ᠰᠤᠷᠤᠯᠴᠠᠬᠤ ᠪᠠᠢᠴᠠᠭᠠᠬᠤ ᠴᠡᠭᠴᠡᠯᠡᠬᠥ ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠷᠠᠳ ᠤᠯᠠᠨ᠎ᠤ ᠬᠦᠴᠢᠷᠳᠡᠯ ᠵᠣᠪᠠᠨᠢᠯ᠎ᠢ ᠱᠢᠶ᠋ᠳᠪᠦᠷᠢᠯᠡᠨ᠎ᠠ
2025-06-13 09:54:22
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠪᠦᠬᠦ᠌ ᠣᠷᠣᠨ᠎ᠤ ᠡᠯ᠎ᠡ ᠠᠵᠤ ᠠᠬᠤᠢᠯᠠᠯ ᠠᠵᠢᠯ ᠦᠢᠯᠡᠰ᠎ᠦᠨ ᠪᠠᠢᠭᠤᠯᠭ᠎ᠠ ᠨᠢᠭᠡᠴᠢ᠎ᠶ᠋ᠢᠨ ᠬᠢᠨ ᠢᠮᠠᠭ᠍ᠲᠠ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ᠎ᠢᠶᠠᠷ ᠰᠤᠷᠤᠯᠴᠠᠯᠭ᠎ᠠ ᠬᠥᠮᠦᠵᠢᠯ᠎ᠢ ᠰᠠᠢᠲᠤᠷ ᠠᠳᠭᠤᠵᠤ᠂ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠦᠨ᠂ ᠰᠤᠷᠤᠯᠴᠠᠯᠭ᠎ᠠ ᠬᠥᠮᠦᠵᠢᠯ᠎ᠦᠨ ᠬᠠᠷᠠᠯᠲᠠ ᠡᠭᠦᠷᠭᠡ᠎ᠶ᠋ᠢ ᠣᠨᠣᠴᠠᠳᠠᠢ ᠡᠵᠡᠮᠳᠡᠵᠦ᠍᠂ ᠰᠤᠷᠤᠯᠴᠠᠬᠤ ᠪᠠᠢᠴᠠᠭᠠᠬᠤ ᠴᠡᠭᠴᠡᠯᠡᠬᠥ ᠶ᠋ᠢ ᠨᠢᠭᠡ ᠴᠤᠭ᠍ᠴᠠᠵᠢᠭᠤᠯᠤᠨ ᠠᠬᠢᠭᠤᠯᠬᠤ ᠲᠠᠯ᠎ᠠ᠎ᠪᠠᠷ ᠲᠠᠬᠢᠨ ᠭᠦᠨᠵᠡᠭᠡᠢᠷᠡᠭᠦᠯᠵᠦ᠍᠂ ᠴᠢᠨᠠᠷ ᠰᠠᠢᠳᠠᠢ ᠰᠤᠷᠤᠯᠴᠠᠬᠤ᠂ ᠴᠢᠩᠭ᠎ᠠ ᠬᠦᠴᠦᠳᠡᠢ ᠪᠠᠢᠴᠠᠭᠠᠯᠳᠠ ᠬᠢᠬᠦ᠂ ᠦᠷ᠎ᠡ ᠪᠦᠳᠦᠮᠵᠢᠳᠡᠢ ᠴᠡᠭᠴᠡᠯᠡᠨ ᠵᠠᠰᠠᠬᠤ᠎ᠶ᠋ᠢ ᠦᠨᠡᠨ ᠬᠦ᠌ ᠪᠠᠲᠤᠯᠠᠪᠠ᠃

ᠥᠷᠭᠡᠨ ᠣᠯᠠᠨ ᠡᠪᠡᠳᠴᠢᠲᠡᠨ᠎ᠳᠦ ᠨᠠᠩ ᠰᠠᠢᠲᠤᠷ ᠦᠶ᠋ᠯᠡᠴᠢᠯᠡᠵᠦ᠍᠂ ᠡᠪᠡᠳᠴᠢᠨ ᠦᠵᠡᠭᠦᠯᠬᠦ᠌ ᠥᠩᠭᠡᠷᠡᠯᠲᠡ᠎ᠶ᠋ᠢ ᠳᠠᠬᠢᠨ ᠲᠠᠰ ᠳᠡᠪᠱᠢᠭᠦᠯᠬᠦ᠌᠎ᠶ᠋ᠢᠨ ᠲᠥᠯᠥᠭᠡ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠱᠢᠭᠤᠳ ᠬᠠᠷᠢᠶ᠎ᠠ ᠬᠠᠷᠢᠶᠠᠲᠤ ᠡᠮᠨᠡᠯᠭᠡ᠎ᠶ᠋ᠢᠨ ᠬᠣᠷᠢᠶ᠎ᠠ ᠡᠮ ᠡᠮᠨᠡᠯᠭᠡ᠎ᠶᠢᠨ ᠦᠶ᠋ᠯᠡᠴᠢᠯᠡᠭᠡ᠎ᠶ᠋ᠢ ᠣᠯᠠᠨ ᠲᠠᠯ᠎ᠠ ᠡᠴᠡ ᠱᠢᠯᠢᠳᠡᠭ᠌ᠵᠢᠭᠦᠯᠪᠡ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ 《1 ᠲᠤᠰᠭᠠᠶ ᠲᠤᠱᠢᠶᠠᠯᠲᠤ ᠲᠤᠤᠷᠵᠢᠯ᠎ᠤᠨ ᠠᠵᠢᠯᠳᠠᠨ + 1 ᠰᠠᠯᠠᠭ᠎ᠠ ᠲᠠᠰᠤᠭ᠎ᠤᠨ ᠬᠣᠯᠪᠣᠭᠠᠴᠢᠨ》 ᠬᠤᠤᠰ ᠠᠵᠢᠯ᠎ᠤᠨ ᠪᠠᠢᠷᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠡᠭᠦᠳᠡᠨ ᠡᠮᠨᠡᠯᠭᠡ᠎ᠶ᠋ᠢᠨ ᠠᠰᠠᠷ᠎ᠢ 7 ᠲᠤᠤᠷᠵᠢᠯ᠎ᠤᠨ ᠨᠢᠭᠡᠴᠢ ᠪᠤᠯᠭᠠᠨ ᠬᠤᠪᠢᠶᠠᠵᠤ᠂ ᠡᠭᠦᠳᠡᠨ ᠡᠮᠨᠡᠯᠭᠡ᠎ᠶ᠋ᠢᠨ ᠬᠠᠮᠢᠶᠠᠷᠤᠯᠲᠠ 《ᠪᠦᠳᠦᠨ ᠨᠢᠬᠡ ᠬᠡᠰᠡᠭ ᠳᠤᠤᠷ》 ᠪᠤᠯᠬᠤ᠎ᠶ᠋ᠢ ᠪᠡᠶᠡᠯᠡᠭᠦᠯᠵᠦ᠍᠂ ᠡᠪᠡᠳᠴᠢᠲᠡᠨ᠎ᠢ ᠬᠤᠪᠢᠶᠠᠨ ᠳᠠᠷᠬᠠᠭᠠᠵᠤ ᠬᠥᠲᠥᠯᠥᠨ ᠵᠢᠯᠣᠭᠣᠳᠭᠤ᠎ᠶ᠋ᠢ ᠰᠠᠢᠲᠤᠷ ᠬᠢᠪᠠ; 《ᠬᠤᠪᠢᠶᠠᠷᠢ ᠲᠣᠭᠣᠷᠢᠭ》 