6 ᠰᠠᠷ᠎ᠠ᠎ᠶ᠋ᠢᠨ 10 ᠤ ᠡᠳᠦᠷ᠂ 2025 ᠣᠨ᠎ᠤ ᠳᠤᠮᠳᠠᠳᠤ ᠤᠯᠤᠰ᠎ᠤᠨ ᠰᠦᠯᠵᠢᠶᠡᠨ᠎ᠦ ᠪᠣᠯᠪᠠᠰᠤᠨ᠎ᠤ ᠶᠡᠬᠡ ᠬᠤᠷᠠᠯ ᠾᠸᠹᠸᠢ ᠳ᠋ᠤ ᠡᠬᠢᠯᠡᠪᠡ᠃ ᠲᠤᠰ ᠤᠳᠠᠭ᠎ᠠ᠎ᠶ᠋ᠢᠨ ᠶᠡᠬᠡ ᠬᠤᠷᠠᠯ ᠨᠢ 《ᠰᠦᠯᠵᠢᠶᠡᠨ᠎ᠤ ᠵᠦᠪ ᠡᠨ᠋ᠸᠷᠬᠢ ᠵᠢ ᠴᠤᠬᠯᠠᠷᠠᠭᠤᠯᠵᠤ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ᠎ᠢ ᠬᠦᠳᠦᠯᠥᠨ ᠳᠠᠭᠠᠭᠤᠯᠬᠤ》 ᠪᠡᠷ ᠭᠣᠣᠯ ᠰᠡᠳᠦᠪ ᠪᠣᠯᠭᠠᠵᠤ᠂ ᠲᠥᠪ᠎ᠦᠨ ᠢᠨᠲ᠋ᠸᠷ ᠰᠦᠯᠵᠢᠶᠡᠨ ᠦ ᠮᠡᠳᠡᠭᠡ ᠵᠠᠩᠭᠢ ᠶ᠋ᠢᠨ ᠠᠯᠪᠠᠨ ᠭᠡᠷ᠂ ᠲᠥᠪ ᠦᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠨᠾᠦ᠋ᠢ ᠮᠤᠵᠢ᠎ᠶ᠋ᠢᠨ ᠬᠣᠷᠢᠶ᠎ᠠ᠂ ᠠᠨᠾᠦ᠋ᠢ ᠮᠤᠵᠢ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠭᠣᠣᠯᠯᠠᠨ ᠡᠷᠬᠢᠯᠡᠵᠦ᠍᠂ ᠰᠦᠯᠵᠢᠶᠡᠨ ᠦ ᠪᠣᠯᠪᠠᠰᠤᠨ᠎ᠤ ᠪᠠᠢᠭᠤᠯᠤᠯᠲᠠ᠎ᠶ᠋ᠢᠨ ᠬᠤᠰᠢᠭᠤᠷᠠᠯ ᠵᠥᠪᠯᠡᠬᠦ᠌ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠪᠡ᠃
ᠶᠡᠬᠡ ᠬᠤᠷᠠᠯ᠎ᠤᠨ ᠭᠤᠤᠯ ᠶᠠᠷᠢᠶᠠᠨ᠎ᠤ ᠲᠠᠪᠴᠠᠩ ᠳᠡᠭᠡᠷ᠎ᠡ᠂ ᠠᠨᠾᠦ᠋ᠢ ᠮᠤᠵᠢ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠦᠨ ᠬᠠᠤᠯᠢ᠎ᠶ᠋ᠢᠨ ᠡᠮᠴᠢ᠂ ᠵᠣᠬᠢᠶᠠᠯᠴᠢ ᠴᠢᠨ ᠮᠢᠩ ᠠᠨᠾᠦ᠋ᠢ ᠮᠤᠵᠢ᠎ᠶ᠋ᠢᠨ ᠬᠠᠷᠢᠶᠠᠯᠠᠯ᠎ᠲᠠᠶ ᠨᠠᠷᠠᠲᠤ ᠬᠥᠮᠦᠰ᠎ᠦᠨ ᠭᠤᠷᠪᠠᠨ ᠪᠠᠳᠠᠭ ᠱᠢᠯᠦᠭ᠎ᠢᠶᠡᠷ ᠤᠳᠤᠷᠢᠳᠤᠮᠵᠢ ᠪᠣᠯᠭᠠᠵᠤ᠂ ᠲᠣᠰ ᠪᠡᠶ᠎ᠡ᠎ᠶ᠋ᠢᠨ ᠦᠶ᠋ᠯᠡᠳᠦᠯᠭᠡ᠎ᠲᠡᠶ᠎ᠪᠡᠨ ᠤᠶᠠᠯᠳᠤᠭᠤᠯᠤᠨ᠂ ᠰᠦᠯᠵᠢᠶᠡᠨ ᠦ ᠨᠠᠷᠠᠲᠤ ᠬᠥᠮᠦᠰ᠎ᠦᠨ ᠠᠷᠢᠭᠤᠨ ᠴᠢᠬᠡᠴᠢ ᠰᠦᠯᠵᠢᠶᠡᠨ᠎ᠦ ᠣᠷᠣᠨ ᠵᠠᠶ᠎ᠵᠢᠨ ᠪᠠᠢᠭᠤᠯᠤᠯᠲᠠ ᠳᠤᠮᠳᠠᠬᠢ ᠬᠠᠷᠢᠭᠤᠴᠠᠯᠭ᠎ᠠ ᠪᠠ ᠡᠭᠦᠷᠭᠡᠯᠡᠯ ᠢ ᠭᠦᠨᠵᠡᠭᠡᠶ ᠰᠤᠳᠤᠯᠤᠨ ᠶᠠᠷᠢᠯᠴᠠᠪᠠ᠃

ᠠᠨᠾᠦ᠋ᠢ ᠮᠤᠵᠢ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠢᠩᠬᠢᠮ ᠦᠨ ᠬᠠᠤᠯᠢ᠎ᠶ᠋ᠢᠨ ᠡᠮᠴᠢ᠂ ᠵᠣᠬᠢᠶᠠᠯᠴᠢ ᠴᠢᠨ ᠮᠢᠩ ᠭᠣᠣᠯ ᠵᠤᠷᠢᠯᠳᠠᠳᠤ ᠶᠠᠷᠢᠶᠠᠨ᠎ᠤ ᠲᠠᠪᠴᠠᠩ ᠳᠡᠭᠡᠷ᠎ᠡ ᠥᠪᠡᠷ᠎ᠦᠨ ᠦᠢᠯᠡᠳᠦᠯᠭᠡ᠎ᠪᠡᠨ ᠬᠤᠪᠢᠶᠠᠯᠴᠠᠪᠠ᠃
ᠰᠦᠯᠵᠢᠶᠡᠨ᠎ᠦ ᠨᠡᠷᠡᠲᠦ ᠬᠥᠮᠦᠰ ᠰᠦᠯᠵᠢᠶᠡᠨ ᠦ ᠣᠷᠣᠨ ᠵᠠᠶ᠎ᠶ᠋ᠢᠨ ᠴᠢᠬᠤᠯᠠ ᠪᠦᠲᠦᠭᠡᠨ ᠪᠠᠢᠭᠤᠯᠤᠭ᠍ᠴᠢ ᠪᠣᠯᠤᠭ᠍ᠰᠠᠨ ᠤ ᠬᠤᠪᠢ᠎ᠳᠤ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠷ ᠰᠠᠭᠤᠷᠢ ᠪᠣᠯᠭᠠᠨ᠂ ᠱᠢᠨ᠎ᠡ᠎ᠶ᠋ᠢ ᠡᠭᠦᠳᠬᠦ᠌ ᠪᠡᠷ ᠬᠥᠭᠥᠷᠭᠡ ᠪᠣᠯᠭᠠᠵᠤ᠂ ᠨᠡᠢᠭᠡᠮ᠎ᠦᠨ ᠬᠠᠷᠢᠭᠤᠴᠠᠯᠭ᠎ᠠ᠎ᠪᠠᠷ ᠡᠭᠦᠷᠭᠡ ᠪᠣᠯᠭᠠᠬᠤ ᠬᠡᠷᠡᠭ᠌ᠲᠡᠶ᠃ ᠠᠩᠬᠠᠷᠤᠭᠤᠱᠢᠲᠠᠶ ᠨᠢ᠂ ᠲᠣᠰ ᠬᠤᠭᠤᠴᠠᠭᠠᠨ ᠤ ᠶᠡᠬᠡ ᠬᠤᠷᠠᠯ᠎ᠳᠤ ᠣᠨᠴᠠᠭᠠᠢᠯᠠᠨ《ᠰᠢᠯᠢᠳᠡᠭ ᠰᠦᠯᠵᠢᠶᠡᠨ ᠨᠡᠪᠲᠡᠷᠡᠭᠦᠯᠦᠭᠴᠢ ᠬᠦᠮᠦᠵᠢᠭᠦᠯᠬᠦ》 ᠬᠤᠪᠢᠶᠠᠷᠢ ᠶᠠᠷᠢᠯᠴᠠᠭᠠᠨ᠎ᠤ ᠲᠠᠪᠴᠠᠩ᠎ᠢ ᠪᠠᠢᠭᠤᠯᠵᠤ᠂ ᠰᠦᠯᠵᠢᠶᠡᠨ᠎ᠦ ᠠᠭᠤᠯᠭ᠎ᠠ᠎ᠶ᠋ᠢᠨ ᠵᠣᠬᠢᠶᠠᠭ᠍ᠴᠢ᠎ᠶ᠋ᠢᠨ ᠨᠡᠢᠭᠡᠮ᠎ᠦᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠪᠠ᠃
ᠢᠷᠡᠯᠲᠡ:ᠲᠠᠯ᠎ᠠ ᠨᠤᠳᠤᠭ ᠰᠢᠯᠵᠢᠶ᠎ᠡ