ᠬᠠᠢ ᠤᠪᠤᠭᠲᠤ ᠵᠢᠨ ᠴᠠᠭᠠᠰᠤᠨ ᠬᠠᠢᠴᠢᠯᠠᠮᠠᠯ᠄ ᠤᠷᠠᠨ ᠭᠠᠷ ᠬᠠᠢᠴᠢ ᠲᠤᠭᠯᠠᠭᠤᠯᠤᠨ ᠦᠩᠰᠢᠭ ᠠᠮᠢᠳᠤᠷᠠᠯ᠎ᠵᠢᠡᠨ ᠮᠠᠭ᠍ᠲᠠᠨ ᠳᠠᠭᠤᠯᠠᠨ᠎ᠠ
2025-06-18 10:54:18
ᠵᠣᠬᠢᠶᠠᠭ᠍ᠴᠢ᠄
ᠭᠤᠤ ᠮᠢᠨ ᠨᠠ ᠢ ᠱᠢᠤ ᠱᠢᠤ
ᠣᠩᠱᠢᠭ᠍ᠰᠠᠨ ᠣᠳᠠᠭ᠎ᠠ᠄
★★★☆☆

6 ᠤᠳᠭ᠎ᠠ ᠤᠷᠠᠯᠢᠭ᠎ᠤᠨ ᠦᠢᠯᠡᠰ ᠪᠣᠯ ᠨᠠᠮ ᠪᠠ ᠠᠷᠠᠳ ᠲᠦᠮᠡᠨ᠎ᠤ ᠴᠢᠬᠤᠯᠠ ᠦᠢᠯᠡᠰ ᠮᠥᠨ᠂ ᠤᠳᠭ᠎ᠠ ᠤᠷᠠᠯᠢᠭ᠎ᠤᠨ ᠹᠷᠣᠨᠲ ᠪᠣᠯ ᠨᠠᠮ ᠪᠠ ᠠᠷᠠᠳ ᠲᠦᠮᠡᠨ᠎ᠤ ᠴᠢᠬᠤᠯᠠ ᠹᠷᠣᠨᠲ ᠮᠥᠨ᠃ ᠤᠷᠳᠤ ᠬᠤᠭᠤᠴᠠᠭᠠᠨ᠎ᠤ ᠳᠤᠷᠰᠢ᠂ ᠦᠷᠭᠡᠨ ᠤᠯᠠᠨ ᠤᠳᠭ᠎ᠠ ᠤᠷᠠᠯᠢᠭ᠎ᠤᠨ ᠠᠵᠢᠯᠳᠠᠳ ᠤᠳᠭ᠎ᠠ ᠤᠷᠠᠯᠢᠭ᠎ᠤᠨ ᠵᠤᠬᠢᠶᠠᠨ ᠪᠦᠳᠦᠭᠡᠯᠭᠡ ᠬᠢᠬᠦ᠂ ᠲᠤᠭ᠍ᠯᠠᠬᠤ᠂ ᠰᠤᠳᠤᠯᠬᠤ᠂ ᠳᠠᠮᠵᠢᠭᠤᠯᠬᠤ ᠪᠠᠷ ᠬᠦᠴᠦᠯᠡᠨ ᠴᠢᠷᠮᠠᠢᠵᠤ᠂ ᠦᠪᠡᠷ ᠦᠪᠡᠷ᠎ᠤᠨ ᠬᠦᠷᠢᠶᠡᠨ᠎ᠳᠡᠭᠡᠨ ᠱᠢᠷᠭᠠᠭᠤ ᠬᠠᠳᠠᠭᠤᠵᠢᠯᠳᠠᠢ ᠠᠵᠢᠯᠯᠠᠵᠤ᠂ ᠠᠷᠠᠳ ᠲᠦᠮᠡᠨ᠎ᠳᠤ ᠦᠢᠯᠡᠴᠢᠯᠡᠭᠡᠳ᠂ ᠢᠯᠡᠷᠬᠡᠢ ᠬᠢᠷᠢ ᠪᠦᠲᠦᠮᠵᠢ ᠤᠯᠵᠤ᠂ ᠴᠢᠬᠤᠯᠠ ᠬᠤᠪᠢ ᠨᠡᠮᠡᠷᠢ ᠦᠵᠡᠭᠦᠯᠵᠡᠢ᠃ ᠳᠠᠶᠠᠭᠠᠷ᠎ᠤᠨ ᠬᠠᠮᠲᠤ᠎ᠶ᠋ᠢᠨ ᠴᠢᠷᠮᠠᠢᠯᠭ᠎ᠠ᠎ᠪᠠᠷ ᠮᠠᠨ᠎ᠤ ᠤᠯᠤᠰ᠎ᠤᠨ ᠤᠳᠭ᠎ᠠ ᠤᠷᠠᠯᠢᠭ᠎ᠤᠨ ᠬᠦᠷᠢᠶᠡᠯᠡᠩ᠎ᠳᠤ ᠵᠦᠢᠯ᠎ᠤᠨ ᠴᠡᠴᠡᠭ ᠮᠦᠴᠡᠭᠡᠷᠬᠡᠨ ᠳᠡᠯᠭᠡᠷᠡᠵᠦ᠍᠂ ᠦᠯᠡᠮᠵᠢ ᠠᠮᠵᠢᠯᠲᠠ ᠪᠦᠲᠦᠮᠵᠢ ᠤᠯᠵᠤ᠂ ᠴᠡᠴᠡᠭ᠌ᠯᠡᠨ ᠬᠥᠭ᠌ᠵᠢᠭ᠌ᠰᠡᠨ ᠠᠮᠢᠳᠤᠯᠢᠭ ᠪᠠᠢᠳᠠᠯ ᠢᠯᠡᠷᠡᠵᠡᠢ᠃

— ᠶᠠᠷᠦᠨᠭᠭᠡᠢ ᠱᠦᠵᠢ ᠰᠢ ᠵᠢᠨ ᠫᠢᠩ ᠎ᠤᠨ ᠤᠳᠬ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ ᠲᠡᠭᠡᠷᠡᠭᠢ ᠶᠠᠷᠢᠶ᠎ᠠ ᠡᠴᠡ(2014 ᠤᠨ ᠎ᠤ 10 ᠰᠠᠷ᠎ᠠ ᠵᠢᠨ 15᠎ᠤ ᠡᠳᠦᠷ)


ᠬᠢᠩᠭᠠᠨ ᠠᠢᠮᠠᠭ᠎ᠤᠨ ᠴᠠᠭᠠᠰᠤᠨ ᠬᠠᠢᠴᠢᠯᠠᠮᠠᠯ᠎ᠤᠨ ᠤᠷᠠᠯᠢᠭ ᠥᠨᠢ ᠤᠳᠠᠭᠠᠨ ᠲᠡᠦᠬᠡ᠎ᠲᠠᠢ ᠪᠠᠢᠳᠠᠭ᠂ ᠬᠡᠳᠦᠨ ᠵᠠᠭᠤᠨ ᠵᠢᠯ ᠤᠯᠠᠮᠵᠢᠯᠠᠭᠳᠠᠵᠤ ᠬᠥᠭ᠌ᠵᠢᠭᠡᠳ ᠠᠭᠠᠵᠢᠮ᠎ᠢᠶᠠᠷ ᠣᠷᠣᠨ ᠪᠦᠰᠡ ᠵᠢᠨ ᠣᠨᠴᠠᠯᠢᠭ᠎ᠲᠠᠢ ᠴᠠᠭᠠᠰᠤᠨ ᠬᠠᠢᠴᠢᠯᠠᠮᠠᠯ᠎ᠤᠨ ᠤᠷᠠᠯᠢᠭ᠎ᠪᠤᠯᠵᠠᠢ᠃ ᠤᠯᠠᠮᠵᠢᠯᠠᠯᠲᠤ ᠪᠠᠶᠠᠷ ᠳᠤᠷᠠᠰᠭᠠᠯ᠎ᠤᠨ ᠡᠳᠦᠷ ᠪᠣᠯᠬᠤ ᠪᠦᠷᠢ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ ᠴᠠᠭᠠᠰᠤᠨ ᠬᠠᠢᠴᠢᠯᠠᠮᠠᠯ᠎ᠢᠶᠠᠷ ᠠᠮᠢᠳᠤᠷᠠᠯ᠎ᠢᠶᠠᠨ ᠴᠢᠮᠡᠨ᠎ᠠ᠂ ᠭᠠᠯ ᠤᠯᠠᠭᠠᠨ ᠴᠠᠭᠠᠰᠤᠨ ᠬᠠᠢᠴᠢᠯᠠᠮᠠᠯ᠎ᠢ ᠡᠭᠦᠳᠡ ᠴᠣᠩᠬᠤ ᠪᠣᠯᠤᠨ ᠬᠠᠨ᠎ᠠ ᠪᠠᠨ ᠳᠦᠭᠦᠷᠲᠡᠯ᠎ᠡ ᠨᠠᠭᠠᠭᠠᠳ᠂ ᠪᠠᠶᠠᠷ᠎ᠤᠨ ᠡᠳᠦᠷ᠎ᠲᠤ ᠬᠦᠭ ᠨᠡᠮᠡᠳᠡᠭ᠃ ᠡᠯ᠎ᠡ ᠵᠦᠢᠯ᠎ᠤᠨ ᠠᠷᠠᠳ᠎ᠤᠨ ᠵᠠᠩ ᠦᠢᠯᠡ᠎ᠶ᠋ᠢᠨ ᠠᠵᠢᠯᠯᠠᠭ᠎ᠠ ᠪᠤᠯᠪᠠᠯ ᠴᠠᠭᠠᠰᠤᠨ ᠬᠠᠢᠴᠢᠯᠠᠮᠠᠯ᠎ᠨᠡᠩ ᠴᠤ᠌ ᠳᠤᠲᠠᠭ᠍ᠳᠠᠵᠤ ᠪᠣᠯᠤᠰᠢ ᠦᠭᠡᠢ ᠴᠢᠬᠤᠯᠠ ᠡᠯᠧᠮᠧᠨ᠋ᠲ ᠪᠤᠯᠵᠤ᠂ ᠬᠥᠮᠦᠰ᠎ᠤᠨ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠠ ᠵᠥᠩᠨᠡᠯ᠎ᠢ ᠠᠴᠢᠶᠠᠯᠠᠵᠤ ᠪᠠᠢᠳᠠᠭ᠃

ᠬᠠᠢ ᠣᠪᠣᠭ᠍ᠲᠤ᠎ᠶᠢᠨ ᠴᠠᠭᠠᠰᠤᠨ ᠬᠠᠢᠴᠢᠯᠠᠮᠠᠯ᠎ᠤ᠋ᠨ ᠭᠤᠷᠪᠠᠳᠤᠭᠠᠷ ᠦᠶ᠎ᠡ᠎ᠶᠢᠨ ᠤᠯᠠᠮᠵᠢᠯᠠᠭᠴᠢ  ᠬᠠᠢ᠎ᠶᠢᠨ ᠪᠤᠤ ᠪᠣᠯ ᠬᠢᠩᠭᠠᠨ ᠠᠢᠮᠠᠭ᠎ᠤ᠋ᠨ ᠴᠠᠭᠠᠰᠤᠨ ᠬᠠᠢᠴᠢᠯᠠᠮᠠᠯ᠎ᠤ᠋ᠨ ᠤᠷᠲᠤ ᠠᠶᠠᠨ ᠳ᠋ᠡᠬᠢ ᠴᠢᠬᠤᠯᠠ ᠬᠥᠮᠦᠨ ᠪᠣᠯᠤᠨ᠎ᠠ᠃ ᠬᠠᠢ ᠣᠪᠣᠭ᠍ᠲᠤ᠎ᠶᠢᠨ ᠴᠠᠭᠠᠰᠤᠨ ᠬᠠᠢᠴᠢᠯᠠᠮᠠᠯ ᠳᠦᠷᠰᠦᠯᠢᠭ ᠪᠣᠳᠠᠲᠠᠢ᠂ ᠤᠷ᠎ᠠ ᠮᠡᠷᠭᠡᠵᠢᠯ ᠨᠢ ᠠᠮᠢᠳᠤᠯᠢᠭ ᠪᠥᠭᠡᠳ ᠬᠤᠪᠢᠷᠠᠯᠲᠠ᠎ᠠᠷᠪᠢᠨ ᠪᠠᠢᠵᠤ ᠂ ᠮᠠᠱᠢ ᠠᠷᠪᠢᠨ ᠮᠣᠩᠭᠣᠯ ᠦᠨᠳᠦᠰᠦᠲᠡᠨ᠎ᠦ᠌ ᠥᠪᠡᠷᠮᠢᠴᠡ ᠰᠣᠶᠣᠯ᠎ᠤ᠋ᠨ ᠡᠯᠧᠮᠧᠨ᠋ᠲ᠎ᠢ᠋ ᠠᠭᠤᠰᠭᠠᠨ᠂ ᠪᠦᠲᠦᠭᠡᠯ ᠨᠢ ᠮᠠᠰᠢ ᠶᠡᠬᠡ ᠤᠷᠠᠯᠢᠭ᠎ᠤ᠋ᠨ ᠨᠥᠯᠥᠭᠡᠯᠡᠬᠦ᠌ ᠬᠦᠴᠦᠨ᠎ᠲᠡᠢ ᠪᠠᠢᠳᠠᠭ᠃

2024 ᠣᠨ᠎ᠤ 12 ᠰᠠᠷ᠎ᠠ᠎ᠳᠤ᠂ ᠨᠠᠰᠤᠨ᠎ᠤ ᠨᠠᠮᠤᠷ ᠵᠢᠡᠨ ᠤᠭᠲᠤᠭᠰᠠᠨ ᠬᠠᠢ᠎ᠶ᠋ᠢᠨ ᠪᠤᠤ ᠬᠠᠶ ᠣᠪᠣᠭ᠍ᠲᠤ᠎ᠶ᠋ᠢᠨ ᠴᠠᠭᠠᠰᠤᠨ ᠬᠠᠢᠴᠢᠯᠠᠮᠠᠯ᠎ᠤᠨ ᠬᠢᠩᠭᠠᠨ ᠠᠢᠮᠠᠭ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ᠌ ᠴᠢᠨᠠᠷᠲᠠᠶ ᠤᠯᠠᠮᠵᠢᠯᠠᠭ᠍ᠴᠢ᠎ᠪᠤᠯᠪᠠ᠃

ᠲᠡᠷᠡ ᠤᠭ ᠰᠠᠨᠠᠭ᠎ᠠ᠎ᠪᠠᠨ ᠪᠠᠲᠤ ᠰᠠᠬᠢᠵᠤ᠂ ᠴᠠᠭᠠᠰᠤᠨ ᠬᠠᠢᠴᠢᠯᠠᠮᠠᠯ ᠵᠢᠡᠷ ᠤᠷᠠᠨ ᠭᠠᠷ᠎ᠤᠨ ᠰᠤᠶᠤᠯ᠎ᠢ ᠬᠠᠷᠠᠭᠤᠯᠤᠨ᠂ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠬᠦᠭᠵᠢᠨ ᠪᠠᠳᠠᠷᠠᠭᠰᠠᠨ ᠠᠮᠢᠵᠢᠷᠠᠯ᠎ᠤᠨ ᠬᠦᠴᠦᠨ᠎ᠲᠠᠢ ᠪᠤᠯᠭᠠᠪᠠ᠃

ᠬᠠᠷᠠᠬᠠᠨ ᠪᠠᠭ᠎ᠠ᠎ᠠᠴᠠ᠎ᠪᠠᠨ ᠡᠮᠡᠭᠡ᠎ᠡᠵᠢ ᠪᠡᠨ ᠳᠠᠭᠠᠭᠠᠳ ᠴᠠᠭᠠᠰᠤᠨ ᠬᠠᠢᠴᠢᠯᠠᠮᠠᠯ ᠰᠤᠷᠪᠠ

3 ᠰᠠᠷ᠎ᠠ᠎ᠶ᠋ᠢᠨ 25 ᠤ᠋ ᠡᠳᠦᠷ᠂ ᠰᠤᠷᠪᠤᠯᠵᠢᠯᠠᠭ᠍ᠴᠢ ᠤᠯᠠᠭᠠᠨᠬᠤᠲᠠ᠎ᠶ᠋ᠢᠨ ᠦ᠋ ᠢ ᠵᠡᠭᠡᠯᠢ᠎ᠶ᠋ᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠦᠵᠡᠭᠦᠯᠵᠦ᠍ ᠣᠢᠯᠠᠭᠠᠬᠤ ᠲᠥᠪ᠎ᠤᠨ ᠬᠠᠢ᠎ᠶ᠋ᠢᠨ ᠪᠦᠦ ᠵᠢᠨ ᠠᠵᠢᠯᠯᠠᠬᠤ ᠲᠠᠰᠤᠭ᠎ᠲᠤ ᠬᠦᠷᠬᠦ᠌᠎ᠳᠤ ᠠᠷᠪᠢᠨ ᠤᠷᠠᠨ ᠳᠦᠷᠰᠦᠯᠢᠭ ᠴᠠᠭᠠᠰᠤᠨ ᠬᠠᠢᠴᠢᠯᠠᠮᠠᠯ ᠬᠠᠷᠠᠭᠠᠨ᠎ᠳᠤ ᠲᠣᠰᠴᠤ᠂ ᠬᠠᠢ᠎ᠶ᠋ᠢᠨ ᠪᠦᠦ ᠶᠠᠭ ᠬᠡᠦᠬᠡᠳ ᠤ᠋ᠳ ᠲᠦ᠍ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠨᠠᠷᠢᠠ ᠬᠢᠨᠠᠮᠠᠭᠠᠢ ᠵᠢᠭᠠᠵᠤ ᠪᠠᠢᠯ᠎ᠠ᠃


QQ20250618-110044.png


《ᠬᠠᠢ ᠪᠠᠭ᠍ᠰᠢ᠎ᠶ᠋ᠢᠨ ᠬᠠᠢᠴᠢᠯᠠᠭ᠍ᠰᠠᠨ ᠵᠦᠢᠯᠡᠰ ᠲᠤᠩ ᠰᠠᠢᠬᠠᠨ ᠡ᠂ ᠪᠢ ᠰᠤᠷᠤᠶ᠎ᠠ ᠭᠡᠵᠦ᠍ ᠤᠨᠴᠠᠭᠠᠢ ᠪᠣᠳᠣᠵᠤ ᠪᠠᠢᠨ᠎ᠠ᠂ ᠬᠤᠵᠢᠮ ᠪᠢ ᠪᠠᠰᠠ ᠡᠢᠮᠦ᠍ ᠭᠣᠶᠣ ᠪᠦᠲᠦᠭᠡᠯ ᠬᠠᠢᠴᠢᠯᠠᠵᠤ ᠭᠠᠷᠭᠠᠨ᠎ᠠ》ᠭᠡᠵᠦ ᠤᠯᠠᠭᠠᠨᠬᠤᠲᠠ᠎ᠶ᠋ᠢᠨ ᠬᠢᠩᠭᠠᠨ᠎ᠤ ᠬᠤᠶᠠᠳᠤᠭᠠᠷ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠵᠠᠩ ᠱᠢᠨ ᠫᠧᠩ ᠴᠠᠭᠠᠰᠤᠨ ᠬᠠᠢᠴᠢᠯᠠᠮᠠᠯ ᠰᠤᠷᠬᠤ ᠵᠢᠨ ᠳᠠᠭᠠᠤ ᠪᠠᠶᠠᠷᠯᠠᠨ ᠶᠠᠷᠢᠨ᠎ᠠ᠃

ᠬᠠᠢ᠎ᠶᠢᠨ ᠪᠤᠤ᠎ᠳ᠋ᠤ ᠠᠪᠴᠤ᠌ ᠬᠡᠯᠡᠪᠡᠯ᠂ ᠪᠦᠲᠦᠭᠡᠯ ᠭᠠᠷᠭᠠᠬᠤ ᠪᠤᠯ ᠲᠡᠭᠦᠨ᠎ᠦ᠌ ᠲᠡᠷᠢᠭᠦᠨ ᠴᠢᠬᠤᠯᠠ ᠶᠠᠪᠤᠳᠠᠯ ᠪᠥᠭᠡᠳ ᠪᠠᠰᠠ ᠠᠮᠢᠳᠤᠷᠠᠯ᠎ᠤ᠋ᠨ ᠳᠤᠮᠳᠠᠬᠢ ᠵᠤᠭ᠎ᠠ ᠴᠡᠩᠭᠡᠯ ᠨᠢ ᠪᠣᠯᠤᠨ᠎ᠠ᠃ ᠨᠢᠭᠡ ᠲᠠᠰᠤᠯᠭ᠎ᠠ ᠵᠢᠵᠢᠭᠬᠡᠨ ᠦᠷᠦᠭᠡ ᠲᠡᠭᠦᠨ᠎ᠦ ᠪᠥᠲᠥᠭᠡᠯ ᠵᠢᠡᠷ ᠳᠦᠭᠦᠷᠡᠩ᠃ ᠡᠨᠡ ᠬᠦ᠌ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ᠎ᠶ᠋ᠢᠨ ᠴᠠᠭᠠᠰᠤᠨ ᠬᠠᠢᠴᠢᠯᠠᠮᠠᠯ ᠤᠷᠠᠯᠠᠭᠰᠠᠨ ᠡᠳᠦᠷ ᠬᠤᠨᠤᠭ ᠨᠢ ᠤᠪᠤᠭ᠎ᠠ ᠲᠠᠢ ᠳᠠᠪᠬᠤᠷᠯᠠᠵᠤ ᠲᠠᠯᠪᠢᠭᠰᠠᠨ ᠴᠠᠭᠠᠰᠤᠨ ᠬᠠᠢᠴᠢᠯᠠᠮᠠᠯ᠎ᠪᠣᠯᠤᠭ᠍ᠰᠠᠨ ᠪᠠᠢᠨ᠎ᠠ᠃


QQ20250618-110036.png


ᠬᠠᠢ ᠵᠢᠨ ᠪᠤᠤ 7 ᠨᠠᠰᠤᠨ᠎ᠠ᠋ᠴᠠ ᠪᠠᠨ ᠴᠠᠭᠠᠰᠤᠨ ᠬᠠᠢᠴᠢᠯᠠᠮᠠᠯ ᠬᠠᠢᠴᠢᠯᠠᠵᠤ ᠡᠬᠢᠯᠡᠵᠡᠢ᠃ ᠬᠠᠷᠠᠬᠠᠨ ᠪᠠᠭ᠎ᠠ᠎ᠠᠴᠠ᠎ᠪᠠᠨ ᠵᠢᠷᠤᠭ ᠵᠢᠷᠤᠬᠤ ᠠᠪᠢᠶᠠᠰ᠎ᠢᠶᠠᠨ ᠢᠯᠡᠷᠡᠭᠦᠯᠵᠤ᠂ ᠦᠷᠭᠦᠯᠵᠢ ᠡᠮᠡᠭᠡ ᠡᠵᠢ ᠪᠠᠨ ᠬᠠᠪᠰᠤᠷᠴᠤ᠌ ᠴᠠᠭᠠᠰᠤᠨ ᠬᠠᠢᠴᠢᠯᠠᠮᠠᠯ᠎ᠤᠨ ᠵᠢᠷᠤᠭ᠎ᠢ ᠨᠢ ᠵᠢᠷᠤᠵᠤ ᠥᠭ᠌ᠳᠡᠭ ᠪᠠᠢᠪᠠ ᠃ ᠨᠢᠭᠡ ᠤᠳᠠᠭ᠎ᠠ ᠴᠤᠷᠪᠠᠭ᠎ᠠ ᠵᠢᠨ ᠪᠤᠷᠤ ᠵᠢᠷᠤᠭ ᠵᠢᠷᠤᠬᠤ᠎ᠳᠤ ᠡᠮᠡᠭᠡ ᠡᠵᠢ ᠨᠢ ᠲᠡᠭᠦᠨ᠎ᠦ ᠵᠢᠷᠤᠭ᠍ᠰᠠᠨ ᠳᠦᠷᠰᠦ ᠬᠡᠯᠪᠡᠷᠢ ᠵᠢ ᠨᠢ ᠳᠠᠭᠠᠭᠠᠳ ᠬᠠᠢᠴᠢᠯᠠᠵᠤ ᠭᠠᠷᠭᠠᠭᠰᠠᠨ᠎ᠳᠤ ᠴᠤᠷᠪᠠᠭ᠎ᠠ ᠨᠢ ᠠᠮᠢᠯᠠᠭᠠᠳ ᠴᠠᠭᠠᠰᠤᠨ ᠳᠡᠭᠡᠷ᠎ᠡ ᠡᠴᠡ ᠦᠰᠦᠷᠦᠨ ᠭᠠᠷᠴᠤ ᠢᠷᠠᠮᠡᠷ ᠰᠠᠨᠠᠭᠳᠠᠪᠠ ᠃ ᠡᠨᠡ ᠨᠢ ᠬᠠᠢ ᠵᠢᠨ ᠪᠤᠤ ᠵᠢᠨ ᠠᠶᠤᠤᠯᠢᠬᠠᠢ ᠴᠡᠭᠡᠵᠢᠨ᠎ᠳᠤ ᠮᠠᠷᠳᠠᠭᠳᠠᠰᠢ ᠦᠭᠡᠢ ᠬᠠᠳᠠᠩᠰᠢᠵᠠᠢ᠃

ᠲᠡᠷᠡ ᠬᠦ᠌ ᠮᠥᠴᠡ᠎ᠠᠴᠠ ᠡᠬᠢᠯᠡᠨ᠂ ᠬᠠᠢ᠎ᠶ᠋ᠢᠨ ᠪᠦᠦ ᠴᠠᠭᠠᠰᠤᠨ ᠬᠠᠢᠴᠢᠯᠠᠮᠠᠯ᠎ᠳᠤ ᠶᠠᠭᠠᠬᠢᠬᠤ ᠵᠢᠨ ᠠᠷᠭ᠎ᠠ ᠦᠭᠡᠢ ᠳᠤᠷ᠎ᠠ ᠰᠣᠨᠢᠷᠬᠠᠯ᠎ᠲᠠᠢ ᠪᠣᠯᠵᠤ᠂ ᠡᠮᠡᠭᠡ᠎ᠡᠵᠢ ᠪᠠᠨ ᠰᠠᠯᠤᠯ ᠦᠭᠡᠢ ᠳᠠᠭᠠᠵᠤ᠂ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠨᠠᠷᠢᠨ ᠬᠢᠨᠠᠮᠠᠭᠠᠶ ᠰᠤᠷᠤᠯᠴᠠᠵᠤ᠂ ᠬᠤᠵᠢᠮ᠎ᠤᠨ ᠴᠠᠭᠠᠰᠤᠨ ᠬᠠᠢᠴᠢᠯᠠᠮᠠᠯ᠎ᠬᠠᠢᠴᠢᠯᠠᠵᠤ ᠪᠦᠲᠦᠭᠡᠬᠦ ᠵᠠᠮ᠎ᠢᠶᠠᠷ ᠵᠠᠮᠨᠠᠬᠤ᠎ᠳᠤ ᠪᠠᠲᠤ ᠰᠠᠭᠤᠷᠢ᠎ᠪᠠᠨ ᠲᠠᠯᠪᠢᠬᠰᠠᠨ ᠪᠠᠢᠨ᠎ᠠ᠃

