ᠬᠠᠴᠢᠨ ᠴᠢᠯᠠᠭᠤ ᠰᠤᠨᠢᠷᠬᠠᠵᠤ ᠠᠷᠠᠳ ᠤ᠋ᠨ ᠵᠠᠩ ᠥᠢᠯᠨ ᠵᠢ ᠤᠢᠯᠠᠭᠠᠨ ᠤᠷᠤᠯᠳᠤᠭᠠᠨ ᠦᠵᠡᠨ᠎ᠠ
5 ᠰᠠᠷ᠎ᠠ᠎ᠶ᠋ᠢᠨ 5 ᠤ᠋ ᠥᠷᠯᠥᠭᠡ᠂ ᠠᠯᠠᠱᠠ᠎ᠶ᠋ᠢᠨ ᠡᠯᠡᠰᠦᠨ ᠴᠥᠯ᠎ᠦᠨ ᠬᠠᠴᠢᠨ ᠴᠢᠯᠠᠭᠤᠨ ᠤ᠋ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ᠎ᠦᠨ ᠠᠭᠤᠳᠠᠮ ᠲᠠᠯᠠᠪᠠᠶ᠎ᠳᠤ ᠵᠢᠭᠤᠯᠴᠢᠯᠠᠭᠰᠠᠳ ᠬᠤᠷᠠᠨ ᠴᠤᠭ᠍ᠯᠠᠷᠠᠵᠤ᠂ ᠬᠥᠷ ᠬᠥᠭ᠌ᠵᠢᠶᠡᠨ᠎ᠢᠶᠡᠷ ᠪᠢᠯᠬᠠᠵᠦ ᠪᠠᠢᠯ᠎ᠠ᠃ ᠮᠠᠢᠬᠠᠨ ᠨᠤᠭᠤᠳ ᠤ᠋ᠨ ᠡᠮᠦᠨ᠎ᠠ ᠳᠠᠯᠪᠢᠭᠳᠠᠭᠰᠠᠨ ᠶᠡᠬᠡ ᠪᠠᠭ᠎ᠠ ᠬᠠᠴᠢᠨ ᠴᠢᠯᠠᠭᠤ᠂ ᠨᠣᠮᠢᠨ ᠬᠠᠰ ᠨᠤᠭᠤᠳ ᠵᠢᠭᠤᠯᠴᠢᠯᠠᠭᠰᠠᠳ ᠤ᠋ᠨ ᠠᠩᠬᠠᠷᠤᠯ ᠢ᠋ ᠳᠠᠳᠠᠨ᠎ᠠ᠃ ᠠᠯᠠᠱᠠ᠎ᠶ᠋ᠢᠨ ᠡᠯᠡᠰᠦᠨ ᠴᠦᠯ᠎ᠦᠨ ᠬᠠᠴᠢᠨ ᠴᠢᠯᠠᠭᠤᠨ᠎ᠤ ᠰᠣᠶᠣᠯ᠎ᠤᠨ ᠮᠦᠽᠧᠢ᠎ᠶ᠋ᠢᠨ ᠦᠵᠡᠭᠦᠯᠭᠡ᠎ᠶ᠋ᠢᠨ ᠲᠢᠩᠬᠢᠮ᠎ᠳᠦ ᠬᠥᠮᠦᠰ ᠴᠤᠭ᠍ᠯᠠᠷᠠᠵᠤ᠂ ᠶᠠᠩᠵᠤ ᠪᠦᠷᠢ ᠵᠢᠨ ᠬᠡᠯᠪᠡᠷᠢ ᠳᠦᠷᠰᠦ ᠲᠠᠢ᠂ ᠦᠨᠭ᠌ᠭᠡ ᠢᠯᠭᠠᠷᠠᠭᠰᠠᠨ ᠭᠣᠪᠢ᠎ᠶ᠋ᠢᠨ ᠴᠢᠯᠠᠭᠤ᠂ ᠬᠠᠰ ᠡᠷᠳᠡᠨᠢ ᠵᠢ ᠰᠤᠨᠢᠷᠬᠠᠨ ᠦᠵᠡᠬᠦ ᠵᠢᠨ ᠬᠠᠮᠳᠤ ᠰᠡᠭᠦᠳᠡᠷ ᠳᠠᠳᠠᠨ ᠳᠤᠷᠠᠰᠬᠠᠯ ᠦᠯᠡᠳᠡᠵᠡᠭᠡᠨᠠ᠃

