— ᠦᠪᠦᠷ ᠮᠤᠡᠭᠭᠤᠯ ᠤ᠋ᠨ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠶ᠋ᠢᠨ 10 ᠭᠤᠤᠯᠳᠠᠯᠭᠠᠲᠤ ᠲᠦᠷᠦᠯ ᠵᠦᠢᠯ ⑥
ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠵᠦᠪᠰᠢᠶᠡᠷᠡᠯ ᠶ᠋ᠢᠡᠷ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠠᠯᠪᠠᠨ ᠲᠢᠡᠭᠬᠢᠮ ᠤᠢᠷ᠎ᠡ ᠳ᠋ᠦ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ ᠤ᠋ ᠲᠦᠰᠦᠯ (2025 — 2027)》 ᠢ᠋ ᠳᠠᠷᠤᠮᠠᠯᠯᠠᠨ ᠲᠠᠷᠬᠠᠭᠠᠵᠤ᠂ 3 ᠵᠢᠯ ᠤ᠋ᠨ ᠬᠤᠭᠤᠴᠠᠭ᠎ᠠ ᠪᠦᠬᠦᠢ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭ᠎ᠠ ᠵᠢ ᠡᠬᠢᠯᠡᠭᠦᠯᠪᠡ᠃ ᠡᠭᠦᠨ ᠳ᠋ᠦ ᠪᠤᠳᠠᠭ᠎ᠠ ᠭᠤᠯᠢᠷ ᠲᠤᠰᠤ ᠰᠢᠬᠢᠷ ᠵᠢᠴᠢ ᠡᠯᠳᠡᠪ ᠠᠮᠤ ᠶ᠋ᠢᠨ ᠪᠦᠲᠦᠭᠡᠭᠳᠡᠭᠦᠨ ᠪᠤᠯᠪᠠᠰᠤᠷᠠᠭᠤᠯᠬᠤ ᠦᠢᠯᠡᠰ ᠢ᠋ ᠭᠤᠤᠯᠳᠠᠯᠭ᠎ᠠ ᠲᠠᠢ ᠬᠦᠭᠵᠢᠭᠦᠯᠬᠦ 10 ᠲᠦᠷᠦᠯ ᠵᠦᠢᠯ ᠤ᠋ᠨ ᠨᠢᠭᠡ ᠪᠤᠯᠭᠠᠵᠤ᠂ ᠤᠷᠤᠨ ᠪᠦᠰᠡ ᠶ᠋ᠢᠨ ᠪᠠᠢᠷᠢᠰᠢᠭᠤᠯᠤᠯᠲᠠ ᠪᠠ ᠭᠤᠤᠯ ᠰᠢᠪᠲᠤᠯᠤᠯᠲᠠ ᠶ᠋ᠢᠨ ᠴᠢᠭᠯᠡᠯ ᠢ᠋ ᠲᠤᠳᠤᠷᠬᠠᠢᠯᠠᠨ᠂ ᠬᠦᠭᠵᠢᠯᠲᠡ ᠶ᠋ᠢᠨ ᠵᠠᠮ ᠱᠤᠭᠤᠮ ᠤ᠋ᠨ ᠵᠢᠷᠤᠭ ᠢ᠋ ᠳᠤᠲᠤᠷᠬᠠᠢ ᠲᠤᠭᠲᠠᠭᠠᠪᠠ᠃
ᠤᠷᠤᠨ ᠪᠦᠰᠡ ᠶ᠋ᠢᠨ ᠪᠠᠢᠷᠢᠰᠢᠭᠤᠯᠤᠯᠲᠠ᠄ ᠤᠯᠠᠭᠠᠨᠬᠠᠳᠠ ᠬᠣᠲᠠ᠂ ᠪᠠᠶᠠᠨᠨᠠᠭᠤᠷ ᠬᠣᠲᠠ᠂ ᠬᠢᠩᠭᠠᠨ ᠠᠢᠮᠠᠭ᠂ ᠲᠦᠩᠯᠢᠶᠣᠤ ᠬᠣᠲᠠ᠂ ᠬᠥᠬᠡᠬᠣᠲᠠ᠂ ᠤᠯᠠᠭᠠᠨᠴᠠᠪ ᠬᠤᠳᠠ᠂ ᠬᠥᠯᠥᠨ ᠪᠤᠢᠷ ᠬᠤᠳᠠ᠂ ᠪᠤᠭᠤᠲᠤ ᠬᠣᠲᠠ ᠵᠡᠷᠭᠡ ᠠᠢᠮᠠᠭ ᠬᠣᠲᠠ ᠪᠠᠷ ᠭᠣᠣᠯᠳᠠᠯᠭ᠎ᠠ ᠪᠣᠯᠭᠠᠨ᠎ᠠ᠃
ᠭᠤᠤᠯ ᠰᠢᠪᠲᠤᠯᠤᠯᠲᠠ ᠶ᠋ᠢᠨ ᠴᠢᠭᠯᠡᠯ᠄ ᠭᠠᠷᠤᠯᠲᠠ ᠶ᠋ᠢᠨ ᠣᠷᠣᠨ ᠤ᠋ ᠳᠠᠪᠠᠭᠤᠯᠢᠭ ᠲᠠᠭᠠᠨ ᠲᠦᠰᠢᠭᠯᠡᠵᠤ᠂ ᠡᠳ᠋ᠰᠢᠭᠦᠯᠦᠨ ᠪᠣᠯᠪᠠᠰᠤᠷᠠᠭᠤᠯᠬᠤ ᠠᠷᠭ᠎ᠠ ᠬᠡᠯᠪᠡᠷᠢ ᠬᠤᠴᠤᠷᠤᠩᠭᠤᠢ᠂ ᠪᠦᠲᠦᠭᠡᠭᠳᠡᠭᠦᠨ ᠤ᠋ ᠲᠦᠷᠦᠯ ᠵᠦᠢᠯ ᠳᠠᠩ ᠴᠤᠯᠭᠤᠶ᠂ ᠮᠡᠷᠭᠡᠵᠢᠯ ᠪᠠ ᠲᠥᠬᠥᠭᠡᠷᠦᠮᠵᠢ ᠶ᠋ᠢᠨ ᠲᠦᠪᠰᠢᠨ ᠳᠤᠤᠷ᠎ᠠ ᠪᠠᠢᠬᠤ ᠠᠰᠠᠭᠤᠳᠠᠯ ᠳ᠋ᠦ ᠴᠢᠭᠯᠡᠭᠦᠯᠤᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠲᠥᠬᠥᠭᠡᠷᠦᠮᠵᠢ ᠪᠡᠨ ᠱᠢᠨᠡᠳᠭᠡᠬᠦ᠌ ᠵᠢ ᠳᠡᠮᠵᠢᠵᠤ᠂ ᠲᠤᠲᠤᠷᠭ᠎ᠠ᠂ ᠨᠠᠷᠢᠮᠤ᠂ ᠭᠤᠯᠢᠷ᠂ ᠨᠡᠷᠡᠨ ᠬᠤᠸᠠᠷ ᠤ᠋ᠨ ᠲᠣᠰᠣ᠂ ᠶᠠᠮᠠ ᠶ᠋ᠢᠨ ᠦᠷ᠎ᠡ ᠶ᠋ᠢᠨ ᠲᠤᠰᠤ᠂ ᠳᠥᠷᠪᠡᠯᠵᠢᠨ ᠱᠢᠬᠢᠷ᠂ ᠴᠠᠭᠠᠨ ᠱᠢᠬᠢᠷ ᠪᠠ ᠬᠤᠰᠢᠭᠤ ᠪᠤᠳᠠᠭ᠎ᠠ᠂ ᠰᠠᠭᠠᠭ᠂ ᠨᠤᠢᠯ ᠪᠤᠭᠤᠳᠠᠢ ᠵᠡᠷᠭᠡ ᠡᠯᠳᠡᠪ ᠠᠮᠤ ᠶ᠋ᠢᠨ ᠪᠦᠲᠦᠭᠡᠭ᠌ᠳᠡᠬᠦᠨ ᠢ᠋ ᠭᠣᠣᠯᠳᠠᠯᠭ᠎ᠠ ᠲᠠᠶ ᠬᠦᠭᠵᠢᠭᠦᠯᠵᠦ᠂ ᠬᠢᠩᠭᠠᠨ ᠠᠢᠮᠠᠭ ᠤ᠋ᠨ ᠲᠤᠲᠤᠷᠭ᠎ᠠ᠂ ᠪᠠᠶᠠᠨᠨᠠᠭᠤᠷ ᠤ᠋ᠨ ᠪᠤᠭᠤᠳᠠᠢ᠂ ᠪᠣᠷᠣᠲᠣᠬᠣᠢ ᠶ᠋ᠢᠨ ᠨᠡᠷᠡᠨ ᠬᠤᠸᠠᠷ᠂ ᠠᠸ᠋ᠬᠠᠨ ᠤ᠋ ᠨᠠᠷᠢᠮᠤ᠂ ᠤᠯᠠᠭᠠᠨᠴᠠᠪ ᠤ᠋ᠨ ᠬᠤᠰᠢᠭᠤ ᠪᠤᠳᠠᠭ᠎ᠠ᠂ ᠬᠦᠷᠢᠶ᠎ᠡ ᠬᠤᠰᠢᠭᠤᠨ ᠤ᠋ ᠰᠠᠭᠠᠭ ᠵᠡᠷᠭᠡ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠦᠷᠦᠯ ᠲᠡᠮᠲᠡᠭ ᠢ᠋ ᠭᠤᠤᠯᠴᠢᠯᠠᠨ ᠬᠦᠭᠵᠢᠭᠦᠯᠦᠨ᠎ᠠ᠃
ᠤᠨᠴᠠᠯᠢᠭᠲᠦ ᠪᠦᠲᠦᠭᠡᠭᠳᠡᠭᠦᠨ᠄