ᠡᠳᠦᠷ ᠬᠤᠨᠤᠭ ᠡᠭᠡᠯᠵᠢᠯᠡᠨ᠂ ᠨᠠᠷᠠ ᠰᠠᠷᠠ ᠡᠷᠬᠢᠯᠳᠦᠭᠰᠡᠭᠡᠷ ᠨᠢᠭᠡ ᠮᠡᠳᠡᠬᠦ᠎ᠳᠦ 40 ᠭᠠᠷᠤᠢ ᠵᠢᠯ᠎ᠢ ᠠᠷᠤ ᠳ᠋ᠠᠭᠠᠨ ᠤᠷᠬᠢᠯ᠎ᠠ᠂ ᠬᠠᠢ᠎ᠶ᠋ᠢᠨ ᠪᠤᠤ ᠴᠠᠭᠠᠰᠤᠨ ᠬᠠᠢᠴᠢᠯᠠᠮᠠᠯ᠎ᠢ ᠢᠮᠠᠭ᠍ᠲᠠ ᠠᠮᠢᠳᠤᠷᠠᠯ᠎ᠳᠠᠭᠠᠨ ᠠᠭᠤᠰᠬᠠᠵᠤ᠂ ᠬᠠᠢᠴᠢᠯᠠᠵᠤ ᠪᠦᠲᠦᠭᠡᠬᠦ ᠪᠠᠨ ᠶᠡᠷᠦ᠍ ᠡᠴᠡ ᠲᠠᠰᠤᠯᠳᠠᠭᠤᠯᠤᠭ᠍ᠰᠠᠨ ᠦᠭᠡᠢ᠃ ᠲᠡᠭᠦᠨ᠎ᠦ ᠠᠮᠢᠳᠤᠷᠠᠯ᠎ᠳᠤ ᠬᠠᠮᠢᠭ᠎ᠠ ᠴᠦ᠍ ᠭᠡᠰᠡᠨ ᠴᠠᠭᠠᠰᠤᠨ ᠬᠠᠢᠴᠢᠯᠠᠮᠠᠯ᠎ᠤᠨ ᠤᠯᠠ ᠮᠦᠷ᠎ᠬᠠᠷᠠᠭᠳᠠᠨ᠎ᠠ᠂ ᠦᠵᠡᠮᠵᠢ ᠪᠤᠳᠠᠰ᠂ ᠠᠷᠠᠳ᠎ᠤᠨ ᠵᠠᠩ ᠦᠢᠯᠡ᠂ ᠺᠠᠷᠲ᠋ᠣᠨ ᠵᠢᠷᠤᠭ ᠵᠡᠷᠭᠡ ᠨᠢ ᠪᠦᠷ ᠲᠡᠭᠦᠨ᠎ᠦ ᠵᠣᠬᠢᠶᠠᠨ ᠪᠦᠲᠦᠭᠡᠭᠦ ᠠᠪᠢᠶᠠᠰ ᠪᠢᠯᠢᠭ᠌᠎ᠤᠨ ᠡᠬᠢ ᠪᠤᠯᠠᠭ ᠮᠦᠨ᠃ ᠲᠡᠷᠡ ᠥᠪᠡᠷ᠎ᠤᠨ ᠠᠮᠢᠳᠤᠷᠠᠯ᠎ᠤᠨ ᠲᠤᠬᠠᠢ ᠣᠢᠯᠠᠭᠠᠯᠲᠠ ᠪᠠ ᠥᠪᠡᠷᠮᠢᠴᠡ ᠪᠦᠲᠦᠭᠡᠯᠴᠢ ᠰᠠᠨᠠᠭ᠎ᠠ ᠪᠠᠨ ᠪᠦᠲᠦᠭᠡᠯ ᠨᠢᠭᠡᠪᠦᠷᠢ᠎ᠳᠡᠭᠡᠨ ᠤᠷᠠᠨ᠎ᠢᠶᠠᠷ ᠠᠭᠤᠰᠬᠠᠭᠰᠠᠨ ᠪᠠᠢᠳᠠᠭ᠃

《ᠴᠠᠭᠠᠰᠤᠨ ᠬᠠᠢᠴᠢᠯᠠᠮᠠᠯ᠎ᠢ ᠬᠠᠢᠴᠢ ᠪᠠᠷᠢᠭᠠᠳ ᠳᠦᠭᠦᠮᠬᠡᠨ ᠬᠠᠢᠴᠢᠯᠠᠪᠠᠯ ᠭᠠᠷᠭᠠᠴᠢᠬᠠᠳᠠᠭ ᠶᠠᠭᠤᠮ᠎ᠠ ᠪᠢᠰᠢ᠂ ᠲᠡᠭᠦᠨ᠎ᠳᠤ ᠡᠯᠪᠡᠭ ᠤᠯᠠᠮᠵᠢᠯᠠᠯᠲᠤ ᠰᠣᠶᠣᠯ᠎ᠠᠭᠤᠯᠤᠭ᠍ᠳᠠᠵᠤ ᠪᠠᠢᠨ᠎ᠠ᠃ ᠪᠢ ᠳᠤᠮᠳᠠᠳᠤ ᠤᠯᠤᠰ᠎ᠤᠨ ᠡᠷᠲᠡᠨ᠎ᠤ ᠰᠣᠩᠭᠤᠳᠠᠭ ᠪᠦᠲᠦᠭᠡᠯ᠎ᠢ ᠰᠤᠳᠤᠯᠬᠤ ᠳᠤᠷᠠᠲᠠᠢ᠂ ᠠᠮᠢᠳᠤᠷᠠᠯ᠎ᠤᠨ ᠳᠤᠮᠳᠠᠬᠢ ᠵᠢᠵᠢᠭ ᠰᠠᠵᠢᠭ ᠵᠦᠢᠯ ᠪᠠ ᠣᠳᠣᠬᠠᠨ᠎ᠤ ᠥᠪᠡᠷᠮᠢᠴᠡ ᠪᠦᠲᠦᠭᠡᠯᠴᠢ ᠰᠠᠨᠠᠭ᠎ᠠ ᠪᠠ ᠦᠵᠡᠯᠲᠡ᠎ᠪᠠᠨ ᠠᠭᠤᠰᠬᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠭᠡᠷᠡᠯ ᠭᠢᠯᠪᠠᠭ᠎ᠠ ᠵᠢ ᠴᠠᠭᠠᠰᠤᠨ ᠳᠡᠭᠡᠷ᠎ᠡ ᠭᠡᠷᠡᠯᠲᠦᠭᠦᠯᠦᠨ᠎ᠡ》 ᠭᠡᠵᠦ᠍ ᠬᠠᠢ ᠵᠢᠨ ᠪᠦᠦ ᠬᠡᠯᠡᠪᠡ᠃

ᠰᠢᠯᠢᠳᠡᠭ᠎ᠢ ᠨᠢ ᠰᠢᠩᠭᠡᠭᠡᠭᠡᠳ ᠠᠮᠵᠢᠯᠲᠠ ᠪᠦᠲᠦᠮᠵᠢ ᠤᠯᠪᠠ

ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠳᠡᠭᠡᠭᠰᠢᠯᠡᠭᠦᠯᠬᠦ᠎ᠶ᠋ᠢᠨ ᠲᠥᠯᠥᠭᠡ᠂ ᠬᠠᠢ ᠵᠢᠨ ᠪᠤᠤ ᠭᠠᠳᠠᠨ᠎ᠠ ᠤᠷᠤᠨ ᠵᠢᠡᠷ ᠶᠠᠪᠤᠵᠤ ᠰᠤᠷᠤᠯᠴᠠᠨ᠂ ᠴᠠᠭᠠᠰᠤᠨ ᠬᠠᠢᠴᠢᠯᠠᠮᠠᠯ ᠬᠠᠢᠴᠢᠯᠠᠬᠤ ᠪᠠᠨ ᠶᠠᠷᠦ ᠨᠢ ᠵᠤᠭᠰᠤᠭᠰᠠᠨ ᠦᠭᠡᠢ᠃ ᠠᠭᠠᠵᠢᠮ ᠵᠢᠡᠷ ᠲᠡᠷᠡ ᠰᠠᠨᠠᠭ᠎ᠠ ᠤᠨᠤᠭ᠎ᠠ ᠨᠡᠢᠯᠡᠭᠰᠡᠨ ᠤᠯᠠᠨ ᠬᠥᠮᠦᠨ᠎ᠲᠠᠢ ᠲᠠᠨᠢᠯᠴᠠᠨ᠂ ᠡᠮᠦᠨᠡᠲᠦ ᠤᠮᠠᠷᠠᠲᠤ᠎ᠤᠷᠤᠨ᠎ᠤ ᠣᠷᠣᠨ᠎ᠪᠦᠰᠡ ᠵᠢᠨ ᠰᠣᠶᠣᠯ᠎ᠤ᠋ᠨ ᠵᠥᠷᠢᠶ᠎ᠡ᠎ᠡᠴᠡ ᠪᠣᠯᠵᠤ᠂ ᠴᠠᠭᠠᠰᠤᠨ ᠬᠠᠢᠴᠢᠯᠠᠮᠠᠯ᠎ᠤᠨ ᠠᠷᠭ᠎ᠠ ᠮᠡᠷᠭᠡᠵᠢᠯ ᠨᠢ ᠴᠦ᠍ ᠮᠠᠱᠢ ᠶᠡᠬᠡ ᠢᠯᠭᠠᠭ᠎ᠠ᠎ᠲᠠᠢ ᠪᠠᠢᠬᠤ᠎ᠶᠢ ᠣᠯᠵᠤ ᠮᠡᠳᠡᠪᠡ᠂ ᠲᠡᠭᠡᠭᠡᠳ ᠬᠠᠢ ᠣᠪᠣᠭ᠍ᠲᠤ᠎ᠶᠢᠨ ᠴᠠᠭᠠᠰᠤᠨ ᠬᠠᠢᠴᠢᠯᠠᠮᠠᠯ᠎ᠢ ᠤᠯᠠᠮᠵᠢᠯᠠᠬᠤ ᠨᠢ ᠲᠡᠭᠦᠨ᠎ᠦ᠌ ᠨᠢᠭᠡ ᠨᠠᠰᠤᠨ᠎ᠤ᠋ ᠬᠥᠭᠡᠭᠡᠴᠡᠯᠳᠦᠯ ᠪᠣᠯᠤᠭᠰᠠᠨ ᠪᠠᠢᠨ᠎ᠠ᠃