5 ᠰᠠᠷ᠎ᠠ ᠵᠢᠨ 3 ᠤ᠋ ᠡᠳᠦᠷ᠂ ᠠᠯᠠᠱᠠ ᠪᠠᠷᠠᠭᠤᠨ ᠬᠤᠰᠢᠭᠤᠨ ᠤ᠋ ᠠᠩᠬᠠᠳᠤᠭᠠᠷ ᠬᠤᠭᠤᠴᠠᠭᠠᠨ ᠤ᠋ 《ᠪᠠᠳᠠᠢ ᠵᠢᠨ ᠵᠢᠷᠠᠨ ᠬᠤᠨᠳᠠᠭᠠᠳᠤ》 ᠬᠠᠪᠤᠷ ᠤ᠋ᠨ ᠮᠤᠷᠢ ᠤᠷᠤᠯᠲᠤᠬᠤ ᠲᠡᠮᠡᠭᠡ ᠤᠷᠤᠯᠲᠤᠬᠤ ᠠᠵᠢᠯᠯᠠᠭ᠎ᠠ ᠡᠬᠢᠯᠡᠪᠡ
ᠵᠠᠩ ᠯᠸ ᠶᠤᠸᠠᠨ ᠰᠡᠭᠦᠳᠡᠷᠯᠡᠪᠡ
ᠣᠢᠷ᠎ᠠ᠎ᠶ᠋ᠢᠨ ᠡᠳᠦᠷ᠎ᠦᠳ᠎ᠲᠦ᠂ 2025 ᠣᠨ᠎ᠤ ᠬᠠᠪᠤᠷ᠎ᠤᠨ ᠤᠯᠠᠷᠢᠯ᠎ᠤᠨ ᠠᠯᠠᠱᠠ᠎ᠶ᠋ᠢᠨ ᠬᠠᠰ᠂ ᠦᠵᠡᠮᠦᠷᠢ᠎ᠶ᠋ᠢᠨ ᠴᠢᠯᠠᠭᠤᠨ ᠤ᠋ ᠰᠣᠶᠣᠯ ᠵᠢᠭᠤᠯᠴᠢᠯᠠᠯ᠎ᠤᠨ ᠨᠠᠢᠷ ᠵᠢᠴᠢ ᠠᠷᠠᠯᠵᠢᠶᠠᠨ᠎ᠤ ᠦᠵᠡᠰᠭᠦᠯᠡᠩ ᠠᠯᠠᠱᠠ᠎ᠶ᠋ᠢᠨ ᠡᠯᠡᠰᠦᠨ ᠴᠥᠯ᠎ᠦᠨ ᠬᠠᠴᠢᠨ ᠴᠢᠯᠠᠭᠤᠨ ᠤ᠋ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ᠎ᠳᠦ ᠶᠠᠪᠤᠭ᠍ᠳᠠᠬᠤ᠎ᠶ᠋ᠢ ᠳᠠᠭᠠᠯᠳᠤᠨ᠂ ᠱᠢᠨᠵᠢᠶᠠᠩ᠂ ᠾᠧᠨᠠᠨ᠂ ᠭᠤᠸᠠᠩᠰᠢ ᠵᠡᠷᠭᠡ ᠭᠠᠵᠠᠷ ᠣᠷᠣᠨ ᠡᠴᠡ ᠢᠷᠡᠭ᠌ᠰᠡᠨ ᠬᠤᠳᠠᠯᠳᠤᠭᠠᠴᠢᠨ᠂ ᠬᠣᠷᠢᠶᠠᠨ ᠬᠠᠳᠠᠭᠠᠯᠠᠭ᠍ᠴᠢ᠂ ᠬᠠᠴᠢᠨ ᠴᠢᠯᠠᠭᠤᠨ ᠤ᠋ ᠪᠠᠬᠠᠳᠠᠳ ᠡᠨᠳᠡ ᠴᠤᠭᠯᠠᠷᠠᠵᠠᠭᠠᠪᠠ᠃
