《 ᠬᠥᠬᠡᠬᠣᠲᠠ᠎ᠶ᠋ᠢᠨ ᠴᠢᠯᠠᠭᠤᠨ ᠲᠣᠰᠣ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠺᠤᠮᠫᠠᠨᠢ ᠵᠢᠨ 5 ᠰᠠᠷ᠎ᠠ᠎ᠶ᠋ᠢᠨ ᠠᠩᠬᠠᠳᠠᠭᠴᠢ ᠲᠤᠰᠤ ᠲᠡᠭᠡᠭᠡᠪᠦᠷᠢᠯᠡᠬᠦ ᠭᠠᠯᠳᠤ ᠲᠡᠷᠭᠡ ᠪᠤᠯᠬᠤ 85011 ᠨᠤᠮᠧᠷᠳᠤ ᠭᠠᠯᠳᠤ ᠲᠡᠷᠭᠡ ᠨᠢᠭᠡᠨᠲᠡ ᠥᠷᠲᠡᠭᠡᠨ᠎ᠳᠦ ᠣᠷᠣᠵᠤ ᠢᠷᠡᠪᠡ᠂ ᠬᠤᠯᠪᠤᠭᠳᠠᠯ ᠪᠦᠬᠦᠢ ᠠᠵᠢᠯᠴᠢᠳ ᠪᠠᠷᠠᠭ᠎ᠠ ᠵᠢ ᠠᠴᠢᠶᠠᠯᠠᠭᠠᠷᠠᠶ》 ᠭᠡᠵᠤ 5 ᠰᠠᠷ᠎ᠠ᠎ᠶ᠋ᠢᠨ 1 ᠤ᠋ ᠦᠳᠡ᠎ᠳᠦ ᠴᠢᠯᠠᠭᠤᠨ ᠲᠣᠰᠣ ᠲᠡᠭᠡᠭᠡᠪᠦᠷᠢᠯᠡᠬᠦ᠌ ᠭᠠᠯᠲᠤ ᠲᠡᠷᠭᠡ ᠰᠠᠶᠢᠬᠠᠨ ᠥᠷᠲᠡᠭᠡᠨ᠎ᠳᠦ ᠣᠷᠣᠵᠤ ᠢᠷᠡᠬᠦ ᠳ᠋ᠤ ᠤᠮᠠᠷᠠᠲᠤ᠎ᠶ᠋ᠢᠨ ᠴᠢᠯᠠᠭᠤᠨ ᠲᠣᠰᠣᠨ᠎ᠤ ᠠᠭᠤᠷᠬᠠᠶ᠎ᠶ᠋ᠢᠨ ᠪᠠᠶᠠᠨ ᠴᠢᠯᠠᠭᠤᠨ ᠲᠣᠰᠣᠨ᠎ᠤ ᠠᠭᠤᠷᠬᠠᠶ᠎ᠶ᠋ᠢᠨ ᠲᠦᠭᠦᠬᠡᠶ ᠴᠢᠯᠠᠭᠤᠨ ᠲᠣᠰᠣ ᠲᠡᠭᠡᠭᠡᠪᠦᠷᠢᠯᠡᠬᠦ᠌ ᠥᠷᠲᠡᠭᠡ᠎ᠶ᠋ᠢᠨ ᠳᠠᠷᠤᠭ᠎ᠠ ᠯᠢ᠎ᠶ᠋ᠢᠨ ᠱᠤᠸᠠᠢ ᠵᠠᠷᠯᠢᠭ ᠪᠠᠭᠤᠯᠭᠠᠪᠠ᠃ ᠲᠤᠰ ᠥᠷᠲᠡᠭᠡᠨ᠎ᠦ ᠳᠥᠷᠪᠡᠳᠦᠭᠡᠷ ᠠᠴᠢᠶᠠᠯᠠᠬᠤ ᠠᠩᠭᠢ᠎ᠶ᠋ᠢᠨ ᠳᠠᠷᠤᠭ᠎ᠠ ᠴᠢ ᠱ᠌ᠢ ᠯᠢᠶᠠᠨ᠎ᠤ ᠳᠠᠭᠠᠭᠤᠯᠭ᠎ᠠ᠎ᠪᠠᠷ 