QQ20250618-110053.png


《ᠡᠮᠦᠨᠡᠲᠦ ᠣᠷᠣᠨ᠎ᠤ ᠴᠠᠭᠠᠰᠤᠨ ᠬᠠᠢᠴᠢᠯᠠᠮᠠᠯ ᠨᠠᠷᠢᠯᠢᠭ ᠡᠪᠲᠡᠢ᠂ ᠨᠠᠷᠢᠨ ᠵᠦᠢᠯᠡᠰ᠎ᠤᠨ ᠰᠡᠢᠯᠦᠮᠡᠯ᠎ᠢ ᠠᠩᠬᠠᠷᠬᠤ᠎ᠳᠤ ᠤᠮᠠᠷᠠᠲᠤ᠎ᠤᠷᠤᠨ᠎ᠤ ᠴᠠᠭᠠᠰᠤᠨ ᠬᠠᠢᠴᠢᠯᠠᠮᠠᠯ ᠰᠦᠷ ᠪᠠᠳᠠᠷᠠᠭᠤᠨ ᠪᠠᠢᠬᠤ ᠵᠢ ᠨᠡᠩ ᠴᠢᠬᠤᠯᠠᠴᠢᠯᠠᠨ᠎ᠠ》ᠭᠡᠵᠦ᠍ ᠬᠠᠢ ᠵᠢᠨ ᠪᠣᠣ ᠬᠡᠯᠡᠪᠡ᠃ ᠡᠳᠡᠭᠡᠷ ᠢᠯᠭᠠᠭ᠎ᠠ ᠨᠢ ᠲᠡᠭᠦᠨ᠎ᠦ ᠬᠠᠷᠠᠭ᠎ᠠ᠎ᠶ᠋ᠢ ᠥᠷᠭᠡᠳᠭᠡᠵᠦ᠂ ᠵᠤᠬᠢᠶᠠᠨ ᠪᠦᠲᠦᠭᠡᠯᠭᠡ᠎ᠵᠢᠨ ᠪᠢᠯᠢᠭ᠎ᠢ ᠨᠢ ᠨᠡᠭᠡᠭᠡᠵᠡᠢ᠃

ᠬᠠᠢ ᠵᠢᠨ ᠪᠤᠤ ᠡᠳᠡᠭᠡᠷ ᠢᠯᠭᠠᠭ᠎ᠠ ᠵᠢ ᠰᠣᠬᠤᠷ ᠪᠠᠯᠠᠢ᠎ᠪᠠᠷ ᠳᠠᠭᠤᠷᠢᠶᠠᠭ᠍ᠰᠠᠨ ᠦᠭᠡᠢ᠂ ᠬᠠᠷᠢᠨ ᠬᠠᠢ ᠤᠪᠤᠭᠲᠤ ᠵᠢᠨ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠤᠯᠠᠮᠵᠢᠯᠠᠬᠤ᠎ᠶ᠋ᠢ ᠡᠷᠡᠰ ᠱᠢᠭᠤᠷᠬᠠᠢ᠎ᠰᠣᠩᠭᠤᠭᠰᠠᠨ ᠪᠠᠢᠳᠠᠭ᠃ ᠬᠠᠢ ᠤᠪᠤᠭᠲᠤ ᠵᠢᠨ ᠴᠠᠭᠠᠰᠤᠨ ᠬᠠᠢᠴᠢᠯᠠᠮᠠᠯ ᠪᠣᠯ ᠬᠢᠩᠭᠠᠨ ᠠᠢᠮᠠᠭ᠎ᠤᠨ ᠴᠠᠭᠠᠰᠤᠨ ᠬᠠᠢᠴᠢᠯᠠᠮᠠᠯ᠎ᠤᠨ ᠤᠷᠠᠯᠢᠭ᠎ᠤᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠨᠤᠲᠤᠭ ᠤᠰᠤᠨ᠎ᠤ᠎ᠰᠣᠶᠣᠯ ᠪᠣᠯᠤᠨ ᠲᠡᠦᠬᠡ᠎ᠶ᠋ᠢ ᠠᠴᠢᠶᠠᠯᠠᠵᠤ ᠪᠠᠢᠬᠤ ᠵᠢ ᠲᠡᠷᠡ ᠭᠦᠨᠵᠡᠭᠡᠢ ᠮᠡᠳᠡᠨ᠎ᠡ᠃ ᠬᠠᠢ ᠵᠢᠨ ᠪᠤᠤ ᠥᠪᠡᠷ᠎ᠤᠨ ᠴᠢᠷᠮᠠᠢᠯᠭ᠎ᠠ᠎ᠪᠠᠷ᠎ᠵᠢᠡᠨ ᠡᠨᠡ ᠬᠦ᠌ ᠡᠷᠲᠡᠨ᠎ᠤ ᠤᠷ᠎ᠠ ᠮᠡᠷᠭᠡᠵᠢᠯ᠎ᠢ ᠱᠢᠨ᠎ᠡ ᠴᠠᠭ ᠦᠶ᠎ᠡ᠎ᠳᠤ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠬᠤ᠎ᠪᠠᠷ ᠵᠣᠷᠢᠭ ᠱᠢᠭᠤᠳᠪᠠ᠃

ᠬᠠᠢ᠎ᠶᠢᠨ ᠪᠤᠤ ᠬᠡᠳᠦᠨ ᠠᠷᠪᠠᠨ ᠵᠢᠯ ᠳᠤᠷ᠎ᠠ ᠪᠠᠬ᠎ᠠ ᠳ᠋ᠠᠭᠠᠨ ᠬᠦᠲᠦᠯᠦᠭᠳᠡᠨ᠂ ᠰᠢᠨᠲᠠᠷᠠᠰᠢ ᠦᠭᠡᠢ ᠵᠢᠳᠭᠦᠵᠦ᠂ ᠴᠠᠭᠠᠰᠤᠨ ᠬᠠᠢᠴᠢᠯᠠᠮᠠᠯ᠎ᠤ᠋ᠨ ᠤᠷᠠᠯᠢᠭ᠎ᠤ᠋ᠨ ᠵᠠᠮ ᠳᠡᠭᠡᠷ᠎ᠡ ᠣᠮᠣᠭᠰᠢᠭᠤᠰᠢᠲᠠᠢ ᠠᠮᠵᠢᠯᠲᠠ ᠪᠦᠲᠦᠮᠵᠢ ᠭᠠᠷᠭᠠᠵᠠᠢ᠃ ᠲᠡᠷᠡ ᠣᠷᠣᠨ᠎ᠤ ᠳᠣᠲᠣᠷ᠎ᠠ ᠭᠠᠳᠠᠨᠠᠬᠢ ᠴᠠᠭᠠᠰᠤᠨ ᠬᠠᠢᠴᠢᠯᠠᠮᠠᠯ᠎ᠤᠨ ᠤᠷᠤᠯᠳᠤᠭᠠᠨ᠎ᠳᠤ ᠣᠯᠠᠨᠲᠠ ᠣᠷᠣᠯᠴᠠᠭᠠᠳ ᠱᠢᠯᠢᠳᠡᠭ ᠬᠢᠷᠢ ᠪᠦᠲᠦᠮᠵᠢ ᠣᠯᠵᠤ᠂ ᠴᠠᠭᠠᠰᠤᠨ ᠬᠠᠢᠴᠢᠯᠠᠮᠠᠯ ᠨᠢ ᠪᠠᠰᠠ ᠥᠪᠥᠷ ᠮᠣᠩᠭᠤᠯ᠎ᠤᠨ ᠮᠦᠽᠧᠶ᠎ᠶ᠋ᠢᠨ ᠬᠦᠷᠢᠶᠡᠯᠡᠩ᠎ᠳᠤ ᠳᠡᠯᠭᠡᠭᠳᠡᠭᠰᠡᠨ ᠪᠠᠢᠳᠠᠭ᠃ ᠢᠷᠠᠭᠤ ᠠᠯᠳᠠᠷ ᠪᠣᠯ ᠬᠠᠢ ᠵᠢᠨ ᠪᠤᠤ ᠵᠢᠨ ᠤᠷ᠎ᠠ ᠮᠡᠷᠭᠡᠵᠢᠯ᠎ᠢ ᠨᠤᠲᠠᠯᠠᠵᠤ ᠪᠠᠢᠭ᠎ᠠ ᠶᠠᠪᠤᠳᠠᠯ ᠮᠥᠨ᠂ ᠨᠡᠩ ᠴᠤ᠌ ᠲᠡᠭᠦᠨ᠎ᠤ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠦᠭᠰᠡᠨ᠎ᠦᠢᠯᠡ ᠠᠵᠢᠯᠯᠠᠭ᠎ᠠ ᠵᠢ ᠮᠠᠭ᠍ᠲᠠᠨ ᠰᠠᠢᠱᠢᠶᠠᠬᠰᠠᠨ ᠶᠠᠪᠤᠳᠠᠯ ᠪᠤᠯᠤᠨ᠎ᠠ᠃

ᠡᠨᠡ ᠵᠢᠯ᠎ᠤᠨ 3 ᠰᠠᠷ᠎ᠠ᠎ᠶ᠋ᠢᠨ 21 ᠤ᠋ ᠡᠳᠦᠷ ᠤᠯᠠᠭᠠᠨᠬᠤᠲᠠ᠎ᠶ᠋ᠢᠨ ᠰᠣᠶᠣᠯ᠎ᠤᠨ ᠣᠷᠳᠣᠨ᠎ᠤ ᠡᠷᠬᠢᠯᠡᠭ᠌ᠰᠡᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠬᠤ ᠴᠠᠭᠠᠰᠤᠨ ᠬᠠᠢᠴᠢᠯᠠᠮᠠᠯ᠎ᠤᠨ ᠦᠵᠡᠰᠭᠦᠯᠡᠩ ᠳᠡᠭᠡᠷ᠎ᠡ 《ᠠᠭᠤᠯᠠ  ᠤᠰᠤ ᠲᠠᠢ ᠵᠠᠯᠭᠠᠯᠳᠤᠵᠤ᠂ ᠬᠢᠩᠭᠠᠨ ᠲᠠᠢ ᠬᠤᠯᠪᠤᠭᠠᠯᠠᠨᠠᠮ》 ᠭᠡᠬᠦ᠌ ᠲᠣᠮᠣ ᠴᠠᠭᠠᠰᠤᠨ ᠬᠠᠢᠴᠢᠯᠠᠮᠠᠯ᠎ᠨᠢ ᠣᠯᠠᠨ᠎ᠤ ᠠᠩᠬᠠᠷᠤᠯ᠎ᠢ ᠡᠷᠬᠡ ᠦᠭᠡᠢ ᠲᠠᠲᠠᠪᠠ᠃ ᠡᠨᠡ ᠬᠦ᠌ ᠪᠦᠲᠦᠭᠡᠯ᠎ᠢ ᠬᠠᠢ ᠵᠢᠨ ᠪᠤᠤ ᠨᠢᠭᠡ ᠵᠢᠯ᠎ᠵᠠᠷᠤᠴᠠᠭᠤᠯᠤᠨ ᠬᠠᠢᠴᠢᠯᠠᠵᠦ ᠭᠠᠷᠭᠠᠵᠠᠢ᠂ ᠤᠷᠲᠤ ᠨᠢ 15 ᠮᠧᠲᠷ᠂ ᠥᠨᠳᠥᠷ ᠨᠢ 1 ᠮᠧᠲᠷ᠂ ᠴᠠᠭᠠᠰᠤᠨ ᠬᠠᠢᠴᠢᠯᠠᠮᠠᠯ᠎ᠳᠤᠲᠤᠷᠠᠬᠢ ᠠᠤᠭ᠎ᠠ ᠪᠦᠲᠦᠭᠡᠯ ᠭᠡᠵᠦ ᠬᠡᠯᠡᠵᠦ ᠪᠤᠯᠤᠨ᠎ᠠ᠃

ᠵᠣᠬᠢᠶᠠᠨ ᠪᠦᠲᠦᠭᠡᠬᠦ᠌ ᠶᠠᠪᠤᠴᠠ᠎ᠳᠤ᠂ ᠬᠠᠢ᠎ᠶ᠋ᠢᠨ ᠪᠦᠦ ᠬᠠᠶ ᠣᠪᠣᠭ᠍ᠲᠤ᠎ᠶ᠋ᠢᠨ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠡᠪᠲᠠᠢ ᠬᠡᠷᠡᠭ᠌ᠯᠡᠨ᠂ ᠬᠢᠩᠭᠠᠨ ᠠᠢᠮᠠᠭ᠎ᠤᠨ ᠵᠢᠭᠤᠯᠴᠢᠯᠠᠯ᠎ᠤᠨ ᠤᠬᠠᠭᠤᠯᠭ᠎ᠠ ᠵᠢᠨ ᠦᠭᠡ ᠲᠠᠢ ᠤᠶᠠᠯᠳᠤᠭᠤᠯᠤᠭᠠᠳ᠂ ᠬᠢᠩᠭᠠᠨ ᠠᠢᠮᠠᠬ᠎ᠤᠨ 6 ᠬᠤᠱᠢᠭᠤ ᠱᠢᠶᠠᠨ ᠬᠤᠲᠠ᠎ᠶ᠋ᠢᠨ ᠭᠤᠶᠣ ᠦᠵᠡᠮᠵᠢ᠂ ᠬᠤᠪᠢᠰᠭᠠᠯ᠎ᠤᠨ ᠲᠠᠯᠠᠪᠤᠷ ᠣᠷᠳᠣᠨ ᠵᠢᠴᠢ ᠪᠠᠶᠠᠯᠢᠬ ᠲᠡᠤᠬᠡ᠎ᠶ᠋ᠢᠨ ᠪᠠᠭᠤᠷᠢ᠎ᠶ᠋ᠢ ᠠᠮᠢᠳᠤᠯᠢᠭ᠎ᠢᠶᠠᠷ ᠢᠯᠡᠷᠡᠭᠦᠯᠵᠦ᠍᠂ ᠪᠦᠲᠦᠭᠡᠯ᠎ᠨᠢ ᠬᠤᠷᠴᠠ ᠲᠤᠳᠤ ᠪᠣᠰᠤᠭ᠎ᠠ ᠴᠣᠭ᠍ᠴᠠᠲᠤ ᠲᠦᠷᠦᠭᠳᠡᠯ ᠦᠭᠭᠦᠨ᠎ᠡ᠃

《ᠴᠠᠭᠠᠰᠤᠨ ᠬᠠᠢᠴᠢᠯᠠᠮᠠᠯ᠎ᠳ᠋ᠠᠭᠠᠨ ᠪᠢ ᠬᠢᠩᠭᠠᠨ ᠠᠢᠮᠠᠭ᠎ᠤᠨ ᠬᠥᠬᠡᠮᠳᠦᠭ ᠨᠣᠭᠤᠭᠠᠨ ᠠᠭᠤᠯᠠ ᠤᠰᠤ ᠪᠣᠯᠤᠨ ᠪᠠᠶᠠᠯᠢᠭ ᠰᠣᠶᠣᠯ ᠢᠷᠭᠡᠨᠱᠢᠯ᠎ᠢ ᠠᠭᠤᠰᠬᠠᠬᠤ ᠪᠡᠷ ᠪᠤᠳᠤᠯ᠎ᠠ᠂ ᠡᠨᠡ ᠪᠦᠲᠦᠭᠡᠯ ᠨᠤᠲᠤᠭ ᠤᠰᠤ᠎ᠪᠠᠨ ᠬᠠᠢᠷᠠᠯᠠᠬᠤ ᠭᠦᠨᠵᠠᠭᠡᠢ ᠵᠤᠵᠠᠭᠠᠨ ᠬᠠᠢᠷ᠎ᠠ ᠰᠡᠳᠭᠢᠯᠭᠡ ᠪᠠ ᠬᠦᠰᠡᠯ ᠵᠥᠩᠨᠡᠯ᠎ᠢ ᠮᠢᠨᠢ ᠠᠴᠢᠶᠠᠯᠠᠵᠤ ᠪᠠᠢᠨ᠎ᠠ》ᠭᠡᠵᠦ᠍ ᠬᠠᠢ ᠵᠢᠨ ᠪᠤᠤ ᠵᠤᠬᠢᠶᠠᠨ ᠪᠦᠲᠦᠭᠡᠭᠰᠡᠨ ᠵᠤᠷᠢᠯᠭ᠎ᠠ ᠵᠢᠨ ᠵᠢᠡᠨ ᠲᠤᠬᠠᠢ ᠬᠡᠯᠡᠭᠰᠡᠨ ᠪᠠᠢᠨ᠎ᠠ᠃ ᠲᠤᠰ ᠪᠦᠲᠦᠭᠡᠯ ᠤᠯᠠᠮᠵᠢᠯᠠᠯᠲᠤ ᠬᠠᠢ ᠣᠪᠣᠭ᠍ᠲᠤ᠎ᠶ᠋ᠢᠨ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠬᠡᠷᠡᠭ᠌ᠯᠡᠭ᠌ᠰᠡᠨ᠎ᠢᠶᠠᠷ ᠪᠠᠷᠠᠬᠤ ᠦᠭᠡᠢ᠂ ᠪᠠᠰᠠ ᠣᠳᠣ ᠦᠶ᠎ᠡ᠎ᠶ᠋ᠢᠨ ᠡᠯᠧᠮᠧᠨ᠋ᠲ᠎ᠢ ᠣᠷᠣᠭᠤᠯᠵᠤ᠂ ᠤᠯᠠᠮᠵᠢᠯᠠᠯᠲᠤ ᠰᠣᠶᠣᠯ᠎ᠤᠨ ᠠᠭᠤᠯᠤᠭᠳᠠᠬᠤᠨ᠎ᠲᠠᠢ ᠪᠦᠭᠡᠳ ᠪᠠᠰᠠ ᠣᠳᠣ ᠦᠶ᠎ᠡ᠎ᠶ᠋ᠢᠨ ᠬᠥᠮᠦᠰ᠎ᠤᠨ ᠭᠤᠸ᠎ᠠ ᠰᠠᠢᠬᠠᠨ᠎ᠤ ᠬᠡᠷᠡᠭ᠌ᠴᠡᠭᠡ᠎ᠳᠤ ᠨᠡᠢᠴᠡᠭᠰᠡᠨ ᠪᠠᠢᠨ᠎ᠠ᠃

