ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠤᠯᠤᠰ᠎ᠤᠨ ᠲᠡᠮᠦᠷ ᠵᠠᠮ᠎ᠤᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠡᠴᠡ ᠣᠢᠯᠠᠭᠠᠭ᠍ᠰᠠᠨ᠎ᠢᠶᠠᠷ᠂ 5 ᠰᠠᠷ᠎ᠠ᠎ᠶ᠋ᠢᠨ 31᠎ᠤ᠋ ᠡᠳᠦᠷ᠎ᠦᠨ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠪᠠᠶᠠᠷ᠎ᠤᠨ ᠠᠮᠠᠷᠠᠯᠲᠠ᠎ᠶ᠋ᠢᠨ ᠨᠢᠭᠡᠳᠦᠭᠡᠷ ᠡᠳᠦᠷ᠎ᠲᠦ᠂ ᠪᠥᠬᠥ᠌ ᠤᠯᠤᠰ᠎ᠤᠨ ᠲᠡᠮᠦᠷ ᠵᠠᠮ᠎ᠤᠨ ᠠᠶᠠᠨᠴᠢᠳ᠎ᠤᠨ ᠤᠷᠤᠰᠴᠠ ᠣᠷᠭᠢᠯ᠎ᠳᠠᠭᠠᠨ ᠲᠤᠯᠵᠤ᠂ ᠵᠢᠱ᠌ᠢᠯᠲᠡ᠎ᠪᠡᠷ ᠠᠶᠠᠨᠴᠢᠳ᠎ᠢ 1780 ᠲᠦᠮᠡᠨ ᠬᠥᠮᠦᠨ ᠤᠳᠠᠭ᠎ᠠ ᠬᠦᠷᠭᠡᠵᠦ᠍᠂ ᠠᠶᠠᠨᠴᠢᠳ᠎ᠤᠨ ᠭᠠᠯᠲᠦ ᠲᠡᠷᠭᠡ᠎ᠶ᠋ᠢ 1029 ᠨᠡᠮᠡᠬᠦ᠌᠎ᠪᠡᠷ ᠲᠥᠯᠥᠪᠯᠡᠵᠦ᠍ ᠪᠠᠢᠨ᠎ᠠ᠃ 5 ᠰᠠᠷ᠎ᠠ᠎ᠶ᠋ᠢᠨ 30 ᠤ᠋ ᠡᠳᠦᠷ᠂ ᠪᠦᠭᠦ᠌ ᠤᠯᠤᠰ᠎ᠤᠨ ᠲᠠᠮᠣᠷ ᠵᠠᠮ ᠠᠶᠠᠨᠴᠢᠳ᠎ᠢ 1577.7 ᠲᠦᠮᠡᠨ ᠬᠦᠮᠣᠠ ᠤᠳᠠᠭ᠎ᠠ ᠬᠦᠷᠭᠡᠵᠤ᠂ ᠲᠡᠭᠡᠭᠡᠪᠦᠷᠢ ᠨᠢ ᠠᠮᠤᠷ ᠲᠦᠪᠱᠢᠨ ᠪᠦᠭᠡᠳ ᠡᠮᠬᠢ ᠵᠢᠷᠤᠮ᠎ᠲᠠᠶ ᠶᠠᠪᠤᠭ᠍ᠳᠠᠪᠠ᠃
