《5·1》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠮᠠᠰᠢ ᠤᠯᠠᠨ ᠬᠥᠮᠦᠨ ᠠᠮᠠᠷᠠᠬᠤ ᠪᠤᠶᠤ ᠵᠢᠭᠤᠯᠴᠢᠯᠠᠨ ᠲᠤᠭᠤᠷᠢᠵᠤ ᠪᠠᠢᠬᠤ ᠳ᠋ᠦ᠍᠂ ᠲᠦᠷᠭᠡᠨ ᠬᠦᠷᠭᠡᠭ᠌ᠴᠢ ᠬᠠᠷᠢᠨ ᠤᠤᠯ᠎ᠤᠨ ᠬᠢ᠎ᠲᠡᠶ᠎ᠪᠡᠨ ᠠᠳᠠᠯᠢ᠎ᠪᠠᠷ ᠵᠡᠭᠡᠯᠢ ᠭᠤᠳᠤᠮᠵᠢ᠎ᠪᠠᠷ ᠶᠠᠭᠠᠷᠠᠯᠳᠠᠢ ᠰᠦᠯᠵᠢᠵᠦ᠍᠂ ᠠᠵᠢᠯ᠎ᠤᠨ ᠪᠠᠢᠷᠢ ᠪᠠᠨ ᠪᠠᠳᠤ ᠰᠠᠬᠢᠵᠤ ᠬᠠᠷᠢᠭᠤᠴᠠᠯᠭ᠎ᠠ ᠡᠬᠦᠷᠬᠡᠯᠡᠨ ᠬᠤᠪᠢ ᠨᠡᠮᠡᠷᠢ ᠦᠵᠡᠬᠦᠯᠦᠨ᠎ᠡ᠃
5 ᠰᠠᠷ᠎ᠠ᠎ᠶ᠋ᠢᠨ 2᠎ᠤ᠋ᠨ ᠥᠷᠯᠥᠭᠡ᠎ᠶ᠋ᠢᠨ 6 ᠴᠠᠭᠲᠸ᠋᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠬᠠᠶ ᠳ᠋ᠦᠩ ᠵᠠᠮ᠎ᠤᠨ 809 ᠢᠳᠡᠭᠡᠨ᠎ᠤ ᠵᠡᠭᠡᠯᠢ᠎ᠶ᠋ᠢᠨ ᠬᠥᠬᠡᠬᠣᠲᠠ᠎ᠶ᠋ᠢᠨ ᠶᠦᠨ ᠳ᠋ᠠ ᠲᠦᠷᠭᠡᠨ ᠬᠦᠷᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠥᠷᠲᠡᠭᠡ᠎ᠳᠦ ᠠᠵᠢᠯᠳᠠᠳ ᠶᠠᠭᠠᠷᠠᠯᠲᠠᠶ ᠠᠵᠢᠯᠯᠠᠵᠠᠭᠠᠵᠤ᠂ ᠲᠦᠷᠭᠡᠨ ᠬᠦᠷᠭᠡᠭ᠌ᠴᠢ ᠸᠠᠩ ᠬᠣᠩ ᠢᠦᠶ ᠬᠠᠮᠲᠤ ᠠᠵᠢᠯᠯᠠᠭ᠍ᠰᠠᠳ᠎ᠲᠠᠶ᠎ᠪᠠᠨ ᠡᠮᠬᠢ ᠴᠡᠭ᠌ᠴᠡ᠎ᠲᠡᠶ᠎ᠪᠡᠷ ᠪᠠᠷᠠᠭ᠎ᠠ ᠪᠠᠭᠤᠯᠭᠠᠵᠤ᠂ ᠬᠤᠪᠢᠶᠠᠷᠢᠯᠠᠯᠳᠠ ᠬᠢᠵᠦ᠂ ᠪᠣᠭᠣᠳᠠᠯ ᠪᠦᠷᠢ᠎ᠶ᠋ᠢ ᠢᠯᠭᠠᠨ ᠰᠠᠯᠭᠠᠵᠤ ᠪᠠᠢᠯ᠎ᠠ᠃
《ᠨᠣᠮ ᠪᠢᠴᠢᠭ᠂ ᠬᠤᠪᠴᠠᠰᠤ ᠬᠤᠨᠠᠷ᠂ ᠵᠢᠮᠢᠰ᠂ ᠡᠳᠦᠷ ᠲᠤᠲᠤᠮ᠎ᠤᠨ ᠬᠡᠷᠡᠭ᠌ᠰᠡᠯ ᠁ ᠡᠨᠡ ᠬᠡᠳᠦᠨ ᠡᠳᠦᠷ ᠴᠢᠯᠥᠭᠡ ᠲᠠᠯᠪᠢᠭᠰᠠᠨ ᠡᠴᠡ ᠲᠦᠷᠭᠡᠨ ᠬᠦᠷᠭᠡᠯᠲᠡ᠎ᠶ᠋ᠢᠨ ᠪᠤᠭᠤᠳᠠᠯ᠎ᠤᠨ ᠲᠣᠭ᠎ᠠ ᠬᠡᠮᠵᠢᠶ᠎ᠡ ᠨᠢ ᠪᠠᠭ᠎ᠠ ᠱᠢᠭ᠋ ᠪᠣᠯᠪᠠᠴᠤ᠌ ᠡᠳᠦᠷ ᠪᠦᠷᠢ 500 ᠭᠠᠷᠤᠶ ᠬᠤᠪᠢ ᠵᠢ ᠲᠣᠬᠢᠷᠠᠭᠤᠯᠤᠨ ᠬᠦᠷᠭᠡᠬᠦ᠌ ᠴᠢᠬᠤᠯᠠᠳᠠᠢ ᠪᠠᠢᠳᠠᠭ》 ᠭᠡᠵᠦ ᠸᠠᠩ ᠬᠣᠩ ᠢᠦᠢ ᠬᠡᠯᠡᠵᠦ ᠪᠠᠷᠠᠬᠤ ᠲᠠᠢ ᠵᠡᠷᠭᠡ ᠭᠤᠷᠪᠠᠨ ᠬᠦᠷᠳᠦᠲᠦ ᠲᠡᠷᠭᠡ ᠪᠠᠨ ᠲᠦᠷᠭᠡᠨ ᠬᠦᠷᠭᠡᠯᠲᠡ ᠵᠢᠨ ᠪᠤᠭᠤᠳᠠᠯ ᠪᠠᠭᠯᠠᠭ᠎ᠠ ᠪᠡᠷ ᠳᠦᠭᠦᠷᠭᠡᠪᠡ᠃ ᠡᠨᠡ ᠦᠶ᠎ᠡ᠎ᠳᠦ ᠰᠠᠶᠢ 7 ᠴᠠᠭ ᠭᠠᠷᠤᠶ ᠪᠣᠯᠵᠤ ᠪᠠᠢᠪᠠ᠂ ᠲᠡᠬᠦᠨ᠎ᠤ ᠨᠢᠭᠡ ᠡᠳᠦᠷ᠎ᠦᠨ ᠲᠣᠮᠢᠯᠠᠨ ᠬᠦᠷᠭᠡᠬᠦ᠌ ᠠᠵᠢᠯ ᠢᠩᠬᠢᠵᠦ ᠵᠢᠩᠬᠢᠨᠢ᠎ᠪᠡᠷ ᠡᠬᠢᠯᠡᠵᠠᠢ᠃
《ᠰᠠᠢᠨ ᠪᠠᠢᠨ᠎ᠠ ᠤᠤ᠂ ᠲᠠᠨ ᠤ᠋ ᠲᠦᠷᠭᠡᠨ ᠬᠦᠷᠭᠡᠯᠲᠡ ᠵᠢᠨ ᠪᠤᠳᠠᠰ᠎ᠢ ᠬᠦᠷᠬᠡᠵᠤ ᠢᠷᠡᠭ᠌ᠰᠡᠨ ᠡ》 ᠭᠡᠵᠦ ᠸᠠᠩ ᠬᠣᠩ ᠢᠦᠢ ᠤᠲᠠᠰᠤ ᠪᠡᠷ ᠶᠠᠷᠢᠬᠤ ᠵᠢᠨ ᠲᠠᠭᠠᠤ ᠳᠠᠷᠠᠭᠠᠴᠢ᠎ᠶ᠋ᠢᠨ ᠲᠦᠷᠭᠡᠨ ᠬᠦᠷᠭᠡᠯᠲᠡ ᠵᠢᠨ ᠪᠤᠳᠠᠰ᠎ᠢᠶᠡᠨ ᠲᠢᠭ᠌ᠯᠡᠪᠡ᠃ ᠡᠢᠮᠦᠷᠬᠦᠦ ᠪᠠᠴᠢᠮ ᠶᠠᠭᠠᠷᠠᠤ ᠤᠲᠠᠰᠤ᠎ᠶ᠋ᠢ ᠡᠳᠦᠷ ᠪᠦᠷᠢ 