ᠤ᠋ᠨ ᠳᠣᠲᠣᠷᠠᠬᠢ ᠡᠮᠴᠢ᠎ᠶ᠋ᠢᠨ ᠡᠪᠡᠳᠴᠢᠨ ᠦᠵᠡᠭ᠌ᠰᠡᠨ ᠪᠠᠢᠳᠠᠯ᠎ᠢ ᠲᠣᠭ᠍ᠲᠠᠮᠠᠯ ᠪᠤᠰᠤ ᠬᠤᠭᠤᠴᠠᠭ᠎ᠠ᠎ᠲᠠᠶ᠎ᠪᠠᠷ ᠰᠤᠭᠤᠴᠢᠨ ᠪᠠᠢᠴᠠᠭᠠᠵᠤ᠂ ᠣᠷᠣᠢᠲᠠᠵᠤ ᠢᠷᠡᠬᠦ ᠡᠷᠲᠡ ᠠᠵᠢᠯ ᠡᠴᠡ ᠪᠠᠨ ᠪᠠᠭᠤᠬᠤ ᠦᠵᠡᠭ᠌ᠳᠡᠯ᠎ᠢ ᠡᠷᠡᠰ ᠬᠣᠷᠢᠭ᠍ᠯᠠᠪᠠ; ᠡᠭᠦᠳᠡᠨ ᠡᠮᠨᠡᠯᠭᠡ᠎ᠶ᠋ᠢᠨ ᠡᠯ᠎ᠡ ᠵᠦᠶ᠋ᠯ᠎ᠦᠨ ᠭᠡᠨᠡᠳᠲᠡ᠎ᠶ᠋ᠢᠨ ᠬᠡᠷᠡᠭ᠎ᠢ ᠴᠠᠭ ᠲᠤᠬᠠᠶ᠎ᠳᠤᠨᠢ ᠱᠢᠶ᠋ᠳᠪᠦᠷᠢᠯᠡᠵᠦ᠍᠂ ᠡᠪᠡᠳᠴᠢᠲᠡᠨ᠎ᠢ ᠬᠠᠪᠰᠤᠷᠤᠨ ᠡᠯ᠎ᠡ ᠵᠦᠶ᠋ᠯ᠎ᠦᠨ ᠠᠰᠠᠭᠤᠳᠠᠯ᠎ᠢ ᠱᠢᠶ᠋ᠳᠪᠦᠷᠢᠯᠡᠪᠡ᠃ ᠡᠪᠡᠳᠴᠢᠲᠡᠨ᠎ᠦ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠬᠥᠳᠡᠯᠦᠩᠭᠦᠶ᠎ᠪᠡᠷ ᠲᠣᠬᠢᠷᠠᠭᠤᠯᠵᠤ᠂ ᠠᠷᠠᠳ᠎ᠲᠤ ᠲᠥᠬᠥᠮ ᠦᠵᠡᠭᠦᠯᠬᠦ᠌ ᠡᠭᠦᠳᠡᠨ ᠡᠮᠨᠡᠯᠭᠡ᠎ᠳᠦ ᠡᠩ᠎ᠦᠨ ᠡᠪᠡᠳᠴᠢᠨ ᠡᠮᠭᠡᠭ ᠵᠢᠴᠢ ᠤᠳᠠᠭᠠᠨ ᠴᠢᠨᠠᠷᠲᠠᠶ ᠡᠪᠡᠳᠴᠢᠨ᠎ᠳᠦ ᠨᠡᠷᠪᠡᠭᠳᠡᠭᠰᠡᠳ᠎ᠲᠦ ᠵᠣᠷ᠎ᠤᠨ ᠡᠮ ᠪᠢᠴᠢᠵᠦ ᠦᠭᠬᠦ ᠦᠶ᠋ᠯᠡᠴᠢᠯᠡᠭᠡ ᠬᠠᠩᠭᠠᠪᠠ; ᠰᠦᠶ᠋ᠳᠭᠡᠯ ᠬᠤᠷᠢᠶᠠᠬᠤ ᠥᠬᠡᠶ᠎ᠪᠡᠷ ᠱᠢᠬᠦᠷ ᠲᠦᠷᠢᠶᠡᠰᠦᠯᠡᠨ ᠵᠢᠭᠡᠯᠡᠬᠦᠯᠬᠦ᠂ ᠬᠠᠮᠳᠤ ᠪᠡᠷ ᠡᠳ᠋ᠯᠡᠬᠦ ᠴᠡᠨᠡᠭ ᠬᠠᠳᠠᠭᠠᠯᠠᠭᠴᠢ᠂ ᠥᠪᠡᠰᠦᠪᠡᠨ ᠦᠶ᠋ᠯᠡᠴᠢᠯᠡᠬᠦ᠌ ᠤᠭᠤᠲᠠ ᠬᠤᠳᠠᠯᠳᠤᠨ ᠠᠪᠬᠤ ᠮᠠᠱᠢᠨ ᠵᠢᠴᠢ ᠡᠮ᠎ᠦᠨ ᠰᠠᠭ᠍ᠰᠤ ᠲᠣᠬᠢᠷᠠᠭᠤᠯᠵᠤ᠂ ᠬᠠᠮᠲᠤ᠎ᠪᠠᠷ ᠡᠳ᠋ᠯᠡᠬᠦ᠌ ᠬᠦᠷᠳᠦᠲᠦ ᠰᠠᠨᠳᠠᠯᠢ᠎ᠶ᠋ᠢ 180 ᠪᠣᠯᠭᠠᠨ ᠨᠡᠮᠡᠭ᠌ᠳᠡᠭᠦᠯᠪᠡ; ᠱᠢᠨ᠎ᠡ ᠬᠡᠯᠪᠡᠷᠢ᠎ᠶ᠋ᠢᠨ ᠠᠦ᠋ᠲ᠋ᠣ᠋ ᠮᠠᠱᠢᠨ 20 ᠵᠢ ᠰᠣᠯᠢᠵᠤ᠂ ᠲᠤᠬᠠᠶ᠎ᠶ᠋ᠢᠨ ᠲᠠᠯᠠᠪᠤᠷ᠎ᠲᠤ ᠨᠤᠮᠸᠷ ᠠᠪᠬᠤ᠂ ᠴᠢᠰᠤ ᠠᠪᠬᠤ ᠳ᠋ᠤᠭᠠᠷ ᠳᠠᠭᠤᠳᠠᠬᠤ᠂ ᠡᠪᠡᠳᠴᠢᠨ᠎ᠦ ᠲᠡᠦᠬᠡ᠎ᠶᠢᠨ ᠡᠯᠧᠺᠲ᠋ᠷᠣᠨ ᠬᠡᠪ᠎ᠢ ᠪᠠᠢᠴᠠᠭᠠᠨ ᠯᠠᠪᠯᠠᠵᠤ ᠳᠠᠷᠤᠮᠠᠯᠯᠠᠬᠤ ᠵᠡᠷᠭᠡ ᠣᠯᠠᠨ ᠵᠦᠶ᠋ᠯ᠎ᠦᠨ ᠴᠢᠳᠠᠮᠵᠢ᠎ᠶ᠋ᠢ ᠨᠡᠮᠡᠭ᠌ᠳᠡᠭᠦᠯᠵᠦ᠍᠂ ᠡᠪᠡᠳᠴᠢᠨ ᠦᠵᠡᠭᠦᠯᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠣᠶᠠᠳᠤᠭᠠᠷ ᠬᠠᠷᠢᠶᠠᠲᠤ ᠡᠮᠨᠡᠯᠭᠡ᠎ᠶᠢᠨ ᠬᠣᠷᠢᠶ᠎ᠠ 《ᠠᠰᠠᠷᠠᠭᠴᠢ ᠰᠤᠪᠢᠯᠠᠭᠴᠢ ᠦᠭᠡᠢ ᠡᠪᠡᠳᠴᠢᠲᠡᠨ᠎ᠦ ᠥᠷᠥᠭᠡ》 ᠶ᠋ᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠲᠤᠰᠬᠠᠢ ᠡᠮᠴᠢᠯᠡᠵᠦ ᠰᠤᠪᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠲᠥᠷᠥᠯ ᠰᠠᠳᠤᠨ ᠨᠢ ᠡᠮᠨᠡᠯᠭᠡ᠎ᠳᠦ ᠠᠰᠠᠷᠠᠵᠤ ᠰᠠᠭᠤᠵᠤ ᠳᠡᠶ᠋ᠢᠯᠬᠦ ᠦᠭᠡᠢ ᠡᠪᠡᠳᠴᠢᠲᠡᠨ᠎ᠳᠦ 24 ᠴᠠᠭ᠎ᠤᠨ ᠪᠥᠬᠥ ᠲᠠᠯ᠎ᠠ᠎ᠶᠢᠨ ᠦᠢᠯᠡᠴᠢᠯᠡᠭᠡ ᠬᠠᠩᠭᠠᠵᠤ᠂ ᠡᠳᠦᠷ ᠲᠤᠲᠤᠮ᠎ᠤᠨ ᠠᠮᠢᠳᠤᠷᠠᠯ᠎ᠤᠨ ᠬᠠᠷᠠᠭᠠᠯᠵᠠᠯ ᠦᠵᠡᠬᠦᠯᠬᠦ᠎ᠡᠴᠡ ᠠᠪᠤᠭᠠᠳ ᠲᠤᠰᠬᠠᠢ ᠡᠮᠴᠢᠯᠡᠵᠦ ᠰᠤᠪᠢᠯᠠᠬᠤ ᠬᠦᠷᠲᠡᠯ᠎ᠡ᠂ ᠭᠣᠭᠴᠣᠭ᠎ᠠ ᠨᠢᠭᠡᠪᠦᠷᠢ ᠨᠢ ᠴᠥᠮ ᠴᠢᠩᠭ᠎ᠠ ᠨᠢᠮᠪᠠᠢ ᠪᠥᠭᠡᠳ ᠬᠠᠯᠠᠭᠤᠨ ᠳᠤᠯᠠᠭᠠᠨ᠎ᠢ ᠮᠡᠳᠡᠷᠡᠬᠦᠯᠵᠤ᠂ ᠦᠨᠡᠨ ᠬᠦ᠌ ᠡᠪᠡᠳᠴᠢᠲᠡᠨ᠎ᠦ 《ᠳᠠᠷᠤᠭᠠᠰᠤ᠎ᠶᠢ ᠬᠥᠩᠭᠡᠷᠡᠭᠦᠯᠪᠡ》᠃

ᠥᠪᠥᠷ ᠮᠣᠩᠭᠣᠯ᠎ᠤᠨ ᠣᠶ ᠰᠢᠭᠤᠢ ᠵᠢᠨ ᠠᠵᠤ ᠦᠢᠯᠡᠳᠪᠦᠷᠢ᠎ᠶᠢᠨ ᠪᠦᠯᠦᠭᠯᠡᠯ 《ᠵᠠᠭᠠᠭ ᠬᠢᠵᠠᠭᠠᠷ᠎ᠢ ᠲᠤᠳᠤᠷᠬᠠᠢᠯᠠᠵᠤ᠂ ᠵᠢᠷᠤᠮᠵᠢᠭᠤᠯᠤᠨ ᠠᠵᠢᠯᠯᠠᠭᠤᠯᠬᠤ》 ᠵᠠᠷᠴᠢᠮ ᠶᠣᠰᠣᠭᠠᠷ ᠡᠯ᠎ᠡ ᠡᠷᠬᠡ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢᠨ ᠡᠭᠦᠷᠭᠡ ᠬᠠᠷᠢᠭᠤᠴᠠᠯᠭ᠎ᠠ᠎ᠶᠢ ᠪᠥᠬᠥ ᠲᠠᠯ᠎ᠠ᠎ᠪᠠᠷ ᠲᠣᠳᠣᠷᠬᠠᠢᠯᠠᠵᠤ᠂ ᠦᠨᠳᠦᠰᠦᠨ ᠱᠠᠲᠤ᠎ᠶᠢ ᠰᠠᠨᠠᠭ᠎ᠠ ᠠᠮᠤᠷ ᠵᠣᠷᠢᠭ᠍ᠲᠠᠢ᠎ᠪᠠᠷ ᠠᠵᠢᠯ᠎ᠢᠶᠠᠨ ᠥᠷᠨᠢᠭᠦᠯᠬᠦ ᠪᠤᠯᠭᠠᠪᠠ᠃ 《ᠥᠪᠥᠷ ᠮᠣᠩᠭᠣᠯ᠎ᠤᠨ ᠣᠶ ᠰᠢᠭᠤᠢ ᠵᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠶᠡᠷᠦᠩᠬᠡᠢ ᠬᠡᠯᠲᠡᠰ᠎ᠦᠨ ᠡᠷᠬᠡ ᠬᠠᠷᠢᠭᠤᠴᠠᠯᠭ᠎ᠠ᠎ᠶᠢᠨ ᠵᠦᠢᠯᠡᠰ᠎ᠦᠨ ᠨᠠᠷᠢᠨ ᠳᠠᠨᠭᠰᠠ》᠂ 《ᠥᠪᠥᠷ ᠮᠣᠩᠭᠣᠯ᠎ᠤᠨ ᠣᠶ ᠰᠢᠭᠤᠢ ᠵᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠡᠷᠬᠡ ᠣᠯᠭᠣᠵᠤ ᠡᠷᠬᠡ᠎ᠶᠢ ᠲᠠᠯᠪᠢᠬᠤ ᠨᠠᠷᠢᠨ ᠳᠠᠨᠭᠰᠠ》᠂ 《ᠥᠪᠥᠷ ᠮᠣᠩᠭᠣᠯ᠎ᠤᠨ ᠣᠶ ᠰᠢᠭᠤᠢ ᠵᠢᠨ ᠠᠵᠤ ᠦᠢᠯᠡᠳᠪᠦᠷᠢ᠎ᠶᠢᠨ ᠪᠦᠯᠦᠭᠯᠡᠯ᠎ᠦᠨ 〈ᠭᠤᠷᠪᠡ ᠵᠢ ᠴᠦᠬᠡᠳᠭᠡᠬᠦ〉 ᠨᠠᠷᠢᠨ ᠳᠠᠨᠭᠰᠠ》 ᠶ᠋ᠢ ᠲᠣᠭᠲᠠᠭᠠᠨ ᠪᠠᠭᠤᠯᠭᠠᠵᠤ᠂ ᠪᠦᠯᠦᠭᠯᠡᠯ᠎ᠦᠨ ᠶᠡᠷᠦᠩᠬᠡᠢ ᠬᠡᠯᠲᠡᠰ᠎ᠦᠨ 218 ᠵᠦᠢᠯ᠎ᠦᠨ ᠭᠣᠣᠯ ᠡᠷᠬᠡᠲᠦ ᠵᠦᠢᠯᠡᠰ᠎ᠲᠦ ᠴᠢᠭᠯᠡᠭᠦᠯᠦᠨ᠂ ᠡᠷᠬᠡ᠎ᠶᠢ ᠲᠠᠯᠪᠢᠵᠤ ᠡᠷᠬᠡ ᠣᠯᠭᠣᠨ᠂ 88 ᠵᠦᠢᠯ᠎ᠦᠨ ᠳᠡᠰ ᠳᠠᠷᠠᠭᠠᠯᠠᠯ ᠢ᠋ ᠳᠥᠭᠥᠮᠴᠢᠯᠡᠵᠤ᠂ ᠰᠢᠰᠲᠧᠮᠵᠢᠭᠦᠯᠤᠯᠲᠡ᠂ ᠨᠢᠭᠡ ᠴᠣᠭᠴᠠᠵᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠪᠠ᠃ ᠬᠢᠨᠠᠨ ᠪᠤᠳᠤᠬᠤ ᠬᠠᠮᠢᠶᠠᠷᠤᠯᠲᠠ᠎ᠶᠢᠨ ᠲᠣᠭᠲᠡᠴᠡ᠎ᠶᠢᠨ ᠰᠢᠨ᠎ᠡ᠎ᠶᠢ ᠡᠭᠦᠳᠴᠦ᠂ 3 ᠬᠢᠨᠠᠨ ᠪᠤᠳᠤᠬᠤ ᠲᠥᠪ ᠪᠠᠢᠭᠤᠯᠵᠤ᠂ ᠳᠣᠲᠣᠭᠠᠳᠤ᠎ᠶᠢᠨ ᠬᠢᠨᠠᠯᠲᠠ᠎ᠶᠢ 《ᠠᠳᠠᠯᠢ ᠱᠠᠲᠤᠨ᠎ᠤ ᠬᠢᠨᠠᠯᠲᠠ》 ᠡᠴᠡ 《ᠳᠡᠭᠡᠳᠦ ᠱᠠᠲᠤ ᠨᠢ ᠳᠤᠤᠷᠠᠳᠦ ᠱᠠᠲᠦ ᠪᠡᠨ ᠬᠢᠨᠠᠬᠤ》᠂ 《ᠣᠨᠳᠣᠣ ᠭᠠᠵᠠᠷ᠎ᠤᠨ ᠬᠢᠨᠠᠯᠲᠠ》ᠲᠡᠢᠰᠢ ᠰᠢᠯᠵᠢᠭᠦᠯᠬᠦ ᠬᠤᠪᠢᠷᠠᠯᠲᠠ᠎ᠶᠢ ᠪᠡᠶᠡᠯᠡᠭᠦᠯᠪᠡ᠃ ᠴᠠᠯᠢᠩ ᠬᠥᠯᠥᠰᠦ᠎ᠶᠢᠨ ᠰᠢᠰᠲᠧᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠵᠢᠯ᠎ᠤᠨ ᠠᠮᠵᠢᠯᠲᠠ ᠪᠦᠲᠦᠮᠵᠢ᠎ᠶᠢᠨ ᠴᠠᠯᠢᠩ᠎ᠤᠨ ᠪᠦᠬᠦ ᠴᠠᠯᠢᠩ ᠳ᠋ᠡᠬᠢ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂ ᠵᠢᠯ᠎ᠦᠨ ᠠᠵᠢᠯ᠎ᠤᠨ ᠠᠮᠵᠢᠯᠲᠠ ᠪᠦᠲᠦᠮᠵᠢ᠎ᠶᠢ ᠰᠠᠷ᠎ᠠ᠎ᠶᠢᠨ ᠠᠵᠢᠯ᠎ᠤᠨ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠵᠤ᠂ 《ᠮᠠᠨᠭᠵᠠᠨ ᠲᠤᠭᠤᠭᠠᠨ ᠡᠴᠡ ᠪᠤᠳᠠᠭ᠎ᠠ ᠢᠳᠡᠬᠦ》 ᠪᠠᠢᠳᠠᠯ᠎ᠢ ᠲᠤᠢᠯᠪᠤᠷᠢᠲᠠᠢ ᠬᠤᠪᠢᠷᠠᠭᠤᠯᠪᠠ᠃ ᠡᠵᠡᠩᠨᠡᠯᠲᠡ᠎ᠶᠢᠨ ᠠᠵᠢᠯ᠎ᠤᠨ ᠠᠮᠵᠢᠯᠲᠠ ᠪᠦᠲᠦᠮᠵᠢ᠎ᠶᠢ ᠬᠢᠨᠠᠨ ᠰᠢᠯᠭᠠᠬᠤ ᠰᠢᠰᠲᠧᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠢᠭᠡ ᠠᠵᠤ ᠠᠬᠤᠢᠯᠠᠯ᠎ᠳᠦ ᠨᠢᠭᠡ ᠠᠷᠭ᠎ᠠ ᠪᠣᠳᠣᠯᠭ᠎ᠠ᠎ᠶᠢ ᠬᠡᠷᠡᠭᠵᠢᠭᠦᠯᠬᠦ᠂ ᠠᠵᠢᠯ᠎ᠤᠨ ᠠᠮᠵᠢᠯᠲᠠ ᠪᠦᠲᠦᠮᠵᠢ᠎ᠶᠢ ᠲᠣᠪᠤᠢᠯᠭᠠᠬᠤ᠂ ᠦᠷ᠎ᠡ ᠠᠰᠢᠭ᠋᠎ᠢ ᠲᠤᠪᠤᠢ᠍ᠢᠯᠭᠠᠵᠤ᠂ ᠬᠢᠨᠠᠨ ᠪᠠᠢᠴᠠᠭᠠᠵᠤ ᠪᠣᠯᠬᠤ᠂ ᠬᠡᠮᠵᠢᠶᠡᠵᠢᠭᠦᠯᠵᠦ ᠪᠣᠯᠬᠤ᠂ ᠬᠡᠮᠵᠢᠵᠦ ᠪᠣᠯᠬᠤ᠂ ᠬᠢᠨᠠᠨ ᠪᠤᠳᠤᠵᠤ ᠪᠣᠯᠬᠤ᠎ᠶᠢ ᠪᠡᠶᠡᠯᠡᠭᠦᠯᠵᠦ᠂ ᠠᠵᠢᠯ᠎ᠤᠨ ᠠᠮᠵᠢᠯᠲᠠ ᠪᠦᠲᠦᠮᠵᠢ᠎ᠶᠢ ᠬᠢᠨᠠᠨ ᠰᠢᠯᠭᠠᠬᠤ᠎ᠪᠠᠷ ᠦᠨᠳᠦᠰᠦᠨ ᠱᠠᠲᠤ᠎ᠶᠢ ᠭᠡᠳᠡᠷᠬᠦ ᠰᠢᠬᠠᠮᠳᠠᠭᠤᠯᠤᠨ ᠥᠭᠡᠷᠡᠴᠢᠯᠡᠯᠲᠡ ᠬᠢᠯᠭᠡᠵᠦ᠂ ᠬᠠᠮᠢᠶᠠᠷᠤᠯᠲᠠ᠎ᠶᠢ ᠠᠳᠬᠤᠵᠤ᠂ ᠨᠠᠷᠢᠨ ᠲᠠᠨᠭᠰᠠ ᠪᠤᠳᠤᠵᠤ᠂ ᠠᠵᠤ ᠦᠢᠯᠡᠰ᠎ᠢ ᠤᠬᠠᠭᠠᠯᠠᠨ ᠲᠥᠯᠥᠪᠵᠢᠭᠦᠯᠪᠡ᠃ 《ᠯᠢᠨ ᠬᠠᠢ ᠠᠵᠢᠯᠲᠡᠨ ᠠᠵᠢᠯᠴᠢᠨ᠎ᠳᠤ ᠠᠰᠢᠭ᠋ ᠬᠦᠷᠲᠡᠭᠡᠬᠦ》 ᠣᠶᠤᠨᠴᠢ ᠲᠠᠪᠴᠠᠩ᠎ᠢ ᠨᠡᠭᠡᠭᠡᠨ ᠠᠵᠢᠯᠯᠠᠭᠤᠯᠵᠤ᠂ ᠦᠢᠯᠡᠴᠢᠯᠡᠭᠡ᠎ᠶᠢ ᠥᠷᠭᠡᠨ ᠣᠯᠠᠨ ᠠᠵᠢᠯᠲᠠᠨ ᠠᠵᠢᠯᠴᠢᠨ ᠲᠦᠮᠡᠨ᠎ᠳᠦ ᠰᠢᠭᠤᠳ ᠬᠦᠷᠭᠡᠬᠦ ᠲᠣᠭᠠᠴᠢᠯᠠᠭᠰᠠᠨ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶᠢ ᠪᠡᠶᠡᠯᠡᠭᠦᠯᠪᠡ᠃ ᠣᠳᠣᠬᠠᠨ᠎ᠳᠤ᠂ ᠠᠵᠢᠯᠲᠠᠨ ᠠᠵᠢᠯᠴᠢᠨ᠎ᠤ ᠡᠮ ᠡᠮᠨᠡᠯᠭᠡ᠎ᠶᠢᠨ ᠬᠠᠷᠢᠯᠴᠠᠨ ᠲᠤᠰᠠᠯᠠᠯᠴᠠᠬᠤ ᠲᠥᠷᠥᠯ ᠵᠦᠢᠯ᠎ᠢ ᠨᠢᠭᠡᠨᠲᠡ 7 ᠬᠤᠭᠤᠴᠠᠭ᠎ᠠ ᠥᠷᠨᠢᠭᠦᠯᠵᠦ᠂ 867 ᠬᠥᠮᠥᠨ ᠡᠮ ᠡᠮᠨᠡᠯᠭᠡ᠎ᠶᠢᠨ ᠬᠠᠷᠢᠯᠴᠠᠨ ᠲᠤᠰᠠᠯᠠᠯᠴᠠᠬᠤ ᠲᠦᠷᠦᠯ ᠵᠦᠢᠯ᠎ᠢᠶᠡᠷ ᠭᠤᠶᠤᠴᠢᠯᠠᠨ ᠤᠯᠤᠬᠰᠠᠨ ᠵᠤᠭᠤᠰ ᠨᠡᠶ᠋ᠢᠲᠡ 115 ᠲᠦᠮᠡ ᠭᠠᠷᠤᠢ ᠲᠥᠭᠥᠷᠢᠭ᠎ᠲᠦ ᠬᠦᠷᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号