ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠤᠯᠠᠮᠵᠢᠯᠠᠯᠲᠤ ᠪᠠᠶᠠᠷ᠎ᠤᠨ ᠡᠳᠦᠷ ᠢ᠋ ᠰᠡᠷᠭᠦᠭᠡᠨ ᠬᠦᠭᠵᠢᠭᠦᠯᠬᠦ ᠵᠢᠨ ᠲᠥᠯᠥᠭᠡ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠡᠮᠦᠨ᠎ᠡ ᠬᠣᠢᠨ᠎ᠠ᠂ ᠲᠥᠪ᠎ᠦᠨ ᠤᠬᠠᠭᠤᠯᠬᠤ ᠬᠡᠯᠲᠡᠰ᠎ᠦᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠤᠷᠭᠠᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ ᠵᠢᠨ ᠤᠬᠠᠭᠤᠯᠬᠤ ᠬᠡᠯᠲᠡᠰ᠂ ᠪᠥᠬᠥ᠌ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ ᠤᠬᠠᠭᠤᠯᠬᠤ ᠬᠡᠯᠲᠡᠰ᠂ ᠳᠤᠮᠳᠠᠳᠤ ᠤᠯᠤᠰ᠎ᠤᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠎ᠶ᠋ᠢᠨ ᠤᠳᠭ᠎ᠠ ᠤᠷᠠᠯᠢᠭ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠪ᠎ᠡᠴᠡ ᠬᠠᠮᠲᠤᠷᠠᠨ ᠡᠷᠭᠢᠯᠡᠭ᠌ᠰᠡᠨ 《ᠮᠠᠨ᠎ᠤ ᠪᠠᠶᠠᠷ᠎ᠤᠨ ᠡᠳᠦᠷ·ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ》 ᠭᠡᠬᠦ᠌ ᠭᠤᠤᠯ ᠰᠡᠳᠦᠪᠲᠦ ᠰᠣᠶᠣᠯ᠎ᠤᠨ ᠠᠵᠢᠯᠯᠠᠭ᠎ᠠ ᠪᠥᠬᠥ᠌ ᠤᠯᠤᠰ᠎ᠤᠨ ᠡᠯ᠎ᠡ ᠭᠠᠵᠠᠷ᠎ᠲᠤ ᠶᠠᠪᠤᠭ᠍ᠳᠠᠪᠠ᠃
ᠯᠤᠤᠲᠤ ᠣᠩᠭᠣᠴᠠ ᠤᠷᠤᠯᠳᠤᠨ᠂ ᠯᠣᠣ ᠠᠷᠰᠯᠠᠨ ᠪᠥᠵᠢᠭ᠌ᠯᠡᠵᠤ᠂ ᠰᠣᠩᠭᠣᠳᠠᠭ ᠵᠣᠬᠢᠶᠠᠯ ᠤᠩᠱᠢᠵᠤ᠂ ᠤᠷᠠᠨ ᠰᠠᠢᠬᠠᠨ᠎ᠤ ᠲᠣᠭ᠍ᠯᠠᠯᠲᠠ ᠭᠠᠷᠭᠠᠨ᠎ᠠ ᠁ ᠡᠯ᠎ᠡ ᠭᠠᠵᠠᠷ᠎ᠤᠨ ᠬᠢᠨ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ᠂ ᠲᠤᠬᠠᠶ᠎ᠶ᠋ᠢᠨ ᠭᠠᠵᠠᠷ᠎ᠤᠨ ᠰᠣᠶᠣᠯ᠎ᠤᠨ ᠣᠨᠴᠠᠯᠢᠭ᠎ᠢᠶᠠᠨ ᠲᠣᠪᠣᠢᠯᠭᠠᠵᠤ᠂ ᠭᠤᠢᠳᠠ ᠰᠠᠢᠬᠠᠨ ᠪᠠᠶᠠᠷ᠎ᠤᠨ ᠡᠳᠦᠷ᠎ᠦᠨ ᠰᠣᠶᠣᠯ᠎ᠤᠨ ᠠᠵᠢᠯᠯᠠᠭ᠎ᠠ ᠥᠷᠨᠢᠭᠦᠯᠪᠡ᠃ ᠡᠭᠦᠨ᠎ᠦ ᠬᠠᠮᠲᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ (ᠭᠠᠵᠠᠷ᠂ ᠥᠷᠲᠡᠭᠡ) ᠲᠤ᠌ ᠲᠦᠱᠢᠭ᠌ᠯᠡᠨ᠂ ᠽᠦᠩᠽᠢ ᠪᠠᠷᠢᠬᠤ᠂ ᠰᠤᠢᠬᠠ ᠡᠪᠡᠰᠦ ᠡᠯᠭᠦᠬᠦ᠌᠂ ᠦᠨᠦᠷᠲᠦ ᠤᠭᠤᠲᠠ ᠬᠢᠬᠦ᠌᠂ ᠦᠨᠳᠡᠭᠡ ᠴᠢᠨᠠᠬᠤ᠂ ᠴᠠᠭᠠᠰᠤ ᠬᠠᠢᠴᠢᠯᠠᠬᠤ ᠵᠡᠷᠭᠡ ᠰᠠᠢᠬᠠᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠥᠮᠦᠰ ᠭᠦᠨ ᠵᠤᠵᠠᠭᠠᠨ ᠤᠯᠠᠮᠵᠢᠯᠠᠯᠲᠤ ᠰᠣᠶᠣᠯ᠎ᠤᠨ ᠠᠭᠤᠷ ᠠᠮᠢᠰᠭᠤᠯ᠎ᠤᠨ ᠳᠤᠮᠳᠠ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠢᠶᠠᠨ ᠪᠡᠯᠭᠡᠯᠡᠪᠡ᠃
《ᠴᠢᠦᠶ ᠶᠤᠸᠠᠨ᠎ᠤ ᠲᠦᠷᠦᠭᠰᠡᠨ ᠨᠤᠲᠤᠭ· ᠪᠣᠳᠠᠰ᠎ᠤᠨ ᠪᠤᠰᠤ ᠰᠣᠶᠣᠯ᠎ᠤᠨ ᠥᠪ᠎ᠦᠨ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ᠂ ᠢᠷᠠᠭᠤ ᠨᠠᠢᠷᠠᠭ᠎ᠤᠨ ᠴᠤᠭ᠍ᠯᠠᠭᠠᠨ᠂ ᠠᠷᠠᠳ᠎ᠤᠨ ᠵᠠᠩ ᠦᠶ᠋ᠯᠡ᠎ᠶ᠋ᠢᠨ ᠳᠠᠭᠤᠤ ᠪᠥᠵᠢᠭ ᠤ᠋ᠨ ᠲᠤᠭᠯᠠᠯᠳᠠ ᠲᠤᠬᠢᠷᠠᠭᠤᠯᠵᠤ᠂ ᠬᠤᠪᠧᠶ᠎ᠶ᠋ᠢᠨ ᠽᠢ ᠬᠦᠶ ᠵᠢᠨ ᠭᠤᠤᠯ ᠲᠠᠯᠠᠪᠠᠶ᠎ᠶ᠋ᠢᠨ ᠠᠵᠢᠯᠯᠠᠭ᠎ᠠ ᠳ᠋ᠤ 11 ᠵᠦᠶ᠋ᠯ᠎ᠦᠨ ᠰᠣᠶᠣᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠶ ᠤᠬᠠᠭᠠᠯᠠᠵᠤ᠂ 5 ᠰᠠᠷ᠎ᠠ᠎ᠶ᠋ᠢᠨ ᠱᠢᠨᠡᠳᠡᠴᠡ 6 ᠰᠠᠷ᠎ᠠ᠎ᠶ᠋ᠢᠨ ᠳᠤᠮᠳᠠᠴᠢ ᠪᠣᠯᠲᠠᠯ᠎ᠠ ᠦᠷᠭᠦᠯᠵᠢᠯᠡᠵᠦ᠍᠂ ᠽᠢ ᠬᠦᠶ ᠵᠢᠨ ᠥᠪᠡᠷᠮᠢᠴᠡ ᠵᠠᠩ ᠳᠠᠳᠭᠠᠯ᠎ᠢ ᠭᠦᠶ᠋ᠴᠡᠳ ᠢᠯᠡᠷᠡᠭᠦᠯᠦᠨ᠎ᠠ᠃