ᠭᠤᠶᠠᠴᠢ ᠦᠭᠡᠢ ᠵᠢᠳᠬᠦᠨ ᠤᠯᠠᠮᠵᠢᠯᠠᠭ᠍ᠴᠢ ᠬᠦᠮᠦᠵᠢᠭᠦᠯᠪᠡ

ᠬᠠᠢ᠎ᠶ᠋ᠢᠨ ᠪᠤᠤ ᠶ᠋ᠢᠨ ᠦᠵᠡᠬᠦ᠌᠎ᠪᠠᠷ᠂ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠤᠷᠳᠤ ᠤᠳᠠᠭᠠᠨ ᠤᠯᠠᠮᠵᠢᠯᠠᠬᠤ᠎ᠳᠤ ᠡᠷᠬᠡᠪᠰᠢ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ᠂ ᠲᠠᠰᠤᠷᠠᠯᠳᠠ ᠦᠭᠡᠢ ᠱᠢᠨ᠎ᠡ᠎ᠶ᠋ᠢ ᠡᠭᠦᠳᠦᠨ᠂ ᠤᠯᠠᠮᠵᠢᠯᠠᠯᠲᠤ ᠰᠣᠶᠣᠯ᠎ᠢ ᠤᠳᠤ ᠦᠶ᠎ᠡ᠎ᠶ᠋ᠢᠨ ᠠᠮᠢᠳᠤᠷᠠᠯ᠎ᠳ᠋ᠤ ᠠᠭᠤᠰᠬᠠᠪᠠᠯ ᠰᠠᠶᠢ ᠨᠡᠩ ᠠᠷᠪᠢᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍ ᠳᠡᠢᠯᠦᠨ᠎ᠡ᠃


QQ20250618-110106.png


ᠨᠡᠩ ᠣᠯᠠᠨ ᠬᠥᠮᠦᠨ᠎ᠳ᠋ᠦ᠍ ᠴᠠᠭᠠᠰᠤᠨ ᠬᠠᠢᠴᠢᠯᠠᠮᠠᠯ᠎ᠤ᠋ᠨ ᠤᠷ᠎ᠠ ᠮᠡᠷᠭᠡᠵᠢᠯ᠎ᠢ᠋ ᠣᠢᠯᠠᠭᠠᠭᠤᠯᠵᠤ ᠤᠯᠠᠮᠵᠢᠯᠠᠬᠤ᠎ᠶᠢᠨ ᠲᠥᠯᠥᠭᠡ᠂ ᠬᠠᠢ᠎ᠶᠢᠨ ᠪᠤᠤ ᠰᠤᠷᠭᠠᠭᠤᠯᠢ᠂ ᠨᠡᠢᠭᠡᠮ ᠲᠣᠭᠣᠷᠢᠭ ᠵᠡᠷᠭᠡ ᠡᠯ᠎ᠡ ᠬᠦᠷᠢᠶᠡᠨ᠎ᠳ᠋ᠦ᠍ ᠢᠳᠡᠪᠬᠢᠲᠡᠢ ᠭᠦᠨᠵᠡᠭᠡᠢᠷᠡᠨ᠂ ᠴᠠᠭᠠᠰᠤᠨ ᠬᠠᠢᠴᠢᠯᠠᠮᠠᠯ᠎ᠤ᠋ᠨ ᠤᠷᠠᠯᠢᠭ᠎ᠤ᠋ᠨ ᠵᠢᠯᠣᠭᠣᠳᠤᠭᠴᠢ ᠪᠠᠭ᠍ᠱᠢ ᠪᠤᠯᠵᠤ᠂ ᠦᠨ᠎ᠡ ᠲᠦᠯᠦᠪᠦᠷᠢ ᠦᠭᠡᠢ᠎ᠵᠢᠭᠠᠨ ᠰᠤᠷᠭᠠᠵᠤ ᠶᠠᠪᠤᠨ᠎ᠠ᠃

ᠬᠠᠢ᠎ᠶᠢᠨ ᠪᠤᠤ ᠬᠢᠴᠢᠶᠡᠯ ᠣᠷᠣᠬᠤ ᠳ᠋ᠠᠭᠠᠨ ᠰᠤᠷᠤᠭ᠍ᠴᠢᠳ᠎ᠢ᠋ ᠬᠦᠯᠢᠴᠡᠩᠭᠦᠢ  ᠵᠢᠭᠠᠨ ᠵᠢᠯᠣᠭᠣᠳᠳᠠᠭ᠃ ᠲᠡᠭᠦᠨ᠎ᠤ ᠰᠤᠷᠤᠭ᠍ᠴᠢ ᠵᠠᠩ ᠶᠧ ᠨᠠᠨ᠄《ᠰᠤᠷᠬᠤ ᠳᠤᠷᠠᠲᠠᠶ ᠬᠦᠮᠦᠨ ᠪᠠᠢᠳᠠᠭ ᠯᠠ ᠶᠤᠮ ᠪᠣᠯ ᠬᠠᠶ ᠪᠠᠭ᠍ᠰᠢ ᠡᠷᠳᠡᠮ ᠵᠢᠡᠨ ᠬᠠᠷᠠᠮᠨᠠᠬᠤ ᠦᠭᠡᠢ ᠵᠢᠭᠠᠵᠦ ᠦᠭᠭᠦᠨ᠎ᠡ᠃ ᠵᠠᠷᠢᠮ ᠳ᠋ᠠᠭᠠᠨ ᠮᠠᠨ᠎ᠤ ᠠᠷᠭ᠎ᠠ ᠮᠡᠷᠭᠡᠵᠢᠯ ᠪᠤᠷᠤᠭᠤᠳᠠᠬᠤ ᠦᠶ᠎ᠡ᠎ᠳᠤ ᠳᠠᠬᠢᠨ ᠳᠠᠪᠲᠠᠨ ᠵᠠᠯᠠᠷᠠᠭᠤᠯᠤᠨ᠎ᠠ᠂ ᠬᠠᠶ ᠪᠠᠭ᠍ᠰᠢ ᠶᠡᠷᠦ ᠠᠭᠤᠷᠯᠠᠳᠠᠭ ᠦᠭᠡᠢ᠂ ᠲᠡᠭᠦᠨ᠎ᠤ ᠬᠡᠯᠡᠬᠦ ᠪᠡᠷ ᠡᠢᠮᠦ ᠬᠤᠪᠤᠷ ᠨᠠᠨᠳᠢᠨ ᠴᠠᠭᠠᠰᠤᠨ ᠬᠠᠢᠴᠢᠯᠠᠮᠠᠯ᠎ᠤᠨ ᠤᠷ᠎ᠠ ᠮᠡᠷᠭᠡᠵᠢᠯ᠎ᠢ ᠵᠠᠯᠭᠠᠮᠵᠢᠯᠠᠬᠤ ᠬᠥᠮᠦᠨ ᠪᠠᠢᠬᠤ ᠬᠡᠷᠡᠭᠲᠡᠢ ᠭᠡᠨ᠎ᠡ》ᠭᠡᠵᠦ᠍ ᠬᠡᠯᠡᠵᠦ᠍ ᠪᠠᠢᠯ᠎ᠠ᠃

ᠨᠡᠢᠭᠡᠮ ᠲᠣᠭᠤᠷᠢᠭ᠎ᠤᠨ ᠠᠵᠢᠯᠯᠠᠭᠠᠨ᠎ᠤ ᠲᠥᠪ᠎ᠲᠤ ᠴᠤ᠌ ᠲᠡᠷᠡ᠂ ᠰᠤᠷᠭᠠᠭᠤᠯᠢ᠎ᠶ᠋ᠢᠨ ᠬᠢᠴᠢᠶᠡᠯ᠎ᠤᠨ ᠲᠠᠩᠬᠢᠮ ᠳ᠋ᠦ ᠴᠦ᠍ ᠲᠡᠷᠡ᠂ ᠬᠠᠢ᠎ᠶ᠋ᠢᠨ ᠪᠦᠦ ᠵᠢᠭᠠᠨ ᠰᠤᠷᠭᠠᠯᠲᠠ ᠪᠡᠷ ᠳᠠᠮᠵᠢᠨ᠂ ᠠᠭᠠᠵᠢᠮ ᠵᠢᠡᠷ ᠤᠯᠠᠨ᠎ᠳᠤ ᠴᠠᠭᠠᠰᠤᠨ ᠬᠠᠢᠴᠢᠯᠠᠮᠠᠯ᠎ᠢ ᠣᠢᠯᠠᠭᠠᠭᠤᠯᠵᠤ᠂ ᠴᠠᠭᠠᠰᠤᠨ ᠬᠠᠢᠴᠢᠯᠠᠮᠠᠯ᠎ᠳᠤ ᠳᠤᠷ᠎ᠠ ᠪᠠᠬ᠎ᠠ ᠲᠠᠢ ᠪᠤᠯᠭᠠᠨ᠂ ᠴᠠᠭᠠᠰᠤᠨ ᠬᠠᠢᠴᠢᠯᠠᠮᠠᠯ᠎ᠢ ᠤᠯᠠᠮᠵᠢᠯᠠᠵᠤ ᠪᠠᠢᠨ᠎ᠠ᠃