ᠵᠢᠭᠤᠯᠴᠢᠯᠠᠭ᠍ᠰᠠᠳ᠎ᠤᠨ ᠴᠢᠯᠠᠭᠤ ᠰᠤᠨᠢᠷᠬᠠᠨ ᠬᠤᠳᠠᠯᠳᠤᠨ ᠠᠪᠬᠤ ᠳ᠋ᠤ ᠲᠥᠬᠥᠮ ᠦᠵᠡᠭᠦᠯᠬᠦ᠌᠎ᠶ᠋ᠢᠨ ᠲᠥᠯᠥᠭᠡ᠂ ᠲᠣᠰ ᠤᠳᠠᠭᠠᠨ᠎ᠤ ᠵᠢᠭᠤᠯᠴᠢᠯᠠᠯ᠎ᠤᠨ ᠨᠠᠢᠷ᠎ᠲᠤ ᠠᠯᠠᠱᠠ᠎ᠶ᠋ᠢᠨ ᠡᠯᠡᠰᠦᠨ ᠴᠥᠯ᠎ᠦᠨ ᠬᠠᠴᠢᠨ ᠴᠢᠯᠠᠭᠤᠨ᠎ᠤ ᠰᠣᠶᠣᠯ᠎ᠤᠨ ᠮᠦᠽᠧᠶ ᠳᠦ ᠶᠡᠬᠡ ᠪᠠᠢᠭᠠᠯᠢ᠎ᠶ᠋ᠢᠨ ᠦᠵᠡᠭᠦᠯᠭᠡ᠎ᠶ᠋ᠢᠨ ᠲᠢᠩᠬᠢᠮ᠂ ᠠᠯᠠᠱᠠ᠎ᠶ᠋ᠢᠨ ᠭᠣᠪᠢ ᠵᠢᠨ ᠴᠢᠯᠠᠭᠤᠨ᠎ᠤ ᠰᠣᠳᠣᠨ ᠦᠵᠡᠭᠦᠯᠭᠡ᠎ᠶ᠋ᠢᠨ ᠲᠢᠩᠬᠢᠮ᠂ ᠬᠠᠰ ᠴᠢᠯᠠᠭᠤᠨ᠎ᠤ ᠦᠵᠡᠭᠦᠯᠭᠡ᠎ᠶ᠋ᠢᠨ ᠲᠢᠩᠬᠢᠮ ᠵᠡᠷᠭᠡ 6 ᠦᠵᠡᠭᠦᠯᠭᠡ᠎ᠶ᠋ᠢᠨ ᠲᠢᠩᠬᠢᠮ ᠭᠠᠷᠭᠠᠵᠤ᠂ 5400 ᠱᠢᠬᠠᠮ ᠬᠠᠴᠢᠨ ᠴᠢᠯᠠᠭᠤ᠂ ᠮᠠᠨ᠎ᠤ᠂ ᠥᠩᠭᠡᠲᠦ ᠬᠠᠰ ᠵᠡᠷᠭᠡ ᠬᠠᠳᠠᠭᠠᠯᠠᠮᠵᠢ᠎ᠶ᠋ᠢᠨ ᠵᠦᠶ᠋ᠯᠡᠰ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠵᠢᠭᠤᠯᠴᠢᠯᠠᠭᠰᠠᠳ᠎ᠲᠤ ᠰᠣᠨᠢᠷᠬᠠᠭᠤᠯᠪᠠ᠃ ᠡᠭᠦᠨ᠎ᠦ ᠬᠠᠮᠲᠤ᠂ ᠡᠯᠡᠰᠦᠨ ᠴᠥᠯ᠎ᠦᠨ ᠬᠠᠴᠢᠨ ᠴᠢᠯᠠᠭᠤᠨ ᠤ᠋ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ᠎ᠦᠨ ᠠᠭᠤᠳᠠᠮ ᠲᠠᠯᠠᠪᠠᠶ ᠳ᠋ᠤ᠂ 860 ᠮᠠᠢᠬᠠᠨ᠎ᠤ ᠳᠡᠯᠭᠡᠭᠦᠷ ᠪᠣᠯᠤᠨ 500 ᠱᠢᠬᠠᠮ ᠲᠦᠷ ᠴᠠᠭ᠎ᠤᠨ ᠳᠡᠯᠭᠡᠭᠦᠷ ᠭᠠᠷᠭᠠᠵᠤ᠂ ᠪᠥᠬᠥ᠌ ᠤᠯᠤᠰ᠎ᠤᠨ ᠦᠵᠡᠮᠦᠷᠢ ᠵᠢᠨ ᠴᠢᠯᠠᠭᠤᠨ᠎ᠤ ᠪᠠᠬᠠᠲᠠᠳ᠎ᠤᠨ ᠰᠤᠨᠢᠷᠬᠠᠯ᠎ᠢ ᠳᠠᠳᠠᠵᠠᠢ᠃
ᠲᠤᠭ ᠳᠠᠯᠪᠠᠭ᠎ᠠ ᠨᠠᠮᠢᠷᠠᠵᠤ᠂ ᠬᠥᠮᠦᠨ ᠬᠠᠷ᠎ᠠ ᠱᠤᠤᠭᠢᠯᠳᠤᠨ᠎ᠠ᠃ ᠣᠢᠷ᠎ᠠ᠎ᠳᠤ᠂ ᠡᠵᠡᠨ᠎ᠡ ᠬᠣᠱᠢᠭᠤᠨ᠎ᠤ ᠲᠡᠮᠡᠭᠡᠨ ᠤᠷᠤᠯᠳᠤᠭᠠᠨ᠎ᠤ ᠲᠠᠯᠠᠪᠤᠷ ᠲᠤ᠌᠂ 2025 ᠣᠨ᠎ᠤ ᠳᠡᠮᠡᠬᠡᠨ ᠰᠣᠶᠣᠯ ᠵᠢᠭᠤᠯᠴᠢᠯᠠᠯ᠎ᠤᠨ ᠱᠢᠷᠢᠰ ᠠᠵᠢᠯᠯᠠᠭ᠎ᠠ ᠭᠣᠢᠳᠠ ᠰᠠᠢᠬᠠᠨ ᠶᠠᠪᠤᠭ᠍ᠳᠠᠪᠠ᠃ ᠪᠥᠬᠥ᠌ ᠤᠯᠤᠰ᠎ᠤᠨ ᠡᠯ᠎ᠡ ᠭᠠᠵᠠᠷ᠎ᠡᠴᠡ ᠢᠷᠡᠭ᠌ᠰᠡᠨ ᠵᠢᠭᠤᠯᠴᠢᠯᠠᠬᠰᠡᠳ ᠲᠤᠬᠠᠢ ᠵᠢᠨ ᠭᠠᠵᠠᠷ᠎ᠤᠨ ᠣᠯᠠᠨ ᠲᠦᠮᠡᠨ᠎ᠲᠡᠶ ᠬᠠᠮᠲᠤ᠎ᠪᠠᠷ ᠲᠣᠰ ᠤᠳᠠᠭ᠎ᠠ ᠵᠢᠨ ᠦᠨᠳᠦᠰᠦᠲᠡᠨ᠎ᠦ ᠰᠣᠶᠣᠯ ᠬᠢᠭᠡᠳ ᠠᠮᠢ ᠠᠬᠤᠶ᠎ᠶ᠋ᠢᠨ ᠵᠢᠭᠤᠯᠴᠢᠯᠠᠯ᠎ᠤᠨ ᠡᠯᠧᠮᠧᠨ᠋ᠲ ᠢ ᠠᠭᠤᠰᠤᠯᠴᠠᠭᠤᠯᠤᠭ᠍ᠰᠠᠨ ᠲᠡᠮᠡᠭᠡᠨ᠎ᠦ ᠭᠤᠤᠯ ᠰᠡᠳᠦᠪᠲᠦ ᠦᠪᠡᠳᠡᠭ᠌ᠰᠢ ᠴᠤᠭ᠍ᠯᠠᠭᠠᠨ᠎ᠢ ᠰᠤᠨᠢᠷᠬᠠᠪᠠ᠃ ᠲᠥᠷᠪᠡᠨ ᠡᠳᠦᠷ᠎ᠦᠨ ᠠᠵᠢᠯᠯᠠᠭ᠎ᠠ᠎ᠳᠤ᠂ ᠮᠣᠩᠭᠣᠯ ᠮᠤᠷᠢᠨ᠎ᠤ 4000 ᠮᠸᠲᠷ᠎ᠤᠨ ᠬᠤᠷᠳᠤᠨ ᠮᠤᠷᠢᠨ ᠤ᠋ ᠤᠷᠤᠯᠳᠤᠭᠠᠨ᠎ᠡᠴᠡ 15 ᠺᠢᠯᠤᠮᠸᠲᠷ᠎ᠤᠨ ᠬᠤᠯᠠ ᠵᠠᠢ ᠵᠢᠨ ᠲᠡᠮᠡᠭᠡᠨ ᠤ᠋ ᠤᠷᠤᠯᠳᠤᠭᠠᠨ ᠬᠦᠷᠲᠡᠯ᠎ᠡ᠂ 《ᠪᠣᠲᠣᠭᠣ᠎ᠶ᠋ᠢᠨ ᠦᠵᠡᠬᠦᠯᠭᠡ ᠵᠢᠨ ᠰᠢᠯᠭᠠᠷᠠᠭᠤᠯᠤᠯᠳᠠ》 ᠡᠴᠡ ᠲᠡᠮᠡᠭᠡᠨ᠎ᠦ ᠨᠣᠣᠰᠣ ᠬᠠᠢᠴᠢᠯᠠᠬᠤ ᠵᠡᠷᠭᠡ ᠤᠯᠠᠮᠵᠢᠯᠠᠯᠲᠤ ᠤᠷ᠎ᠠ ᠮᠡᠷᠭᠡᠵᠢᠯ᠎ᠦᠨ ᠮᠥᠷᠥᠢᠴᠡᠭᠡᠨ ᠬᠦᠷᠲᠡᠯ᠎ᠡ᠂ 7 ᠶᠡᠬᠡ ᠲᠦᠷᠦᠯ᠎ᠦᠨ 30 ᠱᠢᠬᠠᠮ ᠲᠦᠷᠦᠯ᠎ᠦᠨ ᠤᠷᠤᠯᠳᠤᠭᠠᠨ ᠨᠢ ᠡᠵᠡᠨ᠎ᠡ ᠬᠣᠱᠢᠭᠤᠨ᠎ᠤ ᠥᠪᠡᠷᠮᠢᠴᠡ ᠵᠠᠩ ᠦᠢᠯᠡ᠎ᠶ᠋ᠢ ᠪᠦᠬᠦ᠌ ᠲᠠᠯ᠎ᠠ᠎ᠪᠠᠷ ᠬᠠᠷᠠᠭᠤᠯᠵᠠᠢ᠃ ᠠᠵᠢᠯᠯᠠᠭ᠎ᠠ ᠳᠤᠮᠳᠠ᠂ ᠵᠢᠭᠤᠯᠴᠢᠯᠠᠬᠰᠡᠳ ᠪᠠᠰᠠ ᠲᠡᠮᠡᠭᠡᠨ ᠨᠤᠤᠰᠤᠨ ᠳᠡᠭᠡᠰᠦ᠂ ᠲᠡᠮᠡᠭᠡᠨ ᠬᠢᠷᠭᠤᠤᠯ᠎ᠤᠨ ᠥᠨᠳᠡᠭᠡᠨ ᠬᠠᠯᠢᠰᠤ᠎ᠶ᠋ᠢᠨ ᠪᠤᠳᠤᠭ᠍ᠲᠤ ᠵᠢᠷᠤᠭ ᠵᠡᠷᠭᠡ ᠲᠥᠷᠥᠯ ᠵᠦᠶ᠋ᠯ ᠢ ᠪᠠᠶᠠᠴᠢᠯᠠᠨ ᠤᠢᠯᠠᠭᠠᠵᠤ᠂ ᠡᠵᠡᠨ᠎ᠡ ᠬᠣᠱᠢᠭᠤᠨ᠎ᠤ ᠤᠯᠠᠮᠵᠢᠯᠠᠯᠲᠤ ᠠᠷᠠᠳ᠎ᠤᠨ ᠵᠠᠩ ᠦᠶ᠋ᠯᠡ᠎ᠶ᠋ᠢᠨ ᠥᠪᠡᠷᠮᠢᠴᠡ ᠷᠢᠳᠢ ᠱᠢᠳᠢ᠎ᠶ᠋ᠢ ᠬᠦᠨᠵᠡᠭᠡᠢ ᠮᠡᠳᠡᠷᠡᠪᠡ᠃
