᠷᠢᠳᠢ ᠱᠢᠳᠢ ᠨᠢ ᠤᠯᠠᠨ᠎ᠤ ᠮᠠᠭ᠍ᠲᠠᠭᠠᠯ ᠰᠠᠢᠱᠢᠶᠠᠯ᠎ᠢ ᠣᠯᠵᠠᠢ᠃

5 ᠰᠠᠷ᠎ᠠ᠎ᠶ᠋ᠢᠨ 2 ᠤ᠋ᠨ ᠥᠷᠯᠥᠭᠡ᠂ ᠦᠬᠠᠶ ᠬᠣᠲᠠ᠎ᠶ᠋ᠢᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠠᠴᠠ ᠭᠤᠤᠯᠯᠠᠨ ᠡᠷᠭᠢᠯᠡᠭ᠌ᠰᠡᠨ 《ᠡᠯᠡᠰᠦᠨ ᠳᠠᠯᠠᠢ ᠰᠤᠨᠢᠷᠬᠠᠬᠤᠢ·ᠳᠤᠮᠳᠠᠳᠤ ᠤᠯᠤᠰ᠎ᠤᠨ ᠦᠬᠠᠢ》 2025 ᠦᠬᠠᠶ ᠨᠠᠭᠤᠷ᠎ᠢ ᠲᠣᠭᠣᠷᠢᠬᠤ ᠪᠥᠬᠥ᠌ ᠠᠷᠠᠳ᠎ᠤᠨ ᠪᠠᠶᠠᠷ ᠪᠠᠬᠠᠳᠤᠯᠲᠦ ᠭᠦᠶᠦᠯᠲᠡ ᠨᠢ ᠪᠥᠬᠥ᠌ ᠬᠣᠲᠠ᠎ᠶ᠋ᠢ ᠬᠦᠷ ᠬᠦᠭᠵᠢᠶᠠᠨ᠎ᠢᠶᠡᠷ ᠪᠢᠯᠬᠠᠭᠤᠯᠪᠠ᠃ 1500 ᠭᠦᠶᠦᠯᠳᠠ ᠵᠢᠨ ᠪᠠᠬᠠᠳᠠᠳ ᠦᠬᠠᠢ ᠬᠤᠳᠠ᠎ᠶ᠋ᠢᠨ ᠶᠤᠸᠠᠢ ᠢᠤᠢ ᠨᠣᠮ᠎ᠤᠨ ᠪᠠᠭᠠᠷ᠎ᠤᠨ ᠵᠡᠭᠦᠨ ᠠᠭᠤᠳᠠᠮ ᠲᠠᠯᠠᠪᠠᠢ ᠡᠴᠡ ᠮᠣᠷᠳᠠᠵᠤ᠂ ᠨᠠᠭᠤᠷ ᠲᠣᠭᠣᠷᠢᠭ᠍ᠰᠠᠨ ᠤᠷᠤᠯᠳᠤᠭᠠᠨ᠎ᠤ ᠵᠠᠮ᠎ᠢᠶᠠᠷ ᠱᠢᠷᠦᠭᠦᠨ ᠥᠷᠢᠰᠥᠯᠳᠦᠭᠡᠨ ᠶᠠᠪᠤᠭᠤᠯᠵᠤ᠂ ᠦᠬᠠᠢ ᠨᠠᠭᠤᠷ᠎ᠤᠨ ᠭᠣᠴᠣ ᠰᠠᠢᠬᠠᠨ ᠦᠵᠡᠮᠵᠢ᠎ᠶ᠋ᠢ ᠦᠵᠡᠬᠦ ᠵᠢᠨ ᠬᠠᠮᠲᠤ ᠭᠦᠶᠦᠯᠲᠡ᠎ᠵᠢᠨ ᠪᠠᠶᠠᠷ ᠪᠠᠶᠠᠰᠤᠯ᠎ᠢ ᠡᠳ᠋ᠯᠡᠪᠡ᠃

ᠲᠣᠰ ᠤᠳᠠᠭᠠᠨ᠎ᠤ ᠪᠠᠶᠠᠷ ᠪᠠᠬᠠᠳᠤᠯᠲᠦ ᠭᠦᠶᠦᠯᠲᠡ᠎ᠶ᠋ᠢᠨ ᠤᠷᠤᠯᠳᠤᠭᠠᠨ᠎ᠤ ᠵᠠᠮ ᠨᠢ ᠰᠣᠯᠣᠩᠭᠠᠨ ᠬᠥᠭᠥᠷᠭᠡ᠂ ᠦᠬᠠᠶ ᠨᠠᠭᠤᠷ᠎ᠤᠨ ᠶᠡᠬᠡ ᠬᠥᠭᠥᠷᠭᠡ ᠵᠡᠷᠭᠡ ᠦᠵᠡᠮᠵᠢ᠎ᠶ᠋ᠢᠨ ᠭᠠᠵᠠᠷ᠎ᠢ ᠬᠣᠯᠪᠣᠵᠠᠶ᠃ ᠦᠬᠠᠶ ᠨᠠᠭᠤᠷ᠎ᠤᠨ ᠤᠰᠤ ᠴᠠᠢᠯᠵᠠᠵᠤ᠂ ᠡᠯᠡᠰᠦᠨ ᠴᠥᠯ ᠨᠢ ᠬᠥᠬᠡ ᠣᠭ᠍ᠲᠠᠷᠭᠤᠶ᠎ᠲᠠᠶ ᠵᠠᠯᠭᠠᠯᠳᠤᠵᠤ᠂ ᠥᠪᠡᠷᠮᠢᠴᠡ ᠣᠨᠴᠠᠯᠢᠭ᠎ᠲᠠᠶ 《ᠡᠯᠡᠰᠦᠨ ᠲᠡᠯᠡᠶ᠎ᠰᠤᠨᠢᠷᠬᠠᠬᠤ》 ᠦᠵᠡᠮᠵᠢ᠎ᠶ᠋ᠢ ᠪᠣᠶ ᠪᠣᠯᠭᠠᠵᠤ᠂ ᠭᠦᠶᠦᠭ᠌ᠴᠢᠳ᠎ᠲᠦ ᠬᠠᠷᠠᠭᠠᠨ ᠰᠡᠷᠡᠯ ᠪᠠ ᠲᠠᠮᠢᠷ ᠤ᠋ᠨ ᠬᠥᠳᠡᠯᠭᠡᠭᠡᠨ᠎ᠦ ᠬᠤᠤᠰ ᠪᠠᠶᠠᠷ ᠪᠠᠶᠠᠰᠤᠯ ᠢ᠋ ᠤᠯᠭᠤᠵᠠᠢ᠃ 《 ᠦᠬᠠᠢ  ᠵᠢᠨ ᠬᠦᠮᠦᠨ ᠪᠤᠯᠤᠭᠰᠠᠨ ᠤ᠋ ᠬᠤᠪᠢ ᠳ᠋ᠤ᠂ ᠨᠤᠲᠤᠭ ᠤ᠋ᠨ ᠮᠠᠨᠢ ᠡᠷᠬᠢᠯᠡᠭᠰᠡᠨ ᠠᠵᠢᠯᠯᠠᠭ᠎ᠠ᠎ᠳᠦ ᠪᠢ ᠮᠠᠰᠢ ᠪᠠᠶᠠᠷᠯᠠᠵᠤ ᠪᠠᠢᠨ᠎ᠠ᠃ ᠠᠵᠢᠯᠯᠠᠭ᠎ᠠ᠎ᠳᠤ ᠣᠷᠣᠯᠴᠠᠬᠤ᠎ᠪᠠᠷ ᠳᠡᠮᠵᠢᠨ᠂ ᠪᠢ ᠭᠠᠳᠠᠷ ᠣᠷᠣᠨ᠎ᠤ ᠨᠠᠢᠵᠠ᠎ᠨᠠᠷ᠎ᠲᠠᠭᠠᠨ ᠮᠠᠨ᠎ᠤ ᠦᠬᠠᠶ᠎ᠶ᠋ᠢᠨ ᠥᠪᠡᠷᠮᠢᠴᠡ ᠦᠵᠡᠰᠭᠦᠯᠡᠩᠲᠦ ᠰᠠᠢᠬᠠᠨ ᠦᠵᠡᠮᠵᠢ᠎ᠶ᠋ᠢ ᠦᠵᠡᠭᠦᠯᠪᠠ》 ᠭᠡᠵᠦ᠍ ᠤᠷᠤᠯᠳᠤᠭᠠᠨ᠎ᠳᠤ ᠣᠷᠣᠯᠴᠠᠭ᠍ᠴᠢ ᠭᠦᠸᠧ ᠳ᠋ᠦᠩ ᠬᠤᠤ ᠰᠡᠳᠭᠢᠯ ᠳᠣᠭ᠍ᠳᠣᠯᠤᠨ ᠬᠡᠯᠡᠪᠡ᠃

ᠡᠯᠡᠰᠦᠨ ᠴᠦᠯ᠎ᠦᠨ ᠭᠦᠨ ᠳ᠋ᠤ ᠮᠠᠰᠢᠨ ᠲᠡᠷᠭᠡᠨ ᠤ᠋ ᠳᠠᠭᠤᠨ ᠬᠦᠷᠴᠢᠬᠢᠨᠡᠨ ᠬᠦᠩᠭᠢᠨᠡᠨ᠎ᠡ᠃ 5 ᠰᠠᠷ᠎ᠠ᠎ᠶ᠋ᠢᠨ 2 ᠤ᠋ᠨ ᠡᠳᠦᠷ᠂ 2025 ᠣᠨ᠎ᠤ ᠪᠥᠬᠥ᠌ ᠤᠯᠤᠰ᠎ᠤᠨ ᠬᠣᠲᠠ᠎ᠶ᠋ᠢᠨ ᠡᠯᠡᠰᠦᠨ ᠴᠥᠯ᠎ᠦᠨ ᠬᠡᠭᠡᠷᠡᠯᠡᠬᠦ᠌ ᠤᠷᠤᠯᠳᠤᠭᠠᠨ ᠦᠬᠠᠶ ᠬᠣᠲᠠ᠎ᠶ᠋ᠢᠨ ᠵᠢᠨ ᠱᠠ ᠸᠠᠨ᠎ᠤ ᠠᠮᠢ ᠠᠬᠤᠶ᠎ᠶ᠋ᠢᠨ ᠵᠢᠭᠤᠯᠴᠢᠯᠠᠯ᠎ᠤᠨ ᠣᠷᠣᠨ᠎ᠳᠤ ᠬᠥᠷ ᠬᠥᠭ᠌ᠵᠢᠶᠡᠨ ᠲᠡᠶ ᠡᠬᠢᠯᠡᠪᠡ᠃ ᠾᠧᠨᠠᠨ᠂ ᠾᠧᠪᠧᠶ᠂ ᠱᠠᠨᠰᠢ᠂ ᠱᠠᠨ ᠰᠢ ᠵᠡᠷᠭᠡ ᠭᠠᠵᠠᠷ ᠤ᠋ᠨ ᠲᠡᠷᠭᠡᠴᠢᠨ ᠡᠨᠳᠡ ᠴᠤᠭ᠍ᠯᠠᠷᠠᠵᠤ᠂ ᠡᠯᠡᠰᠦᠨ ᠴᠤᠭᠢᠶ᠎ᠠ ᠵᠢ ᠳᠠᠪᠠᠵᠤ᠂ ᠨᠦᠬᠡ ᠪᠡᠷ ᠲᠤᠭᠤᠯᠵᠤ᠂ ᠮᠤᠷᠤᠶ ᠵᠠᠮ ᠵᠢᠡᠷ ᠶᠠᠪᠤᠵᠤ ᠮᠡᠷᠭᠡᠵᠢᠯ ᠵᠢᠡᠨ ᠦᠵᠡᠯᠴᠡᠵᠦ᠍᠂ ᠨᠡᠯᠦᠭᠡᠷ ᠶᠡᠬᠡ ᠡᠯᠡᠰᠦᠨ ᠴᠥᠯ᠎ᠳᠦ ᠡᠷᠳᠡᠮ ᠵᠢᠡᠨ ᠭᠠᠢᠬᠠᠭᠤᠯᠵᠠᠭᠠᠪᠠ᠃

ᠦᠳᠡ᠎ᠶ᠋ᠢᠨ ᠡᠮᠦᠨᠡᠬᠢ 10 ᠴᠠᠭ 20 ᠮᠢᠨᠦ᠋ᠲ᠎ᠲᠦ᠂  ᠬᠡᠭᠡᠷᠡᠯᠡᠬᠦ᠌ ᠤᠷᠤᠯᠳᠤᠭᠠᠨ᠎ᠤ ᠨᠢᠭᠡᠳᠦᠭᠡᠷ ᠳᠤᠭᠤᠢᠯᠠᠩ᠎ᠤᠨ ᠮᠠᠰᠢᠨ ᠲᠡᠷᠭᠡ ᠨᠤᠭᠦᠳ ᠮᠤᠷᠢ ᠪᠤᠯᠬᠢᠬᠤ ᠮᠡᠳᠦ  ᠡᠯᠡᠰᠦᠨ ᠴᠦᠯ᠎ᠢᠶᠡᠷ ᠰᠦᠯᠵᠢᠯᠳᠦᠨ ᠳᠠᠪᠬᠢᠵᠤ᠂ ᠵᠢᠯᠣᠭᠣᠴᠢ᠎ᠶ᠋ᠢᠨ ᠤᠷᠠᠨ ᠮᠡᠷᠭᠡᠵᠢᠯ ᠪᠠ ᠡᠷᠡᠯᠬᠡᠭ ᠵᠣᠷᠢᠭ᠎ᠢ ᠢᠯᠡᠷᠡᠭᠦᠯᠪᠡ᠃

ᠲᠣᠰ ᠤᠳᠠᠭᠠᠨ᠎ᠤ ᠤᠷᠤᠯᠳᠤᠭᠠᠨ᠎ᠤ ᠵᠠᠮ᠎ᠤᠨ ᠣᠷᠳᠣ ᠨᠢ ᠪᠠᠷᠤᠭ 10 ᠺᠢᠯᠣᠮᠧᠲ᠋ᠷ ᠪᠠᠢᠵᠤ᠂ ᠲᠤᠰᠭᠠᠢᠯᠠᠨ ᠡᠯᠡᠰᠦᠨ ᠴᠥᠯ᠎ᠦᠨ ᠬᠡᠭᠡᠷᠡᠯᠡᠬᠦ᠌ ᠵᠢᠷᠤᠭ ᠲᠥᠯᠥᠪᠯᠡᠭᠡ ᠬᠢᠵᠦ᠍᠂ ᠤᠯᠤᠰ᠎ᠲᠠᠭᠠᠨ ᠦᠶ᠋ᠯᠡᠳᠪᠦᠷᠢᠯᠡᠭ᠌ᠰᠡᠨ T2 ᠳᠤᠭᠤᠢᠯᠠᠩ᠂ ᠬᠣᠯᠢᠮᠠᠭ T2 ᠳᠤᠭᠤᠢᠯᠠᠩ ᠪᠠ ᠳᠤᠭᠤᠶ ᠲᠡᠷᠭᠡᠨ᠎ᠦ ᠤᠷᠤᠯᠳᠤᠭᠠᠨ᠎ᠤ ᠳᠤᠭᠤᠢᠯᠠᠩ ᠵᠡᠷᠭᠡ 3 ᠳᠤᠭᠤᠢᠯᠠᠩ ᠭᠠᠷᠭᠠᠵᠤ᠂ ᠨᠠᠢᠳᠠ 119 ᠬᠡᠭᠡᠷᠡᠯᠡᠬᠦ᠌ ᠮᠠᠰᠢᠨ ᠲᠡᠷᠭᠡ  3 ᠡᠳᠦᠷ᠎ᠤᠷᠤᠯᠳᠤᠬᠤ ᠪᠣᠯᠤᠨ᠎ᠠ᠃ ᠨᠡᠯᠦᠭᠡᠷ ᠶᠡᠬᠡ ᠡᠯᠡᠰᠦᠨ ᠳᠠᠯᠠᠢ ᠪᠠ ᠡᠯ᠎ᠡ ᠵᠦᠢᠯ᠎ᠦᠨ ᠠᠶᠤᠮᠱᠢᠭ᠍ᠲᠤ ᠬᠡᠨᠡᠨ ᠥᠷᠢᠰᠥᠯᠳᠦᠭᠡᠨ᠎ᠦ ᠡᠮᠦᠨ᠎ᠡ᠂ ᠲᠡᠷᠭᠡᠴᠢᠨ ᠴᠦ᠍ ᠲᠡᠷᠡ᠂ ᠦᠵᠡᠭ᠌ᠴᠢᠳ ᠴᠦ᠍ ᠲᠡᠷᠡ ᠪᠦᠷ ᠡᠨᠳᠡ᠎ᠡᠴᠡ ᠬᠠᠪᠤ ᠴᠡᠩᠭᠡᠯ ᠡᠳ᠋ᠯᠡᠵᠤ ᠪᠤᠯᠤᠨ᠎ᠠ᠃ 《ᠪᠢ ᠡᠯᠡᠰᠦᠨ ᠴᠥᠯ᠎ᠳᠦ ᠮᠠᠰᠢ ᠳᠤᠷᠠᠲᠠᠶ᠂ ᠦᠬᠠᠶ᠎ᠶ᠋ᠢᠨ ᠣᠷᠴᠢᠨ ᠲᠣᠭᠣᠷᠢᠨ ᠮᠠᠰᠢ ᠰᠠᠢᠨ᠂ ᠪᠢ ᠲᠣᠮᠣ ᠪᠣᠯᠪᠠᠯ ᠪᠠᠰᠠ ᠲᠡᠷᠭᠡ ᠤᠷᠤᠯᠳᠤᠭ᠍ᠴᠢ ᠪᠣᠯᠤᠨ᠎ᠠ》ᠭᠡᠵᠦ ᠪᠡᠭᠡᠵᠢᠩ᠎ᠡᠴᠡ ᠢᠷᠡᠵᠦ᠍ ᠤᠷᠤᠯᠳᠤᠭᠠᠨ᠎ᠰᠤᠨᠢᠷᠬᠠᠭᠰᠠᠨ ᠾᠧ ᠽᠦ᠍ ᠵᠧᠩ ᠬᠡᠯᠡᠪᠡ᠃

ᠨᠡᠯᠦᠭᠡᠷ ᠶᠡᠬᠡ ᠡᠯᠡᠰᠦᠨ ᠴᠥᠯ᠂ ᠨᠣᠮᠢᠨ ᠳᠣᠯᠭᠢᠶᠠᠨ ᠬᠠᠶᠠᠯᠠᠭ᠍ᠰᠠᠨ ᠦᠬᠠᠶ ᠨᠠᠭᠤᠷ᠂ ᠰᠤᠨᠢᠷᠬᠠᠯᠳᠠᠢ ᠰᠠᠢᠬᠠᠨ ᠤᠷᠠᠨ ᠪᠢᠴᠢᠯᠭᠡ᠎ᠶ᠋ᠢᠨ ᠦᠵᠡᠰᠭᠦᠯᠡᠩ᠂ ᠠᠮᠲᠠᠳᠤ ᠤᠯᠠᠭᠠᠨ ᠠᠷᠢᠬᠢ ᠠᠮᠳᠠᠯᠠᠨ᠎ᠠ ᠁ ᠥᠪᠡᠷᠮᠢᠴᠡ ᠵᠢᠭᠤᠯᠴᠢᠯᠠᠯ᠎ᠤᠨ ᠡᠬᠢ ᠪᠠᠶᠠᠯᠢᠭ ᠨᠢ ᠦᠬᠠᠶ᠎ᠶ᠋ᠢ ᠡᠨᠡ ᠬᠦ᠌ ᠠᠮᠠᠷᠠᠯᠲᠠ᠎ᠶ᠋ᠢᠨ ᠬᠤᠭᠤᠴᠠᠭᠠᠨ᠎ᠳᠤ ᠬᠦᠮᠦᠨ᠎ᠤ ᠲᠠᠯᠠᠢ ᠪᠤᠯᠭᠠᠪᠠ᠃ ᠣᠳᠣᠬᠠᠨ᠎ᠳᠤ ᠦᠬᠠᠶ ᠬᠣᠲᠠ᠎ᠳᠤ A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ 22 ᠪᠤᠢ᠂ ᠡᠭᠦᠨ᠎ᠳᠦ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ 5᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠶ ᠲᠣᠰᠭᠣᠨ 2᠂ ᠪᠥᠬᠥ᠌ ᠤᠯᠤᠰ᠎ᠤᠨ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠶ ᠲᠣᠰᠭᠣᠨ 2 ᠪᠠᠢᠵᠦ᠂ ᠪᠥᠬᠥ᠌ ᠣᠷᠣᠨ ᠪᠦᠰᠡ᠎ᠶ᠋ᠢᠨ ᠬᠠᠩᠭᠠᠯᠭ᠎ᠠ᠂ ᠦᠶ᠋ᠯᠡᠳᠬᠦᠨ ᠣᠯᠠᠨ ᠡᠱᠢᠵᠢᠭ᠌ᠰᠡᠨ ᠵᠢᠭᠤᠯᠴᠢᠯᠠᠯ᠎ᠤᠨ ᠦᠶ᠋ᠯᠡᠰ᠎ᠦᠨ ᠱᠢᠨ᠎ᠡ ᠣᠨᠴᠠᠯᠢᠭ ᠡᠳᠦᠷ ᠢᠷᠡᠬᠦᠶ᠎ᠡ ᠲᠣᠪᠣᠢᠮ᠎ᠠ ᠪᠣᠯᠵᠣ ᠪᠠᠢᠨ᠎ᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠦᠬᠠᠶ ᠬᠣᠲᠠ ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠬᠤ᠎ᠳᠦ ᠠᠨᠭᠬᠠᠷᠤᠯ ᠵᠢᠡᠨ ᠲᠦᠪᠯᠡᠷᠡᠭᠦᠯᠵᠦ᠂《ᠰᠢᠷᠭᠠᠯ ᠡᠯᠡᠰᠦ ᠬᠦᠬᠡᠮᠳᠦᠭ ᠲᠡᠯᠡᠶ·ᠳᠤᠮᠳᠠᠳᠤ ᠤᠯᠤᠰ᠎ᠤᠨ ᠦᠬᠠᠶ》ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠎ᠢ ᠢᠳᠡᠪᠬᠢᠲᠡᠶ ᠡᠭᠦᠳᠴᠦ᠍᠂ ᠡᠯᠡᠰᠦᠨ ᠴᠥᠯ᠂ ᠬᠣᠲᠠ᠂ ᠨᠠᠭᠤᠷ᠎ᠤᠨ ᠤᠰᠤ ᠵᠡᠷᠭᠡ ᠦᠵᠡᠮᠵᠢ᠎ᠶ᠋ᠢᠨ ᠡᠬᠢ ᠪᠠᠶᠠᠯᠢᠭ᠎ᠲᠠᠶ ᠤᠶᠠᠯᠳᠤᠭᠤᠯᠤᠨ᠂ ᠤᠯᠠᠮᠵᠢᠯᠠᠯᠲᠤ ᠰᠣᠶᠣᠯ᠂ ᠬᠠᠲᠤᠨ ᠭᠤᠤᠯ᠎ᠤᠨ ᠰᠣᠶᠣᠯ᠂ ᠪᠣᠭᠣᠮᠲᠠ᠎ᠶ᠋ᠢᠨ ᠭᠠᠳᠠᠨᠠᠬᠢ ᠰᠣᠶᠣᠯ᠂ ᠠᠷᠠᠳ᠎ᠤᠨ ᠵᠠᠩ ᠦᠶ᠋ᠯᠡ᠎ᠶ᠋ᠢᠨ ᠰᠣᠶᠣᠯ ᠵᠡᠷᠭᠡ ᠡᠯᠧᠮᠧᠨ᠋ᠲ᠎ᠢ ᠰᠣᠶᠣᠯ ᠵᠢᠭᠤᠯᠴᠢᠯᠠᠯ᠎ᠤᠨ ᠠᠵᠤ ᠦᠶ᠋ᠯᠡᠰ ᠪᠠ ᠲᠥᠷᠥᠯ ᠲᠡᠮᠳᠡᠭ᠎ᠦᠨ ᠠᠭᠤᠯᠭ᠎ᠠ᠎ᠲᠠᠶ ᠣᠷᠭᠠᠨᠢᠭ᠎ᠢᠶᠠᠷ ᠠᠭᠤᠰᠤᠯᠴᠠᠭᠤᠯᠵᠤ᠂ ᠠᠭᠤᠯᠬᠤᠨ ᠪᠠ ᠠᠭᠤᠯᠤᠭ᠍ᠳᠠᠬᠤᠨ᠎ᠢ ᠲᠠᠰᠤᠷᠠᠯᠲᠠ ᠥᠬᠡᠶ ᠪᠠᠶᠠᠯᠢᠭ᠍ᠵᠢᠭᠤᠯᠤᠨ ᠥᠷᠭᠡᠳᠭᠡᠵᠦ᠍᠂ ᠦᠬᠠᠶ᠎ᠶ᠋ᠢᠨ ᠥᠪᠡᠷᠮᠢᠴᠡ ᠣᠨᠴᠠᠯᠢᠭ ᠪᠥᠬᠥᠶ ᠰᠣᠶᠣᠯ ᠵᠢᠭᠤᠯᠴᠢᠯᠠᠯ᠎ᠤᠨ IP ᠎ᠶ᠋ᠢ ᠴᠣᠭ᠍ᠴᠠᠯᠠᠪᠠ᠃ ᠡᠨᠡ ᠬᠦ᠌ ᠶᠠᠪᠤᠴᠠ᠎ᠳᠤ᠂ ᠦᠬᠠᠶ ᠬᠣᠲᠠ ᠪᠠᠰᠠ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠱᠤᠭᠤᠮ ᠪᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠨᠴᠠᠯᠢᠭ᠎ᠲᠠᠶ ᠭᠤᠤᠯ ᠰᠡᠳᠦᠪᠲᠦ ᠵᠢᠭᠤᠯᠴᠢᠯᠠᠯ᠎ᠤᠨ ᠱᠤᠭᠤᠮ᠎ᠢ ᠣᠯᠠᠨ ᠲᠥᠰᠦᠪᠯᠡᠨ ᠭᠠᠷᠭᠠᠵᠤ᠂ ᠭᠠᠵᠠᠷ ᠣᠷᠣᠨ᠎ᠤ ᠭᠣᠶᠣ ᠦᠵᠡᠮᠵᠢ᠎ᠶ᠋ᠢ ᠬᠡᠯᠬᠢᠵᠦ᠍᠂ ᠰᠣᠶᠣᠯ ᠵᠢᠭᠤᠯᠴᠢᠯᠠᠯ᠎ᠤᠨ ᠬᠡᠷᠡᠭ᠌ᠯᠡᠭᠡ ᠵᠢᠨ ᠳᠠᠯᠳᠠ ᠬᠦᠴᠦᠨ᠎ᠢ ᠲᠠᠰᠤᠷᠠᠯᠲᠠ ᠥᠬᠡᠶ ᠠᠭᠤᠳᠠᠯᠪᠠ᠃