200 ᠭᠠᠷᠤᠶ ᠤᠲᠠᠰᠤᠳᠠᠵᠤ᠂ ᠬᠡᠷᠡᠭ᠌ᠯᠡᠭ᠌ᠴᠢ᠎ᠲᠠᠢ ᠶᠠᠷᠢᠵᠤ ᠲᠤᠬᠢᠷᠠᠭᠰᠠᠨᠤ ᠳᠠᠷᠠᠭ᠎ᠠ᠂ ᠵᠠᠷᠢᠮ᠎ᠢ ᠨᠢ ᠬᠡᠷ᠎ᠲᠦᠨᠢ ᠬᠦᠷᠭᠡᠵᠦ᠍᠂ ᠵᠠᠷᠢᠮ᠎ᠢ ᠨᠢ ᠲᠣᠭ᠍ᠲᠠᠭ᠍ᠰᠠᠨ ᠭᠠᠵᠠᠷ᠎ᠲᠤ ᠲᠠᠯᠪᠢᠵᠤ᠂ ᠲᠦᠷᠭᠡᠨ ᠬᠦᠷᠭᠡᠯᠲᠡ ᠵᠢᠨ ᠪᠤᠳᠠᠰ ᠪᠤᠯᠭᠠᠨ᠎ᠢ ᠬᠡᠷᠡᠭ᠌ᠯᠡᠭ᠌ᠴᠢᠳ᠎ᠤᠨ ᠭᠠᠷ ᠲᠤ᠌ ᠨᠢᠭᠡᠳ ᠨᠢᠭᠡ᠎ᠪᠡᠷ ᠬᠦᠷᠭᠡᠵᠦ ᠦᠭᠳᠡᠭ᠃ 《ᠵᠢᠯ ᠪᠦᠷᠢ᠎ᠶ᠋ᠢᠨ ᠬᠦᠷᠭᠡᠬᠦ᠌ ᠲᠦᠷᠭᠡᠨ ᠬᠦᠷᠭᠡᠯᠲᠡ ᠵᠢᠨ ᠪᠤᠭᠤᠳᠠᠯ ᠴᠥᠮ ᠨᠡᠮᠡᠭ᠌ᠳᠡᠵᠦ᠍ ᠪᠤᠢ᠂ ᠤᠳᠤ ᠳᠤᠮᠳᠠᠴᠢ᠎ᠪᠠᠷ ᠡᠳᠦᠷ ᠪᠦᠷᠢ 500 ᠬᠤᠪᠢ ᠣᠷᠴᠢᠮ ᠬᠦᠷᠭᠡᠵᠦ᠍ ᠪᠠᠢᠨ᠎ᠠ᠃ ᠵᠢᠱ᠌ᠢᠶᠡᠯᠡᠪᠡᠯ᠂ ᠴᠠᠭᠠᠨ ᠰᠠᠷ᠎ᠠ᠂ 〈ᠬᠤᠤᠰ 11〉 ᠵᠡᠷᠭᠡ ᠪᠠᠷᠠᠭ᠎ᠠ ᠬᠤᠳᠠᠯᠳᠤᠨ ᠠᠪᠬᠤ ᠬᠦᠬᠵᠢᠶᠠᠨ ᠲᠠᠢ ᠬᠤᠭᠤᠴᠠᠭᠠᠨ᠎ᠳᠦ ᠨᠠᠩ ᠣᠯᠠᠨ ᠪᠠᠢᠳᠠᠭ᠂ ᠪᠢᠳᠡ ᠡᠳᠦᠷ ᠪᠦᠷᠢ 14 ᠴᠠᠭ ᠠᠵᠢᠯᠯᠠᠵᠤ᠂ ᠬᠡᠲᠦ ᠤᠳᠠᠭ᠎ᠠ ᠮᠢᠩᠭ᠎ᠠ ᠭᠠᠷᠤᠶ ᠲᠦᠷᠭᠡᠨ ᠬᠦᠷᠭᠡᠯᠲᠡ ᠵᠢᠨ ᠪᠤᠳᠠᠰ ᠬᠦᠷᠭᠡᠭ᠌ᠰᠡᠨ ᠪᠥᠭᠡᠳ ᠪᠠᠰᠠ 200 ᠭᠠᠷᠤᠶ ᠲᠦᠷᠭᠡᠨ ᠬᠦᠷᠭᠡᠯᠲᠡ ᠵᠢᠨ ᠪᠤᠳᠠᠰ᠎ᠢ ᠭᠥᠯᠢᠶᠡᠨ ᠠᠪᠤᠭ᠍ᠰᠠᠨ ᠶᠤᠮ》 ᠭᠡᠵᠦ ᠸᠠᠩ ᠬᠣᠩ ᠢᠦᠶ ᠶᠠᠷᠢᠨ᠎ᠠ᠃ ᠲᠠᠳᠠ ᠨᠢᠭᠡ ᠵᠢᠯ᠎ᠦᠨ ᠳᠣᠲᠣᠷ᠎ᠠ ᠵᠥᠪᠬᠡᠨ ᠱᠢᠨ᠎ᠡ ᠵᠢᠯ᠎ᠤᠨ ᠠᠮᠠᠷᠠᠯᠳᠠ ᠵᠢᠨ ᠬᠤᠭᠤᠴᠠᠭᠠᠨ᠎ᠳᠦ ᠡᠭᠡᠯᠵᠢᠯᠡᠨ ᠠᠮᠠᠷᠠᠵᠤ᠂ ᠪᠤᠰᠤᠳ ᠴᠠᠭ᠎ᠲᠤ ᠮᠠᠰᠢ ᠶᠠᠭᠠᠷᠠᠦ ᠪᠠᠢᠳᠠᠭ᠃