5 ᠠᠵᠢᠯᠴᠢᠨ ᠠᠵᠢᠯᠯᠠᠵᠤ ᠡᠬᠢᠯᠡᠪᠡ᠃ ᠲᠠᠨᠢᠯᠴᠠᠭᠤᠯᠤᠭ᠍ᠰᠠᠨ᠎ᠢᠶᠠᠷ᠂ ᠨᠢᠭᠡ ᠤᠳᠠᠭ᠎ᠠ ᠵᠢᠨ ᠭᠠᠯᠲᠤ ᠲᠡᠷᠭᠡ᠎ᠶ᠋ᠢ ᠳᠦᠭᠦᠷᠲᠡᠯ᠎ᠡ ᠲᠡᠭᠡᠭᠡᠬᠦ᠌᠎ᠳᠦ ᠪᠠᠷᠤᠭ 7 ᠴᠠᠭ ᠬᠡᠷᠡᠭ᠌ᠰᠡᠨ᠎ᠡ᠃
《 5·1》 ᠤ᠋ ᠠᠮᠠᠷᠠᠯᠳᠠ ᠵᠢᠨ ᠬᠤᠭᠤᠴᠠᠭᠠᠨ ᠳᠤ᠂ ᠬᠦᠮᠦᠰ ᠭᠡᠷ ᠬᠤᠳᠠᠯᠠᠭᠠᠷ᠎ᠢᠶᠡᠨ ᠴᠤᠬᠯᠠᠷᠠᠵᠤ᠂ ᠭᠠᠳᠠᠭ᠍ᠰᠢ ᠭᠠᠷᠴᠤ᠌ ᠵᠢᠭᠤᠯᠴᠢᠯᠠᠨ ᠨᠠᠭᠠᠳᠴᠤ ᠪᠠᠢᠬᠤ ᠦᠶ᠎ᠡ᠎ᠳᠦ ᠲᠦᠭᠦᠬᠡᠢ ᠴᠢᠯᠠᠭᠤᠨ ᠲᠤᠰᠤ ᠲᠡᠭᠡᠭᠡᠪᠦᠷᠢᠯᠡᠬᠦ ᠲᠡᠮᠦᠷ ᠵᠠᠮ᠎ᠤᠨ ᠪᠦᠯᠬᠦᠮ ᠤ᠋ᠨ ᠬᠢᠨ ᠮᠥᠨ ᠯᠠ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠲᠡᠮᠦᠷ ᠵᠠᠮ᠎ᠤᠨ ᠳᠤᠮᠳᠠᠭᠤᠷ ᠰᠦᠯᠵᠢᠯᠳᠦᠨ᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠤᠯᠤᠰ᠎ᠤᠨ ᠠᠵᠤ ᠦᠢᠯᠡᠳᠪᠦᠷᠢ᠎ᠶ᠋ᠢᠨ 《ᠴᠢᠰᠤ》ᠳᠠᠮᠵᠢᠭᠤᠯᠬᠤ ᠭᠣᠣᠯ ᠰᠤᠳᠠᠰᠤ᠎ᠶ᠋ᠢ ᠪᠠᠳᠤ ᠰᠠᠬᠢᠨ᠎ᠠ᠃
