2025 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠳᠠ ᠲᠡᠬᠥᠰᠪᠡ
2025-06-11 10:06:43
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠵᠢᠱ᠌ᠢᠯᠲᠡ᠎ᠪᠡᠷ 6 ᠰᠠᠷ᠎ᠠ᠎ᠶᠢᠨ 24 ᠎ᠳᠤ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠲᠡᠯᠡᠨ᠎ᠠ


6 ᠰᠠᠷ᠎ᠠ᠎ᠶᠢᠨ 10᠎ᠤ᠋ ᠦᠳᠡ᠎ᠶᠢᠨ ᠡᠮᠦᠨᠡᠬᠢ 11 ᠴᠠᠭ᠎ᠲᠤ᠂ ᠬᠠᠮᠤᠭ ᠰᠡᠭᠦᠯᠴᠢ᠎ᠶᠢᠨ ᠰᠢᠯᠭᠠᠯᠲᠠ᠎ᠲᠡᠬᠥᠰᠬᠥ ᠵᠢ ᠳᠠᠭᠠᠯᠳᠤᠨ ᠮᠠᠨ᠎ᠤ ᠣᠷᠣᠨ᠎ᠤ 2025 ᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭᠠᠯᠲᠠ ᠤᠷᠤᠭᠰᠢᠲᠠᠢ ᠲᠡᠭᠦᠰᠪᠡ᠃ ᠰᠢᠯᠭᠠᠯᠲᠠ᠎ᠶᠢᠨ ᠬᠤᠭᠤᠴᠠᠭᠠᠨ᠎ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠬᠦᠴᠦ᠎ᠪᠡᠨ ᠬᠠᠮᠲᠤᠳᠬᠠᠨ ᠬᠠᠮᠵᠢᠯᠴᠠᠵᠤ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠢᠶᠠᠷᠤᠯᠲᠠ᠎ᠶᠢ ᠴᠢᠩᠭ᠎ᠠ ᠵᠢᠷᠤᠮᠵᠢᠭᠤᠯᠤᠨ᠂ ᠰᠢᠯᠭᠠᠯᠲᠠ᠎ᠶᠢᠨ ᠰᠤᠷᠲᠠᠯ ᠰᠢᠯᠭᠠᠯᠲᠠ᠎ᠶᠢᠨ ᠰᠠᠬᠢᠯᠭ᠎ᠠ᠎ᠶᠢ ᠴᠢᠩᠭ᠎ᠠ ᠠᠳᠬᠤᠵᠤ᠂ ᠰᠢᠯᠭᠠᠭᠤᠯᠤᠭ᠍ᠰᠠᠳ᠎ᠲᠸ᠋ ᠨᠠᠷᠢᠨ ᠨᠢᠮᠪᠠᠢ ᠦᠢᠯᠡᠴᠢᠯᠡᠨ᠂ ᠤᠯᠤᠰ᠎ᠤᠨ ᠨᠢᠭᠡᠳᠦᠯᠲᠡᠢ ᠰᠢᠯᠭᠠᠯᠲᠠ᠎ᠶᠢ ᠪᠥᠬᠥ ᠬᠦᠴᠦᠨ᠎ᠢᠶᠡᠷ᠎ᠢᠶᠡᠨ ᠬᠠᠮᠠᠭᠠᠯᠠᠵᠤ᠂ ᠪᠥᠬᠥ ᠣᠷᠣᠨ᠎ᠤ 187 ᠰᠢᠯᠭᠠᠯᠲᠠ᠎ᠶᠢᠨ ᠴᠡᠭ᠂ 5625 ᠰᠢᠯᠭᠠᠯᠲᠠ᠎ᠶᠢᠨ ᠲᠠᠯᠠᠪᠠᠢ᠎ᠳᠦ ᠰᠢᠯᠭᠠᠯᠳᠠ ᠡᠮᠬᠢ ᠵᠢᠷᠤᠮ᠎ᠲᠠᠢ ᠶᠠᠪᠤᠭᠳᠠᠵᠤ᠂ 《ᠠᠮᠤᠷ ᠲᠦᠪᠰᠢᠨ ᠤᠯᠤᠰ᠎ᠤᠨ ᠨᠢᠭᠡᠳᠦᠯᠲᠡᠢ ᠰᠢᠯᠭᠠᠯᠲᠠ》᠂ 《ᠬᠠᠯᠠᠭᠤᠨ ᠳᠣᠲᠣᠨᠣᠰᠤᠭ ᠤᠯᠤᠰ᠎ᠤᠨ ᠨᠢᠭᠡᠳᠦᠯᠲᠡᠢ ᠰᠢᠯᠭᠠᠯᠲᠠ》 ᠵᠢᠨ ᠠᠵᠢᠯ᠎ᠤᠨ ᠬᠠᠷᠠᠯᠲᠠ᠎ᠶᠢ ᠪᠡᠶᠡᠯᠡᠭᠦᠯᠪᠡ᠃

ᠮᠠᠨ᠎ᠤ ᠣᠷᠣᠨ ᠵᠢᠱ᠌ᠢᠯᠲᠡ᠎ᠪᠡᠷ 6 ᠰᠠᠷ᠎ᠠ᠎ᠶᠢᠨ 24᠎ᠤ᠋ ᠡᠳᠦᠷ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠬᠢᠷᠢ ᠪᠦᠲᠦᠮᠵᠢ᠎ᠶᠢ ᠨᠡᠢᠲᠡᠯᠡᠵᠦ᠂ ᠳᠠᠷᠠᠭ᠎ᠠ ᠪᠡᠷ ᠨᠢ ᠡᠯ᠎ᠡ ᠪᠦᠯᠦᠭ ᠤᠳᠠᠭ᠎ᠠ ᠡᠯ᠎ᠡ ᠬᠢᠴᠢᠶᠡᠯ ᠲᠥᠷᠥᠯ᠎ᠦᠨ ᠰᠣᠷᠣᠭ᠍ᠴᠢ ᠡᠯᠰᠡᠬᠦ ᠬᠢᠵᠠᠭᠠᠷᠯᠠᠬᠤ ᠬᠤᠪᠢ᠎ᠶᠢᠨ ᠱᠤᠭᠤᠮ᠎ᠢ ᠨᠡᠢᠲᠡᠯᠡᠨ᠎ᠡ᠃ ᠲᠤᠬᠠᠢ᠎ᠶᠢᠨ ᠴᠠᠭ᠎ᠲᠤ ᠰᠢᠯᠭᠠᠭᠤᠯᠤᠭ᠍ᠴᠢ ᠥᠪᠡᠷᠲᠡᠭᠡᠨ ᠵᠠᠰᠠᠬᠤ ᠣᠷᠣᠨ᠎ᠤ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ ᠵᠡᠷᠭᠡ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ ᠪᠠᠢᠴᠠᠭᠠᠨ ᠯᠠᠪᠯᠠᠵᠤ ᠪᠣᠯᠣᠨ᠎ᠠ᠃ 2025 ᠣᠨ  ᠠ᠋ᠴᠠ ᠡᠬᠢᠯᠡᠨ᠂ ᠮᠠᠨ᠎ᠤ ᠣᠷᠣᠨ ᠵᠢᠩᠬᠢᠨᠢ ᠠᠩᠬᠢ ᠵᠢᠨ ᠨᠢᠬᠡᠳᠦᠬᠡᠷ ᠪᠦᠯᠦᠭ ᠪᠠ ᠵᠢᠩᠬᠢᠨᠢ ᠠᠩᠬᠢ ᠵᠢᠨ ᠬᠤᠶᠠᠳᠤᠭᠠᠷ ᠪᠦᠯᠦᠭ ᠤᠳᠠᠭ᠎ᠠ᠎ᠶᠢ ᠨᠡᠢᠯᠡᠭᠦᠯᠵᠦ᠂ ᠵᠢᠩᠬᠢᠨᠢ ᠠᠩᠭᠢ᠎ᠶᠢᠨ ᠤᠷᠢᠳᠴᠢᠯᠠᠨ ᠡᠯᠰᠡᠬᠦ A ᠬᠡᠰᠡᠭ᠎ᠲᠦ ᠡᠷᠡᠮᠡᠯᠵᠡᠯ᠎ᠤᠨ ᠲᠠᠷᠠᠭᠠᠯᠠᠯ ᠵᠢᠡᠷ ᠡᠯᠰᠡᠬᠦ ᠵᠠᠭᠪᠤᠷ᠎ᠢ ᠬᠡᠷᠡᠭᠯᠡᠬᠦ᠎ᠡᠴᠡ ᠭᠠᠳᠠᠨ᠎ᠠ ᠪᠤᠰᠤᠳ ᠪᠦᠯᠦᠭ (ᠬᠡᠰᠡᠭ) ᠤᠳᠠᠭ᠎ᠠ᠎ᠳᠤ ᠴᠥᠮ 《ᠶᠡᠬᠡ ᠳᠡᠭᠡᠳᠦ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠳᠤᠭᠤᠢᠯᠠᠩ》 ᠤ᠋ᠨ ᠵᠡᠷᠭᠡᠴᠡᠭᠡ ᠡᠷᠡᠮᠡᠯᠵᠡᠯ᠎ᠦᠨ ᠵᠠᠭᠪᠤᠷ᠎ᠢ ᠬᠡᠷᠡᠭᠯᠡᠨ᠎ᠡ᠃

ᠮᠠᠨ᠎ᠤ ᠣᠷᠣᠨ᠎ᠤ ᠠᠩᠬᠠᠳᠤᠭᠠᠷ ᠤᠳᠠᠭ᠎ᠠ᠎ᠶᠢᠨ ᠡᠷᠡᠮᠡᠯᠵᠡᠯ ᠳᠠᠭᠯᠠᠬᠤ ᠴᠠᠭ 6 ᠰᠠᠷ᠎ᠠ᠎ᠶᠢᠨ 30᠎ᠤ᠋ ᠡᠳᠦᠷ᠎ᠡᠴᠡ 7 ᠰᠠᠷ᠎ᠠ᠎ᠶᠢᠨ 4 ᠤ᠋ ᠡᠳᠦᠷ ᠪᠣᠯᠲᠠᠯ᠎ᠠ ᠶᠠᠪᠤᠭᠳᠠᠨ᠎ᠠ᠃ ᠰᠢᠯᠭᠠᠭᠤᠯᠤᠭ᠍ᠴᠢ᠎ᠵᠢᠨ ᠡᠷᠡᠮᠡᠯᠵᠡᠯ ᠲᠠᠭᠯᠠᠬᠤ ᠳ᠋ᠤ ᠨᠠᠩ ᠳᠥᠭᠥᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ᠎ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠠ᠋ᠴᠠ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠵᠢᠨ ᠡᠷᠡᠮᠡᠯᠵᠡᠯ ᠲᠠᠭᠯᠠᠬᠤ ᠨᠡᠶ᠋ᠢᠲᠡ᠎ᠶᠢᠨ ᠠᠰᠠᠷᠠᠮᠵᠢ᠎ᠶᠢᠨ ᠲᠠᠢᠯᠤᠮᠵᠢ ᠡᠷᠭᠢᠯᠡᠵᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠵᠢᠯᠣᠭᠣᠳᠤᠯᠭ᠎ᠠ᠎ᠶᠢᠨ ᠸᠢᠳᠢᠤ᠋ ᠵᠣᠬᠢᠶᠠᠵᠤ᠂ 《ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲᠧᠮ》 ᠢ᠋ ᠲᠠᠰ ᠳᠡᠪᠰᠢᠭᠦᠯᠦᠨ᠂ ᠥᠷᠭᠡᠨ ᠣᠯᠠᠨ ᠰᠢᠯᠭᠠᠭᠤᠯᠤᠭ᠍ᠰᠠᠳ ᠲᠸ᠋ ᠨᠡᠷ᠎ᠡ ᠮᠡᠳᠡᠭᠦᠯᠦᠭᠰᠡᠨ ᠲᠣᠭ᠎ᠠ ᠪᠠᠷᠢᠮᠲᠠ᠎ᠵᠢᠨ ᠯᠠᠪᠯᠠᠭ᠎ᠠ ᠪᠠ ᠡᠷᠡᠮᠡᠯᠵᠡᠯ ᠲᠠᠭᠯᠠᠬᠤ ᠎ᠳ᠋ᠤ ᠰᠢᠨᠵᠢᠯᠡᠬᠦ ᠤᠬᠠᠭᠠᠨᠴᠢ᠂ ᠣᠨᠣᠪᠴᠢᠲᠠᠶ᠂ ᠪᠥᠬᠥ ᠲᠠᠯ᠎ᠠ᠎ᠶᠢᠨ ᠬᠠᠪᠰᠤᠷᠤᠮᠵᠢ ᠵᠢᠯᠣᠭᠣᠳᠤᠯᠭ᠎ᠠ ᠬᠠᠩᠭᠠᠬᠤ ᠪᠤᠯᠤᠨ᠎ᠠ᠃

ᠬᠢᠷᠢ ᠪᠦᠲᠦᠮᠵᠢ ᠵᠢ ᠨᠡᠢᠲᠡᠯᠡᠬᠦ᠂ ᠡᠷᠡᠮᠡᠯᠵᠡᠯ ᠲᠠᠭᠯᠠᠬᠤ᠂ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠵᠡᠷᠭᠡ ᠴᠢᠬᠤᠯᠠ ᠱᠠᠲᠤᠨ᠎ᠳᠤ ᠠᠮᠤᠷ ᠲᠦᠪᠰᠢᠨ᠎ᠦ ᠤᠬᠠᠮᠰᠠᠷ᠎ᠢᠶᠠᠨ ᠴᠢᠩᠭᠠᠳᠬᠠᠵᠤ᠂ ᠰᠢᠯᠭᠠᠭᠤᠯᠤᠭ᠍ᠴᠢ᠎ᠶᠢᠨ ᠨᠤᠮᠧᠷ ᠪᠠ ᠨᠢᠭᠤᠴᠠ ᠨᠣᠮᠧᠷ ᠵᠡᠷᠭᠡ ᠬᠤᠪᠢ ᠬᠥᠮᠥᠨ᠎ᠦ ᠮᠡᠳᠡᠭᠡ ᠵᠠᠩᠭᠢ᠎ᠪᠠᠨ ᠲᠣᠬᠢᠲᠠᠢ ᠬᠠᠳᠠᠭᠠᠯᠠᠨ ᠬᠠᠮᠢᠶᠠᠷᠴᠤ᠂ ᠨᠢᠭᠤᠴᠠ ᠨᠣᠮᠧᠷ᠎ᠢᠶᠡᠨ ᠮᠠᠷᠲᠠᠬᠤ ᠪᠤᠶᠤ ᠵᠠᠳᠠᠷᠠᠭᠤᠯᠬᠤ ᠠ᠋ᠴᠠ ᠰᠡᠷᠭᠡᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠣᠷᠣᠭ᠍ᠴᠢ ᠡᠯᠰᠡᠬᠦ ᠰᠢᠯᠭᠠᠯᠲᠠ᠎ᠶᠢᠨ ᠮᠡᠳᠡᠭᠡ ᠵᠠᠩᠭᠢ᠎ᠶᠢᠨ ᠰᠦᠯᠵᠢᠶ᠎ᠡ ᠪᠠ ᠵᠢᠷᠬᠢᠶ᠎ᠠ ᠵᠢᠨ ᠤᠯᠠᠨ ᠨᠡᠶ᠋ᠢᠲᠡ᠎ᠶᠢᠨ ᠲᠠᠪᠴᠠᠩ ᠳ᠋ᠤ ᠨᠡᠢᠲᠡᠯᠡᠭᠰᠡᠨ ᠠᠯᠪᠠᠨ᠎ᠤ ᠲᠠᠯ᠎ᠠ᠎ᠶᠢᠨ ᠮᠡᠳᠡᠭᠡ᠎ᠶᠢ ᠴᠠᠭ ᠲᠤᠬᠠᠢ ᠳ᠋ᠤᠨᠢ ᠠᠩᠬᠠᠷᠴᠤ᠂ ᠨᠠᠢᠳᠠᠪᠤᠷᠢᠳᠠᠢ ᠠᠷᠭ᠎ᠠ ᠵᠠᠮ᠎ᠢᠶᠠᠷ ᠲᠥᠷᠥ᠎ᠶᠢᠨ ᠪᠣᠳᠣᠯᠭ᠎ᠠ᠎ᠶᠢᠨ ᠮᠡᠳᠡᠭᠡ ᠵᠠᠩᠭᠢ᠎ᠶᠢ ᠣᠢᠯᠠᠭᠠᠵᠤ᠂ ᠡᠯ᠎ᠡ ᠵᠦᠢᠯ᠎ᠤᠨ ᠮᠡᠭᠡᠯᠡᠯ᠎ᠢ ᠰᠡᠷᠭᠡᠢᠯᠡᠬᠦ ᠬᠡᠷᠡᠭᠲᠡᠢ ᠬᠡᠵᠦ ᠥᠷᠭᠡᠨ ᠣᠯᠠᠨ ᠰᠢᠯᠭᠠᠭᠤᠯᠤᠭ᠍ᠴᠢ ᠪᠠ ᠭᠡᠷ᠎ᠦᠨ ᠠᠬᠠᠮᠠᠳ᠎ᠲᠤ ᠣᠨᠴᠠᠭᠠᠢᠯᠠᠨ ᠰᠠᠨᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号