2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠦ ᠪᠣᠯᠪᠠᠰᠤᠨ᠎ᠤ ᠶᠡᠬᠡ ᠬᠤᠷᠠᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠤᠪᠢᠶᠠᠷᠢ ᠶᠠᠷᠢᠶᠠᠨ᠎ᠤ ᠲᠠᠪᠴᠠᠩ ᠶᠠᠪᠤᠭᠳᠡᠪᠡ
2025-06-13 10:18:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠦ ᠪᠣᠯᠪᠠᠰᠤᠨ᠎ᠤ ᠶᠡᠬᠡ ᠬᠤᠷᠠᠯ᠎ᠤᠨ ᠳᠤᠮᠳᠠᠳᠤ ᠎ᠶᠢᠨ ᠦᠨᠳᠦᠰᠦᠲᠡᠨ᠎ᠦ ᠬᠠᠮᠲᠤ ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠤᠪᠢᠶᠠᠷᠢ ᠶᠠᠷᠢᠶᠠᠨ᠎ᠤ ᠲᠠᠪᠴᠠᠩ 6 ᠰᠠᠷ᠎ᠠ ᠎ᠶᠢᠨ 10᠎ᠤ ᠡᠳᠦᠷ ᠠᠨᠾᠦ᠋ᠢ ᠮᠤᠵᠢ᠎ᠶᠢᠨ ᠾᠧᠹᠧᠢ ᠬᠣᠲᠠ᠎ᠳᠤ ᠶᠠᠪᠤᠭᠳᠠᠪᠠ᠃ 

ᠶᠠᠷᠢᠶᠠᠨ᠎ᠤ ᠲᠠᠪᠴᠠᠩ ᠨᠢ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠰᠦᠯᠵᠢᠶᠡᠨ᠎ᠦ ᠣᠷᠣᠨ ᠵᠠᠢ᠎ᠶᠢ ᠪᠠᠢᠭᠤᠯᠤᠶ᠎ᠠ》 ᠬᠡᠬᠦ ᠭᠤᠤᠯ ᠰᠡᠳᠤᠪ᠎ᠤᠨ ᠲᠤᠭᠤᠷᠢᠨ᠎ᠳᠦ᠂ ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ ᠎ᠶᠢ ᠠᠬᠢᠭᠤᠯᠵᠤ᠂ ᠰᠠᠢᠨ ᠰᠠᠢᠬᠠᠨ ᠰᠦᠯᠵᠢᠶᠡᠨ᠎ᠦ ᠤᠷᠴᠢᠨ ᠠᠬᠤᠢ᠎ᠶᠢ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠢᠨᠲ᠋ᠸᠷ ᠰᠦᠯᠵᠢᠶᠡᠨ᠎ᠳᠦ ᠰᠣᠶᠣᠯ᠎ᠤᠨ ᠬᠠᠷᠢᠶᠠᠯᠠᠭᠳᠠᠬᠤ ᠲᠥᠷᠥᠭᠳᠡᠯ ᠣᠯᠭᠣᠵᠤ᠂ ᠰᠣᠶᠣᠯ᠎ᠤᠨ ᠮᠡᠳᠡᠷᠡᠮᠵᠢ᠎ᠶᠢ ᠨᠡᠮᠡᠭᠳᠡᠭᠦᠯᠬᠦ᠎ᠪᠡᠷ ᠵᠣᠷᠢᠯᠲᠠ ᠪᠣᠯᠭᠠᠵᠠᠢ᠃