ᠲᠡᠮᠦᠷ ᠵᠠᠮ᠎ᠤᠨ 12306 ᠲᠡᠷᠭᠡᠨ ᠪᠢᠯᠧᠲ᠎ᠢ ᠤᠷᠢᠳᠴᠢᠯᠠᠨ ᠬᠤᠳᠠᠯᠳᠤᠭ᠍ᠰᠠᠨ ᠪᠠᠢᠳᠠᠯ᠎ᠡᠴᠡ ᠦᠵᠡᠪᠡᠯ᠂ 31᠎ᠤ᠋ ᠡᠳᠦᠷ ᠬᠠᠯᠠᠮᠱᠢᠯ ᠵᠢᠭᠤᠯᠴᠢᠯᠠᠬᠤ᠎ᠪᠡᠷ ᠤᠴᠢᠬᠤ ᠬᠣᠲᠠ᠎ᠳᠤ ᠭᠤᠤᠯᠳᠠᠭᠤ ᠪᠡᠭᠡᠵᠢᠩ᠂ ᠱᠠᠩᠬᠠᠶ᠂ ᠭᠤᠸᠠᠩᠵᠧᠦ᠂ ᠴᠧᠩᠳᠦ᠋᠂ ᠱᠧᠨᠵᠧᠨ᠂ ᠬᠠᠩᠵᠧᠦ᠂ ᠵᠸᠩᠵᠸᠦ᠂ ᠦᠬᠠᠨ᠂ ᠰᠢ ᠠᠨ᠂ ᠨᠠᠨᠵᠢᠩ ᠪᠤᠢ; ᠬᠠᠯᠠᠮᠰᠢᠯ ᠵᠢᠭᠤᠯᠴᠢᠯᠠᠬᠤ᠎ᠪᠡᠷ ᠬᠦᠷᠬᠦ ᠬᠣᠲᠠ᠎ᠳᠤ ᠭᠤᠤᠯᠳᠠᠭᠤ ᠪᠡᠭᠡᠵᠢᠩ᠂ ᠭᠤᠸᠠᠩᠵᠧᠦ᠂ ᠱᠠᠩᠬᠠᠶ᠂ ᠴᠧᠩᠳᠦ᠋᠂ ᠬᠠᠩᠵᠧᠦ᠂ ᠨᠠᠨᠵᠢᠩ᠂ ᠵᠸᠩᠵᠸᠦ᠂ ᠲᠢᠶᠠᠨᠵᠢᠨ᠂ ᠴᠠᠩᠱᠠ᠂ ᠦᠬᠠᠨ ᠪᠣᠶ; ᠱᠧᠨᠵᠧᠨ᠎ᠡᠴᠡ ᠱᠢᠶᠠᠩᠭᠠᠩ ᠬᠦᠷᠬᠦ᠌᠂ ᠪᠡᠭᠡᠵᠢᠩ᠎ᠡᠴᠡ ᠵᠢᠨᠠᠨ ᠬᠦᠷᠬᠦ᠌᠂ ᠭᠤᠸᠠᠩᠵᠧᠦ᠍᠎ᠡᠴᠡ ᠨᠠᠨᠨᠢᠩ ᠬᠦᠷᠬᠦ᠌᠂ ᠱᠢᠶᠠᠩᠭᠠᠩ᠎ᠡᠴᠡ ᠱᠧᠨᠵᠧᠨ ᠬᠦᠷᠬᠦ᠌᠂ ᠪᠡᠭᠡᠵᠢᠩ᠎ᠡᠴᠡ ᠮᠦᠭ᠌ᠳᠡᠨ ᠬᠦᠷᠬᠦ᠌᠂ ᠪᠡᠭᠡᠵᠢᠩ᠎ᠡᠴᠡ ᠵᠧᠩᠵᠧᠦ ᠬᠦᠷᠬᠦ᠌᠂ ᠪᠡᠭᠡᠵᠢᠩ᠎ᠡᠴᠡ ᠴᠢᠩᠳᠣᠤ ᠬᠦᠷᠬᠦ᠌᠂ ᠦᠬᠠᠨ᠎ᠡᠴᠡ ᠴᠠᠩᠱᠠ ᠬᠦᠷᠬᠦ᠌᠂ ᠪᠡᠭᠡᠵᠢᠩ᠎ᠡᠴᠡ ᠳ᠋ᠠᠲ᠋ᠦ᠋ᠩ ᠬᠦᠷᠬᠦ᠌᠂ ᠰᠢ ᠠᠨᠡᠴᠡ ᠴᠧᠩᠳᠦ᠋ ᠬᠦᠷᠬᠦ᠌ ᠵᠡᠷᠭᠡ ᠬᠠᠯᠠᠮᠱᠢᠯ ᠣᠷᠣᠨ᠎ᠤ ᠬᠣᠭᠣᠷᠣᠨᠳᠣᠬᠢ ᠠᠶᠠᠨᠴᠢᠳ᠎ᠤᠨ ᠤᠷᠤᠰᠴᠠ ᠨᠡᠯᠢᠶᠡᠳ ᠲᠥᠪᠯᠡᠷᠡᠵᠦ᠍ ᠪᠠᠢᠨ᠎ᠠ᠃