ᠶᠡᠷᠦ᠍ ᠪᠤᠰᠤ᠎ᠶ᠋ᠢᠨ ᠬᠥᠷ ᠬᠥᠭ᠌ᠵᠢᠶᠡᠨᠲᠡᠶ ᠳ᠋ᠤᠸᠠᠨ ᠶᠠᠩ ᠴᠤᠬᠯᠠᠭ᠎ᠠ ᠮᠠᠢᠮᠠᠢ᠂ ᠭᠣᠢᠳᠠ ᠰᠠᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠰᠣᠨᠢᠷᠬᠠᠯᠲᠠᠢ ᠽᠦᠩᠽᠢ ᠪᠠᠷᠢᠬᠤ ᠤᠷᠤᠯᠳᠤᠭᠠᠨ ᠁ ᠵᠧᠵᠢᠶᠠᠩ᠎ᠤᠨ ᠵᠢᠶᠠᠱᠢᠩ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤ᠋ᠨ ᠤᠷᠢᠳ ᠬᠤᠵᠢᠳ ᠬᠠᠭᠠᠰ ᠰᠠᠷ᠎ᠠ᠎ᠶ᠋ᠢᠨ ᠬᠤᠭᠤᠴᠠᠭᠠᠨ᠎ᠳᠤ 30 ᠭᠠᠷᠤᠢ ᠵᠦᠢᠯ᠎ᠦᠨ ᠠᠵᠢᠯᠯᠠᠭ᠎ᠠ ᠥᠷᠨᠢᠭᠦᠯᠵᠦ᠍᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶ᠋ᠢ ᠡᠭᠦᠳᠬᠦ᠌ ᠳᠤᠮᠳᠠ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠪᠠ᠃
ᠬᠠᠨᠱᠦᠶ᠋ᠢ ᠭᠣᠣᠯ᠎ᠤᠨ ᠬᠥᠪᠡᠭᠡᠨ᠎ᠳᠦ᠂ ᠵᠠᠭᠤᠨ ᠣᠩᠭᠣᠴᠠ ᠦᠷᠢᠰᠤᠯᠳᠤᠨ ᠤᠷᠤᠬᠰᠢᠯᠠᠨ᠎ᠠ᠃ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠬᠤᠭᠤᠴᠠᠭᠠᠨ᠎ᠳᠤ᠂ ᠱᠠᠨᠰᠢ᠎ᠶ᠋ᠢᠨ ᠠᠨᠺᠠᠩ ᠯᠤᠸ᠋ᠲᠤ ᠣᠩᠭᠣᠴᠠ᠎ᠶ᠋ᠢᠨ ᠤᠷᠤᠯᠳᠤᠭᠠᠨ᠂ ᠪᠣᠯᠪᠠᠰᠤᠨ᠎ᠤ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠦᠨ ᠦᠵᠡᠭᠦᠯᠭᠡ᠂ ᠪᠣᠯᠪᠠᠰᠤᠨ᠎ᠤ ᠦᠶ᠋ᠯᠡᠳᠦᠯᠭᠡ᠎ᠶ᠋ᠢᠨ ᠴᠤᠭ᠍ᠯᠠᠭ᠎ᠠ ᠮᠠᠢᠮᠠᠢ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠢ ᠤᠯᠠᠮᠵᠢᠯᠠᠨ ᠵᠠᠯᠭᠠᠮᠵᠢᠯᠠᠵᠤ ᠳᠡᠯᠭᠡᠨ ᠦᠵᠡᠭᠦᠯᠬᠦ᠌ ᠵᠡᠷᠭᠡ ᠰᠣᠶᠣᠯ᠎ᠤᠨ ᠠᠵᠢᠯᠯᠠᠭ᠎ᠠ ᠥᠷᠨᠢᠭᠦᠯᠵᠦ᠍᠂ ᠪᠣᠯᠪᠠᠰᠤᠨ᠎ᠤ ᠤᠯᠠᠮᠵᠢᠯᠠᠯ ᠪᠠ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠪᠡ᠃