ᠭᠣᠣᠯ ᠵᠤᠷᠢᠯᠳᠠᠳᠤ ᠶᠠᠷᠢᠶ᠎ᠠ ᠢᠯᠡᠳᠬᠡᠯ᠎ᠦᠨ ᠭᠣᠭᠴᠣᠭ᠎ᠠ᠎ᠳᠤ᠂ ᠲᠤᠰᠬᠠᠢ ᠮᠡᠷᠭᠡᠵᠢᠯᠲᠡᠨ ᠡᠷᠳᠡᠮᠲᠡᠨ ᠰᠦᠯᠵᠢᠶᠡᠨ᠎ᠦ ᠣᠷᠣᠨ ᠵᠠᠢ ᠎ᠶᠢᠨ ᠲᠣᠭᠣᠷᠢᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠪᠠᠶ᠋ᠢᠭᠤᠯᠬᠤ ᠲᠤᠬᠠᠢ ᠰᠤᠳᠤᠯᠤᠨ ᠶᠠᠷᠢᠯᠴᠠᠪᠠ᠃ ᠲᠣᠭᠣᠷᠠᠭ ᠰᠢᠷᠡᠭᠡᠨ᠎ᠦ ᠶᠠᠷᠢᠯᠴᠠᠭ᠎ᠠ ᠨᠢ 《ᠳᠤᠮᠳᠠᠳᠤ ᠎ᠶᠢᠨ ᠦᠨᠳᠦᠰᠦᠲᠡᠨ᠎ᠦ ᠬᠠᠮᠲᠤ ᠎ᠶᠢᠨ ᠴᠣᠭᠴᠠ ᠎ᠶᠢᠨ ᠦᠯᠢᠬᠡᠷ᠎ᠢ ᠰᠠᠢᠲᠤᠷ ᠶᠠᠷᠢᠬᠤ》 ᠬᠡᠬᠦ ᠭᠣᠣᠯ ᠰᠡᠳᠦᠪ ᠎ᠤᠨ ᠲᠤᠭᠤᠢᠨ᠎ᠳᠦ᠂ ᠾᠧᠨᠠᠨ᠎ᠤ ᠣᠳᠣᠨ ᠲᠧᠯᠸᠢᠰ᠎ᠦᠨ ᠶᠡᠷᠦᠩᠬᠡᠢ ᠨᠠᠢᠷᠠᠭᠤᠯᠬᠤ ᠲᠠᠰᠤᠭ᠎ᠤᠨ ᠶᠡᠷᠦᠩᠬᠡᠢ ᠬᠢᠨᠠᠭ᠍ᠴᠢ ᠰᠢᠦᠢ ᠨᠠ ᠰᠣᠩᠭᠣᠳᠠᠭ ᠰᠣᠶᠣᠯ᠎ᠤᠨ ᠳᠦᠷᠢ ᠲᠥᠷᠬᠦ ᠪᠡᠷ ᠬᠥᠮᠥᠰ᠎ᠦᠨ ᠠᠩᠬᠠᠷᠤᠯ᠎ᠢ ᠲᠠᠲᠠᠭᠰᠠᠨ ᠦᠢᠯᠡᠳᠦᠯᠭᠡ᠎ᠶᠢ ᠲᠠᠨᠢᠯᠴᠠᠭᠤᠯᠪᠠ; ᠠᠨᠭ᠌ᠭ᠌ᠯᠢ ᠨᠤᠲᠤᠭ ᠲᠠᠢ ᠰᠦᠯᠵᠢᠶᠡᠨ ᠤᠳᠤᠨ ᠰᠧ ᠲᠦ ᠵᠢᠶᠠᠨ ᠭᠦᠸᠧ ( Stuart Wiggin ) ᠥᠩᠭᠡᠷᠡᠭᠰᠡᠨ 10 ᠵᠢᠯ᠎ᠳᠦ ᠳᠤᠮᠳᠠᠳᠤ ᠤᠯᠤᠰ᠎ᠤᠨ ᠦᠨᠳᠦᠰᠦᠲᠡᠨ᠎ᠦ ᠭᠠᠵᠠᠷ ᠣᠷᠣᠨ᠎ᠳᠤ ᠣᠬᠣᠷ ᠸᠢᠳᠢᠤ᠋ ᠰᠡᠭᠦᠳᠡᠷᠯᠡᠭᠰᠡᠨ ᠲᠥᠷᠥᠭᠳᠡᠯ᠎ᠢᠶᠡᠨ ᠬᠤᠪᠢᠶᠠᠯᠴᠠᠪᠠ; ᠲᠥᠪ᠎ᠦᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠫᠷᠤᠹᠸᠰᠰᠤᠷ ᠭᠦ ᠯᠢ ᠮᠢ· ᠨᠠ ᠮᠠᠢ ᠮᠠᠢ ᠪᠥᠵᠢᠭ᠎ᠢᠶᠡᠷ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠢᠨ᠎ᠡ᠎ᠶᠢ ᠡᠭᠦᠳᠴᠦ ᠤᠯᠠᠮᠵᠢᠯᠠᠨ ᠵᠠᠯᠭᠠᠮᠵᠢᠯᠠᠬᠤ ᠎ᠶᠢ ᠠᠬᠢᠭᠤᠯᠤᠭᠰᠠᠨ ᠦᠯᠢᠭᠡᠷ᠎ᠢ ᠶᠠᠷᠢᠬᠰᠠᠨ ᠪᠠᠢᠨ᠎ᠠ᠃

ᠢᠷᠡᠯᠲᠡ᠄ ᠲᠠᠯ᠎ᠠ ᠨᠤᠲᠤᠭ᠎ᠤᠨ ᠪᠦᠷᠢᠨ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号