ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ ᠡᠬᠢᠯᠡᠭ᠌ᠰᠡᠨ᠎ᠡᠴᠡ ᠨᠠᠭᠠᠰᠢ᠂ ᠮᠠᠨ᠎ᠤ ᠣᠷᠣᠨ᠎ᠤ ᠡᠯ᠎ᠡ ᠭᠠᠵᠠᠷ᠎ᠤᠨ ᠬᠢᠨ ᠠᠰᠠᠭᠤᠳᠠᠯ᠎ᠢ ᠪᠠᠢᠴᠠᠭᠠᠨ ᠳᠡᠯᠭᠡᠬᠦ᠌᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠳᠤᠮᠳᠠ᠂ ᠬᠠᠲᠠᠭᠤ᠎ᠲᠠᠶ ᠨᠢ ᠬᠠᠯᠳᠠᠵᠤ᠂ ᠦᠨᠡᠨ ᠬᠦ᠌ ᠥᠭᠡᠷᠡᠴᠢᠯᠡᠨ ᠪᠣᠳᠠᠲᠠᠢ ᠰᠠᠢᠵᠢᠷᠠᠭᠤᠯᠵᠤ᠂ ᠰᠤᠷᠤᠯᠴᠠᠯᠭ᠎ᠠ ᠬᠥᠮᠦᠵᠢᠯ᠎ᠢ ᠲᠠᠰᠤᠷᠠᠯᠳᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠦᠵᠡᠯ ᠰᠠᠨᠠᠭ᠎ᠠ᠎ᠪᠠᠨ ᠲᠠᠬᠢᠨ ᠭᠦᠨᠵᠡᠭᠡᠢᠷᠡᠭᠦᠯᠬᠦ᠌᠂ ᠠᠷᠭ᠎ᠠ ᠬᠡᠮᠵᠢᠶ᠎ᠡ᠎ᠪᠡᠨ ᠲᠠᠬᠢᠨ ᠪᠣᠳᠠᠲᠠᠢᠵᠢᠭᠤᠯᠬᠤ᠂ ᠰᠤᠷᠲᠠᠯ᠎ᠢᠶᠠᠨ ᠲᠠᠬᠢᠨ ᠴᠢᠩᠭᠠᠳᠭᠠᠬᠤ᠎ᠶ᠋ᠢ ᠬᠦᠴᠦᠲᠡᠢ ᠠᠬᠢᠭᠤᠯᠵᠤ᠂ ᠴᠢᠩᠭ᠎ᠠ ᠪᠣᠳᠠᠲᠠᠢ ᠰᠤᠷᠲᠠᠯ᠎ᠢᠶᠠᠷ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ᠂ ᠠᠵᠢᠯ ᠬᠢᠵᠦ᠍ ᠦᠢᠯᠡᠰ ᠪᠤᠰᠭᠠᠵᠤ᠂ ᠱᠢᠨ᠎ᠡ ᠳᠦᠷᠰᠦ ᠪᠠᠢᠳᠠᠯ᠂ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠪᠡ᠃
ᠬᠥᠬᠡᠬᠣᠲᠠ᠎ᠶ᠋ᠢᠨ ᠬᠣᠷᠢᠨᠭᠡᠷ ᠱᠢᠶᠠᠨ ᠠᠯᠪᠠᠨ ᠶᠠᠪᠤᠳᠠᠯ᠎ᠳᠤ ᠬᠡᠷᠡᠭ᠌ᠯᠡᠬᠦ᠌ ᠲᠡᠷᠭᠡ᠎ᠶ᠋ᠢᠨ ᠬᠡᠷᠡᠭ᠌ᠯᠡᠯᠲᠡ ᠬᠠᠮᠢᠶᠠᠷᠤᠯᠲᠠ᠎ᠶ᠋ᠢ ᠵᠢᠷᠤᠮᠵᠢᠭᠤᠯᠬᠤ᠎ᠶ᠋ᠢ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠲᠦᠷᠢᠮ᠎ᠦᠨ ᠱᠢᠨ᠎ᠡ᠎ᠶ᠋ᠢ ᠡᠭᠦᠳᠬᠦ᠌ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠴᠢᠳᠠᠪᠤᠷᠢ ᠣᠯᠭᠣᠬᠤ ᠬᠤᠤᠰ ᠬᠦᠷᠳᠦ᠍᠎ᠪᠡᠷ ᠬᠥᠳᠡᠯᠭᠡᠭᠦᠷ ᠪᠣᠯᠭᠠᠵᠤ᠂ ᠠᠯᠪᠠᠨ ᠶᠠᠪᠤᠳᠠᠯ᠎ᠳᠤ ᠬᠡᠷᠡᠭ᠌ᠯᠡᠬᠦ᠌ ᠲᠡᠷᠭᠡ᠎ᠶ᠋ᠢᠨ ᠬᠠᠮᠢᠶᠠᠷᠤᠯᠳᠠ ᠵᠢ ᠰᠤᠷᠲᠠᠯ᠎ᠤᠨ ᠪᠠᠢᠭᠤᠯᠤᠯᠲᠠ᠎ᠶ᠋ᠢᠨ ᠵᠠᠮ ᠳᠡᠭᠡᠷᠡᠬᠢ ᠴᠢᠬᠤᠯᠠ ᠠᠭᠤᠯᠭ᠎ᠠ ᠪᠤᠯᠭᠠᠪᠠ᠃ ᠲᠣᠰ ᠱᠢᠶᠠᠨ ᠠᠯᠪᠠᠨ ᠶᠠᠪᠤᠳᠠᠯ᠎ᠳᠤ ᠬᠡᠷᠡᠭ᠌ᠯᠡᠬᠦ᠌ ᠲᠡᠷᠭᠡ᠎ᠶ᠋ᠢᠨ《ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢᠨ ᠲᠦᠷᠢᠮ》 ᠪᠠ 《ᠵᠢᠯᠣᠭᠣᠴᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠭᠡᠬᠦ᠌ ᠬᠣᠶᠠᠷ ᠶᠡᠬᠡ ᠭᠤᠤᠯᠯᠠᠬᠤ ᠵᠢᠷᠤᠮᠵᠢᠯᠳᠤ ᠵᠠᠰᠠᠪᠤᠷᠢ ᠣᠷᠣᠭᠤᠯᠤᠨ ᠨᠡᠢᠲᠡᠯᠡᠵᠦ᠍᠂ ᠡᠮᠦᠨᠡᠬᠢ᠎ᠨᠢ《ᠬᠤᠳᠠᠯᠳᠤᠨ ᠠᠪᠬᠤ᠎ᠶ᠋ᠢ ᠬᠢᠨᠠᠨ ᠵᠥᠪᠱᠢᠶᠡᠷᠡᠬᠦ᠌ — ᠳᠣᠭᠢᠷᠠᠭᠤᠯᠤᠨ ᠬᠡᠷᠡᠭ᠌ᠯᠡᠬᠦ᠌ — ᠰᠡᠯᠪᠢᠨ ᠵᠠᠰᠠᠵᠤ ᠱᠢᠶ᠋ᠳᠪᠦᠷᠢᠯᠡᠬᠦ᠌》 ᠪᠥᠬᠥ᠌ ᠦᠶᠡᠯᠡᠯ᠎ᠦᠨ ᠬᠤᠭᠤᠴᠠᠭ᠎ᠠ ᠵᠢᠨ ᠬᠢᠨᠠᠯᠲᠠ ᠬᠠᠮᠢᠶᠠᠷᠤᠯᠲᠠ᠎ᠶ᠋ᠢᠨ ᠬᠡᠯᠬᠢᠶ᠎ᠡ᠎ᠶ᠋ᠢ ᠲᠣᠳᠣᠷᠬᠠᠶ ᠲᠣᠭ᠍ᠲᠠᠭᠠᠵᠤ᠂ ᠬᠣᠢᠨᠠᠬᠢ᠎ᠨᠢ ᠵᠢᠯᠣᠭᠣᠴᠢ᠎ᠶ᠋ᠢᠨ ᠦᠶ᠋ᠯᠡ ᠠᠵᠢᠯᠯᠠᠭ᠎ᠠ᠎ᠶ᠋ᠢᠨ 《ᠨᠠᠵᠠᠭᠠᠶ ᠲᠠᠯ᠎ᠠ᠎ᠶ᠋ᠢᠨ ᠨᠠᠷᠢᠨ ᠲᠠᠩᠰᠠ》 ᠶ᠋ᠢ ᠪᠠᠢᠭᠤᠯᠵᠤ᠂ 《ᠵᠠᠯᠠᠭᠤᠷ》 ᠪᠠ 《ᠰᠤᠷᠲᠠᠯ》 ᠢ᠋ ᠨᠢᠭ᠍ᠲᠠ ᠡᠵᠡᠮᠳᠡᠪᠡ᠃ ᠪᠥᠬᠥ᠌ ᠱᠢᠶᠠᠨ᠎ᠤ ᠠᠯᠪᠠᠨ ᠲᠡᠷᠭᠡ᠎ᠶ᠋ᠢ ᠴᠥᠮ ᠬᠠᠮᠢᠶᠠᠷᠤᠯᠲᠠ᠎ᠶ᠋ᠢᠨ ᠲᠠᠪᠴᠠᠩ᠎ᠳᠤ ᠣᠷᠣᠭᠤᠯᠵᠤ᠂ ᠳᠣᠬᠢᠭᠤᠷ ᠲᠤᠯᠤᠭᠠᠨ ᠣᠲᠣ ᠣᠷᠣᠨ ᠪᠠᠢᠷᠢ ᠲᠣᠭ᠍ᠲᠠᠭᠠᠬᠤ ᠱᠢᠰᠲ᠋ᠧᠮ᠎ᠳᠦ ᠲᠦᠱᠢᠭ᠌ᠯᠡᠨ᠂ 《ᠬᠥᠮᠦᠨ ᠲᠡᠷᠭᠡ᠎ᠶ᠋ᠢ ᠬᠠᠷᠠᠵᠤ ᠪᠠᠢᠭ᠍ᠰᠠᠨ》 ᠡᠴᠡ《ᠡᠭᠦᠯᠡᠨ ᠲᠠᠪᠴᠠᠩ᠎ᠢᠶᠠᠷ ᠮᠠᠱᠢᠨ ᠲᠡᠷᠭᠡ᠎ᠶ᠋ᠢ ᠬᠢᠨᠠᠬᠤ》ᠣᠶᠤᠨᠴᠢ ᠬᠠᠮᠢᠶᠡᠷᠤᠯᠳᠠ ᠵᠢᠨ ᠳᠠᠪᠠᠯᠲᠠ᠎ᠶ᠋ᠢ ᠪᠡᠶᠡᠯᠡᠭᠦᠯᠵᠦ᠍᠂ ᠵᠠᠮ ᠮᠥᠷ᠎ᠢ ᠵᠠᠳᠠᠯᠬᠤ᠂ ᠲᠣᠰᠣᠨ᠎ᠤ ᠬᠣᠷᠣᠭ᠍ᠳᠠᠯ᠎ᠢ ᠬᠢᠨᠠᠨ ᠬᠡᠮᠵᠢᠬᠦ᠌᠂ ᠣᠷᠣᠨ ᠪᠦᠰᠡ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠭᠤᠷᠪᠠᠨ ᠳᠠᠪᠬᠤᠷ ᠪᠤᠳᠤᠬᠤ ᠠᠷᠭ᠎ᠠ᠎ᠪᠠᠷ ᠳᠠᠮᠵᠢᠨ᠂ ᠬᠡᠪ᠎ᠦᠨ ᠪᠤᠰᠤ ᠴᠠᠭ᠎ᠲᠤ ᠲᠣᠰᠣ ᠨᠡᠮᠡᠬᠦ᠌᠂ ᠬᠡᠪ᠎ᠦᠨ ᠪᠤᠰᠤ ᠣᠷᠣᠨ ᠪᠦᠰᠡ᠎ᠳᠦ ᠵᠣᠭ᠍ᠰᠣᠬᠤ ᠵᠡᠷᠭᠡ ᠲᠦᠭ᠌ᠰᠢᠭᠦᠷᠢ᠎ᠶ᠋ᠢᠨ ᠳᠣᠬᠢᠶ᠎ᠠ᠎ᠶ᠋ᠢ ᠣᠨᠣᠪᠴᠢᠲᠠᠶ ᠮᠦᠷᠳᠡᠨ ᠣᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠳᠤᠷ᠎ᠠ ᠵᠣᠷᠢᠭ᠎ᠢᠶᠠᠷ᠎ᠢᠶᠠᠨ ᠡᠷᠬᠡ᠎ᠶ᠋ᠢ ᠬᠡᠷᠡᠭᠯᠡᠬᠦ ᠵᠢ ᠬᠢᠵᠠᠭᠠᠷᠯᠠᠪᠠ᠃ 《ᠪᠠᠳᠤ ᠴᠢᠩᠭ᠎ᠠ ᠭᠤᠷᠪᠠᠨ ᠬᠠᠷᠠᠭᠠᠰᠤ》 ᠵᠢᠨ ᠬᠢᠨᠠᠯᠲᠠ ᠲᠠᠯᠪᠢᠬᠤ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠵᠤ᠂ ᠡᠬᠡ ᠲᠠᠩᠰᠠ᠎ᠶ᠋ᠢ ᠭᠡᠳᠡᠷᠭᠦ᠌ ᠪᠠᠢᠴᠠᠭᠠᠬᠤ᠂ ᠵᠠᠮ ᠮᠥᠷ᠎ᠢ᠎ᠨᠢ ᠮᠥᠷᠳᠡᠬᠦ᠌᠂ ᠲᠣᠰᠣᠨ ᠺᠠᠷᠲ᠎ᠢᠶᠠᠷ ᠬᠠᠷᠭᠤᠭᠤᠯᠤᠨ ᠪᠤᠳᠤᠬᠤ 《ᠭᠤᠷᠪᠠ᠎ᠶ᠋ᠢ ᠨᠢᠭᠡ ᠴᠣᠭ᠍ᠴᠠᠵᠢᠭᠤᠯᠤᠭ᠍ᠰᠠᠨ》 ᠬᠠᠷᠭᠤᠭᠤᠯᠤᠨ ᠪᠠᠢᠴᠠᠭᠠᠬᠤ ᠠᠷᠭ᠎ᠠ᠎ᠪᠠᠷ ᠳᠠᠮᠵᠢᠨ᠂ ᠳᠠᠯᠳᠠᠭᠤᠷ ᠪᠤᠶᠤ ᠬᠡᠯᠪᠡᠷᠢ ᠵᠢ ᠨᠢ ᠦᠬᠡᠷᠡᠳᠦᠬᠦᠯᠦᠨ ᠲᠤᠬᠳᠠᠭᠠᠯ ᠡᠴᠡ ᠵᠦᠷᠢᠴᠡᠬᠦ ᠠᠰᠠᠭᠤᠳᠠᠯ᠎ᠢ 《ᠤᠷᠤᠬᠤ ᠭᠠᠵᠠᠷ ᠥᠬᠡᠶ》 ᠪᠣᠯᠭᠠᠪᠠ᠃ ᠲᠤᠰᠭᠠᠢ ᠱᠠᠯᠠᠪᠳᠠᠭᠤᠯᠤᠭᠰᠠᠨ ᠪᠠᠢᠴᠠᠭᠠᠯᠲᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ 22 ᠬᠠᠷᠢᠭᠤᠴᠠᠯᠭᠠᠲᠠᠨ ᠳ᠋ᠤ ᠵᠣᠬᠢᠶᠠᠨ ᠪᠠᠢᠭᠤᠯᠤᠯᠲᠠ ᠵᠢᠨ ᠱᠢᠢᠳᠬᠡᠯ ᠦᠭᠴᠤ᠂ ᠲᠦᠷᠢᠮ᠎ᠦᠨ ᠲᠣᠣᠷ᠎ᠢ ᠤᠯᠠᠮ᠎ᠡᠴᠡ ᠤᠯᠠᠮ ᠨᠢᠭ᠍ᠲᠠ ᠰᠦᠯᠵᠢᠵᠤ᠂ ᠬᠢᠨᠠᠯᠲᠠ ᠲᠠᠯᠪᠢᠬᠤ ᠬᠤᠷᠴᠠ ᠰᠡᠯᠡᠮ᠎ᠡ᠎ᠶ᠋ᠢ ᠪᠠᠢᠩᠭᠤ ᠦᠨᠳᠦᠷ ᠲᠤ᠌ ᠡᠯᠬᠦᠪᠠ᠃
ᠱᠢᠯᠢ᠎ᠶ᠋ᠢᠨ ᠭᠤᠤᠯ ᠠᠢᠮᠠᠭ᠎ᠤᠨ ᠱᠢᠯᠢᠩᠬᠣᠲᠠ ᠠᠯᠪᠠᠨ ᠶᠠᠪᠤᠳᠠᠯ᠎ᠤᠨ ᠲᠡᠷᠭᠡ ᠲᠦᠷᠢᠶᠡᠰᠦᠯᠡᠬᠦ᠌ ᠲᠠᠯ᠎ᠠ᠎ᠪᠠᠷ ᠬᠢ ᠬᠢᠨᠠᠯᠳᠠ ᠬᠠᠮᠢᠶᠠᠷᠤᠯᠲᠠ᠎ᠶ᠋ᠢ ᠪᠣᠳᠠᠲᠠᠢᠵᠢᠭᠤᠯᠤᠭ᠍ᠰᠠᠨ ᠥᠬᠡᠶ᠂ ᠲᠦᠷᠢᠶᠡᠰᠦᠯᠡᠭᠰᠡᠨ ᠲᠡᠷᠭᠡ᠎ᠶ᠋ᠢ ᠠᠯᠪᠠᠨ ᠶᠠᠪᠤᠳᠠᠯ᠎ᠤᠨ ᠲᠡᠷᠭᠡ᠎ᠶ᠋ᠢᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠤᠨ ᠬᠠᠮᠢᠶᠠᠷᠤᠯᠲᠠ᠎ᠳᠤ ᠣᠷᠣᠭᠤᠯᠤᠭ᠍ᠰᠠᠨ ᠥᠬᠡᠶ ᠵᠡᠷᠭᠡ ᠠᠰᠠᠭᠤᠳᠠᠯ᠎ᠳᠤ ᠴᠢᠭᠯᠡᠭᠦᠯᠦᠨ᠂ ᠪᠦᠬᠦ᠌ ᠬᠣᠲᠠ᠎ᠶ᠋ᠢᠨ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ᠂ 《ᠱᠢᠯᠢᠩᠬᠣᠲᠠ᠎ᠶ᠋ᠢᠨ ᠨᠠᠮ ᠵᠠᠰᠠᠭ᠎ᠤᠨ ᠪᠠᠢᠭᠤᠯᠭ᠎ᠠ ᠨᠢᠭᠡᠴᠢ᠎ᠶ᠋ᠢᠨ ᠨᠡᠢᠭᠡᠮᠴᠢᠯᠡᠭ᠌ᠰᠡᠨ ᠲᠡᠷᠭᠡ ᠲᠦᠷᠢᠶᠡᠰᠦᠯᠡᠬᠦ᠌ ᠪᠠᠲᠤᠯᠠᠭ᠎ᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠬᠡᠷᠡᠭ᠌ᠵᠢᠭᠦᠯᠬᠦ᠌ ᠨᠠᠷᠢᠨ ᠳᠦᠷᠢᠮ》 ᠢ᠋ ᠲᠣᠭ᠍ᠲᠠᠭᠠᠨ ᠨᠡᠢᠲᠡᠯᠡᠵᠦ᠂ ᠲᠦᠷᠢᠶᠡᠰᠦᠯᠡᠬᠦ ᠵᠢ ᠬᠡᠷᠡᠭᠵᠢᠬᠦᠯᠬᠦ ᠬᠡᠪᠴᠢᠶ᠎ᠡ᠂ ᠱᠠᠲᠤ ᠬᠤᠪᠢᠶᠠᠨ ᠬᠢᠨᠠᠨ ᠵᠥᠪᠱᠢᠶᠡᠷᠡᠬᠦ᠌ ᠡᠷᠬᠡ ᠮᠡᠳ᠋ᠡᠯ᠂ ᠨᠢᠭᠡᠳᠦᠯᠲᠡᠶ ᠵᠠᠷᠤᠳᠠᠯ᠎ᠤᠨ ᠪᠠᠷᠢᠮᠵᠢᠶ᠎ᠠ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠵᠢ ᠭᠤᠤᠯᠳᠠᠯᠭ᠎ᠠ᠎ᠲᠠᠶ ᠲᠣᠳᠣᠷᠬᠠᠢᠯᠠᠵᠤ᠂ ᠮᠡᠳᠡᠭᠡ ᠵᠠᠩᠭᠢᠴᠢᠯᠠᠯᠲᠠ᠎ᠶ᠋ᠢᠨ ᠬᠠᠮᠢᠶᠠᠷᠤᠯᠲᠠ᠎ᠶ᠋ᠢᠨ ᠲᠠᠪᠴᠠᠩ ᠪᠠ ᠬᠠᠮᠲᠤᠷᠠᠨ ᠱᠠᠯᠠᠪᠳᠠᠭᠤᠯᠤᠨ ᠪᠠᠢᠴᠠᠭᠠᠬᠤ ᠲᠣᠭ᠍ᠲᠠᠴᠠ᠎ᠶ᠋ᠢ ᠵᠡᠷᠭᠡ᠎ᠪᠡᠷ ᠪᠠᠢᠭᠤᠯᠵᠤ᠂ ᠲᠡᠷᠭᠡ ᠲᠦᠷᠢᠶᠡᠰᠦᠯᠡᠬᠦ᠎ᠳᠤ ᠵᠢᠷᠤᠮᠵᠢᠯ ᠦᠭᠡᠢ ᠪᠠᠢᠬᠤ ᠠᠰᠠᠭᠤᠳᠠᠯ᠎ᠢ ᠦᠨᠳᠦᠰᠦᠨ᠎ᠡᠴᠡ ᠨᠢ ᠱᠢᠶ᠋ᠳᠪᠦᠷᠢᠯᠡᠪᠡ᠃ ᠡᠭᠦᠨ᠎ᠦ ᠬᠠᠮᠲᠤ᠂ ᠱᠢᠯᠢᠩᠬᠣᠲᠠ ᠪᠠᠰᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠶ᠋ᠢᠨ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ᠂ ᠲᠡᠷᠬᠡ ᠲᠦᠷᠢᠶᠡᠰᠦᠯᠡᠬᠦ ᠮᠡᠳᠡᠭᠡ ᠵᠠᠩᠭᠢᠴᠢᠯᠠᠯᠲᠠ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠵᠤ᠂ ᠲᠤᠬᠠᠢᠯᠠᠭ᠍ᠰᠠᠨ ᠠᠵᠢᠯ ᠤᠨ ᠭᠤᠶᠤᠴᠢᠯᠠᠬᠤ᠂ ᠬᠢᠨᠠᠨ ᠵᠥᠪᠱᠢᠶᠡᠷᠡᠬᠦ᠌ ᠵᠢᠴᠢ ᠲᠣᠬᠢᠷᠠᠭᠤᠯᠤᠯᠲᠠ ᠬᠢᠬᠦ᠌ ᠪᠥᠬᠥ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠪᠡᠶᠡᠯᠡᠭᠦᠯᠵᠦ᠍᠂ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠬᠤ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃ ᠠᠵᠢᠯᠯᠠᠭᠠᠨ᠎ᠤ ᠲᠣᠭ᠍ᠲᠠᠴᠠ᠎ᠶ᠋ᠢᠨ ᠲᠠᠯ᠎ᠠ᠎ᠪᠠᠷ᠂ 