ᠡᠯᠡᠰᠦᠨ ᠲᠤᠪᠤ ᠦᠷᠬᠦᠯᠵᠢᠯᠡᠨ᠂ ᠲᠡᠷᠭᠡ ᠬᠦᠰᠭᠡ ᠬᠦᠷᠴᠢᠭᠢᠨᠡᠨ ᠳᠠᠪᠬᠢᠯᠳᠤᠨ᠎ᠠ᠃ ᠠᠯᠠᠱᠠ ᠪᠠᠷᠠᠭᠤᠨ ᠬᠣᠱᠢᠭᠤᠨ᠎ᠳᠤ᠂ 3 ᠡᠳᠦᠷ᠎ᠦᠨ ᠬᠤᠭᠤᠴᠠᠭ᠎ᠠ᠎ᠲᠠᠶ ᠶᠠᠪᠤᠭ᠍ᠳᠠᠬᠰᠠᠨ 2025·ᠬᠡᠭᠡᠷᠡᠯᠡᠨ ᠠᠶᠠᠯᠠᠬᠤ e ᠠᠩᠭᠢ ᠵᠢᠨ ᠪᠠᠳᠠᠶ᠎ᠶ᠋ᠢᠨ ᠵᠢᠷᠠᠨ ᠤ 100 ᠱᠢᠷᠢᠰ ᠤᠷᠤᠯᠳᠤᠭᠠᠨ ᠬᠥᠷ ᠬᠥᠭ᠌ᠵᠢᠶᠡᠨ ᠲᠡᠶ ᠶᠠᠪᠤᠭ᠍ᠳᠠᠵᠤ᠂ ᠪᠥᠬᠥ᠌ ᠤᠯᠤᠰ᠎ᠤᠨ ᠡᠯ᠎ᠡ ᠭᠠᠵᠠᠷ᠎ᠡᠴᠡ ᠬᠦᠷᠦᠯᠴᠡᠨ ᠢᠷᠡᠭ᠌ᠰᠡᠨ ᠬᠡᠭᠡᠷᠡᠯᠡᠬᠦ ᠤᠷᠤᠯᠳᠤᠭᠠᠨ᠎ᠤ ᠪᠠᠬᠠᠳᠠᠳ ᠦᠵᠡᠰᠭᠦᠯᠡᠩᠲᠦ ᠰᠠᠢᠬᠠᠨ ᠪᠠᠳᠠᠶ᠎ᠶ᠋ᠢᠨ ᠵᠢᠷᠠᠨ᠎ᠤ ᠡᠯᠡᠰᠦᠨ ᠴᠥᠯ᠎ᠳᠦ ᠬᠦᠷᠴᠦ᠍᠂ ᠬᠡᠭᠡᠷᠡᠯᠡᠬᠦ ᠤᠷᠤᠯᠳᠤᠭᠠᠨ᠎ᠤ ᠪᠠᠬᠠᠳᠠᠳ᠎ᠤᠨ ᠪᠠᠶᠠᠷ ᠪᠠᠬᠠᠳᠤᠯ᠎ᠢ ᠭᠥᠷᠳᠡᠪᠡ᠃ ᠤᠷᠤᠯᠳᠤᠭᠠᠨ᠎ᠤ ᠠᠵᠢᠯᠯᠠᠭ᠎ᠠ᠎ᠨᠢ ᠪᠠᠭᠠᠲᠤᠷ ᠵᠣᠷᠢᠭ᠍ᠲᠠᠳᠤᠨ ᠤᠷ᠎ᠠ ᠠᠪᠢᠶᠠᠰ᠎ᠢᠶᠡᠨ ᠪᠠᠳᠠᠷᠠᠭᠤᠯᠬᠤ ᠲᠠᠯᠠᠪᠠᠶ ᠪᠣᠯᠬᠤ᠎ᠪᠦᠭᠡᠳ ᠨᠠᠩ ᠴᠤ᠌ ᠣᠯᠠᠨ ᠡᠱᠢᠲᠦ ᠰᠣᠶᠣᠯ᠎ᠤᠨ ᠦᠵᠡᠭᠦᠯᠭᠡ᠎ᠶ᠋ᠢᠨ ᠴᠣᠩᠬᠣᠪᠴᠢ ᠪᠤᠯᠤᠨ᠎ᠠ᠃ ᠬᠤᠸᠠᠷ ᠫᠤᠤᠵᠢᠩ᠎ᠤᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠡᠶᠡᠴᠢᠯᠡᠨ ᠣᠢᠯᠠᠭᠠᠯᠲᠠ᠂ ᠣᠷᠣᠨ ᠨᠤᠲᠤᠭ᠎ᠤᠨ ᠣᠨᠴᠠᠯᠢᠭ᠍ᠲᠤ ᠠᠮᠲᠠᠲᠤ ᠢᠳᠡᠭᠡᠨ᠂ 《5·1》 ᠤ᠋ ᠬᠥᠳᠡᠯᠮᠦᠷᠢᠴᠢᠳ᠎ᠦᠨ ᠪᠠᠶᠠᠷ᠎ᠤᠨ ᠦᠳᠡᠱᠢᠯᠡᠭᠡ᠂ ᠲᠠᠪᠤᠨ ᠰᠠᠷ᠎ᠠ᠎ᠶ᠋ᠢᠨ ᠳᠥᠷᠪᠡᠨ᠎ᠦ ᠵᠠᠯᠠᠭᠤᠴᠤᠳ᠎ᠤᠨ ᠪᠠᠶᠠᠷ᠎ᠤᠨ ᠦᠳᠡᠱᠢᠯᠡᠭᠡ᠂ ᠴᠠᠭᠠᠰᠤᠨ ᠱᠢᠪᠠᠭᠤ᠎ᠶ᠋ᠢᠨ ᠨᠠᠢᠷ ᠵᠡᠷᠭᠡ ᠠᠵᠢᠯᠯᠠᠭ᠎ᠠ᠎ᠨᠢ ᠪᠠᠶᠠᠯᠢᠭ ᠠᠭᠤᠯᠭ᠎ᠠ ᠲᠠᠢ ᠶᠠᠪᠤᠬᠳᠠᠵᠤ᠂ ᠵᠢᠭᠤᠯᠴᠢᠯᠠᠬᠰᠡᠳ᠎ᠲᠤ ᠬᠡᠭᠡᠷᠡᠯᠡᠬᠦ᠌ ᠤᠷᠤᠯᠳᠤᠭᠠᠨ ᠢ ᠰᠤᠨᠢᠷᠬᠠᠭᠤᠯᠬᠤ ᠶ᠋ᠢᠨ ᠵᠡᠷᠭᠡ ᠪᠡᠷ᠂ ᠪᠠᠳᠠᠶ᠎ᠶ᠋ᠢᠨ ᠵᠢᠷᠠᠨ᠎ᠤ ᠥᠪᠡᠷᠮᠢᠴᠡ ᠡᠯᠡᠰᠦᠨ ᠴᠥᠯ᠎ᠦᠨ ᠵᠠᠩ ᠦᠶ᠋ᠯᠡ᠎ᠶ᠋ᠢ ᠨᠠᠩ ᠭᠦᠶ᠋ᠴᠡᠳ ᠮᠡᠲᠡᠷᠡᠬᠥᠯᠥᠭᠰᠡᠨ ᠪᠠᠢᠨ᠎ᠠ᠃
ᠡᠨᠡ ᠵᠢᠯ᠎ᠦᠨ 《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠠᠯᠠᠱᠠ ᠠᠢᠮᠠᠭ ᠪᠠᠰᠠ ᠵᠠᠯᠭᠠᠭ᠎ᠠ᠎ᠪᠠᠷ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠳᠠᠯᠳᠤᠭᠠᠨ᠎ᠤ ᠳᠡᠭᠡᠳᠦ ᠰᠤᠷᠭᠠᠭᠤᠯᠢ᠎ᠶ᠋ᠢᠨ ᠡᠯᠡᠰᠦᠨ ᠴᠥᠯ᠎ᠦᠨ ᠥᠷᠢᠰᠥᠯᠳᠦᠭᠡᠨ᠎ᠦ ᠤᠷᠤᠯᠳᠤᠭᠠᠨ᠂ 2025 ᠣᠨ᠎ᠤ ᠡᠯᠡᠰᠤᠨ ᠴᠦᠯ ᠢ᠋ ᠲᠤᠭᠤᠯᠬᠤ ᠰᠣᠨᠢᠷᠬᠠᠯᠲᠤ ᠥᠷᠢᠰᠥᠯᠳᠦᠭᠡᠨ᠎ᠦ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠍᠂ ᠠᠯᠢ ᠣᠯᠠᠨ ᠪᠠᠶᠠᠯᠢᠭ ᠠᠭᠤᠯᠭ᠎ᠠ ᠪᠥᠬᠥᠶ ᠠᠵᠢᠯᠯᠠᠭ᠎ᠠ ᠨᠢ ᠠᠯᠠᠱᠠ᠎ᠶ᠋ᠢᠨ ᠡᠯᠡᠰᠦᠨ ᠴᠥᠯ᠎ᠦᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠥᠭ᠌ᠵᠢᠭᠡᠵᠦ᠍᠂ ᠪᠥᠬᠥ᠌ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠰᠡᠳ᠎ᠤ᠋ᠨ ᠰᠤᠨᠢᠷᠬᠠᠯ ᠢ᠋ ᠲᠠᠳᠠᠵᠤ᠂ ᠡᠯ᠎ᠡ ᠶᠡᠬᠡ ᠦᠵᠡᠮᠵᠢ ᠶ᠋ᠢᠨ ᠣᠷᠣᠨ᠎ᠤ ᠳᠣᠲᠣᠷ᠎ᠠ ᠵᠢᠭᠤᠯᠴᠢᠯᠠᠬᠰᠡᠳ ᠲᠠᠰᠤᠷᠠᠯᠲᠠ ᠥᠬᠡᠶ ᠴᠤᠪᠤᠷᠠᠵᠤ᠂ ᠭᠣᠶᠣ ᠦᠵᠡᠮᠵᠢ ᠰᠣᠨᠢᠷᠬᠠᠨ᠂ ᠡᠯᠡᠰᠦᠨ ᠲᠡᠯᠡᠶ᠎ᠪᠡᠷ ᠵᠢᠭᠤᠯᠴᠢᠯᠠᠨ᠂ ᠲᠣᠭ᠍ᠯᠠᠯᠲᠠ ᠰᠣᠨᠢᠷᠬᠠᠵᠤ᠂ ᠠᠷᠠᠳ᠎ᠤᠨ ᠵᠠᠩ ᠦᠶ᠋ᠯᠡ ᠶ᠋ᠢ ᠪᠠᠶᠠᠴᠢᠯᠡᠨ ᠤᠢᠯᠠᠭᠠᠵᠠᠭᠠᠵᠤ ᠵᠢᠭᠤᠯᠴᠢᠯᠠᠬᠰᠡᠳ ᠠᠮᠠᠷᠠᠯᠲᠠ᠎ᠶ᠋ᠢᠨ ᠡᠳᠦᠷ᠎ᠦᠨ ᠪᠠᠶᠠᠷ ᠵᠢᠷᠭᠠᠯ᠎ᠢ ᠡᠳ᠋ᠯᠡᠵᠦ᠍᠂ ᠠᠯᠠᠱᠠ᠎ᠶ᠋ᠢᠨ ᠵᠢᠭᠤᠯᠴᠢᠯᠠᠯ᠎ᠤᠨ ᠠᠵᠢᠯᠯᠠᠭ᠎ᠠ ᠦᠷᠭᠦᠯᠵᠢᠯᠡᠨ ᠬᠥᠷ ᠬᠥᠭ᠌ᠵᠢᠶᠡᠨ ᠲᠡᠶ ᠶᠠᠪᠤᠭ᠍ᠳᠠᠵᠤ ᠪᠠᠢᠨ᠎ᠠ᠃