ᠭᠣᠪᠢ ᠴᠦᠯ ᠤ᠋ᠨ ᠨᠣᠭᠣᠭᠠᠨ ᠪᠦᠷᠢᠳᠦ ᠭᠠᠨᠰᠦ᠎ᠶ᠋ᠢᠨ ᠭᠤᠤᠲ᠋ᠠᠢ ᠳ᠋ᠤ᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷᠵᠢᠡᠷ ᠪᠠᠷᠠᠭᠤᠨ ᠬᠣᠢᠲᠤ᠎ᠶ᠋ᠢᠨ ᠣᠮᠣᠭ ᠪᠠᠬᠠᠳᠤᠯᠲᠤ ᠰᠡᠳᠭᠢᠯᠭᠡ ᠪᠢᠯᠬᠠᠨ᠎ᠠ᠄ ᠭᠣᠣᠯ᠎ᠤᠨ ᠬᠥᠪᠡᠭᠡᠨ᠎ᠳᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠴᠢᠨ ᠤᠯᠤᠰ᠎ᠤᠨ ᠠᠶᠠᠯᠭᠤ᠎ᠶ᠋ᠢ ᠰᠣᠨᠣᠰᠴᠤ᠌᠂ ᠡᠯᠡᠰᠦᠨ᠎ᠤ ᠤᠰᠤᠨ ᠣᠷᠣᠨ᠎ᠳᠤ ᠯᠤᠤᠲᠤ ᠣᠩᠭᠣᠴᠠᠨ᠎ᠤ ᠤᠷᠤᠯᠳᠤᠭᠠᠨ᠎ᠢ ᠰᠣᠨᠢᠷᠬᠠᠵᠤ᠂ ᠪᠠᠰᠠ ᠨᠢᠭᠡ ᠲᠠᠯᠠᠪᠤᠷ ᠱᠢᠷᠭᠠᠯ ᠡᠯᠡᠰᠦ᠎ᠶ᠋ᠢᠨ ᠳᠤᠮᠳᠠᠬᠢ ᠰᠤᠨᠢᠷᠬᠠᠯᠳᠤ ᠭᠦᠶᠦᠯᠲᠡ ᠵᠢᠨ ᠤᠷᠤᠯᠳᠤᠭᠠᠨ ᠳ᠋ᠤ ᠤᠷᠤᠯᠴᠠᠨ᠎ᠠ ᠁ 17 ᠵᠦᠢᠯ᠎ᠦᠨ ᠤᠯᠠᠮᠵᠢᠯᠠᠯᠲᠤ ᠵᠠᠩ ᠳᠠᠳᠭᠠᠯ ᠪᠣᠯᠤᠨ ᠣᠷᠣᠨ ᠨᠤᠲᠤᠭ᠎ᠤᠨ ᠣᠨᠴᠠᠯᠢᠭ᠎ᠲᠠᠶ ᠠᠭᠤᠰᠤᠯᠴᠠᠭ᠍ᠰᠠᠨ ᠠᠵᠢᠯᠯᠠᠭ᠎ᠠ᠎ᠳᠤ ᠥᠳᠭᠡᠨ ᠵᠤᠵᠠᠭᠠᠨ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢ ᠪᠤᠢ ᠪᠣᠯᠭᠠᠵᠤ᠂ ᠰᠠᠭᠤᠭᠠᠯᠢ ᠠᠷᠠᠳᠵᠢᠭᠤᠯᠴᠢᠯᠠᠬᠰᠡᠳᠤᠨ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠪᠠ᠃
2025 ᠰᠸᠴᠤᠸᠠᠨ ᠮᠤᠵᠢ᠎ᠶ᠋ᠢᠨ 《ᠵᠠᠭᠤᠨ ᠣᠩᠭᠣᠴᠠ ᠦᠷᠢᠰᠤᠯᠳᠤᠨ ᠤᠷᠤᠬᠰᠢᠯᠠᠵᠤ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠢᠶᠠᠨ ᠤᠭ᠍ᠲᠤᠬᠤ》 ᠲᠥᠪᠯᠡᠷᠡᠩᠭᠦᠢ ᠲᠣᠭ᠍ᠯᠠᠯᠲᠠ ᠴᠧᠩᠳᠦ᠋ ᠵᠢᠨ ᠱᠢᠨ ᠵᠢᠨ ᠲᠣᠭᠣᠷᠢᠭ᠎ᠲᠤ ᠡᠬᠢᠯᠡᠵᠦ᠍᠂ ᠤᠯᠠᠨ ᠲᠦᠮᠡᠨ᠎ᠳᠦ ᠰᠣᠶᠣᠯ᠎ᠤᠨ ᠦᠪᠡᠳᠡᠭ᠌ᠰᠢ ᠨᠠᠢᠷ ᠢ᠋ ᠬᠦᠷᠭᠡᠪᠡ; ᠭᠦᠶ᠋ᠵᠧᠤ᠎ᠶ᠋ᠢᠨ ᠲᠦᠩ ᠷᠧᠨᠦ 《ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠳᠤ ᠰᠣᠩᠭᠣᠳᠠᠭ ᠵᠣᠬᠢᠶᠠᠯ᠎ᠢ ᠤᠩᠱᠢᠵᠤ·ᠰᠣᠶᠣᠯ᠎ᠤᠨ ᠤᠯᠠ ᠮᠦᠷ ᠢ᠋ ᠮᠦᠰᠬᠢᠵᠤ ᠬᠦᠢᠵᠸᠤ ᠪᠡᠷ ᠠᠶᠠᠯᠠᠬᠤ》 ᠭᠤᠤᠯ ᠰᠡᠳᠦᠪᠲᠦ ᠰᠣᠶᠣᠯ᠎ᠤᠨ ᠠᠵᠢᠯᠯᠠᠭ᠎ᠠ ᠨᠢ ᠬᠥᠮᠦᠰ᠎ᠢ ᠳᠠᠭᠠᠭᠤᠯᠤᠨ ᠱᠢᠯᠦᠭ ᠳᠠᠭᠤᠯᠠᠯ᠎ᠤᠨ ᠶᠢᠷᠲᠢᠨᠴᠦ᠍᠎ᠪᠡᠷ ᠲᠣᠭᠣᠷᠢᠨ ᠵᠢᠭᠤᠯᠴᠢᠯᠠᠭᠤᠯᠤᠨᠠ᠃
ᠲᠠᠨᠢᠯᠴᠠᠭᠤᠯᠤᠭ᠍ᠰᠠᠨ᠎ᠢᠶᠠᠷ᠂ ᠲᠣᠰ ᠤᠳᠠᠭ᠎ᠠ ᠵᠢᠨ ᠭᠤᠤᠯ ᠰᠡᠳᠦᠪᠲᠦ ᠰᠣᠶᠣᠯ᠎ᠤᠨ ᠠᠵᠢᠯᠯᠠᠭ᠎ᠠ᠎ᠶ᠋ᠢᠨ ᠵᠣᠷᠢᠯᠭ᠎ᠠ᠎ᠨᠢ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠪᠣᠢᠵᠢᠭᠤᠯᠤᠨ ᠦᠶ᠋ᠯᠡᠳᠦᠯᠭᠡᠵᠢᠭᠦᠯᠵᠦ᠍᠂ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠶ ᠠᠭᠤᠳᠠᠯᠵᠤ᠂ ᠤᠯᠤᠰ᠎ᠢᠶᠠᠨ ᠬᠠᠢᠷᠠᠯᠠᠬᠤ ᠬᠡᠷ ᠪᠦᠯᠢ᠎ᠪᠡᠨ ᠬᠠᠢᠷᠠᠯᠠᠬᠤ᠂ ᠪᠦᠯᠬᠦᠮᠳᠡᠨ ᠲᠡᠮᠡᠴᠡᠬᠦ᠌᠂ ᠡᠷᠡᠭᠦᠯ ᠥᠭᠡᠳᠡᠷᠬᠡᠭ ᠥᠷᠲᠡᠭ᠎ᠦᠨ ᠣᠢᠯᠠᠭᠠᠭ᠍ᠳᠠᠬᠤᠨ᠎ᠢ ᠶᠡᠬᠡᠪᠡᠷ ᠪᠠᠳᠠᠷᠠᠭᠤᠯᠵᠤ᠂ ᠠᠷᠠᠳ ᠣᠯᠠᠨ᠎ᠤ ᠣᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠤᠯᠤᠰ ᠬᠡᠷ᠎ᠦᠨ ᠬᠠᠢᠷ᠎ᠠ ᠰᠡᠳᠭᠢᠯᠭᠡ᠎ᠶ᠋ᠢ ᠵᠤᠵᠠᠭᠠᠳᠭᠠᠵᠤ᠂ ᠡᠷᠡᠯᠬᠡᠭ᠌ᠯᠡᠨ ᠤᠷᠤᠭ᠍ᠰᠢᠯᠠᠬᠤ ᠲᠡᠮᠡᠴᠡᠯ᠎ᠦᠨ ᠵᠣᠷᠢᠭ᠎ᠢ ᠬᠥᠭ᠌ᠵᠢᠭᠡᠵᠦ᠍᠂ ᠬᠦᠴᠤᠷᠭᠡᠭ ᠤᠯᠤᠰ ᠤ᠋ᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠨᠠᠩ ᠰᠠᠢᠲᠤᠷ ᠴᠣᠭ᠍ᠴᠠᠯᠠᠬᠤ ᠪᠡᠷ ᠵᠤᠷᠢᠯᠲᠠ ᠪᠡᠨ ᠪᠤᠯᠭᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ)