ᠨᠠᠢᠷᠠᠭᠤᠯᠤᠭ᠍ᠴᠢ᠎ᠶᠢᠨ ᠦᠭᠡ᠄
ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠠᠵᠢᠯᠯᠠᠭ᠎ᠠ ᠢᠳᠡ ᠬᠦᠭ ᠲᠠᠢ ᠶᠠᠪᠤᠬᠳᠠᠵᠤ᠂ ᠦᠵᠡᠰᠬᠦᠯᠡᠩ᠎ᠳᠤ ᠰᠠᠢᠬᠠᠨ ᠤᠮᠠᠷᠠᠲᠤ ᠬᠢᠯᠢ ᠵᠢ ᠨᠤᠮᠢᠨ ᠨᠣᠭᠣᠭᠠᠨ᠎ᠢᠶᠡᠷ ᠴᠢᠮᠠᠨ᠎ᠠ᠃ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠡᠴᠡ ᠤᠨᠴᠨ ᠤᠬᠠᠭᠠᠯᠠᠬᠰᠠᠨ 《ᠡᠯᠡᠰᠦᠨ᠎ᠳᠦ ᠲᠠᠯᠪᠢᠭᠰᠠᠨ ᠠᠰᠠᠭᠤᠯᠲᠠ — 〈ᠤᠮᠠᠷᠠᠲᠤ᠎ᠶᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠤ ᠡᠮᠦᠨ᠎ᠡ ᠹᠷᠣᠨᠲ᠎ᠡᠴᠡ ᠢᠷᠡᠬᠦᠯᠦᠭᠰᠡᠨ ᠥᠪᠥᠷ ᠮᠣᠩᠭᠣᠯ᠎ᠤᠨ ᠮᠡᠳᠡᠭᠦᠯᠦᠯᠲᠡ》 ᠬᠡᠬᠥ ᠲᠣᠮᠣ᠌ ᠬᠡᠯᠪᠡᠷᠢ᠎ᠶᠢᠨ ᠬᠠᠮ ᠵᠠᠭᠤᠴᠢᠯᠠᠭᠤᠷ᠎ᠤᠨ ᠮᠡᠳᠡᠭᠡᠯᠡᠯ ᠨᠢ ᠦᠭᠰᠦᠬᠦ ᠮᠠᠶᠢᠭ᠎ᠤᠨ ᠪᠤᠤᠬᠢᠶ᠎ᠠ ᠰᠢᠭᠤᠳ ᠨᠡᠪᠲᠡᠷᠡᠭᠦᠯᠭᠡ᠂ 《ᠤᠮᠠᠷᠠᠲᠦ ᠵᠢᠨ ᠭᠤᠷᠪᠠᠨ ᠤᠷᠤᠨ》᠎ᠢ᠋ ᠵᠢᠷᠤᠭ ᠡᠴᠡ ᠬᠠᠷᠠᠬᠤᠢ᠂ ᠲᠤᠬᠠᠢ᠎ᠶᠢᠨ ᠲᠠᠯᠠᠪᠠᠢ᠎ᠶᠢᠨ ᠵᠢᠵᠢᠭᠭᠡᠨ ᠦᠯᠢᠭᠡᠷ᠂ ᠪᠢ ᠠᠬᠤᠢ ᠲᠠᠯᠠᠪᠠᠢ ᠳ᠋ᠤᠵᠡᠷᠭᠡ ᠪᠤᠯᠤᠩ᠎ᠢᠶᠡᠷ ᠳᠠᠮᠵᠢᠭᠤᠯᠵᠤ᠂ ᠪᠦᠷᠢᠨ ᠵᠠᠭᠤᠴᠢᠯᠠᠭᠤᠷ᠎ᠤᠨ ᠵᠢᠭ᠍ᠰᠠᠭᠠᠯ᠎ᠢᠶᠡᠷ ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠵᠤ᠂ 《ᠤᠮᠠᠷᠠᠲᠦ ᠵᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠢ ᠰᠠᠢᠲᠤᠷ ᠬᠢᠭᠰᠡᠨ ᠦᠯᠢᠭᠡᠷ᠎ᠢ ᠶᠠᠷᠢᠨ᠎ᠠ᠃ 6 ᠰᠠᠷ᠎ᠠ᠎ᠶᠢᠨ 6᠎ᠤ᠋ ᠡᠳᠦᠷ 《ᠡᠯᠡᠰᠦᠨ᠎ᠳᠦ ᠲᠠᠯᠪᠢᠭᠰᠠᠨ ᠠᠰᠠᠭᠤᠯᠲᠠ》 ᠪᠤᠯᠤᠩ᠎ᠢ ᠡᠬᠢᠯᠡᠬᠦᠯᠦᠨ᠂ ᠪᠠᠶᠠᠨᠨᠠᠭᠤᠷ ᠬᠤᠳᠠ᠎ᠳᠤ ᠬᠦᠷᠴᠦ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ᠂ ᠡᠪᠡᠰᠦ ᠮᠤᠳᠤ ᠲᠠᠷᠢᠵᠤ ᠨᠣᠭᠣᠭᠠᠷᠠᠭᠤᠯᠤᠭᠰᠠᠨ ᠠᠮᠢᠳᠤᠯᠢᠭ᠋ ᠦᠢᠯᠡᠳᠦᠯᠭᠡ᠎ᠶᠢ ᠰᠤᠷᠪᠤᠯᠵᠢᠯᠠᠪᠠ᠃
ᠵᠤᠨ᠎ᠤ ᠳᠤᠮᠳᠠ ᠰᠠᠷ᠎ᠠ ᠪᠡᠷ᠂ ᠬᠠᠳᠤᠨ ᠭᠣᠣᠯ᠎ᠤᠨ 《ᠶᠡᠬᠡ ᠲᠤᠬᠤᠢ ᠤᠷᠤᠨ》 ᠤ᠋ ᠣᠷᠣᠢ᠎ᠶᠢᠨ ᠬᠡᠰᠡᠭ᠎ᠲᠡᠬᠢ ᠪᠠᠶᠠᠨᠨᠠᠭᠤᠷ ᠬᠤᠳᠠ᠎ᠶᠢᠨ ᠯᠢᠨ ᠡᡁᠸ ᠲᠣᠭᠣᠷᠢᠭ᠋᠎ᠤᠨ ᠤᠯᠤᠰ᠎ᠤᠨ ᠦᠮᠴᠢᠯᠡᠯ᠎ᠤᠨ ᠰᠢᠨ ᠬᠤᠸᠠ ᠤᠢ ᠰᠢᠭᠤᠢ᠎ᠶᠢᠨ ᠲᠠᠯᠠᠪᠠᠢ᠎ᠳᠤ ᠤᠷᠤᠪᠠᠯ ᠵᠢᠭᠳᠡᠷᠡᠨ ᠤᠷᠭᠤᠭᠰᠠᠨ ᠤᠯᠢᠶᠠᠰᠤ ᠮᠠᠢᠯᠠᠰᠦ ᠬᠠᠷᠠᠭᠤᠯ᠎ᠤᠨ ᠴᠡᠷᠢᠭ ᠮᠡᠲᠦ ᠡᠯᠡᠰᠦᠨ ᠳᠤᠪᠤ᠎ᠳᠤ ᠦᠨᠳᠦᠰᠦᠯᠡᠵᠦ᠂ ᠰᠠᠯᠠᠭ᠎ᠠ ᠨᠠᠮᠠᠭ᠎ᠠ ᠨᠢ ᠰᠠᠯᠬᠢᠨ᠎ᠳᠦ ᠱᠤᠤᠬᠢᠨ᠂ ᠠᠮᠢ ᠠᠬᠤᠢ᠎ᠶᠢᠨ ᠨᠤᠮᠢᠨ ᠨᠣᠭᠣᠭᠠᠨ ᠥᠩᠭᠡᠲᠦ ᠵᠢᠷᠤᠭ ᠨᠢᠳᠦᠨ ᠡᠮᠦᠨ᠎ᠡ ᠳᠡᠯᠭᠡᠭᠳᠡᠨ᠎ᠡ᠃ ᠡᠨᠡ ᠬᠦ᠌ ᠨᠤᠭᠤᠭᠠᠨ ᠪᠦᠷᠢᠳᠦ 65 ᠵᠢᠯ᠎ᠦᠨ ᠡᠮᠦᠨ᠎ᠡ ᠰᠠᠯᠬᠢ ᠰᠢᠭᠤᠷᠭ᠎ᠠ᠎ᠳᠦ ᠴᠤᠬᠢᠭᠳᠠᠭᠰᠠᠨ ᠬᠠᠯᠴᠠᠭᠠᠢ ᠨᠢᠴᠦᠬᠦᠨ ᠡᠯᠡᠰᠦ ᠪᠠᠢᠭᠰᠠᠨ᠎ᠢ ᠬᠡᠨ ᠰᠠᠨᠠᠵᠤ ᠤᠯᠬᠤ ᠠᠵᠢ᠃
1960 ᠣᠨ᠎ᠳᠤ ᠰᠢᠨ ᠬᠤᠸᠠ ᠤᠢ ᠰᠢᠭᠤᠢ᠎ᠶᠢᠨ ᠲᠠᠯᠠᠪᠠᠢ᠎ᠶᠢ ᠪᠠᠶ᠋ᠢᠭᠤᠯᠬᠤ᠎ᠳᠤ ᠨᠢᠭᠡᠳᠦᠭᠡᠷ ᠦᠶ᠎ᠡ᠎ᠶᠢᠨ ᠤᠢ ᠰᠢᠭᠤᠢ᠎ᠶᠢᠨ ᠲᠠᠯᠠᠪᠠᠢ᠎ᠶᠢᠨ ᠠᠵᠢᠯᠲᠠᠨ ᠪᠤᠯᠬᠤ ᠯᠢ ᠹᠸᠩ ᠴᠢ ᠤᠢ ᠰᠢᠭᠤᠢ᠎ᠶᠢᠨ ᠲᠠᠯᠠᠪᠠᠢ᠎ᠳᠤ ᠠᠩᠬ᠎ᠠ ᠢᠷᠡᠬᠦ᠎ᠳᠡᠭᠡᠨ ᠲᠤᠬᠠᠢ ᠵᠢᠨ ᠦᠶ᠎ᠡ ᠵᠢᠨ ᠡᠯᠦᠢ ᠬᠤᠯᠤᠢ ᠪᠠᠢᠳᠠᠯ᠎ᠢ ᠬᠠᠷᠠᠭᠠᠳ ᠡᠷᠬᠡ ᠦᠬᠡᠢ ᠰᠤᠴᠢᠰᠬᠢᠵᠤ ᠪᠢᠯᠡ᠃ 《ᠵᠢᠯ᠎ᠳᠦ ᠨᠢᠭᠡ ᠤᠳᠠᠭ᠎ᠠ ᠰᠠᠯᠬᠢᠯᠠᠨ᠎ᠠ᠂ ᠬᠡᠬᠦ ᠳ᠋ᠡᠬᠡᠨ ᠬᠠᠪᠤᠷ᠎ᠡᠴᠡ ᠡᠬᠢᠯᠡᠵᠤ ᠰᠠᠯᠬᠢᠯᠡᠭᠠᠳ ᠡᠪᠦᠯ ᠪᠣᠯᠲᠠᠯ᠎ᠠ ᠦᠷᠬᠦᠯᠵᠢᠯᠡᠨ᠎ᠡ᠃ ᠰᠠᠯᠬᠢ ᠰᠢᠭᠤᠷᠭ᠎ᠠ ᠲᠡᠭᠳᠡᠵᠤ ᠨᠢᠳᠦ ᠪᠠᠨ ᠨᠡᠬᠡᠬᠡᠵᠤ ᠲᠡᠢᠯᠬᠦ ᠦᠬᠡᠢ᠂ ᠥᠷᠯᠥᠭᠡ ᠰᠡᠷᠢᠬᠦ ᠪᠦᠷᠢ ᠡᠭᠦᠳᠡ ᠵᠢ ᠡᠯᠡᠰᠦ ᠳᠠᠷᠤᠴᠢᠬᠠᠳᠠᠭ ᠪᠣᠯᠬᠣᠷ ᠬᠦᠮᠦᠰ ᠠᠷᠭ᠎ᠠ ᠪᠤᠰᠤ ᠴᠣᠩᠬᠣ᠌ᠪᠠᠷᠢᠶᠡᠨ ᠭᠠᠷᠴᠦ᠂ ᠬᠦᠷᠵᠡ᠎ᠪᠡᠷ ᠡᠯᠡᠰᠦ ᠵᠢ ᠮᠠᠯᠲᠠᠵᠤ ᠰᠠᠶᠢ ᠡᠭᠦᠳᠡ ᠪᠡᠨ ᠨᠡᠭᠡᠭᠡᠵᠦ ᠲᠠᠶ᠋ᠢᠯᠳᠡᠭ ᠪᠠᠢᠬᠰᠠᠨ》 ᠭᠡᠵᠦ ᠯᠢ ᠹᠧᠩ ᠴᠢ ᠲᠡᠳᠡᠭᠡᠷ ᠣᠨ ᠰᠠᠷ᠎ᠠ᠎ᠶᠢ ᠡᠷᠭᠢᠴᠡᠭᠦᠯᠦᠨ ᠰᠡᠳᠬᠢᠯ ᠳᠣᠭᠳᠣᠯᠤᠨ ᠶᠠᠷᠢᠨ᠎ᠠ᠃ ᠣᠷᠴᠢᠨ ᠲᠣᠭᠣᠷᠢᠨ ᠬᠡᠳᠦᠢ ᠪᠡᠷᠬᠡᠰᠢᠶᠡᠯ ᠲᠡᠢ ᠪᠠᠢᠭᠰᠠᠨ ᠴᠤ᠌ ᠨᠢᠭᠡᠳᠦᠭᠡᠷ ᠦᠶ᠎ᠡ᠎ᠶᠢᠨ ᠣᠶ ᠰᠢᠭᠤᠢ᠎ᠶᠢᠨ ᠲᠠᠯᠠᠪᠠᠶ᠎ᠶᠢᠨ ᠬᠥᠮᠥᠰ ᠥᠴᠥᠬᠡᠨ ᠴᠦ᠍ ᠤᠬᠤᠷᠢᠭ᠍ᠰᠠᠨ ᠦᠭᠡᠢ᠃ ᠲᠡᠳᠡ ᠵᠤᠯᠵᠠᠭ᠎ᠠ ᠮᠣᠳᠣ᠌᠎ᠶᠢ ᠡᠭᠦᠷᠴᠦ᠂ ᠳᠡᠪᠦᠷ᠎ᠡ ᠰᠠᠭᠤᠯᠠᠭ᠎ᠠ᠎ᠪᠡᠨ ᠠᠪᠤᠭᠠᠳ ᠡᠯᠡᠰᠦᠨ ᠳᠡᠭᠡᠷ᠎ᠡ ᠪᠡᠷᠬᠡᠰᠢᠶᠡᠯᠲᠡᠢᠲᠠᠢᠪᠡᠷ ᠨᠦᠬᠡ ᠮᠠᠯᠲᠠᠨ ᠮᠤᠳᠤ ᠲᠠᠷᠢᠵᠤ᠂ ᠰᠢᠨᠲᠠᠷᠠᠰᠢ ᠦᠭᠡᠢ ᠵᠣᠷᠢᠭ᠋᠎ᠢᠶᠠᠷ ᠡᠨᠡ ᠬᠦ᠌ ᠬᠤᠪᠠᠬᠠᠢ ᠭᠠᠵᠠᠷ ᠲᠦ᠍ ᠬᠠᠮᠤᠭ᠎ᠤᠨ ᠠᠩᠬᠠᠨ᠎ᠤ ᠨᠣᠭᠣᠭᠠᠨ ᠬᠦᠰᠡᠯ᠎ᠢ ᠲᠠᠷᠢᠵᠤ ᠬᠠᠶᠠᠬᠰᠠᠨ ᠪᠢᠯᠡ᠃
1978 ᠣᠨ᠎ᠳᠤ᠂ ᠮᠠᠨ᠎ᠤ ᠤᠯᠤᠰ᠎ᠤᠨ 《ᠤᠮᠠᠷᠠᠲᠤ᠎ᠶᠢᠨ ᠭᠤᠷᠪᠠᠨ ᠣᠷᠣᠨ》 ᠤ᠋ ᠬᠠᠯᠬᠠᠪᠴᠢ ᠣᠶ᠎ᠶᠢᠨ ᠰᠢᠰᠲᠧᠮ᠎ᠦᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠡᠬᠢᠯᠡᠭᠦᠯᠬᠦ᠎ᠶᠢ ᠳᠠᠭᠠᠯᠳᠤᠨ ᠰᠢᠨ ᠬᠤᠸᠠ ᠣᠶ ᠰᠢᠭᠤᠢ᠎ᠶᠢᠨ ᠲᠠᠯᠠᠪᠠᠶ᠎ᠳᠤ ᠣᠢᠵᠢᠭᠤᠯᠤᠯᠲᠠ ᠵᠢᠨ ᠬᠠᠯᠠᠭᠤᠨ ᠥᠷᠨᠢᠯᠲᠡ ᠪᠤᠯᠪᠠ᠃ ᠣᠢ ᠰᠢᠭᠤᠢ᠎ᠶᠢᠨ ᠲᠠᠯᠠᠪᠠᠢ᠎ᠳᠤ ᠥᠰᠦᠭᠰᠡᠨ ᠯᠢ ᠴᠠᠩ ᠴᠢᠩ ᠬᠠᠷᠠᠬᠠᠨ ᠪᠠᠭ᠎ᠠ᠎ᠡᠴᠡ᠎ᠪᠠᠨ ᠠᠪᠤ ᠯᠢ ᠬᠦᠢ ᠾᠧ ᠪᠠᠨ ᠳᠠᠭᠠᠵᠤ ᠡᠯᠡᠰᠦᠨ ᠴᠥᠯ᠎ᠳᠦ ᠣᠴᠢᠵᠤ ᠮᠣᠳᠣ᠌ ᠳᠠᠷᠢᠵᠦ ᠪᠠᠢᠭᠰᠠᠨ ᠪᠦᠭᠡᠳ 1986 ᠣᠨ᠎ᠳᠤ ᠲᠡᠷᠡ ᠠᠪᠤ᠎ᠶᠢᠨ᠎ᠢᠶᠡᠨ ᠬᠦᠷᠵᠡ ᠪᠣᠯᠣᠨ ᠰᠠᠭᠤᠯᠠᠭ᠎ᠠ᠎ᠶᠢ ᠲᠣᠰᠴᠤ ᠠᠪᠤᠭᠰᠠᠨ᠎ᠢᠶᠡᠷ ᠪᠠᠷᠠᠬᠤ ᠦᠭᠡᠢ ᠡᠨᠡ ᠬᠡᠰᠡᠭ ᠭᠠᠵᠠᠷ ᠰᠢᠷᠣᠢ᠎ᠶᠢ ᠰᠠᠬᠢᠨ ᠬᠠᠮᠠᠭᠠᠯᠠᠬᠤ ᠬᠦᠨᠳᠦ ᠡᠭᠦᠷᠭᠡ᠎ᠶᠢ ᠬᠦᠯᠢᠶᠡᠨ ᠠᠪᠤᠭᠰᠠᠨ ᠪᠠᠢᠨ᠎ᠠ᠃ 《ᠨᠢᠭᠡᠳᠦᠭᠡᠷ ᠦᠶ᠎ᠡ᠎ᠶ᠋ᠢᠨ ᠣᠢ ᠰᠢᠭᠤᠢ᠎ᠶ᠋ᠢᠨ ᠲᠠᠯᠠᠪᠠᠢ᠎ᠶ᠋ᠢᠨ ᠬᠥᠮᠦᠰ ᠠᠲᠠᠷ ᠲᠠᠯ᠎ᠠ᠎ᠶ᠋ᠢ ᠨᠣᠭᠣᠭᠠᠷᠠᠭᠤᠯᠤᠬᠰᠠᠨ ᠶᠤᠮ᠂ ᠮᠠᠨ᠎ᠤ ᠡᠨᠡ ᠦᠶ᠎ᠡ᠎ᠶ᠋ᠢᠨ ᠬᠢᠨ ᠨᠣᠭᠣᠭᠠᠷᠠᠭᠤᠯᠤᠯᠲᠠ᠎ᠶ᠋ᠢ ᠥᠷᠭᠡᠳᠭᠡᠵᠦ᠍ ᠴᠢᠨᠠᠷ ᠢ᠋ ᠳᠡᠭᠡᠭ᠌ᠰᠢᠯᠡᠭᠦᠯᠦᠨ᠎ᠡ》᠃ ᠯᠢ ᠴᠠᠩ ᠴᠢᠩ ᠥᠪᠡᠷ᠎ᠦᠨ ᠮᠦᠷᠦᠨ ᠳ᠋ᠡᠬᠢ ᠡᠭᠦᠷᠭᠡ ᠪᠡᠨ ᠭᠦᠨ ᠣᠢᠯᠠᠭᠠᠵᠤ ᠪᠠᠢᠳᠠᠭ᠃ ᠲᠡᠷᠡ ᠤᠢ ᠰᠢᠭᠤᠢ᠎ᠶ᠋ᠢᠨ ᠲᠠᠯᠠᠪᠠᠢ᠎ᠶ᠋ᠢᠨ ᠠᠵᠢᠯᠴᠢᠳ᠎ᠢ ᠳᠠᠭᠠᠭᠤᠯᠤᠨ᠂ ᠮᠤᠳᠤ ᠲᠠᠷᠢᠬᠤ ᠰᠢᠨ᠎ᠠ ᠮᠡᠷᠭᠡᠵᠢᠯ᠎ᠢ ᠲᠠᠰᠤᠷᠠᠯᠲᠠ ᠦᠭᠡᠢ ᠰᠦᠪᠡᠭ᠌ᠴᠢᠯᠡᠵᠦ᠍᠂ ᠣᠢᠵᠢᠭᠤᠯᠬᠤ ᠠᠷᠭ᠎ᠠ᠎ᠪᠠᠨ ᠬᠠᠯᠠᠨ ᠰᠠᠢᠵᠢᠷᠠᠭᠤᠯᠵᠤ᠂ ᠤᠢ ᠱᠢᠭᠤᠢ᠎ᠶ᠋ᠢᠨ ᠲᠠᠯᠠᠪᠠᠢ᠎ᠶ᠋ᠢᠨ ᠪᠣᠬᠢᠷᠲᠤᠯ ᠦᠭᠡᠢ ᠨᠤᠲᠤᠭ ᠳᠡᠪᠢᠰᠭᠡᠷ᠎ᠢ ᠲᠠᠰᠤᠷᠠᠯᠲᠠ ᠦᠭᠡᠢ ᠥᠷᠭᠡᠳᠭᠡᠵᠦ᠍᠂ ᠤᠢ ᠮᠣᠳᠣ ᠴᠤ᠌ ᠤᠯᠠᠮ ᠡᠴᠡ ᠢᠭᠴᠤ ᠰᠠᠬᠤᠯᠢᠭ ᠪᠤᠯᠵᠠᠢ᠃
ᠴᠢᠬᠢ ᠮᠣᠳᠣ ᠵᠢ ᠵᠦᠭᠡᠭᠡᠪᠦᠷᠢᠯᠡᠭᠦ ᠵᠢᠯᠣᠭᠣᠴᠢ ᠦᠭᠡᠢ ᠨᠢᠰᠭᠡᠯ ᠤᠢ ᠱᠢᠭᠤᠢ᠎ᠶ᠋ᠢᠨ ᠲᠠᠯᠠᠪᠠᠢ᠎ᠶ᠋ᠢᠨ ᠣᠭ᠍ᠲᠠᠷᠭᠤᠢ᠎ᠪᠠᠷ ᠬᠠᠯᠢᠨ ᠥᠩᠭᠡᠷᠡᠵᠦ᠍᠂ ᠨᠦᠭᠡ ᠮᠠᠯᠲᠠᠬᠤ ᠮᠠᠱᠢᠨ᠎ᠤ ᠥᠷᠥᠮᠳᠡᠭᠦᠷ ᠲᠦᠷᠭᠡᠨ ᠡᠷᠭᠢᠯᠳᠦᠵᠦ᠍᠂ 20 ᠰᠧᠺᠦ᠋ᠨ᠋ᠳ᠋᠎ᠲᠦ ᠨᠢᠭᠡᠨ ᠪᠠᠷᠢᠮᠵᠢᠶᠠᠲᠤ ᠮᠣᠳᠣᠨ᠎ᠤ ᠨᠦᠭᠡ ᠵᠢ ᠮᠠᠯᠲᠠᠵᠤ ᠭᠠᠷᠭᠠᠨ᠎ᠠ ᠁ ᠴᠠᠭ ᠮᠥᠴᠡ ᠦᠩᠭᠡᠷᠡᠨ ᠤᠳᠴᠤ᠂ ᠡᠯᠡᠰᠦ᠎ᠶ᠋ᠢ ᠵᠠᠰᠠᠬᠤ ᠪᠤᠤᠬᠢᠶ᠎ᠠ ᠨᠢ ᠲᠡᠭᠡᠷ᠎ᠡ ᠵᠠᠭᠤᠨ᠎ᠤ ᠶᠡᠷᠡᠭᠡᠳ ᠣᠨ᠎ᠤ ᠵᠠᠯᠠᠭᠤ ᠯᠢᠦᠢ ᠯᠢᠨ ᠽᠸ ᠵᠢᠨ ᠭᠠᠷ᠎ᠲᠤ ᠳᠠᠮᠵᠢᠭ᠍ᠳᠠᠨ ᠬᠦᠷᠴᠤ ᠢᠷᠡᠯ᠎ᠡ᠃ 2017 ᠣᠨ᠎ᠳᠤ ᠶᠡᠬᠡ ᠰᠤᠷᠭᠠᠭᠤᠯᠢ᠎ᠪᠠᠨ ᠲᠡᠭᠦᠰᠦᠭ᠌ᠰᠡᠨ᠎ᠦ ᠳᠠᠷᠠᠭ᠎ᠠ ᠲᠡᠷᠡ ᠡᠷᠡᠰ ᠱᠢᠭᠤᠷᠬᠠᠢ᠎ᠪᠠᠷ ᠤᠢ ᠱᠢᠭᠤᠢ᠎ᠶ᠋ᠢᠨ ᠲᠠᠯᠠᠪᠠᠢ᠎ᠳᠤ ᠢᠷᠡᠵᠤ ᠠᠵᠢᠯᠯᠠᠪᠠ᠃ ᠤᠳᠤ ᠲᠡᠷᠡ ᠮᠠᠰᠢᠨ᠎ᠤ ᠥᠷᠥᠭᠡᠨ᠎ᠳᠡᠬᠢ ᠬᠢᠨᠠᠨ ᠡᠵᠡᠮᠳᠡᠬᠦ᠌ ᠳᠡᠯᠭᠡᠴᠡ᠎ᠶ᠋ᠢ ᠨᠢᠳᠤ ᠰᠠᠯᠭᠠᠯ ᠦᠬᠡᠢ ᠰᠢᠷᠳᠡᠨ᠎ᠠ᠂ ᠣᠶ ᠱᠢᠭᠤᠶ᠎ᠶ᠋ᠢᠨ ᠲᠠᠯᠠᠪᠠᠶ᠎ᠶ᠋ᠢᠨ ᠲᠦᠶ᠋ᠮᠡᠷ᠎ᠢ ᠰᠡᠷᠭᠡᠢᠯᠡᠬᠦ᠌ ᠬᠠᠷᠠᠭᠤᠯ᠎ᠤᠨ ᠴᠠᠮᠬᠠᠭ᠎ᠤᠨ ᠢᠯᠴᠢ᠎ᠪᠡᠷ ᠳᠦᠷᠰᠦ ᠪᠦᠲᠦᠭᠡᠬᠦ᠌ ᠲᠤᠨᠤᠭ ᠲᠥᠬᠥᠭᠡᠷᠦᠮᠵᠢ ᠶᠠᠭ 360 ᠭᠷᠠᠳᠦ᠋ᠰ᠎ᠢᠶᠡᠷ ᠡᠷᠬᠢᠯᠳᠦᠨ ᠠᠦ᠋ᠲ᠋ᠣ᠋ ᠲᠤᠭᠤᠷᠢᠨ ᠴᠠᠬᠳᠠᠬᠤ ᠵᠢ ᠪᠡᠶᠡᠯᠡᠬᠦᠯᠵᠤ᠂ ᠬᠡᠪ᠎ᠦᠨ ᠪᠤᠰᠤ ᠢᠯᠴᠢ ᠡᠭᠦᠰᠭᠡᠭ᠌ᠴᠢ᠎ᠶ᠋ᠢ ᠮᠠᠳᠠᠷᠡᠮᠡᠭᠴᠡ 0.5 ᠰᠧᠺᠦ᠋ᠨ᠋ᠳ᠋᠎ᠦᠨ ᠳᠣᠲᠣᠷ᠎ᠠ ᠪᠠᠢᠷᠢ ᠵᠢ ᠲᠣᠭ᠍ᠲᠠᠭᠠᠬᠤ ᠪᠥᠭᠡᠳ ᠲᠦᠭ᠌ᠰᠢᠭᠦᠷᠢ ᠵᠢ ᠮᠡᠳᠡᠭᠦᠯᠦᠨ᠎ᠠ᠃ ᠲᠡᠭᠦᠨ᠎ᠦ ᠬᠢᠵᠦ᠍ ᠪᠠᠢᠭ᠎ᠠ ᠴᠢᠬᠢ ᠮᠣᠳᠣ ᠪᠣᠢᠵᠢᠭᠤᠯᠬᠤ ᠠᠵᠢᠯ ᠨᠢ ᠤᠳᠤ ᠮᠠᠰᠢᠨ ᠮᠧᠬᠠᠨᠢᠭ᠎ᠢᠶᠠᠷ ᠰᠤᠪᠠᠭ ᠳᠠᠳᠠᠬᠤ᠂ ᠨᠠᠷᠢᠯᠢᠭ ᠣᠨᠣᠴᠠᠲᠠᠢ᠎ᠪᠠᠷ ᠦᠷ᠎ᠡ ᠰᠠᠴᠤᠬᠤ᠎ᠶ᠋ᠢ ᠨᠢᠭᠡ ᠴᠤᠬ᠍ᠴᠠᠵᠢᠭᠤᠯᠬᠤ ᠵᠢ ᠪᠡᠶᠡᠯᠡᠭᠦᠯᠵᠦ᠍᠂ ᠤᠤᠯ᠎ᠤᠨ 10 ᠬᠥᠮᠦᠨ᠎ᠦ ᠠᠵᠢᠯ᠎ᠤᠨ ᠬᠡᠮᠵᠢᠶ᠎ᠡ᠎ᠶ᠋ᠢ ᠤᠳᠤ ᠨᠢᠭᠡ ᠬᠥᠮᠦᠨ ᠨᠢᠭᠡ ᠰᠠᠭᠤᠷᠢ ᠮᠠᠱᠢᠨ ᠬᠡᠳᠦᠬᠡᠨ ᠴᠠᠭ᠎ᠲᠤ ᠪᠡᠶᠡᠯᠡᠭᠦᠯᠵᠦ᠍ ᠳᠡᠢᠯᠬᠦ᠌ ᠪᠣᠯᠵᠠᠢ᠃ ᠯᠢᠦᠶ ᠯᠢᠨ ᠽᠸ᠄ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠮᠠᠨ᠎ᠤ ᠡᠨᠡ ᠦᠶ᠎ᠡ᠎ᠶ᠋ᠢᠨ ᠡᠯᠡᠰᠦ ᠵᠠᠰᠠᠭ᠍ᠴᠢᠳ᠎ᠤᠨ ᠱᠢᠨ᠎ᠡ 〈ᠲᠡᠮᠦᠷ ᠬᠦᠷᠵᠡ〉 ᠪᠤᠯᠪᠠ᠃ ᠲᠡᠷᠢᠭᠦᠨ᠎ᠦ ᠮᠡᠷᠭᠡᠵᠢᠯ᠎ᠢᠶᠡᠷ ᠡᠨᠡ ᠬᠦ᠌ ᠬᠡᠰᠡᠭ ᠨᠣᠮᠢᠨ ᠨᠣᠭᠣᠭ᠎ᠠ᠎ᠨᠢ ᠰᠠᠬᠢᠨ ᠬᠠᠮᠠᠭᠠᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳᠦ ᠲᠦᠱᠢᠭ᠌ᠯᠡᠨ ᠨᠣᠮᠢᠨ ᠨᠣᠭᠣᠭᠠᠨ ᠤ᠋ ᠬᠦᠰᠡᠯ ᠡᠷᠡᠮᠡᠯᠵᠡᠯ᠎ᠢ ᠪᠤᠳᠠᠳᠤ ᠠᠬᠤᠢ ᠪᠤᠯᠭᠠᠨ ᠬᠤᠪᠢᠷᠠᠭᠤᠯᠤᠨ᠎ᠠ》 ᠭᠡᠵᠦ ᠡᠷᠡᠰ ᠱᠢᠭᠤᠷᠬᠠᠶ᠎ᠪᠠᠷ ᠬᠡᠯᠡᠪᠡ᠃
65 ᠵᠢᠯ᠎ᠦᠨ ᠲᠤᠷᠰᠢ ᠭᠤᠷᠪᠠᠨ ᠦᠶ᠎ᠡ᠎ᠶ᠋ᠢᠨ ᠡᠯᠡᠰᠦ ᠵᠠᠰᠠᠭ᠍ᠴᠢᠳ ᠭᠠᠯ ᠵᠠᠯᠠᠭᠤ ᠨᠠᠰᠤ ᠪᠠ ᠬᠦᠴᠦ᠍ ᠬᠥᠯᠥᠰᠥᠪᠡᠷᠢᠶᠡᠨ ᠡᠯᠡᠰᠦ ᠵᠠᠰᠠᠭ᠍ᠰᠠᠨ ᠭᠠᠢᠬᠠᠮᠱᠢᠭ᠎ᠢ ᠡᠭᠦᠳᠪᠡ᠃ ᠣᠲᠣ ᠱᠢᠨ ᠬᠤᠸᠠ ᠣᠶ ᠱᠢᠭᠤᠶ᠎ᠶ᠋ᠢᠨ ᠲᠠᠯᠠᠪᠠᠶ᠎ᠶ᠋ᠢᠨ ᠣᠶ ᠱᠢᠭᠤᠶ ᠡᠪᠡᠰᠦ ᠪᠡᠯᠴᠢᠭᠡᠷ᠎ᠦᠨ ᠪᠦᠷᠬᠦᠴᠡ᠎ᠶ᠋ᠢᠨ ᠨᠣᠷᠮ᠎ᠠ 88% ᠪᠣᠯᠤᠨ ᠳᠡᠭᠡᠭ᠌ᠰᠢᠯᠡᠵᠦ᠍᠂ ᠨᠡᠢᠲᠡ 695 ᠲᠦᠮᠡᠨ ᠰᠠᠭᠤᠷᠢ ᠮᠣᠳᠣ ᠳᠠᠷᠢᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠪᠦᠬᠦᠨ᠎ᠢ ᠰᠦᠨᠦᠭᠡᠵᠦ᠂ 《ᠤᠮᠠᠷᠠᠲᠤ᠎ᠶ᠋ᠢᠨ ᠭᠤᠷᠪᠠᠨ ᠤᠷᠤᠨ᠎ᠤ ᠬᠠᠯᠬᠠᠪᠴᠢ ᠣᠶ + ᠲᠠᠷᠢᠶᠠᠨ ᠭᠠᠵᠠᠷ᠎ᠤᠨ ᠬᠠᠯᠬᠠᠪᠴᠢ ᠣᠶ + ᠰᠠᠯᠬᠢ᠎ᠶ᠋ᠢ ᠰᠡᠷᠭᠡᠢᠯᠡᠵᠦ᠍ ᠡᠯᠡᠰᠦ᠎ᠶ᠋ᠢ ᠲᠣᠭ᠍ᠲᠠᠪᠤᠷᠢᠵᠢᠭᠤᠯᠬᠤ ᠣᠶ》 ᠶ᠋ᠢᠨ ᠪᠣᠰᠣᠭ᠎ᠠ ᠴᠣᠭ᠍ᠴᠠᠲᠤ ᠬᠠᠮᠠᠭᠠᠯᠠᠯᠲᠠ᠎ᠶ᠋ᠢᠨ ᠱᠢᠰᠲ᠋ᠧᠮ ᠨᠢᠭᠡᠨᠲᠡ ᠪᠦᠷᠢᠯᠳᠦᠪᠡ᠃
