ᠮᠠᠨ ᠤ᠋ ᠤᠷᠤᠨ 218.09 ᠲᠦᠮᠡᠨ ᠠᠶᠠᠨᠴᠢᠨ ᠵᠦᠬᠡᠬᠡᠪᠤᠷᠢᠯᠡᠪᠡ
2025-05-07 09:45:23
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠭᠢᠮ ᠡᠴᠡ ᠤᠢᠯᠠᠭᠠᠭᠰᠠᠨ ᠢ᠋ᠢᠡᠷ᠂ 《5·1》 ᠤ᠋ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠤᠷᠤᠨ ᠨᠡᠢ᠌ᠳᠡ 218.09 ᠲᠦᠮᠡᠨ ᠠᠶᠠᠨᠴᠢᠨ (ᠤᠳᠠᠭ᠎ᠠ) ᠵᠦᠭᠡᠭᠡᠪᠦᠷᠢᠯᠡᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 2.10% ᠪᠡᠷ ᠨᠡᠮᠡᠭ᠌ᠳᠡᠪᠠ᠃ ᠡᠭᠦᠨ ᠳ᠋ᠤ᠂ ᠲᠡᠮᠦᠷ ᠵᠠᠮ ᠤ᠋ᠨ ᠠᠶᠠᠨᠴᠢᠳ ᠤ᠋ᠨ ᠵᠥᠭᠡᠭᠡᠪᠦᠷᠢ ᠢ᠋ᠢᠨ ᠬᠡᠮᠵᠢᠶ᠎ᠡ 152.93 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠵᠠᠰᠠᠮᠠᠯ ᠵᠠᠮ ᠤ᠋ᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 26.84 ᠲᠦᠮᠡᠨ ᠬᠥᠮᠦᠨ ᠤᠳᠠᠭ᠎ᠠ ᠳ᠋ᠤ ᠬᠦᠷᠴᠦ᠍᠂ ᠠᠷᠠᠳ ᠤ᠋ᠨ ᠠᠭᠠᠷ ᠤ᠋ᠨ ᠲᠡᠭᠡᠭᠡᠪᠦᠷᠢ ᠢ᠋ᠢᠨ ᠠᠶᠠᠨᠴᠢᠳ ᠤ᠋ᠨ ᠵᠦᠭᠡᠭᠡᠪᠦᠷᠢ ᠢ᠋ᠢᠨ ᠬᠡᠮᠵᠢᠶ᠎ᠡ 38.32 ᠲᠦᠮᠡᠨ ᠬᠥᠮᠦᠨ ᠤᠳᠠᠭ᠎ᠠ ᠳ᠋ᠤ ᠬᠦᠷᠴᠡᠢ᠃

《5·1》 ᠤ᠋ ᠠᠮᠠᠷᠠᠯᠲᠠ ᠢ᠋ᠢᠨ ᠬᠤᠭᠤᠴᠠᠭᠠᠨ ᠳ᠋ᠤ᠂ ᠮᠠᠨ ᠤ᠋ ᠤᠷᠤᠨ ᠵᠠᠰᠠᠮᠠᠯ ᠵᠠᠮ᠂ ᠲᠡᠭᠡᠭᠡᠪᠦᠷᠢ᠂ ᠪᠥᠲᠥᠭᠡᠨ ᠪᠠᠢᠭᠤᠯᠤᠯᠲᠠ ᠵᠡᠷᠭᠡ ᠬᠦᠷᠢᠶ᠎ᠡ ᠶ᠋ᠢᠨ ᠠᠮᠤᠷ ᠲᠦᠪᠱᠢᠨ ᠤ᠋ ᠬᠡᠮ ᠰᠣᠭᠣᠭ ᠢ᠋ ᠤᠷᠢᠳᠴᠢᠯᠠᠨ ᠵᠢᠭ᠍ᠰᠠᠭᠠᠨ ᠪᠠᠢᠴᠠᠭᠠᠵᠤ᠂ ᠴᠠᠬᠢᠯᠭᠠᠨ ᠴᠡᠨᠡᠭ᠌ᠯᠡᠬᠦ᠌᠂ ᠲᠣᠰᠣ ᠨᠡᠮᠡᠬᠦ᠌ ᠵᠡᠷᠭᠡ ᠦᠶ᠋ᠯᠡᠴᠢᠯᠡᠭᠡᠨ ᠤ᠋ ᠲᠦᠬᠦᠭᠡᠷᠦᠮᠵᠢ ᠢ᠋ᠢ ᠤᠷᠢᠳᠴᠢᠯᠠᠨ ᠱᠢᠯᠢᠳᠡᠭ᠌ᠵᠢᠭᠦᠯᠵᠦ᠍᠂ ᠠᠮᠠᠷᠬᠠᠨ ᠲᠦᠭ᠌ᠵᠢᠷᠡᠬᠦ ᠵᠠᠮ ᠤ᠋ᠨ ᠬᠡᠰᠡᠭ ᠢ᠋ ᠤᠷᠢᠳᠴᠢᠯᠠᠨ ᠰᠤᠳᠤᠯᠤᠨ ᠮᠠᠭᠠᠳᠯᠠᠵᠤ᠂ ᠶᠠᠪᠤᠵᠤ ᠰᠠᠭᠤᠬᠤ ᠮᠡᠳᠡᠭᠡ ᠵᠠᠩᠭᠢ ᠢ᠋ᠢ ᠤᠷᠢᠳᠴᠢᠯᠠᠨ ᠨᠡᠢᠲᠡᠯᠡᠵᠦ᠍᠂ ᠰᠦᠶ᠋ᠳᠭᠡᠯ ᠬᠤᠷᠢᠶᠠᠬᠤ ᠡᠭᠦᠳᠠ ᠢ᠋ᠢ ᠪᠦᠬᠦᠨ ᠢ᠋ ᠨᠡᠪᠲᠡᠷᠡᠭᠦᠯᠬᠦ᠌ ᠢ᠋ᠢ ᠠᠬᠢᠭᠤᠯᠤᠨ᠂ ᠰᠦᠶ᠋ᠳᠭᠡᠯ ᠬᠤᠷᠢᠶᠠᠬᠤ ᠥᠷᠲᠡᠭᠡ ᠢ᠋ᠢᠨ ᠨᠡᠪᠲᠡᠷᠡᠬᠦ᠌ ᠴᠢᠳᠠᠪᠤᠷᠢ ᠢ᠋ᠢ ᠶᠡᠬᠡ ᠪᠡᠷ ᠳᠡᠭᠡᠭᠰᠢᠯᠡᠭᠦᠯᠪᠠ; ᠵᠠᠮ ᠤ᠋ᠨ ᠲᠤᠤᠷ ᠤ᠋ᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠢ᠋ᠢ ᠴᠢᠩᠭᠠᠳᠭᠠᠨ᠂ 12328 ᠦᠶ᠋ᠯᠡᠴᠢᠯᠡᠭᠡᠨ ᠤ᠋ ᠬᠠᠯᠠᠮᠱᠢᠯ ᠤᠲᠠᠰᠤ ᠢ᠋ᠢ ᠰᠠᠭᠠᠳ ᠥᠬᠡᠶ ᠨᠡᠪᠲᠡᠷᠡᠭᠦᠯᠵᠤ᠂ ᠠᠶᠠᠨᠴᠢᠳ ᠤ᠋ᠨ ᠵᠦᠭᠡᠭᠡᠪᠦᠷᠢ ᠢ᠋ᠢᠨ ᠬᠦᠶ᠋ᠰᠦ᠂ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ᠂ ᠬᠠᠯᠠᠮᠱᠢᠯ ᠬᠤᠳᠠᠯᠳᠤᠭᠠᠨ ᠤ᠋ ᠲᠣᠭᠣᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠢ᠋ᠢᠨ ᠵᠦᠭᠡᠭᠡᠪᠦᠷᠢ ᠢ᠋ᠢᠨ ᠬᠦᠴᠦᠨ ᠤ᠋ ᠣᠷᠣᠭᠤᠯᠤᠯᠲᠠ ᠪᠠ ᠪᠠᠴᠢᠮ ᠪᠠᠢᠳᠠᠯ ᠢ᠋ ᠠᠷᠭᠠᠴᠠᠭᠠᠬᠤ ᠲᠣᠬᠢᠷᠠᠭᠤᠯᠤᠯᠲᠠ ᠢ᠋ᠢ ᠴᠢᠩᠭᠠᠳᠭᠠᠨ᠂ ᠬᠦᠶ᠋ᠰᠦ ᠲᠠᠯᠠᠪᠤᠷ ᠥᠷᠲᠡᠭᠡ ᠬᠢᠭᠡᠳ ᠡᠭᠡᠯᠵᠢ ᠢ᠋ᠢᠨ ᠱᠤᠭᠤᠮ ᠤ᠋ᠨ ᠠᠶᠠᠨᠴᠢᠳ ᠤ᠋ᠨ ᠵᠦᠭᠡᠭᠡᠪᠦᠷᠢ᠂ ᠬᠣᠲᠠ ᠢ᠋ᠢᠨ ᠨᠡᠢᠲᠡ ᠢ᠋ᠢᠨ ᠵᠠᠮ ᠬᠠᠷᠢᠯᠴᠠᠭ᠎ᠠ᠂ ᠵᠢᠮᠲᠤ ᠵᠠᠮ ᠬᠠᠷᠢᠯᠴᠠᠭ᠎ᠠ ᠪᠠ ᠲᠦᠷᠢᠶᠡᠰᠦᠨ ᠮᠠᠱᠢᠨ ᠲᠡᠷᠭᠡᠨ ᠤ᠋ ᠵᠠᠮ ᠨᠡᠪᠳᠡᠷᠡᠯᠬᠡ ᠢ᠋ᠢ ᠴᠢᠩᠭᠠᠳᠭᠠᠵᠤ᠂ 24 ᠴᠠᠭ ᠢ᠋ᠢᠡᠷ ᠵᠢᠵᠢᠭᠦᠷᠯᠡᠬᠦ᠌ ᠲᠦᠷᠢᠮ ᠢ᠋ ᠴᠢᠩᠭ᠎ᠠ ᠨᠠᠢᠳᠠᠪᠤᠷᠢᠵᠢᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号