ᠡᠨᠡ ᠵᠢᠯ᠎ᠦᠨ ᠲᠦᠷᠦᠬᠦᠦ ᠤᠯᠠᠷᠢᠯ᠎ᠳᠤ ᠦᠬᠠᠶ ᠬᠣᠲᠠ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠢ ᠭᠥᠯᠢᠶᠡᠨ ᠠᠪᠤᠭ᠍ᠰᠠᠨ ᠬᠡᠮᠵᠢᠶ᠎ᠡ ᠪᠠ ᠵᠢᠭᠤᠯᠴᠢᠯᠠᠯ᠎ᠤᠨ ᠶᠡᠷᠦᠩᠬᠡᠶ ᠣᠷᠣᠯᠭ᠎ᠠ᠎ᠶ᠋ᠢᠨ ᠬᠤᠤᠰ ᠨᠡᠮᠡᠭ᠌ᠳᠡᠯ᠎ᠢ ᠪᠡᠶᠡᠯᠡᠭᠦᠯᠵᠦ᠍᠂ ᠪᠥᠬᠥ᠌ ᠬᠣᠲᠠ ᠪᠡᠷ᠎ᠢᠶᠡᠨ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠢ ᠨᠡᠢᠲᠡ 209.29 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠡᠴᠡ 17.95% ᠪᠠᠷ ᠨᠡᠮᠡᠭ᠌ᠳᠡᠪᠡ ; ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠤᠨ ᠪᠥᠬᠥ᠌ ᠵᠠᠷᠤᠳᠠᠯ 24.98 ᠳ᠋ᠦᠩᠱᠢᠭᠤᠷ ᠲᠥᠭᠥᠷᠢᠭ ᠲᠤ᠌ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 22.24% ᠪᠡᠷ ᠨᠡᠮᠡᠭ᠌ᠳᠡᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠰᠠᠢᠨ ᠡᠬᠢᠯᠡᠯᠲᠡ ᠵᠢ ᠪᠡᠶᠡᠯᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号