ᠲᠦᠷᠭᠡᠨ ᠬᠦᠷᠭᠡᠭ᠌ᠴᠢ᠎ᠶ᠋ᠢᠨ ᠠᠮᠢᠳᠤᠷᠠᠯ ᠪᠣᠯ ᠶᠠᠭᠠᠷᠠᠯᠲᠠᠶ ᠪᠥᠭᠡᠳ ᠵᠦᠳᠡᠷᠡᠯᠲᠡᠶ ᠶᠤᠮ᠂ ᠡᠨᠡ ᠵᠢᠯ 36 ᠨᠠᠰᠤᠲᠠᠶ ᠸᠠᠩ ᠬᠣᠩ ᠢᠦᠶ ᠡᠨᠡ ᠬᠦ᠌ ᠠᠵᠢᠯ᠎ᠤᠨ ᠪᠠᠢᠷᠢ᠎ᠳᠦ ᠨᠢᠭᠡᠨᠲᠡ 10 ᠭᠠᠷᠤᠶ ᠵᠢᠯ ᠠᠵᠢᠯᠯᠠᠵᠤ᠂ ᠠᠮᠤᠷ ᠲᠦᠪᠱᠢᠨ᠎ᠢᠶᠡᠷ ᠲᠣᠬᠢᠷᠠᠭᠤᠯᠤᠨ ᠬᠦᠷᠭᠡᠭ᠌ᠰᠡᠨ ᠲᠦᠷᠭᠡᠨ ᠬᠦᠷᠭᠡᠯᠲᠡ᠎ᠶ᠋ᠢᠨ ᠪᠤᠳᠠᠰ᠎ᠤᠨ ᠲᠣᠭ᠎ᠠ ᠨᠡᠢᠲᠡ 120 ᠲᠦᠮᠡ᠎ᠶ᠋ᠢ ᠳᠠᠪᠠᠪᠠ᠃ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠬᠠᠷᠢᠭᠤᠴᠠᠯᠭᠠᠲᠤ ᠰᠡᠳᠭᠢᠯᠭᠡ᠎ᠪᠡᠷ ᠴᠢᠩᠭ᠎ᠠ᠂ ᠢᠯᠠᠩᠭᠤᠶ᠎ᠠ ᠵᠣᠷᠢᠭ᠍ᠲᠠᠶ᠎ᠪᠠᠷ ᠬᠠᠢᠨ ᠰᠦᠪᠡᠭ᠌ᠴᠢᠯᠡᠬᠦ᠌ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ ᠨᠢ ᠲᠡᠭᠦᠨ᠎ᠢ ᠲᠦᠷᠭᠡᠨ ᠬᠦᠷᠭᠡᠯᠲᠡ ᠵᠢᠨ ᠠᠵᠢᠯ ᠲᠥᠷᠥᠯ᠎ᠦᠨ ᠬᠡᠪ ᠳᠠᠭᠤᠷᠢᠶᠠᠯ ᠪᠣᠯᠭᠠᠵᠠᠶ᠃
ᠡᠨᠡ ᠬᠦ᠌ ᠠᠮᠵᠢᠯᠳᠠ ᠪᠦᠲᠦᠮᠵᠢ᠎ᠨᠢ ᠳᠡᠬᠦᠨ᠎ᠦ ᠲᠣᠬᠢᠷᠠᠭᠤᠯᠤᠨ ᠬᠦᠷᠭᠡᠬᠦ᠌ ᠵᠠᠮ ᠱᠤᠭᠤᠮ ᠵᠢᠠᠨ ᠡᠳᠦᠷ ᠪᠦᠷᠢ ᠨᠢᠮᠪᠠᠶ ᠲᠥᠯᠥᠪᠯᠡᠨ ᠱᠢᠯᠢᠳᠡᠭ᠌ᠵᠢᠭᠦᠯᠦᠭ᠌ᠰᠡᠨ ᠲᠠᠢ ᠰᠢᠭᠤᠳ ᠬᠤᠯᠪᠤᠭ᠎ᠠ ᠲᠠᠢ ᠶᠤᠮ᠃ ᠵᠢᠯ ᠪᠦᠷᠢ᠎ᠶ᠋ᠢᠨ 《ᠬᠤᠤᠰ 11》 ᠶ᠋ᠢᠨ ᠪᠠᠷᠠᠭ᠎ᠠ ᠬᠤᠳᠠᠯᠳᠤᠨ ᠠᠪᠬᠤ ᠬᠦᠭᠵᠢᠶᠠᠨ ᠲᠠᠢ ᠬᠤᠭᠤᠴᠠᠭᠠᠨ᠎ᠳᠤ᠂ ᠲᠦᠷᠭᠡᠨ ᠬᠦᠷᠭᠡᠯᠲᠡ᠎ᠶ᠋ᠢᠨ ᠪᠤᠳᠠᠰ᠎ᠢ ᠲᠣᠬᠢᠷᠠᠭᠤᠯᠤᠨ ᠬᠦᠷᠭᠡᠬᠦ᠌ ᠬᠡᠮᠵᠢᠶ᠎ᠡ ᠶᠡᠬᠡᠪᠡᠷ ᠨᠡᠮᠡᠭ᠌ᠳᠡᠵᠦ᠍᠂ ᠲᠦᠷᠭᠡᠨ ᠬᠦᠷᠭᠡᠭ᠌ᠴᠢ ᠨᠢᠭᠡᠪᠦᠷᠢ᠎ᠳᠦ ᠠᠪᠴᠤ᠌ ᠬᠡᠯᠡᠪᠡᠯ ᠴᠥᠮ ᠯᠤᠲᠤ ᠶᠡᠬᠡ ᠥᠷᠢᠰᠥᠯᠳᠦᠭᠡᠨ ᠪᠣᠯᠵᠣ ᠪᠠᠢᠳᠠᠭ᠃ ᠸᠠᠩ ᠬᠣᠩ ᠢᠦᠶ ᠬᠡᠵᠢᠶᠡᠳᠡ ᠪᠣᠷᠣᠭᠠᠨ᠎ᠡᠴᠡ ᠡᠮᠦᠨ᠎ᠡ ᠪᠡᠯᠡᠳᠭᠡᠯ ᠬᠢᠵᠦ᠂ ᠨᠢᠭᠡ ᠭᠠᠷᠠᠭ᠎ᠤᠨ ᠡᠮᠦᠨ᠎ᠡ ᠲᠣᠬᠢᠷᠠᠭᠤᠯᠤᠨ ᠬᠦᠷᠭᠡᠬᠦ᠌ ᠵᠠᠮ ᠱᠤᠭᠤᠮ ᠵᠢᠠᠨ ᠭᠠᠷᠳᠠᠨ ᠰᠤᠳᠤᠯᠳᠠᠭ᠃ ᠲᠡᠷᠡ ᠣᠷᠣᠨ ᠪᠦᠰᠡ᠎ᠶ᠋ᠢᠨ ᠲᠠᠷᠬᠠᠯᠲᠠ᠂ ᠬᠡᠷᠡᠭ᠌ᠯᠡᠭ᠌ᠴᠢᠳ᠎ᠦᠨ ᠠᠵᠢᠯᠯᠠᠵᠤ ᠠᠮᠠᠷᠠᠬᠤ ᠪᠠᠢᠳᠠᠯ ᠵᠡᠷᠭᠡ ᠣᠨᠴᠠᠯᠢᠭ᠎ᠢ ᠦᠨᠳᠦᠰᠦᠯᠡᠨ᠂ ᠳᠣᠭᠢᠷᠠᠭᠤᠯᠤᠨ ᠬᠦᠷᠭᠡᠬᠦ᠌ ᠡᠭᠦᠷᠭᠡ᠎ᠪᠠᠨ ᠨᠠᠷᠢᠯᠢᠭ ᠲᠥᠷᠥᠯ ᠬᠤᠪᠢᠶᠠᠵᠤ᠂ ᠥᠪᠡᠷᠮᠢᠴᠡ ᠣᠨᠴᠠᠯᠢᠭ ᠪᠥᠬᠥᠶ ᠳᠣᠭᠢᠷᠠᠭᠤᠯᠤᠨ ᠬᠦᠷᠭᠡᠬᠦ᠌ ᠲᠥᠰᠦᠯ ᠲᠣᠭ᠍ᠲᠠᠭᠠᠳᠠᠭ᠃ ᠡᠭᠦᠨ᠎ᠦ ᠬᠠᠮᠲᠤ᠂ ᠲᠡᠷᠡ ᠪᠠᠰᠠ ᠰᠠᠨᠠᠭᠠᠴᠢᠯᠠᠭ᠎ᠠ᠎ᠡᠴᠡ᠎ᠪᠠᠨ ᠬᠡᠷᠡᠭ᠌ᠯᠡᠭ᠌ᠴᠢ᠎ᠲᠡᠶ ᠬᠠᠷᠢᠯᠴᠠᠵᠤ᠂ ᠲᠣᠬᠢᠷᠠᠭᠤᠯᠤᠨ ᠬᠦᠷᠭᠡᠬᠦ᠌ ᠴᠠᠭ᠎ᠢ ᠤᠷᠢᠳᠴᠢᠯᠠᠨ ᠨᠤᠲᠠᠯᠠᠵᠤ᠂ ᠡᠳ᠋ ᠪᠠᠷᠠᠭ᠎ᠠ᠎ᠶ᠋ᠢ ᠴᠠᠭ ᠲᠤᠬᠠᠢ ᠳᠤᠨᠢ ᠣᠨᠣᠪᠴᠢᠲᠠᠶ ᠬᠦᠷᠭᠡᠵᠦ᠍ ᠳᠡᠢᠯᠬᠦ᠌᠎ᠶ᠋ᠢ ᠪᠠᠲᠤᠯᠠᠳᠠᠭ᠃
ᠣᠯᠠᠨ ᠵᠢᠯ᠎ᠦᠨ ᠲᠤᠷᠰᠢ᠂ ᠸᠠᠩ ᠬᠣᠩ ᠢᠦᠶ ᠢᠮᠠᠭ᠍ᠲᠠ ᠬᠡᠷᠡᠭ᠌ᠯᠡᠭ᠌ᠴᠢ᠎ᠶ᠋ᠢᠨ ᠬᠡᠷᠡᠭ᠌ᠴᠡᠭᠡ᠎ᠶ᠋ᠢ ᠲᠡᠷᠢᠭᠦᠨ᠎ᠳᠤ ᠲᠠᠯᠪᠢᠵᠤ᠂ ᠨᠠᠰᠤᠲᠠᠢᠴᠤᠳ ᠲᠦᠷᠭᠡᠨ ᠬᠦᠷᠭᠡᠯᠲᠡ᠎ᠶ᠋ᠢᠨ ᠦᠶ᠋ᠯᠡᠴᠢᠯᠡᠭᠡ᠎ᠶ᠋ᠢ ᠬᠡᠷᠡᠭ᠌ᠯᠡᠬᠦ᠌ ᠦᠶ᠎ᠡ᠎ᠳᠦ ᠲᠤᠯᠭᠠᠷᠠᠵᠤ ᠮᠡᠳᠡᠬᠦ᠌ ᠬᠦᠴᠢᠷᠳᠡᠯ᠎ᠢ ᠪᠣᠳᠣᠯᠬᠢᠯᠠᠨ᠂ ᠲᠤᠰᠭᠠᠶ ᠬᠠᠷᠢᠯᠴᠠᠬᠤ ᠺᠠᠷᠲ ᠵᠣᠬᠢᠶᠠᠵᠤ᠂ ᠥᠪᠡᠷ᠎ᠦᠨ ᠬᠠᠷᠢᠯᠴᠠᠬᠤ ᠠᠷᠭ᠎ᠠ ᠮᠠᠶᠢᠭ ᠪᠠ ᠳᠥᠭᠥᠮ ᠣᠢᠯᠠᠭᠠᠮᠵᠢᠲᠠᠶ ᠠᠵᠢᠯᠯᠠᠬᠤ ᠵᠦᠭ᠌ᠯᠡᠭᠦᠷ᠎ᠢᠶᠡᠨ ᠺᠠᠷᠲ ᠳᠡᠭᠡᠷ᠎ᠡ ᠳᠠᠷᠤᠮᠠᠯᠯᠠᠵᠤ᠂ ᠲᠡᠳᠡᠨᠤᠰ ᠲᠸ᠋ᠲᠠᠷᠬᠠᠭᠠᠪᠠ᠃ ᠨᠠᠰᠤ ᠠᠬᠢᠭ᠍ᠰᠠᠨ ᠬᠡᠷᠡᠭ᠌ᠯᠡᠭ᠌ᠴᠢ ᠬᠦᠴᠢᠷ ᠠᠰᠠᠭᠤᠳᠠᠯ᠎ᠳᠤ ᠲᠤᠯᠭᠠᠷᠠᠬᠤ ᠦᠶᠡᠰ᠂ ᠲᠡᠷᠡ ᠦᠷᠭᠦᠯᠵᠢ ᠬᠠᠯᠠᠱᠢᠷᠠᠯ ᠦᠭᠡᠢ ᠵᠢᠯᠣᠭᠣᠳᠴᠤ᠌᠂ ᠴᠢᠨᠠᠭ᠍ᠰᠢᠯᠠᠨ ᠥᠪᠡᠷ᠎ᠦᠨ ᠪᠡᠶ᠎ᠡ᠎ᠪᠡᠷ᠎ᠢᠶᠡᠨ ᠬᠠᠪᠰᠤᠷᠴᠤ᠌ ᠵᠠᠬᠢᠶᠠᠯᠠᠭ᠎ᠠ ᠬᠢᠬᠦ᠌ ᠪᠠ ᠲᠦᠷᠭᠡᠨ ᠬᠦᠷᠭᠡᠯᠲᠡ ᠵᠢᠨ ᠪᠠᠷᠠᠭ᠎ᠠ ᠠᠪᠬᠤ ᠶᠠᠪᠤᠴᠠ᠎ᠶ᠋ᠢ ᠪᠡᠶᠡᠯᠡᠭᠦᠯᠳᠡᠭ᠃
ᠠᠵᠢᠯ᠎ᠤᠨ ᠴᠢᠯᠥᠭᠡᠨ᠎ᠳᠡᠭᠡᠨ᠂ ᠸᠠᠩ ᠬᠣᠩ ᠢᠦᠢ ᠪᠠᠰᠠ ᠨᠡᠢᠭᠡᠮ᠎ᠦᠨ ᠦᠨᠳᠦᠰᠦᠨ ᠱᠠᠲᠤᠨ᠎ᠤ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠨᠡᠭᠦᠳᠡᠯ 《ᠬᠠᠷᠠᠭᠤᠯ》᠂ ᠨᠡᠭᠦᠳᠡᠯ 《ᠬᠠᠢᠭᠤᠷ》 ᠤ᠋ᠨ ᠦᠢᠯᠡᠳᠦᠯ᠎ᠢ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ ᠠᠷᠭ᠎ᠠ ᠵᠠᠮ᠎ᠢ ᠥᠷᠭᠡᠳᠭᠡᠭ᠌ᠰᠡᠨ᠎ᠢᠶᠡᠷ ᠪᠠᠷᠠᠬᠤ ᠦᠭᠡᠢ ᠪᠠᠰᠠ ᠠᠰᠠᠭᠤᠳᠠᠯ᠎ᠢ ᠢᠯᠡᠷᠡᠭᠦᠯᠬᠦ᠌ ᠪᠠ ᠠᠰᠠᠭᠤᠳᠠᠯ᠎ᠢ ᠱᠢᠢᠳᠪᠦᠷᠢᠯᠡᠬᠦ᠌ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠪᠡ᠃
ᠥᠷ᠎ᠤᠨ ᠭᠡᠭᠡ ᠳᠠᠢ ᠤᠷᠤᠯᠳᠤᠨ ᠪᠤᠰᠴᠤ᠂ ᠦᠳᠡᠰᠢ ᠵᠢᠨ ᠪᠦᠷᠤᠢ ᠪᠤᠯᠳᠠᠯ᠎ᠠ ᠠᠵᠢᠯᠯᠠᠨ᠂ ᠸᠠᠩ ᠬᠣᠩ ᠢᠦᠢ ᠲᠦᠷᠭᠡᠨ ᠬᠦᠷᠭᠡᠯᠲᠡ ᠵᠢᠨ ᠪᠣᠭᠣᠳᠠᠯᠤᠳᠢᠶᠠᠨ ᠴᠠᠭ ᠲᠤᠬᠠᠢᠳᠤᠨᠢ ᠬᠦᠷᠭᠡᠵᠦ᠍᠂ ᠬᠡᠷᠡᠭ᠌ᠯᠡᠭ᠌ᠴᠢᠳ᠎ᠦᠨ ᠰᠠᠢ᠌ᠨ ᠦᠨᠡᠯᠡᠯᠲᠡ᠎ᠶ᠋ᠢ ᠣᠯᠤᠭ᠍ᠰᠠᠨ᠎ᠢᠶᠠᠷ ᠪᠠᠷᠠᠬᠤ ᠦᠭᠡᠢ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠲᠡᠮᠳᠡᠭ᠂ ᠬᠥᠬᠡᠬᠣᠲᠠ᠎ᠶ᠋ᠢᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠲᠡᠮᠳᠡᠭ᠂ ᠬᠥᠬᠡᠬᠣᠲᠠ᠎ᠶ᠋ᠢᠨ ᠶᠦᠨ ᠳ᠋ᠠ ᠲᠦᠷᠭᠡᠨ ᠬᠦᠷᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠠᠮᠤᠭ᠎ᠤᠨ ᠭᠤᠶᠤ ᠲᠦᠷᠭᠡᠨ ᠬᠦᠷᠭᠡᠭ᠌ᠴᠢ ᠵᠡᠷᠭᠡ ᠤᠯᠠᠨ ᠢᠷᠠᠭᠤ ᠠᠯᠳᠠᠷ᠎ᠢ ᠬᠦᠷᠳᠡᠵᠡᠢ᠃
《ᠲᠦᠷᠭᠡᠨ ᠬᠦᠷᠭᠡᠭ᠌ᠴᠢ ᠪᠣᠯᠬᠤ᠎ᠳᠤ ᠬᠠᠮᠤᠭ᠎ᠤᠨ ᠴᠢᠬᠤᠯᠠ᠎ᠨᠢ ᠬᠠᠷᠢᠭᠤᠴᠠᠯᠭᠠᠲᠤ ᠰᠡᠳᠭᠢᠯᠭᠡ ᠪᠠᠢᠬᠤ ᠬᠡᠷᠡᠭᠳᠡᠢ᠂ ᠮᠢᠨᠦ᠍ ᠦᠵᠡᠬᠦ᠌᠎ᠪᠡᠷ ᠲᠦᠷᠭᠡᠨ ᠬᠦᠷᠭᠡᠯᠲᠡ ᠵᠢᠨ ᠪᠣᠭᠣᠳᠠᠯ ᠨᠢᠬᠡᠪᠦᠷᠢ᠎ᠨᠢ ᠳᠠᠷᠤᠢ ᠨᠢᠭᠡ ᠬᠦᠮᠦᠨ᠎ᠤ ᠮᠠᠨᠤᠰ ᠲᠸ᠋ ᠨᠠᠢᠳᠠᠬᠰᠠᠨ ᠢᠲᠡᠭᠡᠯ ᠶᠤᠮ᠂ ᠠᠮᠤᠷ ᠲᠦᠪᠱᠢᠨ ᠵᠢᠨᠷ᠂ ᠲᠣᠭ᠍ᠲᠠᠭ᠍ᠰᠠᠨ ᠴᠠᠭ᠎ᠲᠤ ᠬᠡᠷᠡᠭ᠌ᠯᠡᠭ᠌ᠴᠢ᠎ᠶ᠋ᠢᠨ ᠭᠠᠷ᠎ᠲᠤ ᠬᠦᠷᠭᠡᠬᠦ᠌ ᠪᠣᠯ ᠮᠢᠨᠦ᠍ ᠬᠠᠷᠢᠭᠤᠴᠠᠯᠭ᠎ᠠ ᠪᠤᠯᠤᠨ᠎ᠠ》 ᠭᠡᠵᠦ ᠸᠠᠩ ᠬᠣᠩ ᠢᠦᠶ ᠬᠡᠯᠡᠵᠦ ᠪᠠᠷᠠᠮᠠᠭᠴᠠ ᠲᠦᠷᠭᠡᠨ ᠬᠦᠷᠭᠡᠯᠲᠡ ᠵᠢᠨ ᠪᠤᠭᠤᠳᠠᠯ ᠪᠠᠭᠯᠠᠭ᠎ᠠ ᠳᠦᠭᠦᠷᠡᠩ ᠠᠴᠢᠭᠰᠠᠨ ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ ᠪᠠᠨ ᠵᠢᠯᠣᠭᠣᠳᠴᠤ᠌᠂ ᠳᠠᠷᠠᠭ᠎ᠠ ᠨᠢᠭᠡ ᠰᠠᠭᠤᠭᠠᠯᠢ ᠠᠷᠠᠳ᠎ᠤᠨ ᠲᠣᠭᠣᠷᠢᠭ᠎ᠢ ᠴᠢᠭᠯᠡᠵᠠᠢ᠃