6 ᠰᠠᠷᠠᠶ᠋ᠢᠨ 10 ᠤ ᠡᠳᠦᠷ᠂ 2025 ᠣᠨ ᠤ ᠳᠤᠮᠳᠠᠳᠤ ᠤᠯᠤᠰᠤᠨ ᠰᠦᠯᠵᠢᠶᠡᠨ ᠦ ᠪᠣᠯᠪᠠᠰᠤᠨ ᠤ ᠶᠡᠬᠡ ᠬᠤᠷᠠᠯ ᠤᠨ ᠰᠦᠯᠵᠢᠶᠡᠨ ᠦ ᠬᠠᠤᠯᠢᠵᠢᠯ ᠤᠨ ᠬᠤᠪᠢᠶᠠᠷᠢ ᠶᠠᠷᠢᠶᠠᠨ ᠤ ᠲᠠᠪᠴᠠᠩ ᠠᠨᠾᠦ᠋ᠢ ᠮᠤᠵᠢ ᠵᠢᠨ ᠾᠸᠹᠸᠢ ᠳ᠋ᠥ᠍ ᠶᠠᠪᠤᠭ᠍ᠳᠠᠪᠠ᠃ ᠲᠤᠰ ᠤᠳᠠᠭ᠎ᠠ ᠶ᠋ᠢᠨ ᠶᠠᠷᠢᠶᠠᠨ ᠤ ᠲᠠᠪᠴᠠᠩ ᠢ ᠲᠥᠪ ᠦᠨ ᠢᠨᠲ᠋ᠸᠷ ᠰᠦᠯᠵᠢᠶᠡᠨ ᠦ ᠮᠡᠳᠡᠭᠡ ᠵᠠᠩᠭᠢᠶ᠋ᠢᠨ ᠠᠯᠪᠠᠨ ᠭᠡᠷᠦᠨ ᠰᠦᠯᠵᠢᠶᠡᠨᠦ ᠬᠠᠤᠯᠢᠵᠢᠯ ᠤᠨ ᠲᠤᠪᠴᠢᠶ᠎ᠡ᠂ ᠲᠥᠪ ᠦᠨ ᠢᠨᠲ᠋ᠸᠷ ᠰᠦᠯᠵᠢᠶᠡᠨ ᠦ ᠮᠡᠳᠡᠭᠡ ᠵᠠᠩᠭᠢ ᠶ᠋ᠢᠨ ᠠᠯᠪᠠᠨ ᠭᠡᠷᠦᠨ ᠰᠦᠯᠵᠢᠶᠡᠨ ᠦ ᠬᠠᠤᠯᠢ ᠬᠡᠷᠡᠭ᠌ᠵᠢᠭᠦᠯᠬᠦ᠌ ᠪᠠ ᠬᠢᠨᠠᠯᠲᠠ ᠲᠠᠯᠪᠢᠬᠤ ᠲᠤᠪᠴᠢᠶ᠎ᠡ ᠪᠠ ᠪᠡᠭᠡᠵᠢᠩ ᠦᠨ ᠪᠠᠭ᠍ᠰᠢ ᠶ᠋ᠢᠨ ᠶᠡᠬᠡ ᠰᠤᠷᠭᠠᠭᠤᠯᠢ ᠳᠠᠭᠠᠭᠠᠴᠢᠯᠠᠨ ᠡᠷᠬᠢᠯᠡᠵᠦ᠍᠂ ᠪᠡᠭᠡᠵᠢᠩᠦᠨ ᠪᠠᠭ᠍ᠰᠢᠶ᠋ᠢᠨ ᠶᠡᠬᠡ ᠰᠤᠷᠭᠠᠭᠤᠯᠢᠶ᠋ᠢᠨ ᠬᠠᠤᠯᠢᠶ᠋ᠢᠨ ᠤᠬᠠᠭᠠᠨ ᠤ ᠳᠡᠭᠡᠳᠦ ᠰᠤᠷᠭᠠᠭᠤᠯᠢ᠂ ᠳᠤᠮᠳᠠᠳᠤ ᠤᠯᠤᠰᠤᠨ ᠠᠮᠤᠷ ᠲᠦᠪᠱᠢᠨ ᠰᠦᠯᠵᠢᠶᠡᠨ ᠦ ᠣᠷᠣᠨ ᠵᠠᠢ ᠶ᠋ᠢᠨ ᠨᠡᠢᠭᠡᠮᠯᠢᠭ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠱᠢᠨᠵᠢᠯᠡᠬᠦ᠌ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠵᠠᠭᠤᠴᠢᠯᠠᠭᠤᠷ ᠤᠨ ᠪᠠᠢᠭᠤᠯᠤᠮᠵᠢ᠂ ᠢᠨᠲ᠋ᠸᠷ ᠰᠦᠯᠵᠢᠶᠡᠨ ᠦ ᠠᠵᠤ ᠠᠬᠤᠢᠯᠠᠯ ᠵᠡᠷᠭᠡ ᠨᠢᠭᠡᠴᠢ ᠶ᠋ᠢᠨ 120 ᠭᠠᠷᠤᠢ ᠲᠥᠯᠥᠭᠡᠯᠡᠭ᠌ᠴᠢ ᠶᠠᠷᠢᠶᠠᠨᠤ ᠲᠠᠪᠴᠠᠩᠳᠤ ᠣᠷᠣᠯᠴᠠᠪᠠ᠃

ᠲᠤᠰ ᠤᠳᠠᠭ᠎ᠠ ᠶ᠋ᠢᠨ ᠶᠠᠷᠢᠶᠠᠨ ᠤ ᠲᠠᠪᠴᠠᠩ ᠨᠢ 《ᠰᠠᠢ᠌ᠨ ᠬᠠᠤᠯᠢ ᠪᠠᠷ ᠴᠢᠳᠠᠮᠠᠭᠠᠢᠵᠠᠰᠠᠵᠤ ᠰᠦᠯᠵᠢᠶᠡᠨ ᠦ ᠤᠶᠤᠨ ᠰᠠᠨᠠᠭᠠᠨ ᠤ ᠭᠡᠷ ᠣᠷᠣᠨ ᠢ ᠬᠠᠮᠲᠤᠪᠠᠷ ᠪᠠᠢᠭᠤᠯᠤᠶᠡ》 ᠪᠡᠷ ᠭᠣᠣᠯ ᠰᠡᠳᠦᠪ ᠪᠣᠯᠭᠠᠵᠤ᠂ ᠵᠠᠰᠠᠭᠤᠨ ᠣᠷᠳᠣᠨ᠂ ᠠᠵᠤ ᠦᠢᠯᠡᠰ᠂ ᠡᠷᠳᠡᠮ ᠱᠢᠨᠵᠢᠯᠡᠭᠡᠨ ᠦ ᠡᠲᠡᠭᠡᠳ ᠪᠣᠯᠤᠨ ᠨᠡᠢᠭᠡᠮ ᠦᠨ ᠡᠯ᠎ᠡ ᠲᠠᠯᠠᠶ᠋ᠢᠨ ᠬᠦᠴᠦᠨ ᠢ ᠠᠭᠤᠰᠤᠯᠴᠠᠭᠤᠯᠵᠤ᠂ ᠬᠠᠮᠲᠤ ᠶ᠋ᠢᠨ ᠲᠠᠨᠢᠯᠲᠠ ᠶ᠋ᠢ ᠨᠢᠭ᠍ᠲᠠᠷᠠᠭᠤᠯᠤᠨ᠂ ᠤᠶᠤᠨ ᠤᠬᠠᠭᠠᠨ ᠢ ᠲᠦᠪᠯᠡᠷᠡᠭᠦᠯᠵᠦ᠂ ᠬᠡᠷᠬᠢᠨ ᠠᠷᠠᠳ ᠲᠦᠮᠡᠨ ᠢᠶᠡᠷ ᠭᠣᠣᠯ ᠪᠣᠯᠭᠠᠬᠤ᠂ ᠬᠠᠤᠯᠢ ᠪᠡᠷ ᠵᠠᠰᠠᠬᠤ ᠪᠡᠷ ᠬᠦᠲᠦᠯᠦᠨ ᠳᠠᠭᠠᠭᠤᠯᠬᠤ ᠶ᠋ᠢ ᠬᠠᠮᠲᠤᠪᠠᠷ ᠰᠦᠪᠡᠭ᠌ᠴᠢᠯᠡᠵᠦ᠍᠂ ᠪᠣᠯᠪᠠᠰᠤᠨ᠂ ᠠᠮᠤᠷ ᠲᠦᠪᠱᠢᠨ᠂ ᠡᠮᠬᠢ ᠳᠢᠭ᠌ᠯᠢᠮ ᠲᠡᠶ ᠰᠦᠯᠵᠢᠶᠡᠨ ᠦ ᠬᠠᠤᠯᠢᠵᠢᠯ ᠤᠨ ᠤᠷᠴᠢᠨ ᠲᠤᠭᠤᠷᠢᠨᠢ ᠪᠠᠢᠭᠤᠯᠬᠤ ᠪᠠᠷ ᠵᠣᠷᠢᠯᠭᠠᠪᠠᠨ ᠪᠣᠯᠭᠠᠭ᠍ᠰᠠᠨ ᠪᠠᠢᠨ᠎ᠠ᠃ 《ᠰᠠᠢᠨ ᠬᠠᠸ᠋ᠯᠢ》 ᠪᠣᠯ ᠤᠷᠴᠢᠨ ᠠᠬᠤᠢ ᠵᠢᠨ ᠵᠢᠷᠤᠮᠵᠢᠯ ᠤᠨ ᠰᠠᠭᠤᠷᠢᠪᠠᠢᠵᠦ᠂ 《ᠴᠢᠳᠠᠮᠠᠭᠠᠶᠪᠠᠷ ᠵᠠᠰᠠᠬᠤ》 ᠨᠢ ᠰᠠᠶᠢ ᠤᠷᠴᠢᠨ ᠠᠬᠤᠶ ᠶ᠋ᠢᠨ ᠵᠠᠰᠠᠯᠲᠠ ᠶ᠋ᠢᠨ ᠴᠢᠳᠠᠪᠬᠢ ᠶ᠋ᠢ ᠬᠥᠭ᠌ᠵᠢᠭᠡᠵᠦ᠍ ᠴᠢᠳᠠᠨ᠎ᠠ᠂ ᠡᠷᠡᠭᠦᠯ ᠴᠢᠭᠢᠷᠠᠭ ᠴᠡᠴᠡᠭ᠌ᠯᠡᠨ ᠬᠥᠭ᠌ᠵᠢᠭ᠌ᠰᠡᠨ᠂ ᠡᠶ᠎ᠡ ᠵᠣᠬᠢᠴᠠᠯ ᠲᠠᠶ ᠪᠥᠭᠡᠳ ᠰᠠᠢᠨ ᠰᠠᠢᠬᠠᠨ ᠰᠦᠯᠵᠢᠶᠡᠨ ᠦ ᠣᠶᠤᠨ ᠰᠠᠨᠠᠭᠠᠨ ᠤ ᠬᠡᠷ ᠣᠷᠣᠨ ᠢ ᠴᠣᠭ᠍ᠴᠠᠯᠠᠬᠤ ᠳᠤ ᠡᠯ᠎ᠡ ᠲᠠᠯᠠᠶ᠋ᠢᠨ ᠬᠢᠨ ᠦ 《ᠬᠠᠮᠲᠤ ᠪᠠᠷ ᠪᠠᠢᠭᠤᠯᠬᠤ 》 ᠬᠦᠴᠦᠨ ᠢ ᠨᠢᠭ᠍ᠲᠠᠷᠠᠭᠤᠯᠬᠤ ᠴᠢᠬᠤᠯᠠᠲᠠᠢ᠃
ᠢᠷᠡᠯᠲᠡ:ᠲᠠᠯ᠎ᠠ ᠨᠤᠳᠤᠭ ᠪᠦᠷᠢᠨ ᠵᠠᠭᠤᠴᠢᠯᠠᠭᠤᠷ
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号