《ᠠᠬᠤᠢ ᠲᠠᠯᠠᠪᠠᠢ ᠳ᠋ᠤ ᠬᠢᠨᠠᠨ ᠪᠠᠢᠴᠠᠭᠠᠬᠤ + ᠰᠦᠯᠵᠢᠶᠡᠨ ᠳᠡᠭᠡᠷ᠎ᠠ ᠮᠥᠷᠳᠡᠬᠦ᠌》 ᠬᠤᠤᠰ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠵᠦ᠍᠂ ᠲᠡᠷᠭᠡ ᠬᠥᠰᠭᠡ᠎ᠶ᠋ᠢᠨ ᠬᠠᠮᠢᠶᠠᠷᠤᠯᠲᠠ᠎ᠵᠢᠨ ᠢᠯᠡ ᠲᠣᠳᠣ᠂ ᠱᠢᠨᠵᠢᠯᠡᠬᠦ᠌ ᠤᠬᠠᠭᠠᠨᠴᠢᠯᠠᠭ᠍ᠰᠠᠨ ᠬᠢᠷᠢ ᠲᠦᠪᠰᠢᠨ᠎ᠢ ᠳᠡᠭᠡᠭ᠌ᠰᠢᠯᠡᠭᠦᠯᠪᠡ᠃ ᠲᠡᠷᠭᠡ ᠬᠥᠰᠭᠡ᠎ᠳᠦ GPS ᠣᠷᠣᠨ ᠪᠠᠢᠷᠢ ᠵᠢ ᠲᠣᠭ᠍ᠲᠠᠭᠠᠬᠤ ᠲᠥᠬᠥᠭᠡᠷᠦᠮᠵᠢ ᠨᠡᠮᠡᠵᠦ᠍ ᠤᠭ᠍ᠰᠠᠷᠠᠬᠤ᠂ 《ᠠᠯᠪᠠᠨ ᠶᠠᠪᠤᠳᠠᠯ᠎ᠤᠨ ᠲᠡᠷᠭᠡ》 ᠳ᠋ᠤ ᠢᠯᠡᠳᠬᠡᠮᠵᠢ ᠲᠡᠮᠳᠡᠭ ᠡᠯᠭᠦᠬᠦ᠌᠂ ᠶᠠᠪᠤᠬᠤ ᠵᠠᠮ ᠮᠥᠷ᠂ ᠲᠡᠷᠭᠡ ᠬᠥᠰᠭᠡ᠎ᠶ᠋ᠢᠨ ᠣᠷᠣᠨ ᠪᠠᠢᠷᠢ ᠵᠡᠷᠭᠡ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠴᠤᠭ᠍ᠯᠠᠭᠤᠯᠬᠤ᠎ᠪᠠᠷ ᠳᠠᠮᠵᠢᠨ᠂ ᠬᠥᠳᠡᠯᠦᠩᠭᠦᠶ᠎ᠪᠡᠷ ᠪᠠᠢᠴᠠᠭᠠᠵᠤ ᠪᠣᠯᠬᠤ᠎ᠶ᠋ᠢ ᠦᠨᠡᠨᠬᠦ᠌ ᠪᠠᠲᠤᠯᠠᠪᠠ᠃
ᠬᠥᠯᠥᠨ ᠪᠣᠢᠷ ᠬᠣᠲᠠ᠎ᠶ᠋ᠢᠨ ᠶᠠᠭ᠍ᠰᠢ ᠬᠣᠲᠠ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠠᠳᠠᠯᠢ ᠪᠤᠰᠤ ᠲᠠᠰ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠬᠦᠮᠦᠰ᠎ᠤᠨ ᠣᠨᠴᠠᠯᠢᠭ᠎ᠢ ᠡᠵᠡᠮᠳᠡᠨ᠂ ᠨᠠᠮ᠎ᠤᠨ ᠡᠭᠦᠷ᠎ᠦᠨ ᠱᠦᠵᠢ ᠳᠠᠭᠠᠭᠤᠯᠤᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠡᠷ ᠳᠠᠮᠵᠢᠨ ᠰᠤᠷᠤᠯᠴᠠᠯᠭ᠎ᠠ᠎ᠪᠠᠨ ᠭᠦᠨᠵᠡᠭᠡᠢᠷᠡᠭᠦᠯᠪᠡ᠃ ᠣᠲᠣ ᠪᠣᠯᠲᠠᠯ᠎ᠠ᠂ ᠶᠠᠭ᠍ᠰᠢ ᠬᠣᠲᠠ᠎ᠶ᠋ᠢᠨ ᠬᠢᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠎ᠶ᠋ᠢ ᠨᠡᠢᠲᠡ 197 ᠤᠳᠠᠭ᠎ᠠ᠂ ᠨᠣᠮ ᠤᠩᠱᠢᠬᠤ ᠠᠩᠭᠢ᠎ᠶ᠋ᠢ 83 ᠤᠳᠠᠭ᠎ᠠ᠂ ᠰᠣᠯᠢᠯᠴᠠᠵᠤ ᠰᠤᠳᠤᠯᠤᠨ ᠶᠠᠷᠢᠯᠴᠠᠬᠤ᠎ᠶ᠋ᠢ 116 ᠤᠳᠠᠭ᠎ᠠ᠂ 《ᠭᠤᠷᠪᠠᠨ ᠬᠤᠷᠠᠯ ᠨᠢᠭᠡ ᠬᠢᠴᠢᠶᠡᠯ》 ᠤ᠋ᠨ ᠰᠤᠷᠤᠯᠴᠠᠯᠭ᠎ᠠ᠎ᠶ᠋ᠢ 1564 ᠤᠳᠠᠭ᠎ᠠ ᠥᠷᠨᠢᠭᠦᠯᠵᠦ᠍᠂ ᠵᠠᠯᠠᠭᠤ ᠺᠠᠳ᠋ᠷ᠎ᠤᠨ ᠪᠣᠯᠪᠠᠰᠤᠷᠠᠯ᠎ᠤᠨ ᠠᠩᠭᠢ᠎ᠶ᠋ᠢ 4 ᠬᠤᠭᠤᠴᠠᠭ᠎ᠠ ᠡᠷᠭᠢᠯᠡᠵᠦ᠍ 1820 ᠬᠥᠮᠦᠨ᠎ᠢ ᠬᠠᠮᠤᠷᠪᠠ; ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ 200 ᠭᠠᠷᠤᠶ ᠤᠳᠠᠭ᠎ᠠ ᠦᠵᠡᠵᠦ᠍᠂ ᠰᠡᠷᠡᠮᠵᠢᠯᠡᠭᠦᠯᠬᠦ᠌ ᠬᠥᠮᠦᠵᠢᠯ᠎ᠦᠨ ᠰᠠᠭᠤᠷᠢᠨ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠰᠤᠷᠤᠯᠴᠠᠯᠭ᠎ᠠ ᠵᠡᠷᠭᠡ᠎ᠳᠦ ᠲᠦᠱᠢᠭ᠌ᠯᠡᠨ ᠰᠡᠷᠡᠮᠵᠢᠯᠡᠭᠦᠯᠬᠦ᠌ ᠬᠥᠮᠦᠵᠢᠯ᠎ᠦᠨ ᠠᠵᠢᠯᠯᠠᠭ᠎ᠠ᠎ᠶ᠋ᠢ 310 ᠤᠳᠠᠭ᠎ᠠ ᠥᠷᠨᠢᠭᠦᠯᠪᠡ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠵᠤ᠂ ᠶᠠᠮᠠᠷ ᠠᠰᠠᠭᠤᠳᠠᠯ ᠪᠠᠢᠪᠠᠯ ᠲᠡᠷᠡ ᠠᠰᠠᠭᠤᠳᠠᠯ᠎ᠢ ᠱᠢᠶ᠋ᠳᠪᠦᠷᠢᠯᠡᠬᠦ᠌᠂ ᠶᠠᠮᠠᠷ ᠠᠰᠠᠭᠤᠳᠠᠯ ᠲᠣᠪᠣᠢᠮ᠎ᠠ ᠪᠠᠢᠪᠠᠯ ᠲᠡᠷᠡ ᠠᠰᠠᠭᠤᠳᠠᠯ᠎ᠢ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ᠎ᠶ᠋ᠢ ᠪᠠᠷᠢᠮᠲᠠᠯᠠᠵᠤ᠂ ᠦᠨᠳᠦᠰᠦ ᠰᠤᠷᠪᠤᠯᠵᠢ᠎ᠶ᠋ᠢ ᠨᠢ ᠭᠦᠨᠵᠡᠭᠡᠶ ᠠᠭᠤᠳᠠᠯᠵᠤ᠂ ᠡᠪᠡᠳᠴᠢᠨ᠎ᠦ ᠦᠨᠳᠦᠰᠦ᠎ᠶ᠋ᠢ ᠨᠢ ᠣᠨᠣᠪᠴᠢᠲᠠᠶ ᠡᠷᠢᠪᠠ᠃ ᠴᠡᠭ᠌ᠴᠡᠯᠡᠨ ᠰᠠᠢᠵᠢᠷᠠᠭᠤᠯᠬᠤ ᠤᠬᠠᠮᠰᠠᠷ᠎ᠢᠶᠠᠨ ᠴᠢᠩᠭᠠᠳᠭᠠᠬᠤ᠎ᠶ᠋ᠢᠨ ᠬᠠᠮᠲᠤ᠂ ᠤᠨᠢᠨ ᠳᠡᠭᠡᠷ᠎ᠡ ᠨᠢ ᠴᠡᠭ᠌ᠴᠡᠯᠡᠨ ᠰᠠᠢᠵᠢᠷᠠᠭᠤᠯᠬᠤ ᠲᠠᠯ᠎ᠠ᠎ᠪᠠᠷ ᠰᠤᠷᠲᠠᠯ᠎ᠢᠶᠠᠨ ᠬᠤᠪᠢᠷᠠᠭᠤᠯᠵᠤ᠂ ᠵᠣᠬᠢᠶᠠᠯ᠎ᠤᠨ ᠰᠤᠷᠲᠠᠯ ᠬᠤᠷᠠᠯ᠎ᠤᠨ ᠰᠤᠷᠲᠠᠯ ᠪᠣᠳᠠᠲᠠᠢ ᠪᠤᠰᠤ ᠲᠥᠪ ᠪᠤᠰᠤ ᠪᠠᠢᠬᠤ᠂ 《ᠠᠷᠪᠢᠴᠢ ᠭᠠᠮᠲᠠᠢ ᠠᠮᠢᠳᠤᠷᠠᠬᠤ》 ᠦᠵᠡᠯ ᠰᠠᠨᠠᠭ᠎ᠠ ᠰᠤᠯᠠ ᠵᠠᠳᠠᠭᠠᠢ ᠪᠠᠢᠬᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ᠲᠠᠯᠠ ᠪᠡᠷ ᠵᠥᠷᠢᠢ᠎ᠡ ᠣᠷᠣᠱᠢᠵᠤ ᠪᠠᠢᠬᠤ ᠵᠡᠷᠭᠡ ᠳᠠᠷᠤᠢ ᠳ᠋ᠤᠨᠢ ᠬᠦᠳᠡᠯᠦᠯᠴᠡᠵᠤ ᠳᠠᠷᠤᠢ ᠳ᠋ᠤᠨᠢ ᠦᠭᠡᠷᠡᠴᠢᠯᠡᠵᠦᠪᠤᠯᠬᠤ ᠲᠠᠯ᠎ᠠ᠎ᠵᠢᠨ ᠲᠤᠭᠤᠷᠢᠨ᠎ᠳᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠴᠢᠩᠭᠠᠳᠭᠠᠵᠤ᠂ ᠬᠣᠯᠪᠣᠭ᠍ᠳᠠᠯ ᠪᠦᠬᠦᠢ 36 ᠠᠰᠠᠭᠤᠳᠠᠯ᠎ᠢ ᠱᠢᠢᠳᠪᠦᠷᠢᠯᠡᠪᠡ᠃ ᠲᠥᠪᠯᠡᠷᠡᠩᠭᠦᠶ ᠨᠡᠢᠲᠡᠴᠢ ᠴᠢᠨᠠᠷᠲᠠᠶ᠂ ᠠᠮᠠᠷᠬᠠᠨ ᠡᠭᠦᠰᠭᠦ ᠣᠯᠠᠨ ᠡᠭᠦᠰᠭᠦ᠂ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠳᠤ ᠴᠢᠭ᠌ᠯᠡᠭᠦᠯᠦᠨ᠂ ᠲᠦᠪᠯᠡᠷᠡᠭᠦᠯᠦᠨ ᠴᠡᠭᠴᠡᠯᠡᠨ ᠵᠠᠰᠠᠬᠤ ᠲᠥᠷᠥᠯ ᠵᠦᠶ᠋ᠯ᠎ᠢ 114 ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ 183 ᠲᠣᠭ᠍ᠲᠠᠭᠠᠵᠤ᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠵᠢᠯ ᠬᠢᠵᠦ᠍ ᠦᠶ᠋ᠯᠡᠰ ᠪᠤᠰᠬᠠᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠠᠬᠢᠭᠤᠯᠪᠠ᠃