ᠬᠠᠢ᠎ᠶᠢᠨ ᠪᠤᠤ ᠵᠢᠨ ᠭᠤᠶᠠᠴᠢ ᠦᠭᠡᠢ ᠵᠢᠳᠭᠦᠯ ᠪᠠ ᠨᠠᠷᠢᠨ ᠨᠢᠮᠪᠠᠢ ᠵᠢᠯᠣᠭᠣᠳᠤᠯᠭ᠎ᠠ ᠨᠢ ᠦᠯᠡᠮᠵᠢ ᠦᠷ᠎ᠡ ᠪᠦᠲᠦᠮᠵᠢ ᠤᠯᠵᠠᠢ᠃ ᠣᠳᠣ ᠲᠡᠭᠦᠨ᠎ᠤ ᠮᠠᠰᠢ ᠣᠯᠠᠨ ᠰᠤᠷᠤᠭᠴᠢ ᠨᠢ ᠴᠠᠭᠠᠰᠤᠨ ᠬᠠᠢᠴᠢᠯᠠᠮᠠᠯ᠎ᠤᠨ ᠤᠷᠠᠯᠢᠭ᠎ᠤᠨ ᠲᠠᠯ᠎ᠠ᠎ᠪᠠᠷ ᠢᠯᠡᠳᠲᠡ ᠳᠠᠪᠱᠢᠯᠲᠠ᠎ᠲᠠᠢ ᠪᠣᠯᠵᠤ᠂ ᠵᠠᠷᠢᠮ ᠱᠠᠪᠢ ᠨᠢ ᠪᠠᠰᠠ ᠤᠯᠠᠮᠵᠢᠯᠠᠭ᠍ᠴᠢ᠎ᠶ᠋ᠢᠨ ᠬᠢᠷᠢ ᠬᠡᠮ ᠣᠯᠵᠤ᠂ ᠴᠠᠭᠠᠰᠤᠨ ᠬᠠᠢᠴᠢᠯᠠᠮᠠᠯ᠎ᠤᠨ ᠤᠷᠠᠯᠢᠭ᠎ᠢ ᠤᠯᠠᠮᠵᠢᠯᠠᠬᠤ ᠱᠢᠨ᠎ᠡ ᠬᠦᠴᠦᠨ ᠪᠣᠯᠤᠭ᠍ᠰᠠᠨ ᠪᠠᠢᠨ᠎ᠠ᠃ ᠪᠠᠰᠠ ᠵᠠᠷᠢᠮ ᠶᠠᠳᠠᠭᠤ᠎ᠠᠴᠠ ᠠᠩᠭᠢᠵᠢᠷᠠᠭ᠍ᠰᠠᠨ ᠣᠯᠠᠨ ᠲᠦᠮᠡᠨ ᠴᠠᠭᠠᠰᠤᠨ ᠬᠠᠢᠴᠢᠯᠠᠮᠠᠯ ᠰᠤᠷᠴᠤ᠂ ᠨᠢᠭᠡ ᠵᠦᠢᠯ᠎ᠤᠨ ᠭᠠᠷ ᠤᠷᠠᠯᠠᠯ᠎ᠢ ᠡᠵᠡᠮᠱᠢᠭᠡᠳ᠂ ᠣᠷᠣᠯᠭ᠎ᠠ᠎ᠪᠠᠨ ᠨᠡᠮᠡᠭ᠌ᠳᠡᠭᠦᠯᠵᠦ᠍ ᠠᠮᠢᠳᠤᠷᠠᠯ᠎ᠵᠢᠡᠨ ᠰᠠᠢᠵᠢᠷᠠᠭᠤᠯᠵᠠᠶ᠃


QQ20250618-110127.png


《ᠡᠳᠡᠭᠡᠷ ᠵᠢᠯ᠎ᠤᠳ᠎ᠲᠤ᠌ ᠪᠢ ᠮᠠᠰᠢ ᠣᠯᠠᠨ ᠰᠤᠷᠤᠭ᠍ᠴᠢ ᠵᠢ ᠳᠠᠭᠠᠭᠤᠯᠵᠤ ᠰᠤᠷᠭᠠᠯ᠎ᠠ᠂ ᠲᠡᠳᠡᠨ᠎ᠤ ᠴᠠᠭᠠᠰᠤᠨ ᠬᠠᠢᠴᠢᠯᠠᠮᠠᠯ᠎ᠤᠨ ᠤᠷᠠᠯᠢᠭ᠎ᠤᠨ ᠲᠠᠯ᠎ᠠ᠎ᠪᠠᠷ ᠠᠮᠵᠢᠯᠲᠠ ᠪᠦᠲᠦᠮᠵᠢ ᠣᠯᠤᠭ᠍ᠰᠠᠨ᠎ᠢ ᠦᠵᠡᠭᠡᠳ ᠰᠡᠳᠬᠢᠯ᠎ᠤᠨ ᠤᠭ ᠡᠴᠡ ᠪᠠᠨ ᠪᠠᠶᠠᠷᠯᠠᠵᠤ ᠪᠠᠢᠨ᠎ᠠ》ᠭᠡᠵᠦ᠍ ᠬᠠᠢ ᠵᠢᠨ ᠪᠤᠤ ᠶᠠᠷᠢᠵᠦ ᠪᠠᠢᠯ᠎ᠠ᠃ ᠬᠠᠢ ᠵᠢᠨ ᠪᠤᠤ ᠵᠢᠨ ᠦᠵᠡᠬᠦ ᠪᠡᠷ᠂ ᠲᠡᠭᠦᠨ᠎ᠤ ᠴᠢᠷᠮᠠᠢᠯᠭ᠎ᠠ᠎ᠲᠠᠯᠠᠭᠠᠷ ᠪᠣᠯᠤᠭᠰᠠᠨ ᠦᠭᠡᠢ᠂ ᠨᠠᠩ ᠣᠯᠠᠨ ᠬᠥᠮᠦᠨ᠎ᠳᠤ ᠴᠠᠭᠠᠰᠤᠨ ᠬᠠᠢᠴᠢᠯᠠᠮᠠᠯ᠎ᠤᠨ ᠤᠷᠠᠯᠢᠭ᠎ᠢ ᠣᠢᠯᠠᠭᠠᠭᠤᠯᠵᠤ᠂ ᠲᠡᠳᠡᠨ᠎ᠢ ᠳᠤᠷ᠎ᠠ ᠪᠠᠬ᠎ᠠ ᠲᠠᠢ ᠪᠤᠯᠭᠠᠨ᠂ ᠡᠨᠡ ᠬᠦ᠌ ᠤᠷ᠎ᠠ ᠮᠡᠷᠭᠡᠵᠢᠯ᠎ᠢ ᠤᠯᠠᠮᠵᠢᠯᠠᠬᠤ ᠪᠣᠯ ᠲᠡᠭᠦᠨ᠎ᠤ ᠬᠠᠮᠤᠭ᠎ᠤᠨ ᠶᠡᠭᠡ ᠬᠦᠰᠡᠯ ᠭᠡᠨ᠎ᠡ᠃ ᠨᠢᠭᠡ ᠬᠠᠭᠤᠳᠠᠰᠤ ᠤᠯᠠᠭᠠᠨ ᠴᠠᠭᠠᠰᠤ᠎ᠪᠠᠷ ᠳᠡᠯᠭᠡᠷ ᠬᠤᠷᠸ᠎ᠠ ᠵᠢ ᠬᠠᠢ᠍ᠢᠴᠢᠯᠠᠨ ᠭᠠᠷᠭᠠᠵᠤ ᠳᠡᠢᠯᠦᠨ᠎ᠡ᠃ ᠤᠯᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ ᠬᠠᠢ ᠤᠪᠤᠭ᠍ᠳᠤ᠎ᠶ᠋ᠢᠨ ᠴᠠᠭᠠᠰᠤᠨ ᠬᠠᠢᠴᠢᠯᠠᠮᠠᠯ᠎ᠱᠢᠨ᠎ᠡ ᠴᠠᠭ ᠦᠶ᠎ᠡ᠎ᠳᠤ ᠯᠠᠪᠲᠠᠢ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ ᠭᠡᠳᠡᠭ  ᠲᠤ᠌  ᠲᠠᠷᠠ ᠢᠳᠡᠭᠡᠯ ᠲᠡᠭᠦᠯᠳᠡᠷ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号