6 ᠰᠠᠷ᠎ᠠ᠎ᠶᠢᠨ 7᠎ᠦ ᠡᠳᠦᠷ᠂ ᠮᠠᠨ᠎ᠤ ᠣᠷᠣᠨ᠎ᠤ 15.7 ᠲᠦᠮᠡᠨ ᠰᠢᠯᠭᠠᠭᠤᠯᠤᠭ᠍ᠴᠢ ᠴᠠᠭ ᠲᠠᠭᠠᠨ ᠰᠢᠯᠭᠠᠯᠲᠠ᠎ᠶᠢᠨ ᠲᠠᠯᠠᠪᠠᠢ᠎ᠳᠤ ᠡᠮᠬᠢ ᠲᠢᠭᠯᠢᠮ ᠲᠠᠢ ᠣᠷᠣᠵᠠᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠠᠯᠠᠭᠤᠨ ᠳᠣᠲᠣᠨᠣ᠌ ᠬᠠᠯᠠᠮᠵᠢᠯᠠᠯ ᠳᠣᠣᠷ᠎ᠠ᠂ ᠪᠦᠬᠦ ᠤᠷᠤᠨ᠎ᠤ ᠡᠯ᠎ᠡ ᠭᠠᠵᠠᠷ᠎ᠤᠨ ᠬᠢᠨ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ ᠵᠢ ᠠᠮᠤᠷ ᠲᠣᠭᠲᠠᠭᠤᠨᠡᠮᠬᠢ ᠲᠢᠭᠯᠢᠮ ᠲᠠᠢ ᠪᠡᠷ ᠡᠬᠢᠯᠡᠬᠦᠯᠪᠡ᠃
ᠰᠢᠯᠭᠠᠯᠲᠠ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠳᠠ ᠵᠢᠨ ᠠᠯᠪᠠᠨ ᠭᠡᠷ᠂ ᠰᠤᠷᠭᠠᠨ ᠬᠥᠮᠦᠵᠢᠯ᠎ᠦᠨ ᠲᠢᠩᠬᠢᠮ᠂ ᠳᠣᠲᠣᠭᠠᠳᠤ᠎ᠶᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠴᠢᠮᠡᠭᠡ ᠬᠣᠯᠪᠣᠭ᠎ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠥᠪᠥᠷ ᠮᠣᠩᠭᠣᠯ᠎ᠤᠨ ᠴᠠᠬᠢᠯᠭᠠᠨ ᠬᠦᠴᠦᠨ ᠤ ᠪᠦᠯᠦᠭᠯᠡᠯ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠤ ᠺᠤᠮᠫᠠᠨᠢ ᠵᠡᠷᠭᠡ ᠰᠠᠯᠠᠭ᠎ᠠ ᠮᠥᠴᠢᠷ ( ᠨᠢᠭᠡᠴᠢ )᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠶᠠᠪᠤᠳᠠᠯ᠎ᠢ᠋ ᠵᠢᠯᠤᠭᠣᠳᠬᠤ ᠲᠥᠪ᠎ᠲᠦ ᠬᠠᠮᠲᠤᠷᠠᠨ ᠵᠢᠵᠢᠭᠦᠷᠯᠡᠵᠦ᠂ ᠲᠦᠷᠭᠡᠨ ᠲᠤᠰᠬᠠᠬᠤ᠂ ᠣᠨᠣᠪᠴᠢᠲᠠᠶ ᠰᠤᠳᠤᠯᠤᠨ ᠮᠠᠭᠠᠳᠯᠠᠬᠤ᠂ ᠵᠥᠪ ᠵᠢᠡᠷ ᠬᠥᠲᠥᠯᠥᠨ ᠵᠢᠯᠤᠭᠣᠳᠬᠤ᠂ ᠭᠡᠨᠡᠳᠲᠡ᠎ᠶᠢᠨ ᠪᠠᠢᠳᠠᠯ᠎ᠢ ᠲᠣᠬᠢᠲᠠᠢ ᠰᠢᠢᠳᠪᠦᠷᠢᠯᠡᠬᠦ᠎ᠳᠦ ᠲᠥᠬᠥᠮ ᠦᠵᠡᠭᠦᠯᠪᠡ᠃ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠡᠷᠬᠡ ᠲᠡᠭᠰᠢ ᠲᠥᠪ ᠭᠣᠥᠯᠴᠢ ᠪᠠᠢᠬᠤ᠎ᠶᠢ ᠤᠯᠠᠮ ᠴᠢᠨᠠᠭᠰᠢᠳᠠ ᠪᠠᠲᠤᠯᠠᠬᠤ᠎ᠶᠢᠨ ᠲᠥᠯᠥᠭᠡ᠂ ᠡᠨᠡ ᠵᠢᠯ ᠮᠠᠨ᠎ᠤ ᠣᠷᠣᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠲᠠᠯᠠᠪᠤᠷ᠎ᠤᠨ ᠣᠶᠤᠨᠴᠢ ᠲᠣᠭᠣᠷᠢᠨ ᠪᠠᠢᠴᠠᠭᠠᠯᠲᠠ ᠪᠠ ᠨᠢᠭᠤᠴᠠ᠎ᠶᠢ ᠬᠠᠮᠠᠭᠠᠯᠠᠬᠤ ᠲᠠᠰᠤᠭ᠎ᠤᠨ ᠣᠶᠤᠨᠴᠢ ᠲᠣᠭᠣᠷᠢᠨ ᠪᠠᠢᠴᠠᠭᠠᠯᠲᠠ᠎ᠶᠢᠨ ᠠᠵᠢᠯ᠎ᠢ ᠠᠬᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ᠎ᠢᠶᠠᠷ ᠰᠢᠯᠭᠠᠯᠲᠠ ᠵᠢᠨ ᠵᠣᠬᠢᠶᠠᠨ ᠪᠠᠶ᠋ᠢᠭᠤᠯᠤᠯᠳᠠ ᠪᠠ ᠬᠠᠮᠢᠶᠠᠷᠤᠯᠲᠠ ᠳ᠋ᠤ ᠴᠢᠳᠠᠪᠤᠷᠢᠤᠯᠭᠤᠪᠠ᠃ ᠡᠯ᠎ᠡ ᠭᠠᠵᠠᠷ᠎ᠤᠨ ᠬᠢᠨ ᠰᠢᠯᠭᠠᠯᠲᠠ᠎ᠳᠤ ᠬᠡᠮ ᠬᠢᠬᠦ᠎ᠶᠢ ᠴᠢᠩᠭ᠎ᠠ ᠰᠡᠷᠭᠡᠢᠯᠡᠬᠦ ᠪᠠ ᠬᠡᠮ ᠬᠢᠬᠦ ᠳ᠋ᠤ ᠴᠣᠬᠢᠯᠲᠠ ᠥᠭᠴᠦ᠂ ᠰᠢᠯᠭᠠᠯᠳᠠ ᠵᠢᠨ ᠲᠠᠯᠠᠪᠠᠢ᠎ᠳ᠋ᠤ ᠣᠷᠣᠬᠤ ᠠᠮᠤᠷ ᠲᠦᠪᠰᠢᠨ᠎ᠦ ᠪᠠᠢᠴᠠᠭᠠᠯᠲᠠ᠎ᠶᠢ ᠴᠢᠩᠭᠠᠳᠬᠠᠵᠤ᠂ ᠰᠢᠯᠭᠠᠯᠲᠠ ᠵᠢᠨ ᠳᠠᠯᠠᠪᠠᠢ ᠵᠢᠨ ᠬᠢᠨᠠᠯᠳᠠ ᠲᠠᠯᠪᠢᠬᠤ ᠪᠣᠭᠣᠮᠲᠠ᠎ᠶᠢ ᠴᠢᠩᠭ᠎ᠠ ᠠᠳᠬᠤᠵᠤ᠂ ᠮᠡᠷᠭᠡᠵᠢᠯ᠎ᠵᠢᠡᠷ ᠰᠢᠯᠭᠠᠯᠲᠠ᠎ᠶᠢᠨ ᠶᠠᠪᠤᠳᠠᠯᠳ᠋ᠤ ᠴᠢᠳᠠᠪᠤᠷᠢ ᠤᠯᠭᠤᠬᠤ ᠠᠵᠢᠯ᠎ᠢ ᠢᠳᠡᠪᠬᠢᠲᠡᠢ ᠠᠬᠢᠭᠤᠯᠵᠤ᠂ ᠰᠢᠯᠭᠠᠯᠲᠠ᠎ᠶᠢᠨ ᠠᠮᠤᠷ ᠲᠦᠪᠰᠢᠨ᠎ᠢ᠋ ᠰᠡᠷᠬᠡᠢᠯᠡᠨ ᠬᠠᠮᠠᠭᠠᠯᠬᠠᠤ ᠲᠣᠣᠷ᠎ᠢ ᠦᠷᠭᠦᠯᠵᠢᠯᠡᠨ ᠨᠢᠭ᠍ᠲᠠ ᠰᠦᠯᠵᠢᠪᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠪᠠᠰᠠ ᠠᠵᠢᠯᠯᠠᠬᠤ ᠳᠤᠭᠤᠢᠯᠠᠩ ᠲᠣᠮᠢᠯᠠᠨ 12 ᠠᠢᠮᠠᠭ ᠬᠤᠳᠠ᠎ᠲᠠᠢ ᠬᠣᠯᠪᠣᠭᠠᠯᠠᠨ᠂ ᠡᠯ᠎ᠡ ᠭᠠᠵᠠᠷ᠎ᠤᠨ ᠬᠢᠨ᠎ᠦ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ᠎ᠶᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ᠎ᠶᠢ ᠵᠢᠯᠣᠭᠣᠳᠤᠨ ᠱᠠᠯᠠᠪᠳᠠᠭᠤᠯᠤᠨ ᠪᠠᠢᠴᠠᠭᠠᠵᠠᠢ᠃
《ᠠᠮᠤᠷ ᠲᠦᠪᠰᠢᠨ ᠤᠯᠤᠰ᠎ᠤᠨ ᠨᠢᠬᠡᠳᠦᠯᠳᠡᠢ ᠰᠢᠯᠭᠠᠯᠳᠠ》ᠵᠢᠨ ᠬᠠᠷᠠᠯᠲᠠ ᠡᠭᠦᠷᠭᠡ᠎ᠶᠢ ᠪᠦᠬᠦ ᠬᠦᠴᠦᠨᠢᠶᠡᠷᠪᠡᠶᠡᠯᠡᠭᠦᠯᠬᠦᠶᠢᠨ ᠲᠥᠯᠥᠭᠡ᠂ ᠡᠨᠡ ᠵᠢᠯ ᠮᠠᠨ᠎ᠤ ᠣᠷᠣᠨ ᠤᠯᠤᠰ᠎ᠤᠨ ᠨᠢᠬᠡᠳᠦᠯᠳᠡᠢ ᠰᠢᠯᠭᠠᠯᠳᠠ ᠵᠢᠨ ᠠᠶᠠᠯᠠᠯ ᠬᠠᠮᠠᠭᠠᠯᠠᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠥᠬᠥ ᠣᠷᠣᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠪᠥᠬᠥ ᠣᠷᠣᠨ᠎ᠤ ᠬᠡᠪᠴᠢᠶᠡᠨ᠎ᠳᠦ ᠰᠢᠯᠭᠠᠯᠲᠠ᠎ᠳᠤ ᠬᠣᠯᠪᠣᠭᠳᠠᠬᠤ ᠰᠦᠯᠵᠢᠶᠡᠨ᠎ᠦ ᠣᠷᠴᠢᠨ ᠲᠣᠭᠣᠷᠢᠨ᠎ᠢ ᠴᠡᠪᠡᠷᠰᠢᠭᠦᠯᠬᠦ᠂ ᠰᠢᠯᠭᠠᠯᠲᠠ᠎ᠶᠢᠨ ᠴᠡᠭ᠎ᠦᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠢ ᠴᠡᠪᠡᠷᠰᠢᠭᠦᠯᠬᠦ᠂ ᠬᠡᠮ ᠬᠢᠬᠦ ᠪᠠᠭᠠᠵᠢ ᠬᠡᠷᠡᠭᠰᠡᠯ ᠪᠣᠷᠣᠯᠠᠭᠤᠯᠬᠤ᠎ᠳᠤ ᠴᠣᠬᠢᠯᠲᠠ ᠥᠭᠬᠦ᠂ ᠣᠷᠣᠯᠠᠨ ᠰᠢᠯᠭᠠᠬᠤ᠂ ᠰᠢᠯᠭᠠᠯᠲᠠ᠎ᠳᠤ ᠬᠣᠯᠪᠣᠭᠳᠠᠬᠤ ᠪᠣᠯᠪᠠᠰᠤᠷᠠᠯ᠎ᠤᠨ ᠪᠠᠢᠭᠤᠯᠤᠮᠵᠢ᠎ᠶᠢ ᠴᠡᠭᠴᠡᠯᠡᠨ ᠵᠠᠰᠠᠬᠤ᠂ ᠨᠢᠭᠤᠴᠠ᠎ᠶᠢ ᠬᠠᠮᠠᠭᠠᠯᠠᠬᠤ ᠠᠮᠤᠷ ᠲᠦᠪᠰᠢᠨ᠎ᠢ ᠬᠠᠮᠠᠭᠠᠯᠠᠬᠤ ᠵᠡᠷᠭᠡ 6 ᠲᠤᠰᠬᠠᠢ ᠠᠵᠢᠯᠯᠠᠭ᠎ᠠ᠎ᠶᠢ ᠥᠷᠨᠢᠭᠦᠯᠪᠡ᠃ ᠡᠭᠦᠨ᠎ᠡᠴᠡ ᠭᠠᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠬᠠᠯᠠᠭᠤᠨ ᠲᠤᠳᠤᠨᠤ ᠦᠢᠯᠡᠴᠢᠯᠡᠭᠡᠨ᠎ᠦ ᠠᠵᠢᠯ ᠢ᠋ ᠰᠠᠢᠲᠤᠷ ᠬᠢᠵᠦ᠂ ᠰᠢᠯᠭᠠᠭᠤᠯᠤᠭᠰᠠᠳ᠎ᠲᠤ ᠰᠢᠯᠭᠠᠯᠲᠠ᠎ᠶᠢᠨ ᠬᠤᠭᠤᠴᠠᠭᠠᠨ᠎ᠳᠠᠬᠢ ᠶᠠᠪᠤᠵᠤ ᠰᠠᠭᠤᠬᠤ᠂ ᠢᠳᠡᠵᠦ ᠤᠤᠭᠤᠬᠤ ᠬᠣᠨᠣᠵᠤ ᠬᠡᠪᠲᠡᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠲᠠᠭᠤ ᠱᠤᠦᠭᠢᠶᠠᠨ ᠡᠬᠦᠰᠭᠡᠬᠦ ᠵᠢ ᠴᠡᠭᠴᠡᠯᠡᠨ ᠵᠠᠰᠠᠬᠤ ᠵᠡᠷᠭᠡ ᠣᠯᠠᠨ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ ᠬᠠᠩᠭᠠᠵᠤ ᠪᠤᠢ᠃ ᠪᠥᠬᠥ ᠣᠷᠣᠨ᠎ᠤ 85 ᠵᠡᠮᠳᠡᠭ ᠰᠢᠯᠭᠠᠭᠤᠯᠤᠭ᠍ᠴᠢ᠎ᠵᠢᠨ ᠰᠢᠯᠭᠠᠯᠲᠠ᠎ᠳᠤ ᠣᠷᠣᠯᠴᠠᠬᠤ᠎ᠳᠤ ᠵᠦᠢ ᠵᠣᠬᠢᠰᠲᠠᠢ ᠲᠥᠬᠥᠮ ᠦᠵᠡᠭᠦᠯᠬᠦ ᠦᠢᠯᠡᠴᠢᠯᠡᠭᠡ ᠬᠠᠩᠭᠠᠵᠤ᠂ ᠵᠡᠮᠳᠡᠭᠴᠦᠳ ᠵᠡᠷᠭᠡ ᠣᠨᠴᠠᠭᠠᠶ ᠬᠦᠴᠢᠷᠳᠡᠯᠲᠡᠢ ᠬᠥᠮᠥᠰ᠎ᠦᠨ ᠤᠷᠤᠭᠰᠢᠲᠠᠢ ᠰᠢᠯᠭᠠᠭᠤᠯᠬᠤ ᠶᠢ ᠪᠠᠲᠤᠯᠠᠭᠰᠠᠨ ᠪᠠᠢᠨ᠎ᠠ᠃