ᠲᠡᠷᠭᠡᠨ᠎ᠳᠦ ᠠᠴᠢᠶᠠᠯᠠᠬᠤ ᠵᠢ ᠬᠠᠷᠢᠭᠤᠴᠠᠵᠤ ᠪᠠᠢᠭ᠎ᠠ ᠵᠢᠵᠢᠭᠦᠷᠯᠡᠭᠴᠢ ᠦᠷᠳᠡᠭᠡᠨ ᠳᠠᠷᠤᠭ᠎ᠠ ᠬᠤᠸᠠᠩ ᠱᠢᠶᠤᠤ ᠫᠸᠩ ᠥᠴᠦᠬᠡᠨ ᠴᠦ᠍ ᠴᠠᠯᠠᠭᠠᠢᠷᠠᠬᠤ ᠦᠭᠡᠢ ᠪᠠᠢᠵᠤ᠂ ᠲᠤᠬᠠᠢ᠎ᠶ᠋ᠢᠨ ᠲᠠᠯᠠᠪᠠᠢ᠎ᠳᠤ ᠲᠤᠰ᠎ᠤᠨ ᠲᠡᠷᠭᠡ ᠪᠦᠷᠢ᠎ᠶ᠋ᠢᠨ ᠪᠠᠢᠳᠠᠯ᠎ᠢ ᠨᠠᠷᠢᠨ ᠪᠠᠢᠴᠠᠭᠠᠵᠤ᠂ ᠲᠤᠰᠤ ᠭᠤᠭᠤᠵᠢᠵᠤ ᠪᠠᠢᠬᠤ ᠡᠰᠡᠬᠦ᠂ ᠲᠣᠷᠮᠣᠰᠯᠠᠬᠤ ᠱᠢᠰᠲ᠋ᠧᠮ ᠨᠢ ᠡᠪᠳᠡᠷᠡᠭᠰᠡᠨ ᠡᠰᠡᠬᠦ ᠵᠢ ᠬᠢᠨᠠᠮᠠᠭᠠᠢ ᠪᠠᠢᠴᠠᠭᠠᠨ᠎ᠠ; ᠲᠡᠭᠡᠭᠡᠪᠦᠷᠢ᠎ᠶ᠋ᠢᠨ ᠵᠠᠮ ᠱᠤᠭᠤᠮ᠎ᠢ ᠴᠠᠭ ᠢᠮᠠᠭᠳᠠ ᠬᠢᠨᠠᠨ ᠦᠵᠡᠵᠤ᠂ ᠴᠠᠭ ᠠᠭᠤᠷ᠎ᠤᠨ ᠬᠤᠪᠢᠷᠠᠯᠲᠠ᠂ ᠵᠠᠮ᠎ᠤᠨ ᠪᠠᠢᠳᠠᠯ᠎ᠤᠨ ᠮᠡᠳᠡᠭᠡ ᠵᠠᠩᠭᠢ᠎ᠶ᠋ᠢ ᠦᠨᠳᠦᠰᠦᠯᠡᠨ ᠲᠡᠷᠭᠡ ᠶᠠᠪᠤᠭᠤᠯᠬᠤ ᠲᠥᠯᠥᠪᠯᠡᠭᠡ᠎ᠪᠡᠨ ᠠᠮᠢᠳᠤᠯᠢᠭ᠎ᠢᠶᠠᠷ ᠲᠣᠬᠢᠷᠠᠭᠤᠯᠵᠤ᠂ ᠲᠦᠭᠦᠬᠡᠶ ᠴᠢᠯᠠᠭᠤᠨ ᠲᠣᠰᠣᠨ᠎ᠤ ᠲᠡᠭᠡᠭᠡᠪᠦᠷᠢ᠎ᠶ᠋ᠢᠨ ᠠᠶᠤᠯᠭᠦᠢ᠂ ᠥᠨᠳᠥᠷ ᠦᠷ᠎ᠡ ᠪᠦᠲᠦᠮᠵᠢᠲᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃
ᠬᠤᠸᠠᠩ ᠱᠢᠶᠤᠤ ᠫᠸᠩ ᠰᠤᠷᠪᠤᠯᠵᠢᠯᠠᠭ᠍ᠴᠢ᠎ᠳᠤ᠂《ᠲᠦᠭᠦᠬᠡᠢ ᠴᠢᠯᠠᠭᠤᠨ ᠲᠤᠰᠤ ᠨᠢ ᠠᠵᠤ ᠦᠢᠯᠡᠳᠪᠦᠷᠢ᠎ᠶ᠋ᠢᠨ〈ᠴᠢᠰᠤ〉 ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠠᠵᠤ ᠠᠬᠤᠢ᠎ᠶ᠋ᠢᠨ ᠲᠣᠭ᠍ᠲᠠᠭᠤᠨ ᠡᠷᠭᠢᠯᠲᠡ ᠲᠠᠢ ᠬᠤᠯᠪᠤᠬᠳᠠᠵᠤ ᠪᠠᠢᠳᠠᠭ᠃ ᠲᠡᠮᠦᠷ ᠵᠠᠮ᠎ᠤᠨ ᠲᠡᠭᠡᠭᠡᠪᠦᠷᠢ ᠨᠢ ᠲᠦᠭᠦᠬᠡᠶ ᠴᠢᠯᠠᠭᠤᠨ ᠲᠣᠰᠣ ᠬᠦᠷᠭᠡᠬᠦ᠌ ᠴᠢᠬᠤᠯᠠ ᠠᠷᠭ᠎ᠠ ᠵᠠᠮ ᠪᠣᠯᠤᠭ᠍ᠰᠠᠨ᠎ᠤ ᠬᠤᠪᠢ᠎ᠳᠤ᠂ ᠴᠢᠯᠠᠭᠤᠨ ᠲᠤᠰᠤ ᠲᠡᠭᠡᠭᠡᠪᠤᠷᠢᠯᠡᠬᠦ ᠲᠡᠷᠭᠡ ᠨᠢᠭᠡᠪᠤᠷᠢ ᠵᠢᠨ ᠠᠮᠤᠷ ᠲᠦᠪᠱᠢᠨ᠎ᠢᠶᠡᠷ ᠠᠶᠠᠯᠠᠬᠤ᠂ ᠤᠳᠠᠭ᠎ᠠ ᠪᠦᠷᠢ᠎ᠶ᠋ᠢᠨ ᠣᠨᠣᠴᠠᠲᠠᠶ ᠲᠣᠬᠢᠷᠠᠭᠤᠯᠤᠯᠲᠠ ᠨᠢ ᠴᠥᠮ ᠡᠨᠧᠷᠭᠢ᠎ᠶ᠋ᠢᠨ ᠬᠠᠩᠭᠠᠯᠭ᠎ᠠ᠎ᠶ᠋ᠢᠨ ᠠᠮᠤᠷ ᠲᠦᠪᠱᠢᠨᠡᠷᠬᠢᠯᠳᠡ ᠲᠠᠢ ᠬᠣᠯᠪᠣᠭ᠍ᠳᠠᠵᠤ ᠪᠠᠢᠳᠠᠭ》 ᠭᠡᠵᠤ ᠬᠡᠯᠡᠪᠡ᠃
ᠲᠦᠭᠦᠬᠡᠶ ᠴᠢᠯᠠᠭᠤᠨ ᠲᠣᠰᠣ ᠱᠢᠯᠵᠢᠭᠦᠯᠦᠨ ᠲᠡᠭᠡᠭᠡᠪᠦᠷᠢᠯᠡᠬᠦ᠌ ᠲᠥᠪ ᠡᠵᠡᠮᠳᠡᠬᠦ᠌ ᠲᠠᠰᠤᠭ᠎ᠲᠤ᠂ ᠠᠵᠢᠯᠲᠠᠳ ᠠᠨᠭᠬᠠᠷᠤᠯ ᠵᠢᠡᠨ ᠲᠦᠪᠯᠡᠷᠡᠬᠦᠯᠤᠨ ᠳᠡᠯᠭᠡᠴᠡ᠎ᠶ᠋ᠢ ᠠᠵᠢᠭ᠍ᠯᠠᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠲᠤᠬᠢᠷᠠᠭᠤᠯᠵᠦ᠂ ᠲᠡᠭᠡᠭᠡᠪᠦᠷᠢ᠎ᠶ᠋ᠢᠨ ᠱᠤᠭᠤᠮ᠎ᠤᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠨ᠎ᠠ᠃ᠨᠢᠭᠡ ᠡᠳᠦᠷ᠎ᠦᠨ ᠳᠣᠲᠣᠷ᠎ᠠ᠂ ᠠᠵᠢᠯᠲᠠᠳ ᠲᠡᠷᠭᠡᠨ᠎ᠦ ᠲᠥᠪ ᠨᠡᠭᠡᠯᠡᠬᠡᠶ ᠵᠡᠷᠭᠡ ᠬᠡᠰᠡᠭ᠎ᠦᠨ ᠪᠦᠷᠢᠨ ᠪᠦᠲᠦᠨ ᠪᠠᠢᠬᠤ ᠡᠰᠡᠬᠦ᠌᠂ ᠲᠡᠷᠭᠡ ᠠᠴᠢᠶᠠᠯᠠᠬᠤ ᠱᠠᠭᠠᠷᠳᠠᠯᠭ᠎ᠠ᠎ᠶ᠋ᠢ ᠬᠠᠩᠭᠠᠭ᠍ᠰᠠᠨ ᠡᠰᠡᠬᠦ᠌᠎ᠶ᠋ᠢ ᠪᠠᠢᠴᠠᠭᠠᠨ᠎ᠠ ᠁ ᠣᠯᠠᠨ᠎ᠢᠶᠠᠷ᠎ᠢᠶᠠᠨ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠬᠠᠷᠢᠯᠴᠠᠨ ᠬᠠᠮᠵᠢᠯᠴᠠᠵᠤ᠂ ᠲᠦᠭᠦᠬᠡᠶ ᠴᠢᠯᠠᠭᠤᠨ ᠲᠣᠰᠣᠨ ᠤ᠋ ᠲᠡᠮᠦᠷ ᠵᠠᠮ᠎ᠤᠨ ᠲᠡᠭᠡᠭᠡᠪᠦᠷᠢ ᠭᠡᠬᠦ᠌ ᠡᠨᠡ ᠬᠦ᠌ 《ᠡᠨᠧᠷᠭᠢ᠎ᠶ᠋ᠢᠨ ᠰᠤᠳᠠᠰᠤ》᠎ᠶ᠋ᠢ ᠰᠠᠢᠲᠤᠷ ᠰᠠᠬᠢᠨ ᠬᠠᠮᠠᠭᠠᠯᠠᠵᠤ ᠪᠠᠢᠨ᠎ᠠ ᠃
5 ᠰᠠᠷ᠎ᠠ᠎ᠶ᠋ᠢᠨ 1 ᠤ᠋ ᠡᠳᠦᠷ᠂ ᠦᠪᠤᠷ ᠮᠤᠨᠭᠭᠤᠯ ᠤ᠋ᠨ ᠪᠠᠷᠠᠭᠤᠨ ᠭᠡᠰᠡᠭ ᠲᠤ᠌ ᠪᠠᠢᠷᠢᠯᠠᠭ᠎ᠠ ᠪᠠᠶᠠᠨ ᠴᠢᠯᠠᠭᠤᠨ ᠲᠤᠰᠤᠨ᠎ᠤ ᠠᠭᠤᠷᠬᠠᠢ 2 ᠴᠤᠪᠤᠭ᠎ᠠ 93 ᠸᠠᠭᠤᠨ ᠠᠴᠢᠶᠠᠯᠠᠵᠤ᠂ 5000 ᠲᠣᠨ ᠱᠢᠬᠠᠮ ᠲᠦᠭᠦᠬᠡᠢ ᠴᠢᠯᠠᠭᠤᠨ ᠲᠤᠰᠤ ᠵᠢ ᠭᠠᠳᠠᠭ᠍ᠰᠢ ᠬᠦᠷᠭᠡᠵᠠᠢ᠃