ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ᠎ᠤ ᠦᠵᠡᠭᠴᠢᠳ 5.5 ᠲᠦᠮᠡᠨ ᠬᠥᠮᠥᠨ ᠤᠳᠠᠭ᠎ᠠ᠎ᠶᠢ ᠳᠠᠪᠠᠪᠠ
2025-05-07 09:42:16
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

《5·1》᠎ᠤ᠋ ᠠᠮᠠᠷᠠᠯᠲᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ ᠵᠢᠨ ᠤᠬᠠᠮᠰᠠᠷ ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠰᠤᠷᠭᠠᠨ ᠬᠥᠮᠦᠵᠢᠯ᠎ᠦᠨ ᠠᠵᠢᠯᠯᠠᠭ᠎ᠠ᠂ ᠡᠴᠢᠭᠡ ᠡᠬᠡ ᠦᠷ᠎ᠡ ᠬᠡᠦᠬᠡᠳ᠎ᠦᠨ ᠰᠢᠨᠵᠢᠯᠡᠬᠦ ᠤᠬᠠᠭᠠᠨ᠎ᠤ ᠬᠢᠴᠢᠶᠡᠯ᠂ ᠰᠢᠨᠵᠢᠯᠡᠬᠦ ᠤᠬᠠᠭᠠᠨ᠎ᠤ ᠲᠣᠭᠯᠠᠯᠲᠠ᠂ ᠲᠤᠰᠬᠠᠢ ᠰᠡᠳᠦᠪᠲᠦ ᠦᠵᠡᠭᠦᠯᠭᠡ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠺᠢᠨᠣ᠋ ᠭᠠᠷᠭᠠᠬᠤ᠂ ᠰᠢᠨᠵᠢᠯᠡᠬᠦ ᠤᠬᠠᠭᠠᠨ᠎ᠤ ᠲᠠᠢᠯᠤᠮᠵᠢ ᠬᠢᠬᠦ ᠵᠡᠷᠭᠡ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠦᠷᠨᠢᠭᠦᠯᠵᠦ᠂ ᠤᠯᠠᠨ ᠨᠡᠢᠲᠡ ᠳ᠋ᠤ 《ᠰᠢᠨᠵᠢᠯᠡᠬᠦ ᠤᠬᠠᠭᠠᠨ᠎ᠤ ᠦᠪᠡᠳᠡᠭᠰᠢ ᠨᠠᠢᠷ》᠎ᠢ ᠰᠤᠨᠢᠷᠬᠠᠭᠤᠯᠤᠯ᠎ᠠ᠃

ᠪᠦᠷᠢᠳᠬᠡᠯ᠎ᠢ ᠦᠨᠳᠦᠰᠦᠯᠡᠪᠡᠯ᠂ 《5·1》᠎ᠤ᠋ ᠠᠮᠠᠷᠠᠯᠲᠠ ᠵᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠳᠣᠨ ᠦᠵᠡᠭᠦᠯᠭᠡ᠎ᠶᠢᠨ ᠲᠢᠩᠬᠢᠮ᠎ᠦᠨ ᠰᠤᠷᠭᠠᠨ ᠬᠥᠮᠦᠵᠢᠯ᠎ᠦᠨ ᠠᠵᠢᠯᠯᠠᠭ᠎ᠠ᠎ᠶᠢ 63 ᠤᠳᠠᠭ᠎ᠠ᠂ ᠡᠴᠢᠭᠡ ᠡᠬᠡ ᠦᠷ᠎ᠡ ᠬᠡᠦᠬᠡᠳ᠎ᠦᠨ ᠰᠢᠨᠵᠢᠯᠡᠬᠦ ᠤᠬᠠᠭᠠᠨ᠎ᠤ ᠬᠢᠴᠢᠶᠡᠯ᠎ᠢ 8 ᠤᠳᠠᠭ᠎ᠠ ᠦᠷᠨᠢᠭᠦᠯᠵᠦ᠂ ᠰᠢᠨᠵᠢᠯᠡᠬᠦ ᠤᠬᠠᠭᠠᠨ᠎ᠤ ᠲᠣᠭᠯᠠᠯᠲᠠ ᠵᠢ 6 ᠲᠠᠯᠠᠪᠤᠷ᠂ ᠬᠠᠷᠢᠯᠴᠠᠨ ᠬᠦᠳᠡᠯᠦᠯᠴᠡᠬᠦ ᠦᠵᠡᠭᠦᠯᠭᠡ ᠵᠢ 375 ᠲᠠᠯᠠᠪᠤᠷ᠂ ᠦᠵᠡᠭᠦᠯᠭᠡ᠎ᠶᠢᠨ ᠲᠢᠩᠬᠢᠮ᠎ᠦᠨ ᠲᠠᠢᠯᠪᠤᠷᠢᠯᠠᠯᠲᠠ ᠵᠢ 14 ᠤᠳᠠᠭ᠎ᠠ᠂ ᠲᠤᠰᠬᠠᠢ ᠰᠡᠳᠦᠪᠲᠦ ᠲᠠᠢᠯᠤᠮᠵᠢ ᠵᠢ 20 ᠤᠳᠠᠭ᠎ᠠ ᠡᠷᠬᠢᠯᠡᠵᠦ᠂ ᠤᠨᠴᠠ ᠮᠡᠷᠭᠡᠵᠢᠯ᠎ᠦᠨ ᠺᠢᠨᠣ᠋᠎ᠶᠢ 40 ᠲᠠᠯᠠᠪᠤᠷ ᠭᠠᠷᠭᠠᠵᠤ᠂ 《ᠺᠢᠨᠣ᠋ ᠦᠵᠡᠵᠦ ᠰᠢᠨᠵᠢᠯᠡᠬᠦ ᠤᠬᠠᠭᠠᠨ᠎ᠢ ᠤᠢᠯᠠᠭᠠᠬᠤ》 ᠪᠡᠭᠡᠵᠢᠩ᠎ᠦᠨ ᠣᠯᠠᠨ ᠤᠯᠤᠰ᠎ᠤᠨ ᠺᠢᠨᠣ᠋᠎ᠶᠢᠨ ᠨᠠᠢᠷ ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠺᠢᠨᠣ᠋ ᠵᠢ ᠰᠤᠨᠢᠷᠬᠠᠬᠤ ᠠᠵᠢᠯᠯᠠᠭ᠎ᠠ ᠎ᠶᠢ 1 ᠲᠠᠯᠠᠪᠤᠷ ᠡᠷᠭᠢᠯᠡᠵᠦ᠂ 5 ᠰᠠᠷ᠎ᠠ᠎ᠶᠢᠨ 1 ᠡᠴᠡ 5᠎ᠤ᠋ ᠡᠳᠦᠷ ᠪᠣᠯᠲᠠᠯ᠎ᠠ ᠦᠵᠡᠭᠴᠢᠳ ᠎ᠢ ᠨᠡᠶ᠋ᠢᠲᠡ 55514 ᠬᠦᠮᠦᠨ ᠤᠳᠠᠭ᠎ᠠ ᠬᠦᠯᠢᠶᠡᠨ ᠠᠪᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号