ᠦᠳᠡᠰᠢ᠎ᠶ᠋ᠢᠨ ᠪᠦᠷᠦᠢ ᠪᠡᠷ ᠱᠢᠨ᠎ᠡ ᠨᠢᠭᠡ ᠦᠶ᠎ᠡ᠎ᠶ᠋ᠢᠨ ᠡᠯᠡᠰᠦ ᠵᠢ ᠵᠠᠰᠠᠭ᠍ᠴᠢᠳ ᠬᠤᠯᠠ ᠵᠢ ᠪᠠᠷᠠᠯᠠᠬᠤ ᠲᠡᠢᠰᠠᠨ ᠳ᠋ᠤ ᠵᠤᠬᠰᠤᠨ᠂ ᠲᠤᠯᠬᠢᠶᠠᠯᠠᠨ ᠬᠠᠷᠠᠭᠳᠠᠬᠤ ᠨᠣᠭᠣᠭᠠᠨ ᠳᠠᠪᠠᠯᠭᠠᠨ᠎ᠢ ᠬᠠᠷᠠᠬᠤᠶ᠎ᠠ ᠲᠡᠳᠡᠨ᠎ᠤ ᠭᠠᠷ ᠲᠤ᠌ ᠪᠤᠤᠬᠢᠶ᠎ᠠ ᠲᠠᠮᠵᠢᠭᠤᠯᠤᠬᠰᠠᠨ ᠬᠠᠭᠤᠴᠢᠨ ᠬᠦᠮᠦᠰ᠎ᠢ ᠪᠢᠰᠢᠷᠡᠨ ᠬᠦᠨᠳᠥᠦᠡᠬᠡᠬᠦ ᠰᠡᠳᠬᠢᠯᠭᠡ ᠲᠦᠷᠦᠭᠳᠡᠬᠦ ᠪᠡᠷ ᠪᠠᠷᠠᠬᠤ ᠦᠭᠡᠢ ᠪᠠᠰᠠ ᠢᠷᠡᠭᠡᠳᠦᠢ ᠵᠢᠨ ᠲᠤᠬᠠᠢ ᠬᠦᠰᠡᠯ ᠡᠷᠡᠮᠡᠯᠵᠡᠯ᠎ᠢᠶᠡᠷ ᠪᠢᠯᠬᠠᠨ᠎ᠠ᠃ ᠲᠡᠳᠡᠨ᠎ᠦ ᠮᠦᠷᠦᠨ ᠳ᠋ᠤ ᠨᠤᠮᠢᠨ ᠨᠤᠭᠤᠭᠠᠨ ᠭᠡᠷ ᠣᠷᠣᠨ᠎ᠢᠶᠠᠨ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠢᠬᠤ᠎ᠪᠠᠷ ᠪᠠᠷᠠᠬᠤ ᠦᠭᠡᠢ ᠨᠡᠩ ᠴᠤ᠌ 《ᠨᠤᠮᠢᠨ ᠨᠤᠭᠤᠭᠠᠨ ᠪᠠ ᠪᠠᠶᠠᠵᠢᠯ᠎ᠢ ᠬᠠᠮᠲᠤᠳᠤᠨᠢ ᠪᠡᠶᠡᠯᠡᠭᠦᠯᠬᠦ᠌》 ᠵᠠᠮ᠎ᠢ ᠰᠦᠪᠡᠭ᠌ᠴᠢᠯᠡᠬᠦ᠌ ᠢᠷᠡᠭᠡᠳᠦᠢ ᠪᠤᠢ᠃ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠳᠤᠮᠳᠠ ᠱᠢᠨ ᠬᠤᠸᠠ ᠤᠢ ᠱᠢᠭᠤᠢ᠎ᠶ᠋ᠢᠨ ᠲᠠᠯᠠᠪᠠᠢ᠎ᠶ᠋ᠢᠨ ᠡᠯᠡᠰᠦ᠎ᠶ᠋ᠢ ᠵᠠᠰᠠᠭ᠍ᠰᠠᠨ ᠦᠯᠢᠭᠡᠷ᠎ᠤᠨ ᠭᠡᠷᠡᠯ ᠰᠠᠴᠤᠷᠠᠩᠭᠤᠢ ᠱᠢᠨ᠎ᠡ ᠬᠠᠭᠤᠳᠠᠰᠤ ᠵᠢ ᠦᠶ᠎ᠠ ᠦᠶ᠎ᠠ ᠵᠢᠨ ᠪᠤᠤᠬᠢᠶ᠎ᠠ ᠵᠠᠯᠭᠠᠨ ᠲᠡᠮᠡᠴᠡᠭᠰᠠᠤᠨ ᠦᠷᠭᠦᠯᠵᠢᠯᠡᠨ ᠪᠢᠴᠢᠭ᠌ᠯᠡᠭᠰᠡᠭᠡᠷ ᠪᠤᠢ᠃