ᠡᠯ᠎ᠡ ᠭᠠᠵᠠᠷ᠎ᠤᠨ ᠲᠡᠮᠦᠷ ᠵᠠᠮ᠎ᠤᠨ ᠰᠠᠯᠠᠭ᠎ᠠ ᠮᠥᠴᠢᠷ᠎ᠦᠨ ᠬᠢᠨ ᠠᠶᠠᠨᠴᠢᠳ᠎ᠤᠨ ᠤᠷᠤᠰᠴᠠ᠎ᠶᠢᠨ ᠪᠠᠢᠳᠠᠯ᠎ᠢ ᠬᠥᠳᠡᠯᠦᠩᠭᠦᠶ ᠪᠡᠷ ᠮᠥᠷᠳᠡᠵᠦ᠍᠂ ᠲᠡᠭᠡᠭᠡᠪᠦᠷᠢ᠎ᠶ᠋ᠢᠨ ᠬᠦᠴᠦᠨ᠎ᠦ ᠣᠷᠣᠭᠤᠯᠤᠯᠲᠠ᠎ᠶ᠋ᠢ ᠨᠠᠷᠢᠯᠢᠭ ᠣᠨᠣᠴᠠᠲᠠᠶ᠎ᠪᠠᠷ ᠨᠡᠮᠡᠭ᠌ᠳᠡᠭᠦᠯᠦᠨ᠂ ᠲᠡᠷᠭᠡᠨ ᠥᠷᠲᠡᠭᠡᠨ᠎ᠦ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠵᠦ᠍᠂ ᠠᠶᠠᠨᠴᠢᠳ᠎ᠲᠤ ᠨᠠᠩ ᠰᠠᠢᠨ ᠰᠠᠢᠬᠠᠨ ᠶᠠᠪᠤᠵᠤ ᠰᠠᠭᠤᠬᠤ ᠲᠥᠷᠥᠭ᠌ᠳᠡᠯ ᠣᠯᠭᠣᠪᠠ᠃ ᠤᠯᠤᠰ᠎ᠤᠨ ᠲᠡᠮᠦᠷ ᠵᠠᠮ᠎ᠤᠨ ᠬᠠᠷᠪᠢᠨ᠎ᠤ ᠲᠣᠪᠴᠢᠶᠠᠨ᠎ᠤ ᠪᠦᠯᠦᠭ᠌ᠯᠡᠯ ᠺᠣᠮᠫᠠᠨᠢ᠎ᠶ᠋ᠢᠨ ᠰᠦᠢ ᠹᠸᠨ ᠾᠧ ᠦᠷᠳᠡᠭᠡ ᠨᠢ ᠪᠣᠭᠣᠮᠲᠠ᠂ ᠬᠢᠯᠢ᠎ᠶ᠋ᠢᠨ ᠪᠠᠢᠴᠠᠭᠠᠯᠲᠠ ᠵᠡᠷᠭᠡ ᠰᠠᠯᠠᠭ᠎ᠠ ᠮᠥᠴᠢᠷ᠎ᠲᠡᠶ ᠨᠢᠭ᠍ᠲᠠ ᠬᠠᠮᠵᠢᠯᠴᠠᠵᠤ᠂ 402 ᠤᠳᠠᠭ᠎ᠠ᠎ᠶ᠋ᠢᠨ ᠤᠯᠠᠨ ᠤᠯᠤᠰ᠎ᠤᠨ ᠭᠠᠯᠲᠤ ᠲᠡᠷᠭᠡᠨ᠎ᠳᠦ ᠰᠠᠭᠤᠬᠤ ᠠᠶᠠᠨᠴᠢᠳ᠎ᠤᠨ ᠬᠢᠯᠢ᠎ᠪᠡᠷ ᠣᠷᠣᠵᠤ ᠭᠠᠷᠬᠤ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠢ ᠪᠠᠢᠬᠤ᠎ᠶ᠋ᠢ ᠪᠠᠲᠤᠯᠠᠪᠠ; ᠤᠯᠤᠰ᠎ᠤᠨ ᠲᠡᠮᠦᠷ ᠵᠠᠮ᠎ᠤᠨ ᠪᠡᠭᠡᠵᠢᠩ᠎ᠦᠨ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ ᠵᠢᠨᠠᠨ᠂ ᠲᠠᠢᠶᠤᠸᠠᠨ᠂ ᠵᠸᠩᠵᠸᠦ᠂ ᠱᠠᠩᠬᠠᠶ᠂ ᠴᠢᠩᠳᠣᠤ᠂ ᠲᠢᠶᠠᠨᠵᠢᠨ᠂ ᠴᠢᠭᠤᠯᠤᠯᠲᠤ ᠬᠠᠭᠠᠯᠭ᠎ᠠ᠂ ᠪᠧᠶ ᠳ᠋ᠠᠶ ᠾᠧ ᠵᠡᠷᠭᠡ ᠴᠢᠭ᠌ᠯᠡᠯ᠎ᠦᠨ ᠠᠶᠠᠨᠴᠢᠳ᠎ᠤᠨ ᠭᠠᠯᠲᠦ ᠲᠡᠷᠭᠡ᠎ᠶ᠋ᠢ 159 ᠨᠡᠮᠡᠪᠡ; ᠤᠯᠤᠰ᠎ᠤᠨ ᠲᠡᠮᠦᠷ ᠵᠠᠮ᠎ᠤᠨ ᠰᠢ ᠠᠨ᠎ᠤ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ ᠰᠢ ᠠᠨ ᠥᠷᠲᠡᠭᠡ᠂ ᠰᠢ ᠠᠨ᠎ᠤ ᠬᠣᠢᠲᠤ ᠥᠷᠲᠡᠭᠡ᠎ᠳᠦ 《ᠠᠷᠪᠠᠨ ᠭᠤᠷᠪᠠᠨ ᠲᠦᠷᠦ᠎ᠵᠢ ᠲᠤᠭᠤᠯᠬᠤ ᠲᠠᠪᠤᠨ ᠰᠠᠷ᠎ᠠ᠎ᠶ᠋ᠢᠨ ᠱᠢᠨ᠎ᠡ᠎ᠶ᠋ᠢᠨ ᠲᠠᠪᠤᠨ᠎ᠤ ᠴᠠᠩ ᠠᠨ᠎ᠤ ᠠᠶᠠᠯᠠᠯ》 ᠤ᠋ᠨ ᠵᠢᠯᠤᠭᠤᠳᠤᠮᠵᠢ᠎ᠶᠢᠨ ᠮᠠᠶᠢᠭ᠎ᠤᠨ ᠶᠣᠰᠣᠯᠠᠯᠰᠣᠶᠣᠯᠤᠨ ᠬᠢᠯᠠᠰ ᠠᠵᠢᠯᠯᠠᠭ᠎ᠠ ᠥᠷᠨᠢᠭᠦᠯᠪᠡ; ᠤᠯᠤᠰ᠎ᠤᠨ ᠲᠡᠮᠦᠷ ᠵᠠᠮ᠎ᠤᠨ ᠨᠠᠨᠴᠠᠩ᠎ᠤᠨ ᠲᠣᠪᠴᠢᠶ᠎ᠠ᠎ᠶ᠋ᠢᠨ ᠪᠦᠯᠦᠭ᠌ᠯᠡᠯ ᠺᠣᠮᠫᠠᠨᠢ ᠰᠠᠨ ᠮᠢᠩ ᠬᠣᠢᠲᠤ ᠥᠷᠲᠡᠭᠡᠨ᠎ᠦ ᠲᠡᠷᠭᠡ ᠬᠦᠯᠢᠶᠡᠬᠦ᠌ ᠲᠠᠰᠤᠭ᠎ᠲᠤ ᠲᠦᠷᠭᠡᠨ ᠴᠠᠬᠢᠯᠭᠠᠨ ᠴᠡᠨᠡᠭ᠌ᠯᠡᠬᠦ᠌ ᠠᠮᠠᠰᠠᠷ᠎ᠲᠠᠶ ᠰᠠᠭᠤᠳᠠᠯ᠎ᠢ ᠱᠢᠨ᠎ᠡ᠎ᠪᠡᠷ ᠨᠡᠮᠡᠵᠦ᠍᠂ ᠠᠶᠠᠨᠴᠢᠳ᠎ᠤᠨ ᠴᠠᠬᠢᠯᠭᠠᠨ ᠴᠡᠨᠡᠭ᠌ᠯᠡᠬᠦ᠌᠎ᠳᠦ ᠲᠥᠬᠥᠮ ᠦᠵᠡᠭᠦᠯᠵᠤ ᠪᠤᠢ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)