《ᠪᠠᠶᠠᠨᠨᠠᠭᠤᠷ ᠤ᠋ᠨ ᠪᠤᠭᠤᠳᠠᠢ》 ᠨᠢ 《ᠪᠤᠭᠤᠳᠠᠢ ᠶ᠋ᠢᠨ ᠳᠤᠲᠤᠷᠠᠬᠢ ᠮᠤᠤᠲ᠋ᠠᠢ》 ᠬᠡᠮᠡᠬᠦ ᠠᠯᠳᠠᠷ ᠲᠠᠢ ᠶᠤᠮ᠃ ᠭᠤᠯᠢᠷ ᠨᠢ ᠤᠭᠤᠷᠠᠭ ᠪᠠ ᠰᠢᠨᠳᠠᠰᠤ ᠶ᠋ᠢᠨ ᠠᠭᠤᠯᠤᠭᠳᠠᠴᠠ ᠪᠠᠷ ᠦᠨᠳᠦᠷ ᠪᠤᠯᠬᠤᠷ ᠢᠳᠡᠬᠦ ᠳ᠋ᠦ ᠠᠮᠲᠠ ᠲᠠᠢ ᠪᠦᠭᠡᠳ ᠵᠠᠵᠢᠯᠪᠤᠷᠢ ᠲᠠᠢ᠂ ᠮᠢᠶᠠᠨᠲ᠋ᠢᠶᠤᠤᠷ᠂ ᠮᠠᠨᠳᠡᠦ᠂ ᠮᠢᠶᠠᠨᠪᠤᠤ ᠬᠢᠬᠦ ᠳ᠋ᠦ ᠪᠦᠷ ᠭᠤᠶᠤ ᠵᠤᠬᠢᠷᠠᠨᠠ᠃ 2024 ᠤᠨ ᠳ᠋ᠤ 《ᠪᠠᠶᠠᠨᠨᠠᠭᠤᠷ ᠤ᠋ᠨ ᠪᠤᠭᠤᠳᠠᠢ》 ᠶ᠋ᠢᠨ ᠲᠦᠷᠤᠯ ᠲᠡᠮᠳᠡᠭ ᠤ᠋ᠨ ᠦᠷᠳᠡᠭ 14.27 ᠳ᠋ᠦ᠋ᠡᠭᠰᠢᠭᠤᠷ ᠲᠦᠭᠦᠷᠢᠭ ᠲᠦ᠍ ᠬᠦᠷᠴᠤ᠂ 《ᠲᠡᠭᠷᠢ ᠶ᠋ᠢᠨ ᠬᠡᠰᠢᠭᠲᠦ ᠪᠤᠷᠤᠳᠤᠬᠤᠢ》 ᠤᠷᠤᠨ ᠪᠦᠰᠡ ᠶ᠋ᠢᠨ ᠨᠡᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭᠲᠦ ᠪᠦᠲᠦᠭᠡᠭᠳᠡᠭᠦᠨ ᠨᠢ ᠤᠯᠤᠰ ᠤ᠋ᠨ ᠲᠤᠳᠤᠭᠠᠳᠤ ᠭᠠᠳᠠᠭᠠᠳᠤ ᠶ᠋ᠢᠨ ᠳᠡᠭᠡᠳᠦ ᠳᠡᠰ ᠤ᠋ᠨ ᠬᠡᠷᠡᠭᠯᠡᠭᠡᠨ ᠤ᠋ ᠵᠠᠬ᠎ᠠ ᠳᠡᠯᠭᠡᠭᠦᠷ ᠲᠦ᠍ ᠪᠤᠷᠤᠯᠠᠭᠤᠯᠤᠭᠳᠠᠵᠤ ᠪᠠᠢᠨ᠎ᠠ᠃ 《ᠪᠤᠷᠤᠳᠤᠬᠤᠢ》 ᠲᠡᠮᠲᠡᠭᠲᠦ ᠪᠤᠭᠤᠳᠠᠢ ᠶ᠋ᠢᠨ ᠭᠤᠯᠢᠷ ᠪᠤᠯ ᠲᠠᠲᠠᠮᠠᠯ ᠭᠤᠯᠢᠷ ᠤ᠋ᠨ ᠭᠢᠨᠢᠰ ᠤ᠋ᠨ ᠲᠡᠮᠲᠡᠭᠯᠡᠯ ᠢ᠋ ᠡᠭᠦᠳᠬᠦ ᠳ᠋ᠦ ᠲᠤᠰᠬᠠᠢ ᠬᠡᠷᠡᠭᠯᠡᠭᠰᠡᠨ ᠭᠤᠯᠢᠷ ᠪᠤᠯᠤᠨ᠎ᠠ᠃
《ᠤᠯᠠᠭᠠᠨᠴᠠᠪ ᠤ᠋ᠨ ᠬᠤᠰᠢᠭᠤ ᠪᠤᠳᠠᠭ᠎ᠠ》 ᠪᠤᠯ ᠤᠯᠤᠰ ᠤ᠋ᠨ ᠬᠦᠳᠡᠭᠡ ᠠᠵᠤ ᠠᠬᠤᠢ ᠶ᠋ᠢᠨ ᠰᠤᠳᠤᠨ ᠲᠦᠷᠦᠯ ᠲᠡᠮᠲᠡᠭ ᠢ᠋ ᠪᠤᠢᠵᠢᠭᠤᠯᠬᠤ ᠲᠦᠯᠦᠪᠯᠡᠭᠡ ᠶ᠋ᠢᠨ ᠪᠦᠲᠦᠭᠡᠭᠳᠡᠭᠦᠨ ᠪᠤᠯᠤᠨ᠎ᠠ᠃ ᠤᠭᠤᠷᠠᠭ᠂ ᠢᠳᠡᠭᠡᠨ ᠤ᠋ ᠰᠢᠷᠬᠡᠭᠯᠢᠭ ᠡᠳ᠋᠂ ᠰᠸᠯᠸᠨ ᠡᠯᠪᠡᠭ ᠠᠭᠤᠯᠤᠭᠳᠠᠵᠤ᠂ ᠬᠦᠮᠦᠨ ᠤ᠋ ᠪᠡᠶ᠎ᠡ ᠶ᠋ᠢᠨ ᠡᠷᠬᠡᠪᠰᠢ ᠬᠡᠷᠡᠭᠰᠡᠬᠦ 8 ᠵᠦᠢᠯ ᠤ᠋ᠨ ᠠᠮᠢᠨᠦ᠌ ᠬᠦᠴᠢᠯ ᠠᠭᠤᠯᠤᠭᠳᠠᠠ᠂ ᠬᠤᠷᠭᠤᠰᠤᠯᠠᠬᠤ ᠵᠢ ᠰᠡᠷᠭᠡᠢᠯᠡᠬᠦ᠂ ᠴᠢᠰᠤᠨ ᠤ᠋ ᠰᠢᠬᠢᠷ ᠢ᠋ ᠬᠢᠵᠠᠭᠠᠷᠯᠠᠬᠤ᠂ ᠡᠪᠡᠳᠴᠢᠨ ᠢ᠋ ᠡᠰᠡᠷᠭᠦᠴᠡᠬᠦ ᠴᠢᠳᠠᠪᠤᠷᠢ ᠵᠢ ᠳᠡᠭᠡᠭᠰᠢᠯᠡᠭᠦᠯᠬᠦ ᠦᠢᠯᠡᠳᠦᠯ ᠲᠠᠢ᠃ ᠤᠳᠤᠬᠠᠨ ᠳ᠋ᠦ 《ᠤᠯᠠᠭᠠᠨᠴᠠᠪ ᠤ᠋ᠨ ᠬᠤᠰᠢᠭᠤ ᠪᠤᠳᠠᠭ᠎ᠠ》 ᠶ᠋ᠢᠨ ᠲᠦᠷᠦᠯ ᠲᠡᠮᠲᠡᠭ ᠤ᠋ᠨ ᠦᠷᠲᠡᠭ 102.85 ᠳ᠋ᠦ᠋ᠡᠭᠰᠢᠭᠤᠷ ᠲᠦᠭᠦᠷᠢᠭ ᠲᠦ᠍ ᠬᠦᠷᠴᠦ᠂ 《ᠮᠤᠨᠢ ᠠᠭᠤᠯᠠ ᠶ᠋ᠢᠨ ᠴᠢᠨᠠᠷ ᠰᠠᠢᠲᠠᠢ ᠬᠤᠰᠢᠭᠤ ᠪᠤᠳᠠᠭ᠎ᠠ》 ᠨᠢ ᠤᠯᠤᠰ ᠤ᠋ᠨ ᠲᠤᠳᠤᠭᠠᠳᠤ ᠭᠠᠳᠠᠭᠠᠳᠤ ᠶ᠋ᠢᠨ ᠳᠡᠭᠡᠳᠦ ᠳᠡᠰ ᠤ᠋ᠨ ᠬᠡᠷᠡᠭᠯᠡᠭᠡᠨ ᠤ᠋ ᠵᠠᠬ᠎ᠠ ᠳᠡᠯᠭᠡᠭᠦᠷ ᠲᠦ᠍ ᠪᠤᠷᠤᠯᠠᠭᠤᠯᠤᠭᠳᠠᠵᠤ ᠪᠠᠢᠨ᠎ᠠ᠃
《ᠬᠦᠷᠢᠶ᠎ᠡ ᠬᠤᠰᠢᠭᠤᠨ ᠤ᠋ ᠰᠠᠭᠠᠭ》 ᠪᠤᠯ ᠤᠯᠤᠰ ᠤ᠋ᠨ ᠭᠠᠵᠠᠷ ᠵᠦᠢ ᠶ᠋ᠢᠨ ᠢᠯᠡᠷᠭᠡᠢᠯᠡᠯᠲᠦ ᠪᠦᠲᠦᠭᠡᠭᠳᠡᠭᠦᠨ ᠪᠠᠢᠵᠤ᠂ ᠷᠦ᠋ᠲ᠋ᠢᠨ ᠤ᠋ ᠠᠭᠤᠯᠤᠭᠳᠠᠴᠠ ᠨᠢ 5% — 8% ᠬᠦᠷᠴᠤ᠂ ᠴᠢᠰᠦᠨ ᠰᠤᠳᠠᠯ ᠢ᠋ ᠵᠦᠭᠡᠯᠡᠷᠡᠭᠦᠯᠬᠦ᠂ ᠴᠢᠰᠤᠨ ᠤ᠋ ᠦᠭᠡᠬᠦ ᠶ᠋ᠢ ᠪᠠᠭᠤᠷᠠᠭᠤᠯᠬᠤ᠂ ᠨᠢᠳᠤᠨ ᠤ᠋ ᠬᠠᠷᠠᠭ᠎ᠠ ᠶ᠋ᠢ ᠬᠠᠮᠠᠭᠠᠯᠠᠬᠤ ᠵᠡᠷᠭᠡ ᠦᠢᠯᠡᠳᠦᠯ ᠲᠠᠢ᠃ ᠬᠦᠷᠢᠶ᠎ᠠ ᠬᠤᠰᠢᠭᠤ ᠵᠢᠯ ᠪᠤᠯᠭᠠᠨ 10 ᠲᠦᠮᠡᠨ ᠮᠤ᠌ ᠤᠷᠴᠢᠮ ᠰᠠᠭᠠᠭ ᠲᠠᠷᠢᠵᠤ᠂ ᠤᠨᠠᠯᠳᠠ ᠨᠢ 3000 ᠲᠦᠮᠡᠨ ᠵᠢᠩ ᠢ᠋ ᠳᠠᠪᠠᠨ᠂ ᠪᠦᠬᠦ ᠤᠯᠤᠰ ᠤ᠋ᠨ ᠰᠠᠭᠠᠭ ᠤ᠋ᠨ ᠤᠨᠠᠯᠳᠠ ᠶ᠋ᠢᠨ 25% ᠭᠠᠷᠤᠢ ᠶ᠋ᠢ ᠡᠵᠡᠯᠡᠨ᠂ ᠶᠠᠫᠤᠨ ᠪᠠ ᠺᠤᠷᠢᠶᠠ ᠵᠡᠷᠭᠡ ᠤᠯᠤᠰ ᠲᠤ᠌ ᠪᠤᠷᠤᠯᠠᠭᠤᠯᠤᠭᠳᠠᠵᠤ ᠪᠠᠢᠨ᠎ᠠ᠃ 2024 ᠤᠨ ᠳ᠋ᠤ 《ᠬᠦᠷᠢᠶ᠎ᠠ ᠬᠤᠰᠢᠭᠤᠨ ᠤ᠋ ᠰᠠᠭᠠᠭ》 ᠤ᠋ᠨ ᠲᠦᠷᠤᠯ ᠲᠡᠮᠳᠡᠭ ᠤ᠋ᠨ ᠦᠷᠳᠡᠭ 83.02 ᠳ᠋ᠦᠩᠰᠢᠭᠤᠷ ᠲᠦᠭᠦᠷᠢᠭ ᠲᠤ᠌ ᠬᠦᠷᠴᠠᠢ᠃